2026-11-20 09:54:44
ᠰᠦᠯᠵᠢᠶᠡᠨ᠎ᠦ ᠮᠡᠳᠡᠭᠡ ᠵᠠᠩᠭᠢ᠎ᠶᠢᠨ ᠮᠡᠷᠭᠡᠵᠢᠯ᠎ᠦᠨ ᠰᠢᠨᠡᠴᠢᠯᠡᠯ ᠲᠦᠷᠭᠡᠳᠬᠦ᠎ᠶᠢ ᠳᠠᠭᠠᠯᠳᠤᠨ᠂ ᠶᠠᠷᠢᠶ᠎ᠠ ᠬᠡᠯᠡᠯᠴᠡᠭᠡᠨ᠎ᠦ ᠠᠮᠢ ᠠᠬᠤᠢ᠎ᠳᠤ ᠭᠦᠨᠵᠡᠭᠡᠢ ᠬᠤᠪᠢᠷᠠᠯᠲᠠ ᠭᠠᠷᠴᠤ᠂ ᠢᠨᠲᠧᠷ ᠰᠦᠯᠵᠢᠶ᠎ᠡ ᠨᠢ ᠨᠢᠭᠡᠨᠲᠡ ᠦᠵᠡᠯ ᠰᠠᠨᠠᠭᠠᠨ᠎ᠤ ᠵᠢᠯᠣᠭᠣᠳᠤᠯᠭ᠎ᠠ᠂ ᠶᠣᠰᠣ᠌ ᠮᠣᠷᠠᠯ᠎ᠤᠨ ᠬᠥᠮᠦᠵᠢᠯ᠂ ᠰᠣᠶᠣᠯ᠎ᠤᠨ ᠤᠯᠠᠮᠵᠢᠯᠠᠯ᠎ᠤᠨ ᠴᠢᠬᠤᠯᠠ ᠵᠢᠭ᠍ᠰᠠᠭᠠᠯ᠎ᠤᠨ ᠭᠠᠵᠠᠷ ᠪᠣᠯᠤᠭᠰᠠᠨ ᠪᠠᠢᠨ᠎ᠠ᠃ ᠶᠡᠷᠦᠩᠬᠡᠢ ᠱᠦᠵᠢ ᠰᠢ᠎ᠶᠢᠨ ᠫᠢᠩ᠄《ᠳᠤᠮᠳᠠᠳᠤ ᠶ᠋ᠢᠨ ᠰᠢᠯᠢᠳᠡᠭ ᠤᠯᠠᠮᠵᠢᠯᠠᠯᠲᠤ ᠰᠣᠶᠣᠯ ᠪᠣᠯ ᠳᠤᠮᠳᠠᠳᠤ ᠶ᠋ᠢᠨ ᠦᠨᠳᠦᠰᠦᠲᠡᠨ᠎ᠦ ᠣᠶᠤᠨ ᠰᠠᠨᠠᠭᠠᠨ᠎ᠤ ᠠᠮᠢᠨ ᠰᠤᠳᠠᠰᠤ ᠮᠥᠨ᠂ ᠨᠡᠢᠭᠡᠮ ᠵᠢᠷᠤᠮ᠎ᠤᠨ ᠭᠣᠣᠯᠯᠠᠬᠴᠢ ᠥᠷᠲᠡᠭ᠎ᠦᠨ ᠦᠵᠡᠯᠲᠡ ᠶ᠋ᠢ ᠪᠤᠢ ᠪᠤᠯᠭᠠᠬᠤ ᠴᠢᠬᠤᠯᠠ ᠡᠬᠢ ᠪᠤᠯᠠᠭ ᠮᠥᠨ᠂ ᠪᠠᠰᠠ ᠴᠤ᠌ ᠪᠢᠳᠡᠨ᠎ᠦ ᠳᠡᠯᠡᠬᠡᠢ ᠶ᠋ᠢᠨ ᠰᠣᠶᠣᠯ᠎ᠤᠨ ᠳᠠᠪᠠᠯᠭᠠᠨ ᠳᠤᠮᠳᠠ ᠯᠠᠪᠳᠠᠭᠤᠨ ᠵᠤᠬᠰᠤᠬᠤ ᠶ᠋ᠢᠨ ᠪᠠᠲᠤ ᠰᠠᠭᠤᠷᠢ ᠮᠥᠨ》ᠭᠡᠵᠤ ᠵᠢᠭᠠᠵᠤ ᠭᠠᠷᠭᠠᠪᠠ᠃ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠦᠳᠦᠯᠪᠦᠷᠢ᠎ᠳᠤ᠄《ᠰᠦᠯᠵᠢᠶᠡᠨ ᠦ ᠠᠭᠤᠯᠭ᠎ᠠ᠎ᠶᠢᠨ ᠪᠠᠢᠭᠤᠯᠤᠯᠲᠠ ᠪᠠ ᠬᠠᠮᠢᠶᠠᠷᠤᠯᠲᠠ᠎ᠶᠢ ᠴᠢᠩᠭᠠᠳᠬᠠᠵᠤ᠂ ᠨᠠᠮ ᠤᠨ ᠰᠢᠨ᠎ᠡ᠎ᠶᠢ ᠡᠭᠦᠳᠬᠦ ᠤᠨᠤᠯ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠰᠦᠯᠵᠢᠶᠡᠨ ᠳᠡᠭᠡᠷ᠎ᠡ ᠤᠯᠠᠮᠵᠢᠯᠠᠨ ᠲᠠᠷᠬᠠᠭᠠᠬᠤ ᠦᠢᠯᠡᠳᠦᠯ ᠴᠢᠳᠠᠪᠤᠷᠢ᠎ᠶᠢ ᠳᠡᠭᠡᠭᠰᠢᠯᠡᠭᠦᠯᠦᠨ᠎ᠡ》 ᠭᠡᠵᠦ ᠳᠤᠷᠠᠳᠤᠨ ᠭᠠᠷᠭᠠᠵᠠᠢ᠃ ᠳᠤᠭᠠᠴᠢᠯᠠᠭᠰᠠᠨ᠂ ᠰᠦᠯᠵᠢᠶᠡᠵᠢᠭᠰᠡᠨ᠂ ᠣᠶᠤᠨᠴᠢᠯᠠᠭᠰᠠᠨ ᠬᠥᠭᠵᠢᠯᠲᠡ᠎ᠶᠢᠨ ᠠᠵᠠ ᠲᠣᠬᠢᠶᠠᠯ᠎ᠢ ᠡᠵᠡᠮᠳᠡᠵᠦ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠰᠦᠯᠵᠢᠶᠡᠨ ᠳᠡᠭᠡᠷ᠎ᠡ ᠤᠯᠠᠮᠵᠢᠯᠠᠨ ᠲᠠᠮᠵᠢᠬᠳᠠᠬᠤ ᠨᠡᠪᠲᠡᠯᠬᠦᠢ ᠬᠦᠴᠦᠨ ᠪᠠ ᠤᠷᠢᠶᠠᠯᠠᠬᠤ ᠬᠦᠴᠦᠨ᠎ᠢ ᠨᠡᠮᠡᠭᠳᠡᠭᠦᠯᠬᠦ ᠪᠣᠯ ᠬᠠᠮ ᠵᠠᠭᠤᠴᠢᠯᠠᠭᠤᠷ᠎ᠤᠨ ᠴᠠᠭ ᠦᠶ᠎ᠡ᠎ᠶᠢᠨ ᠤᠯᠠᠮᠵᠢᠯᠠᠨ ᠲᠠᠮᠵᠢᠬᠳᠠᠬᠤ ᠪᠠᠢᠷᠢᠰᠢᠯ᠎ᠤᠨ ᠬᠤᠪᠢᠰᠤᠯᠲᠠ ᠳᠤ ᠨᠡᠢᠴᠡᠭᠦᠯᠵᠦ᠂ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠰᠢᠨ᠎ᠡ ᠠᠷᠭ᠎ᠠ ᠵᠠᠮ᠎ᠢ ᠥᠷᠭᠡᠳᠬᠡᠬᠦ ᠶᠢᠨ ᠪᠣᠳᠠᠲᠤ ᠬᠡᠷᠡᠭᠴᠡᠭᠡ ᠪᠣᠯᠬᠤ ᠪᠥᠭᠡᠳ ᠪᠠᠰᠠ ᠴᠤ᠌ ᠰᠣᠶᠣᠯ᠎ᠤᠨ ᠢᠲᠡᠭᠡᠯ᠎ᠢᠶᠡᠨ ᠪᠠᠲᠤᠳᠬᠠᠵᠤ᠂ ᠰᠣᠶᠣᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢ ᠲᠦᠯᠬᠢᠨ ᠠᠬᠢᠭᠤᠯᠬᠤ᠎ᠶᠢᠨ ᠪᠠᠢᠪᠠᠰᠤ ᠵᠣᠬᠢᠬᠤ ᠠᠭᠤᠯᠭ᠎ᠠ ᠪᠣᠯᠬᠤ ᠶᠤᠮ᠃
ᠣᠳᠣᠬᠠᠨ᠎ᠳᠤ᠂ ᠠᠯᠢ ᠤᠯᠠᠨ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠠᠭᠤᠯᠭ᠎ᠠ᠎ᠶᠢ ᠰᠦᠯᠵᠢᠶᠡᠨ ᠲᠠᠪᠴᠠᠩ᠎ᠳᠤ ᠲᠦᠰᠢᠭᠯᠡᠨ ᠬᠦᠷᠢᠶ᠎ᠡ ᠳᠠᠪᠬᠤᠷᠭ᠎ᠠ ᠠᠯᠤᠰᠯᠠᠨ ᠤᠯᠠᠮᠵᠢᠯᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠷ᠎ᠠ ᠮᠡᠷᠭᠡᠵᠢᠯ᠂ ᠤᠯᠠᠮᠵᠢᠯᠠᠯᠲᠤ ᠪᠠᠶᠠᠷ᠎ᠤᠨ ᠡᠳᠦᠷ᠂ ᠰᠣᠶᠣᠯ᠎ᠤᠨ ᠦᠵᠡᠰᠬᠦᠯᠡᠩ᠎ᠦᠨ ᠡᠬᠢ ᠪᠠᠶᠠᠯᠢᠭ᠋ ᠰᠢᠨ᠎ᠡ ᠠᠮᠢᠵᠢᠷᠠᠯ᠎ᠤᠨ ᠬᠦᠴᠦᠨ᠎ᠲᠠᠢ ᠪᠣᠯᠵᠤ᠂ ᠲᠣᠭᠠᠴᠢᠯᠠᠭᠰᠠᠨ ᠳᠡᠯᠭᠡᠨ ᠦᠵᠡᠭᠦᠯᠭᠡ᠂ ᠤᠯᠤᠰ᠎ᠤᠨ ᠴᠠᠭ ᠦᠶ᠎ᠡ ᠵᠢᠨ ᠤᠨᠴᠠᠯᠢᠬᠲᠤ ᠰᠣᠶᠣᠯ᠎ᠤᠨ ᠡᠭᠦᠳᠦᠯᠲᠡ᠂ ᠡᠷᠲᠡᠨ᠎ᠦ ᠨᠣᠮ ᠪᠢᠴᠢᠭ᠎ᠢ ᠠᠮᠢᠳᠤᠯᠢᠭ᠋ ᠪᠣᠯᠭᠠᠬᠤ ᠵᠡᠷᠭᠡ ᠰᠢᠨ᠎ᠡ᠎ᠶᠢ ᠡᠭᠦᠳᠬᠦ ᠦᠢᠯᠡᠳᠦᠯᠭᠡ ᠦᠷᠭᠦᠯᠵᠢᠯᠡᠨ ᠢᠯᠡᠷᠡᠨ ᠭᠠᠷᠴᠤ ᠪᠠᠢᠨ᠎ᠠ᠃ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠰᠦᠯᠵᠢᠶᠡᠨ᠎ᠦ ᠳᠠᠮᠵᠢᠭᠤᠯᠭ᠎ᠠ᠎ᠶᠢᠨ ᠦᠢᠯᠡᠳᠦᠯ ᠴᠢᠳᠠᠪᠤᠷᠢ᠎ᠳᠤ ᠮᠥᠨ ᠬᠦ᠌ ᠬᠦᠷᠦᠯᠴᠡᠬᠦ ᠦᠭᠡᠢ ᠲᠠᠯ᠎ᠠ ᠣᠷᠣᠰᠢᠵᠤ ᠪᠠᠢᠬᠤ᠎ᠶᠢ ᠴᠤ᠌ ᠣᠯᠵᠤ ᠬᠠᠷᠠᠬᠤ ᠬᠡᠷᠡᠭᠲᠡᠢ᠃ ᠨᠢᠭᠡ ᠲᠠᠯ᠎ᠠ᠎ᠪᠠᠷ᠂ ᠬᠡᠰᠡᠭ ᠠᠭᠤᠯᠭ᠎ᠠ ᠨᠢ ᠲᠡᠮᠳᠡᠭ ᠢᠯᠡᠷᠡᠭᠦᠯᠦᠯᠳᠡ ᠲᠡᠳᠦᠢ ᠦᠵᠡᠭᠦᠯᠭᠡ᠂ ᠬᠠᠷᠠᠭᠠᠨ ᠰᠡᠷᠡᠯ᠎ᠦᠨ ᠬᠡᠷᠡᠭᠯᠡᠭᠡ ᠪᠠ ᠵᠤᠭ᠎ᠠ ᠴᠡᠩᠭᠡᠯ᠎ᠦᠨ ᠲᠦᠪᠰᠢᠨ᠎ᠳᠤ ᠵᠣᠭᠰᠣᠩᠭᠢᠷᠠᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠳᠤ ᠠᠭᠤᠯᠤᠭᠳᠠᠵᠤ ᠪᠠᠢᠭ᠎ᠠ ᠦᠵᠡᠯ ᠰᠠᠨᠠᠭ᠎ᠠ ᠣᠢᠯᠠᠭᠠᠭᠳᠠᠬᠤᠨ᠂ ᠬᠥᠮᠥᠨ ᠰᠣᠶᠣᠯ᠎ᠤᠨ ᠵᠣᠷᠢᠭ᠋ ᠰᠠᠨᠠᠭ᠎ᠠ ᠪᠠ ᠦᠷᠳᠡᠭ᠎ᠦᠨ ᠣᠢᠯᠠᠭᠠᠭᠳᠠᠬᠤᠨ᠎ᠢ ᠲᠠᠢᠯᠪᠤᠷᠢᠯᠠᠭᠰᠠᠨ᠎ᠢᠶᠠᠷ ᠬᠦᠷᠦᠯᠴᠡᠬᠦ ᠦᠭᠡᠢ ᠪᠠᠢᠵᠤ᠂ ᠰᠣᠶᠣᠯ᠎ᠤᠨ ᠤᠳᠬ᠎ᠠ ᠠᠭᠤᠯᠭ᠎ᠠ᠎ᠶᠢ ᠠᠮᠠᠷᠬᠠᠨ ᠬᠡᠰᠡᠭ ᠪᠤᠰᠠᠭ ᠪᠣᠯᠭᠠᠬᠤ ᠪᠠ ᠭᠦᠶᠦᠬᠡᠨ ᠪᠣᠯᠭᠠᠵᠤ ᠪᠠᠢᠨ᠎ᠠ ; ᠨᠦᠭᠦᠭᠡ ᠲᠠᠯ᠎ᠠ᠎ᠪᠠᠷ᠂ ᠲᠣᠭᠠᠴᠢᠯᠠᠬᠰᠠᠨ ᠲᠠᠪᠴᠠᠩ᠎ᠤᠨ ᠪᠤᠳᠤᠯᠳᠠ ᠵᠢᠨ ᠠᠷᠭ᠎ᠠ᠎ᠶᠢᠨ ᠯᠣᠭᠢᠭ᠋ ᠨᠢ ᠰᠣᠶᠣᠯ᠎ᠤᠨ ᠳᠠᠮᠵᠢᠭᠤᠯᠭ᠎ᠠ᠎ᠶᠢᠨ 《ᠢᠵᠢᠯ ᠳᠤᠯᠠᠭᠠᠨᠲᠤ ᠳᠠᠪᠬᠤᠷᠭ᠎ᠠ᠎ᠶᠢᠨ ᠨᠦᠯᠦᠭᠡᠯᠡᠯ》᠎ᠢ᠋ ᠬᠤᠷᠴᠠᠳᠬᠠᠵᠤ ᠮᠡᠳᠡᠨ᠎ᠠ᠂ ᠰᠦᠯᠵᠢᠶᠡᠨ᠎ᠦ ᠳᠠᠮᠵᠢᠭᠤᠯᠭ᠎ᠠ᠎ᠶᠢᠨ ᠴᠠᠭ ᠲᠤᠬᠠᠢᠴᠢ ᠴᠢᠨᠠᠷ ᠨᠢ ᠴᠦ᠍ ᠰᠣᠶᠣᠯ᠎ᠤᠨ ᠠᠭᠤᠯᠭ᠎ᠠ᠎ᠶᠢ ᠦᠷᠭᠦᠯᠵᠢᠯᠡᠭᠰᠡᠨ ᠰᠡᠳᠬᠢᠯᠭᠡ᠎ᠶᠢᠨ ᠬᠣᠯᠪᠣᠭ᠎ᠠ ᠪᠣᠯᠭᠠᠵᠤ ᠴᠢᠳᠠᠬᠤ ᠦᠭᠡᠢ ᠪᠣᠯᠭᠠᠳᠠᠭ᠃ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠰᠦᠯᠵᠢᠶᠡᠨ ᠳᠡᠭᠡᠷ᠎ᠡ ᠤᠯᠠᠮᠵᠢᠯᠠᠨ ᠲᠠᠮᠵᠢᠬᠳᠠᠬᠤ ᠨᠡᠪᠲᠡᠯᠬᠦᠢ ᠬᠦᠴᠦᠨ ᠪᠠ ᠤᠷᠢᠶᠠᠯᠠᠬᠤ ᠬᠦᠴᠦᠨ᠎ᠢ ᠴᠢᠩᠭᠠᠷᠠᠭᠤᠯᠬᠤ᠎ᠳᠤ ᠡᠷᠬᠡᠪᠰᠢ ᠦᠷᠳᠡᠭ᠎ᠦᠨ ᠲᠠᠢᠯᠪᠤᠷᠢᠯᠠᠯᠲᠠ᠎ᠪᠠᠷ ᠦᠨᠳᠦᠰᠦ ᠪᠣᠯᠭᠠᠭᠰᠠᠨ᠂ ᠡᠬᠢ ᠪᠠᠶᠠᠯᠢᠭ᠋᠎ᠤᠨ ᠬᠤᠪᠢᠷᠠᠭᠤᠯᠤᠯᠲᠠ᠎ᠪᠠᠷ ᠲᠤᠯᠭᠠᠭᠤᠷᠢᠯᠠᠭᠰᠠᠨ᠂ ᠤᠯᠠᠨ ᠨᠡᠶ᠋ᠢᠲᠡ᠎ᠶᠢᠨ ᠣᠷᠤᠯᠴᠠᠯᠭ᠎ᠠ᠎ᠪᠠᠷ ᠰᠠᠭᠤᠷᠢ ᠪᠣᠯᠭᠠᠭᠰᠠᠨ ᠶᠡᠷᠦᠩᠬᠡᠢᠯᠡᠭᠰᠡᠨ ᠴᠢᠨᠠᠷᠲᠠᠢ ᠤᠯᠠᠮᠵᠢᠯᠠᠨ ᠲᠠᠮᠵᠢᠬᠳᠠᠬᠤ ᠰᠢᠰᠲᠧᠮ᠎ᠢ ᠪᠠᠢᠭᠤᠯᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠦᠨᠭᠭᠡᠨ ᠲᠠᠯ᠎ᠠ᠎ᠠᠴᠠ ᠨᠢ ᠣᠯᠵᠤ ᠦᠵᠡᠵᠦ ᠪᠠᠢᠭᠰᠠᠨ᠎ᠠᠴᠠ ᠭᠦᠨ ᠳᠠᠪᠬᠤᠷᠭ᠎ᠠ᠎ᠠᠴᠠ ᠰᠡᠷᠡᠵᠦ ᠮᠡᠳᠡᠬᠦ ᠪᠣᠯᠭᠠᠵᠤ᠂ ᠥᠷᠭᠡᠨ᠎ᠢᠶᠡᠷ ᠣᠢᠯᠠᠭᠠᠵᠤ ᠪᠠᠢᠭᠰᠠᠨ᠎ᠠᠴᠠ ᠥᠨᠢ ᠤᠳᠠᠭᠠᠨ ᠮᠡᠳᠡᠷᠡᠨ ᠵᠥᠪᠰᠢᠶᠡᠷᠡᠬᠦ ᠪᠣᠯᠭᠠᠬᠤ᠎ᠶᠢ ᠲᠦᠯᠬᠢᠨ ᠠᠬᠢᠭᠤᠯᠬᠤ ᠬᠡᠷᠡᠭᠲᠡᠢ᠃
ᠦᠷᠳᠡᠭ᠎ᠢᠶᠡᠷ ᠬᠥᠲᠥᠯᠥᠨ ᠳᠠᠭᠠᠭᠤᠯᠬᠤ᠎ᠶᠢ ᠴᠢᠩᠭᠠᠳᠬᠠᠬᠤ ᠬᠡᠷᠡᠭᠳᠡᠢ᠃ ᠶᠡᠷᠦᠩᠬᠡᠢ ᠱᠦᠵᠢ ᠰᠢ᠎ᠶᠢᠨ ᠫᠢᠩ ᠴᠢᠬᠤᠯᠠᠴᠢᠯᠠᠬᠤ᠎ᠳᠠᠭᠠᠨ᠄《ᠶᠠᠮᠠᠷᠪᠠ ᠰᠣᠶᠣᠯ ᠣᠷᠣᠰᠢᠨ ᠲᠣᠭᠲᠠᠨᠢᠵᠤ᠂ ᠬᠤᠯᠠ ᠠᠶᠠᠯᠠᠵᠤ᠂ ᠬᠥᠲᠥᠯᠥᠨ ᠳᠠᠭᠠᠭᠤᠯᠬᠤ ᠬᠦᠴᠦᠨ᠂ ᠨᠢᠭ᠍ᠲᠠᠷᠠᠬᠤ ᠬᠦᠴᠦᠨ᠂ ᠪᠦᠲᠦᠭᠡᠬᠦ ᠬᠦᠴᠦᠨ᠂ ᠰᠠᠴᠤᠷᠠᠬᠤ ᠬᠦᠴᠦᠨ᠎ᠲᠠᠢ ᠪᠤᠯᠤᠶ᠎ᠠ ᠭᠡᠪᠡᠯ ᠡᠷᠬᠡᠪᠰᠢ ᠥᠪᠡᠷ᠎ᠦᠨ ᠭᠤᠤᠯ ᠴᠤᠬᠴᠠᠲᠤ ᠴᠢᠨᠠᠷᠲᠠᠢ ᠪᠠᠢᠬᠤ ᠬᠡᠷᠡᠭᠲᠡᠢ》ᠭᠡᠵᠦ ᠴᠢᠬᠤᠯᠠᠴᠢᠯᠠᠭᠰᠠᠨ ᠶᠤᠮ᠃ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ ᠨᠢ ᠳᠤᠮᠳᠠᠳᠤ᠎ᠶᠢᠨ ᠪᠣᠯᠪᠠᠰᠤᠨ ᠤ ᠭᠦᠨ ᠵᠤᠵᠠᠭᠠᠨ ᠥᠩ ᠰᠢᠮᠡᠯᠢᠭ ᠬᠥᠷᠥᠰᠥᠨ᠎ᠳᠦ ᠦᠨᠳᠦᠰᠦᠯᠡᠵᠦ᠂ ᠳᠤᠮᠳᠠᠳᠤ᠎ᠶᠢᠨ ᠦᠨᠳᠦᠰᠦᠲᠡᠨ ᠦ ᠦᠨᠳᠦᠰᠦ ᠪᠠ ᠰᠦᠭ ᠰᠦᠨᠡᠰᠦ ᠪᠠᠢᠵᠤ᠂ ᠰᠣᠶᠣᠯ᠎ᠤᠨ ᠦᠢᠯᠡᠳᠪᠦᠷᠢᠯᠡᠯ᠎ᠳᠦ ᠤᠨᠳᠤᠷᠤᠭᠠᠳ ᠪᠠᠷᠠᠰᠢ ᠦᠭᠡᠢ ᠦᠵᠡᠯ ᠰᠠᠨᠠᠭᠠᠨ᠎ᠤ ᠡᠬᠢ ᠪᠤᠯᠠᠭ ᠪᠠ ᠠᠭᠤᠯᠭ᠎ᠠ᠎ᠶᠢᠨ ᠡᠷᠳᠡᠨᠢᠰ᠎ᠦᠨ ᠬᠥᠮᠥᠷᠭᠡ᠎ᠶᠢ ᠬᠠᠩᠭᠠᠵᠤ ᠪᠠᠢᠳᠠᠭ᠃ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠰᠦᠯᠵᠢᠶᠡᠨ ᠳᠡᠭᠡᠷ᠎ᠡ ᠤᠯᠠᠮᠵᠢᠯᠠᠨ ᠲᠠᠮᠵᠢᠬᠳᠠᠬᠤ ᠨᠡᠪᠲᠡᠯᠬᠦᠢ ᠬᠦᠴᠦᠨ ᠪᠠ ᠤᠷᠢᠶᠠᠯᠠᠬᠤ ᠬᠦᠴᠦᠨ᠎ᠢ ᠴᠢᠩᠭᠠᠷᠠᠭᠤᠯᠬᠤ᠎ᠳᠤ᠂ ᠰᠦᠯᠵᠢᠶᠡᠨ ᠳᠡᠭᠡᠷ᠎ᠡ ᠤᠯᠠᠮᠵᠢᠯᠠᠨ ᠲᠠᠮᠵᠢᠭᠤᠯᠬᠤ ᠦᠭᠡ ᠶᠠᠷᠢᠶ᠎ᠠ ᠪᠠ ᠬᠡᠷᠡᠭ ᠶᠠᠪᠤᠳᠠᠯ᠎ᠢ ᠬᠦᠦᠷᠨᠢᠬᠦ ᠰᠢᠰᠲᠧᠮ᠎ᠦᠨ ᠰᠢᠨ᠎ᠡ᠎ᠶᠢ ᠡᠭᠦᠳᠴᠦ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠤᠶᠤᠨ ᠰᠠᠨᠠᠭᠠᠨ᠎ᠤ ᠠᠭᠤᠯᠤᠭᠳᠠᠬᠤᠨ᠂ ᠲᠡᠦᠬᠡ᠎ᠶᠢᠨ ᠠᠭᠤᠯᠬᠤᠨ ᠢ ᠭᠦᠨᠵᠡᠭᠡᠢ ᠲᠠᠢᠯᠪᠤᠷᠢᠯᠠᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠤᠳᠤ ᠦᠶ᠎ᠡ᠎ᠶᠢᠨ ᠦᠷᠳᠡᠭ ᠬᠢᠭᠡᠳ ᠳᠡᠯᠡᠬᠡᠢ᠎ᠶᠢᠨ ᠠᠴᠢ ᠬᠣᠯᠪᠣᠭᠳᠠᠯ᠎ᠢ ᠭᠦᠢᠴᠡᠳ ᠢᠯᠡᠷᠡᠭᠦᠯᠬᠦ ᠬᠡᠷᠡᠭᠲᠡᠢ᠃ ᠣᠢᠷ᠎ᠠ᠎ᠶᠢᠨ ᠵᠢᠯ᠎ᠦᠳ᠎ᠲᠦ᠂ ᠰᠦᠯᠵᠢᠶᠡᠨ ᠳᠡᠭᠡᠷ᠎ᠡ ᠰᠤᠩᠭᠣᠳᠠᠭ ᠪᠦᠲᠦᠭᠡᠯ᠎ᠢ 《ᠡᠯᠳᠡᠪ ᠵᠢᠨᠷ ᠥᠭᠡᠷᠡᠴᠢᠯᠡᠬᠦ》᠂ ᠰᠤᠳᠤᠷ ᠪᠢᠴᠢᠭ᠎ᠢ 《ᠵᠢᠵᠢᠭ ᠰᠠᠵᠢᠭ ᠦᠭᠡ ᠦᠭᠦᠯᠡᠪᠦᠷᠢ》ᠪᠤᠯᠭᠠᠨ ᠳᠦᠬᠦᠮᠴᠢᠯᠡᠬᠦ᠂ ᠰᠣᠨᠢᠨ ᠬᠠᠴᠢᠨ ᠬᠡᠯᠪᠡᠷᠢ ᠪᠡᠷ ᠤᠯᠠᠮᠵᠢᠯᠠᠯᠲᠤ ᠤᠷ᠎ᠠ ᠮᠡᠷᠭᠡᠵᠢᠯ᠎ᠢ ᠳᠡᠯᠭᠡᠨ ᠦᠵᠡᠭᠦᠯᠬᠦ ᠵᠡᠷᠭᠡ ᠦᠵᠡᠭᠳᠡᠯ᠎ᠤᠳ ᠪᠤᠢ ᠪᠤᠯᠵᠤ᠂ ᠣᠯᠠᠨ ᠨᠡᠶ᠋ᠢᠲᠡ ᠢᠯᠠᠩᠭᠤᠶ᠎ᠠ ᠵᠠᠯᠠᠭᠤᠴᠤᠳ ᠪᠠᠭᠠᠴᠤᠳ᠎ᠤᠨ ᠰᠣᠩᠭᠣᠳᠠᠭ ᠳᠦᠷᠢ᠂ ᠰᠣᠶᠣᠯ᠎ᠤᠨ ᠶᠡᠷᠦ᠎ᠶᠢᠨ ᠮᠡᠳᠡᠯᠭᠡ ᠪᠠ ᠲᠡᠦᠬᠡᠨ ᠬᠡᠯᠡᠨ᠎ᠦ ᠣᠷᠴᠢᠨ᠎ᠤ ᠲᠤᠬᠠᠢ ᠵᠥᠪ ᠣᠢᠯᠠᠭᠠᠯᠲᠠ᠎ᠶᠢ ᠨᠥᠯᠥᠭᠡᠯᠡᠵᠦ ᠪᠠᠢᠨ᠎ᠠ᠃ ᠡᠢᠮᠤ ᠡᠴᠡ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠳᠤᠮᠳᠠᠳᠤ᠎ᠶᠢᠨ ᠪᠣᠯᠪᠠᠰᠤᠨ᠎ᠤ ᠦᠷᠭᠦᠯᠵᠢᠯᠡᠭᠰᠡᠨ ᠬᠥᠭᠵᠢᠯᠲᠡ᠎ᠶᠢᠨ ᠲᠡᠦᠬᠡᠨ ᠶᠠᠪᠤᠴᠠ᠎ᠳᠤ ᠣᠷᠣᠭᠤᠯᠤᠨ ᠲᠣᠳᠣᠷᠬᠠᠢᠯᠠᠨ ᠲᠠᠢᠯᠪᠤᠷᠢᠯᠠᠵᠤ᠂ ᠰᠤᠳᠤᠷ ᠪᠢᠴᠢᠭ᠂ ᠲᠡᠦᠬᠡ᠎ᠶᠢᠨ ᠳᠤᠷᠠᠰᠬᠠᠯᠲᠤ ᠵᠦᠢᠯᠡᠰ᠂ ᠠᠷᠠᠳ᠎ᠤᠨ ᠵᠠᠩ ᠦᠢᠯᠡ ᠵᠡᠷᠭᠡ ᠰᠣᠶᠣᠯ᠎ᠤᠨ ᠠᠭᠤᠯᠭ᠎ᠠ᠎ᠶᠢᠨ ᠠᠷᠤ᠎ᠳᠤ ᠠᠭᠤᠯᠤᠭᠳᠠᠵᠤ ᠪᠠᠢᠭ᠎ᠠ ᠬᠠᠮᠲᠤ᠎ᠶᠢᠨ ᠳᠤᠷᠠᠰᠤᠮᠵᠢ᠂ ᠶᠣᠰᠣ᠌ ᠰᠤᠷᠲᠠᠬᠤᠨ᠎ᠤ ᠣᠢᠯᠠᠭᠠᠭᠳᠠᠬᠤᠨ ᠪᠠ ᠭᠤᠸ᠎ᠠ ᠲᠠᠭᠠᠰᠢᠶᠠᠯ᠎ᠤᠨ ᠳᠤᠷ᠎ᠠ ᠰᠣᠨᠢᠷᠬᠠᠯ᠎ᠢ ᠲᠣᠳᠣᠷᠬᠠᠢ ᠶᠠᠷᠢᠵᠤ᠂ ᠰᠦᠯᠵᠢᠶᠡᠨ᠎ᠦ ᠳᠠᠮᠵᠢᠭᠤᠯᠭ᠎ᠠ ᠳᠤᠮᠳᠠ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠲᠤᠰ ᠪᠡᠶ᠎ᠡ᠎ᠶᠢᠨ ᠣᠨᠴᠠᠯᠢᠭ᠋ ᠪᠠ ᠤᠶᠤᠨ ᠰᠠᠨᠠᠭᠠᠨ᠎ᠤ ᠳᠣᠲᠣᠭᠠᠳᠤ ᠴᠥᠮ᠎ᠡ᠎ᠶᠢ ᠪᠠᠲᠤ ᠰᠠᠬᠢᠵᠤ᠂ ᠲᠡᠭᠦᠨ᠎ᠢ ᠭᠠᠬᠴᠠᠭᠠᠷᠳᠠᠮᠠᠯ ᠢᠯᠡᠷᠬᠡᠢᠯᠡᠯ ᠲᠡᠮᠳᠡᠭ ᠪᠤᠶᠤ ᠬᠡᠰᠡᠭ ᠪᠤᠰᠠᠭ ᠰᠦᠯᠵᠢᠶᠡᠨ᠎ᠦ ᠪᠣᠷᠣ᠌ ᠮᠠᠲᠧᠷᠢᠶᠠᠯ ᠪᠣᠯᠭᠠᠨ ᠰᠠᠯᠭᠠᠬᠤ᠎ᠠᠴᠠ ᠵᠠᠢᠯᠠᠰᠬᠢᠬᠦ ᠬᠡᠷᠡᠭᠲᠡᠢ᠃ ᠡᠭᠦᠨ᠎ᠦ ᠬᠠᠮᠲᠤ ᠪᠠᠰᠠ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ ᠬᠢᠭᠡᠳ ᠤᠳᠤ ᠦᠶ᠎ᠡ᠎ᠶᠢᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠣᠯᠪᠣᠯᠲᠠ᠎ᠶᠢᠨ ᠴᠡᠭ᠎ᠢ ᠬᠠᠢᠨ ᠰᠦᠪᠡᠭᠴᠢᠯᠡᠵᠦ᠂ ᠰᠦᠯᠵᠢᠶᠡᠨ᠎ᠦ ᠳᠠᠮᠵᠢᠭᠤᠯᠭ᠎ᠠ ᠳᠤᠮᠳᠠ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ ᠨᠢ ᠬᠡᠷᠬᠢᠨ ᠪᠣᠳᠠᠲᠤ ᠠᠮᠢᠳᠤᠷᠠᠯ ᠪᠠ ᠦᠢᠯᠡᠳᠦᠯᠭᠡ᠎ᠶᠢᠨ ᠡᠭᠦᠳᠦᠨ ᠪᠦᠲᠦᠭᠡᠯᠲᠡ ᠳᠤᠮᠳᠠ ᠤᠳᠤ ᠦᠶ᠎ᠡ᠎ᠶᠢᠨ ᠬᠥᠮᠥᠰ᠎ᠦᠨ ᠤᠶᠤᠨ ᠰᠠᠨᠠᠭᠠᠨ᠎ᠤ ᠬᠡᠷᠡᠭᠴᠡᠭᠡ᠂ ᠠᠮᠢᠳᠤᠷᠠᠯ᠎ᠤᠨ ᠬᠥᠭᠡᠭᠡᠴᠡᠯᠳᠦᠯ ᠪᠠ ᠦᠷᠳᠡᠭ᠎ᠦᠨ ᠠᠩᠬᠠᠷᠤᠯ᠎ᠳᠤ ᠬᠠᠷᠢᠭᠤ ᠲᠤᠰᠬᠠᠯ ᠭᠠᠷᠭᠠᠬᠤ᠎ᠶᠢ ᠭᠣᠣᠯᠳᠠᠯᠭ᠎ᠠ᠎ᠲᠠᠢ᠎ᠪᠠᠷ ᠢᠯᠡᠷᠡᠭᠦᠯᠵᠦ᠂ ᠲᠡᠭᠦᠨ᠎ᠢ ᠤᠶᠤᠨ ᠰᠠᠨᠠᠭᠠᠨ᠎ᠤ ᠬᠡᠪ ᠴᠢᠨᠠᠷ᠎ᠢ ᠬᠠᠳᠠᠭᠠᠯᠠᠬᠤ᠂ ᠨᠡᠢᠭᠡᠮ᠎ᠦᠨ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠬᠤ ᠴᠢᠬᠤᠯᠠ ᠲᠦᠰᠢᠭ ᠲᠤᠯᠭᠠᠭᠤᠷᠢ ᠪᠣᠯᠭᠠᠬᠤ ᠬᠡᠷᠡᠭᠲᠡᠢ᠃
ᠡᠬᠢ ᠪᠠᠶᠠᠯᠢᠭ᠋᠎ᠤᠨ ᠬᠤᠪᠢᠷᠠᠭᠤᠯᠤᠯᠲᠠ᠎ᠶᠢᠨ ᠰᠢᠨ᠎ᠡ᠎ᠶᠢ ᠡᠭᠦᠳᠬᠦ ᠬᠡᠷᠡᠭᠳᠡᠢ᠃ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠰᠦᠯᠵᠢᠶᠡᠨ ᠳᠡᠭᠡᠷ᠎ᠡ ᠤᠯᠠᠮᠵᠢᠯᠠᠨ ᠲᠠᠮᠵᠢᠭᠤᠯᠬᠤ ᠦᠢᠯᠡᠳᠦᠯ ᠴᠢᠳᠠᠪᠤᠷᠢ᠎ᠶᠢ ᠳᠡᠭᠡᠭᠰᠢᠯᠡᠭᠦᠯᠬᠦ᠎ᠶᠢᠨ ᠵᠠᠩᠭᠢᠯᠠᠭ᠎ᠠ ᠨᠢ ᠰᠦᠯᠵᠢᠶᠡᠨ᠎ᠦ ᠣᠷᠣᠨ ᠵᠠᠢ᠎ᠳᠤ ᠬᠠᠨᠳᠤᠭᠤᠯᠤᠭᠰᠠᠨ ᠰᠣᠶᠣᠯ᠎ᠤᠨ ᠡᠬᠢ ᠪᠠᠶᠠᠯᠢᠭ᠋᠎ᠢ ᠬᠤᠪᠢᠷᠠᠭᠤᠯᠬᠤ ᠲᠣᠭᠲᠠᠴᠠ᠎ᠶᠢ ᠪᠦᠷᠢᠨᠰᠢᠭᠦᠯᠵᠦ᠂ ᠠᠭᠤᠯᠭ᠎ᠠ᠎ᠶᠢ ᠰᠢᠯᠵᠢᠭᠦᠯᠦᠨ ᠣᠷᠴᠢᠭᠤᠯᠬᠤ᠂ ᠮᠡᠷᠭᠡᠵᠢᠯ᠎ᠢᠶᠡᠷ ᠴᠢᠳᠠᠪᠤᠷᠢ ᠣᠯᠭᠣᠬᠤ᠂ ᠠᠬᠤᠢ ᠲᠠᠯᠠᠪᠤᠷ᠎ᠲᠤ᠌ ᠰᠢᠭᠢᠳᠬᠡᠬᠦ ᠪᠠ ᠲᠠᠪᠴᠠᠩ᠎ᠤᠨ ᠡᠵᠡᠩᠨᠡᠯᠲᠡ᠎ᠪᠡᠷ ᠳᠠᠮᠵᠢᠭᠤᠯᠤᠨ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠡᠶᠡᠴᠢᠯᠡᠨ ᠣᠢᠯᠠᠭᠠᠵᠤ ᠪᠣᠯᠬᠤ᠂ ᠬᠡᠷᠡᠭᠯᠡᠵᠦ ᠪᠣᠯᠬᠤ᠂ ᠬᠠᠷᠢᠯᠴᠠᠨ ᠰᠣᠯᠢᠯᠴᠠᠵᠤ ᠪᠣᠯᠬᠤ ᠤᠯᠠᠮᠵᠢᠯᠠᠨ ᠲᠠᠷᠬᠠᠭᠠᠬᠤ ᠠᠭᠤᠯᠭ᠎ᠠ ᠪᠣᠯᠭᠠᠨ ᠬᠤᠪᠢᠷᠠᠭᠤᠯᠬᠤ᠎ᠶᠢ ᠲᠦᠯᠬᠢᠨ ᠠᠬᠢᠭᠤᠯᠬᠤ᠎ᠳᠤ ᠪᠠᠢᠨ᠎ᠠ᠃ ᠰᠣᠶᠣᠯ᠎ᠤᠨ ᠥᠪ ᠬᠥᠷᠥᠩᠭᠡ᠂ ᠤᠯᠠᠮᠵᠢᠯᠠᠯᠲᠤ ᠤᠷ᠎ᠠ ᠮᠡᠷᠭᠡᠵᠢᠯ᠂ ᠪᠠᠶᠠᠷ ᠳᠤᠷᠠᠰᠬᠠᠯ᠎ᠤᠨ ᠵᠠᠩ ᠦᠢᠯᠡ ᠵᠡᠷᠭᠡ ᠰᠢᠯᠢᠳᠡᠭ ᠰᠣᠶᠣᠯ᠎ᠤᠨ ᠡᠬᠢ ᠪᠠᠶᠠᠯᠢᠭ᠋᠎ᠢ ᠰᠢᠰᠲᠧᠮ᠎ᠲᠠᠢ ᠡᠮᠬᠢᠯᠡᠵᠦ᠂ ᠣᠬᠣᠷ ᠸᠢᠳᠢᠤ᠋᠂ ᠪᠢᠴᠢᠯ ᠵᠦᠴᠦᠭᠡ᠂ ᠲᠣᠭᠠᠴᠢᠯᠠᠭᠰᠠᠨ ᠦᠵᠡᠭᠦᠯᠭᠡ ᠵᠡᠷᠭᠡ ᠰᠦᠯᠵᠢᠶᠡᠨ᠎ᠦ ᠳᠠᠮᠵᠢᠭᠤᠯᠭ᠎ᠠ᠎ᠶᠢᠨ ᠬᠡᠯᠪᠡᠷᠢ ᠪᠠᠢᠳᠠᠯ᠎ᠳᠤ ᠲᠣᠬᠢᠷᠠᠬᠤ ᠠᠭᠤᠯᠭ᠎ᠠ᠎ᠶᠢᠨ ᠡᠯᠧᠮᠧᠨ᠋ᠲ᠎ᠢ ᠪᠣᠯᠪᠠᠰᠤᠷᠠᠭᠤᠯᠵᠤ᠂ ᠰᠦᠯᠵᠢᠶᠡᠨ᠎ᠦ ᠬᠦᠯᠢᠶᠡᠨ ᠠᠪᠤᠭ᠍ᠴᠢᠳ᠎ᠤᠨ ᠭᠤᠸ᠎ᠠ ᠳᠠᠭᠠᠰᠢᠶᠠᠯ᠎ᠤᠨ ᠬᠠᠨᠳᠤᠰᠢ ᠪᠠ ᠰᠡᠳᠬᠢᠯᠭᠡ᠎ᠶᠢᠨ ᠣᠢᠯᠠᠭᠠᠯᠲᠠ᠎ᠳᠤ ᠲᠣᠬᠢᠷᠠᠬᠤ ᠨᠢᠭᠡ ᠪᠦᠯᠦᠭ ᠰᠣᠶᠣᠯ᠎ᠤᠨ ᠪᠦᠲᠦᠭᠡᠭᠳᠡᠬᠦᠨ᠎ᠢ ᠡᠭᠦᠳᠴᠦ᠂ ᠣᠷᠣᠨ ᠪᠦᠰᠡ᠎ᠶᠢᠨ ᠣᠨᠴᠠᠯᠢᠭ᠋᠎ᠲᠠᠢ ᠵᠦᠷᠢᠶᠡᠴᠢᠯᠡᠭᠰᠡᠨ ᠰᠣᠶᠣᠯ᠎ᠤᠨ ᠲᠦᠷᠦᠯ ᠲᠡᠮᠳᠡᠭ᠎ᠢ ᠡᠭᠦᠳᠴᠦ᠂ ᠢᠯᠭᠠᠨ ᠲᠠᠨᠢᠵᠤ ᠪᠣᠯᠬᠤ᠂ ᠤᠯᠠᠷᠢᠵᠤ ᠪᠣᠯᠬᠤ ᠰᠣᠶᠣᠯ᠎ᠤᠨ IP (ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ)᠎ᠶ᠋ᠢ ᠪᠣᠢᠵᠢᠭᠤᠯᠤᠨ᠎ᠠ᠃ ᠵᠣᠬᠢᠶᠠᠮᠠᠯ ᠤᠶᠤᠨ ᠴᠢᠳᠠᠪᠤᠷᠢ᠂ ᠳᠠᠭᠤᠷᠢᠶᠠᠮᠠᠯ ᠪᠤᠳᠠᠳᠤ ᠠᠬᠤᠢ᠂ᠴᠢᠨᠭᠭᠠᠳᠬᠠᠮᠠᠯ ᠪᠣᠳᠠᠲᠤ ᠠᠬᠤᠢ᠂ ᠪᠦᠷᠢᠨ ᠮᠡᠳᠡᠭᠡ ᠵᠠᠨᠭᠬᠢ᠎ᠲᠤ ᠳᠦᠷᠰᠦ ᠰᠢᠩᠭᠡᠭᠡᠯᠲᠡ ᠵᠡᠷᠭᠡ ᠬᠣᠰᠢᠭᠤᠷᠠᠯ ᠮᠡᠷᠭᠡᠵᠢᠯ᠎ᠢ ᠶᠡᠷᠦᠨᠭᠬᠡᠢᠯᠡᠨ ᠬᠡᠷᠡᠭᠯᠡᠵᠤ᠂ AIGC (ᠵᠣᠬᠢᠶᠠᠮᠠᠯ ᠤᠶᠤᠨ ᠴᠢᠳᠠᠪᠤᠷᠢ᠎ᠪᠡᠷ ᠪᠤᠢ ᠪᠣᠯᠤᠭᠰᠠᠨ ᠠᠭᠤᠯᠭ᠎ᠠ)ᠵᠢᠨ ᠺᠠᠷᠲ᠋ᠣᠨ ᠵᠢᠷᠤᠭ᠂ ᠦᠵᠡᠭᠦᠯᠭᠡ᠎ᠶᠢᠨ ᠲᠣᠭᠯᠠᠯᠲᠠ᠂ ᠦᠢᠯᠡᠳᠦᠯᠴᠡᠬᠦ ᠲᠣᠭᠯᠠᠭᠠᠮ ᠵᠡᠷᠭᠡ ᠰᠢᠨ᠎ᠡ ᠮᠠᠶᠢᠭ᠋᠎ᠤᠨ ᠰᠣᠶᠣᠯ᠎ᠤᠨ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠬᠥᠭᠵᠢᠭᠦᠯᠵᠦ᠂ ᠰᠦᠯᠵᠢᠶᠡᠨ᠎ᠦ ᠳᠠᠮᠵᠢᠭᠤᠯᠭ᠎ᠠ᠎ᠶᠢᠨ ᠲᠤᠬᠠᠢ᠎ᠶᠢᠨ ᠲᠠᠯᠠᠪᠤᠷ᠎ᠲᠠᠬᠢ ᠲᠥᠷᠥᠭᠳᠡᠯ ᠪᠠ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠦᠨ᠎ᠡ᠃ ᠡᠭᠦᠨ᠎ᠦ ᠰᠠᠭᠤᠷᠢᠨ ᠳᠡᠭᠡᠷ᠎ᠡ᠂ ᠪᠠᠰᠠ ᠵᠣᠬᠢᠶᠠᠮᠠᠯ ᠤᠶᠤᠨ ᠴᠢᠳᠠᠪᠤᠷᠢ ᠪᠠ ᠲᠣᠮᠣ᠌ ᠳ᠋ᠠᠢᠲ᠋ᠠ᠎ᠶᠢᠨ ᠵᠠᠳᠠᠯᠤᠯᠲᠠ᠎ᠶᠢ ᠠᠰᠢᠭ᠍ᠯᠠᠨ ᠬᠡᠷᠡᠭᠯᠡᠭᠴᠢ᠎ᠶᠢᠨ ᠬᠥᠳᠡᠯᠦᠩᠭᠦᠢ ᠳᠦᠷᠰᠦ ᠵᠢᠷᠤᠭ᠎ᠢ ᠪᠠᠢᠭᠤᠯᠵᠤ᠂ ᠰᠣᠶᠣᠯ᠎ᠤᠨ ᠠᠭᠤᠯᠭ᠎ᠠ᠎ᠶᠢ ᠢᠯᠭᠠᠨ ᠲᠠᠨᠢᠬᠤ᠂ ᠵᠣᠬᠢᠴᠠᠭᠤᠯᠬᠤ ᠪᠠ ᠬᠤᠪᠢᠶᠠᠨ ᠲᠠᠷᠬᠠᠭᠠᠬᠤ ᠠᠷᠭ᠎ᠠ ᠵᠠᠮ᠎ᠢ ᠰᠢᠯᠢᠳᠡᠭᠵᠢᠭᠦᠯᠵᠦ᠂ ᠠᠳᠠᠯᠢ ᠪᠤᠰᠤ ᠪᠦᠯᠬᠦᠮ ᠨᠡᠢᠳᠡ ᠵᠢᠨ ᠰᠣᠶᠣᠯ᠎ᠤᠨ ᠳᠤᠷᠠᠰᠢᠯ᠎ᠳᠤ ᠴᠢᠭᠯᠡᠭᠦᠯᠵᠦ᠂ ᠬᠤᠪᠢᠶᠠᠷᠢᠴᠢᠯᠠᠬᠰᠠᠨ᠂ ᠨᠠᠷᠢᠯᠢᠭ᠋ ᠣᠨᠣᠴᠠᠲᠠᠢ ᠠᠭᠤᠯᠭ᠎ᠠ᠎ᠶᠢᠨ ᠬᠠᠩᠭᠠᠯᠭ᠎ᠠ᠎ᠶᠢ ᠪᠡᠶᠡᠯᠡᠭᠦᠯᠵᠦ ᠪᠣᠯᠣᠨ᠎ᠠ᠃
ᠤᠯᠠᠨ ᠨᠡᠶ᠋ᠢᠲᠡ᠎ᠶᠢᠨ ᠬᠠᠮᠲᠤ᠎ᠪᠠᠷ ᠡᠭᠦᠳᠦᠨ ᠪᠦᠲᠦᠭᠡᠬᠦ᠎ᠶᠢ ᠲᠦᠯᠬᠢᠨ ᠠᠬᠢᠭᠤᠯᠬᠤ ᠬᠡᠷᠡᠭᠳᠡᠢ᠃ 《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠦᠪᠵᠢᠭᠦᠯᠭᠡ᠎ᠶᠢᠨ ᠬᠦᠳᠤᠯᠪᠦᠷᠢ᠎ᠳᠤ᠄《ᠪᠦᠬᠦ ᠦᠨᠳᠦᠰᠦᠲᠡᠨ᠎ᠦ ᠰᠣᠶᠣᠯ᠎ᠤᠨ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠳᠤᠯᠢᠭ᠋ ᠬᠦᠴᠦᠨ᠎ᠢ ᠬᠥᠭᠵᠢᠭᠡᠨ᠎ᠡ》᠂ 《ᠢᠨᠲᠧᠷ ᠰᠦᠯᠵᠢᠶᠡᠨ᠎ᠦ ᠨᠥᠬᠥᠴᠡᠯ ᠳᠣᠣᠷᠠᠬᠢ ᠰᠢᠨ᠎ᠡ ᠤᠯᠠᠨ ᠲᠦᠮᠡᠨᠴᠢ ᠤᠳᠬ᠎ᠠ ᠤᠷᠠᠯᠢᠭ᠋᠎ᠢ ᠴᠡᠴᠡᠭᠯᠡᠭᠦᠯᠦᠨ ᠬᠥᠭᠵᠢᠭᠦᠯᠦᠨ᠎ᠡ》ᠭᠡᠵᠦ ᠳᠤᠷᠠᠳᠤᠨ ᠭᠠᠷᠭᠠᠵᠠᠢ᠃ ᠢᠨᠲᠧᠷ ᠰᠦᠯᠵᠢᠶ᠎ᠡ ᠶ᠋ᠢᠨ ᠭᠦᠨᠵᠡᠭᠡᠢ ᠣᠷᠣᠯᠴᠠᠭ᠎ᠠ ᠨᠢ ᠰᠣᠶᠣᠯ᠎ᠤᠨ ᠤᠯᠠᠮᠵᠢᠯᠠᠯ ᠢ᠋《ᠣᠯᠠᠨ ᠲᠦᠮᠡᠨ᠎ᠤ ᠲᠦᠯᠦᠭᠡ ᠪᠢᠴᠢᠬᠦ》 ᠡᠴᠡ 《ᠣᠯᠠᠨ ᠲᠦᠮᠡᠨ ᠪᠢᠴᠢᠬᠦ》 ᠬᠡᠪ ᠮᠠᠶᠢᠭ᠋᠎ᠤᠨ ᠬᠡᠯᠪᠡᠷᠢ ᠶ᠋ᠢᠨ ᠬᠤᠪᠢᠷᠠᠯᠲᠠ ᠶ᠋ᠢ ᠥᠩᠭᠡᠷᠡᠭᠦᠯᠵᠦ ᠪᠠᠢᠨ᠎ᠠ᠃ ᠲᠤᠰᠬᠠᠢ ᠮᠡᠷᠭᠡᠵᠢᠯ᠎ᠦᠨ ᠭᠤᠤᠯ ᠴᠣᠭᠴᠠ ᠠ᠋ᠴᠠ ᠬᠥᠲᠥᠯᠥᠨ ᠵᠢᠯᠤᠭᠣᠳᠬᠤ᠂ ᠲᠠᠪᠴᠠᠩ ᠲᠣᠭᠲᠠᠴᠠ ᠠ᠋ᠴᠠ ᠴᠢᠳᠠᠪᠤᠷᠢ ᠣᠯᠭᠣᠬᠤ᠂ ᠣᠯᠠᠨ ᠨᠡᠶ᠋ᠢᠲᠡ᠎ᠪᠡᠷ ᠢ᠋ᠶ᠋ᠡᠨ ᠥᠷᠭᠡᠨ ᠢ᠋ᠶ᠋ᠡᠷ ᠣᠷᠣᠯᠴᠠᠬᠤ ᠪᠠ ᠨᠡᠢᠭᠡᠮ᠎ᠦᠨ ᠣᠯᠠᠨ ᠲᠦᠮᠡᠨ ᠦᠷᠭᠦᠯᠵᠢᠯᠡᠨ ᠬᠥᠳᠡᠯᠦᠯᠴᠡᠬᠦ᠎ᠪᠡᠷ ᠳᠠᠮᠵᠢᠭᠤᠯᠤᠨ᠂ ᠳᠤᠮᠳᠠᠳᠤ ᠶ᠋ᠢᠨ ᠰᠢᠯᠢᠳᠡᠭ ᠤᠯᠠᠮᠵᠢᠯᠠᠯᠲᠤ ᠰᠣᠶᠣᠯ ᠢ᠋ ᠬᠠᠮᠲᠤ᠎ᠪᠠᠷ ᠡᠭᠦᠳᠦᠨ ᠬᠠᠮᠲᠤ᠎ᠪᠠᠷ ᠡᠳ᠋ᠯᠡᠬᠦ ᠳᠤᠮᠳᠠ ᠰᠣᠶᠣᠯ᠎ᠤᠨ ᠢᠲᠡᠭᠡᠯ ᠢ᠋ ᠨᠡᠮᠡᠭᠳᠡᠭᠦᠯᠵᠦ᠂ ᠭᠤᠤᠯ ᠴᠣᠭᠴᠠ ᠶ᠋ᠢᠨ ᠤᠬᠠᠮᠰᠠᠷ ᠢ᠋ ᠬᠥᠭᠵᠢᠭᠡᠵᠦ᠂ ᠰᠦᠯᠵᠢᠶ᠎ᠠ ᠵᠢ ᠥᠨᠢ ᠤᠳᠠᠭᠠᠨ ᠤᠷᠢᠶᠠᠯᠠᠬᠤ ᠬᠦᠴᠦᠨ᠎ᠲᠠᠢ ᠪᠣᠯᠭᠠᠵᠤ ᠪᠣᠯᠣᠨ᠎ᠠ᠃ ᠤᠯᠠᠨ ᠨᠡᠶ᠋ᠢᠲᠡ᠎ᠶᠢᠨ ᠣᠬᠣᠷ ᠸᠢᠳᠢᠣ᠋ ᠵᠢᠨ ᠵᠤᠬᠢᠶᠠᠨ ᠪᠦᠲᠦᠭᠡᠬᠦ᠂ ᠵᠢᠷᠤᠭ ᠡᠴᠡ ᠦᠰᠦᠭ ᠪᠤᠯᠭᠠᠨ ᠬᠤᠪᠢᠷᠠᠭᠤᠯᠬᠤ᠂ ᠲᠡᠯᠭᠡᠴᠡ ᠳᠡᠭᠡᠷ᠎ᠡ ᠬᠠᠷᠢᠯᠴᠠᠨ ᠬᠥᠳᠡᠯᠦᠯᠴᠡᠬᠦ ᠪᠠ ᠬᠣᠶᠠᠳᠠᠭᠢ ᠤᠳᠠᠭ᠎ᠠ ᠵᠣᠬᠢᠶᠠᠨ ᠪᠦᠲᠦᠭᠡᠬᠦ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠲᠠᠬᠢᠨ ᠲᠠᠢᠯᠪᠤᠷᠢᠯᠠᠯᠲᠠ᠎ᠳᠤ ᠣᠷᠣᠯᠴᠠᠬᠤ᠎ᠶᠢ ᠵᠣᠷᠢᠭ᠍ᠵᠢᠭᠤᠯᠵᠤ᠂ ᠰᠣᠶᠣᠯ᠎ᠤᠨ ᠤᠳᠬ᠎ᠠ ᠠᠭᠤᠯᠭ᠎ᠠ᠎ᠶᠢ ᠰᠠᠨᠠᠭᠠᠴᠢᠯᠠᠭ᠎ᠠ ᠦᠭᠡᠢ ᠬᠦᠯᠢᠶᠡᠨ ᠠᠪᠤᠭ᠍ᠴᠢ ᠠᠴᠠ ᠬᠠᠮᠲᠤ᠎ᠶᠢᠨ ᠦᠢᠯᠡᠳᠪᠦᠷᠢᠯᠡᠭᠴᠢ ᠪᠣᠯᠭᠠᠨ ᠬᠤᠪᠢᠷᠠᠭᠤᠯᠤᠨ᠎ᠠ᠃ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠬᠴᠢ᠂ ᠰᠦᠯᠵᠢᠶᠡᠨ ᠨᠡᠪᠲᠡᠷᠡᠭᠦᠯᠦᠭᠴᠢ᠂ ᠪᠦᠷᠭᠡ ᠵᠢᠨ ᠡᠵᠡᠨᠭᠨᠡᠭᠴᠢ᠂ ᠵᠠᠯᠠᠭᠤ ᠤᠷᠠᠯᠢᠭ᠍ᠴᠢᠨ ᠵᠡᠷᠭᠡ ᠤᠯᠠᠮᠵᠢᠯᠠᠨ ᠲᠠᠷᠬᠠᠭᠠᠬᠤ ᠭᠣᠣᠯ ᠴᠣᠭᠴᠠ᠎ᠶᠢᠨ ᠬᠠᠮᠵᠢᠯᠴᠠᠨ ᠬᠠᠮᠲᠤᠷᠠᠯᠴᠠᠬᠤ ᠶᠢ ᠳᠡᠮᠵᠢᠵᠦ᠂ ᠲᠤᠰᠬᠠᠢ ᠮᠡᠳᠡᠯᠭᠡ᠂ ᠬᠤᠪᠢ᠎ᠶᠢᠨ ᠲᠤᠷᠰᠢᠯᠭ᠎ᠠ ᠪᠠ ᠰᠦᠯᠵᠢᠶᠡᠨ᠎ᠦ ᠢᠯᠡᠳᠬᠡᠯᠲᠡ ᠶᠢᠨ ᠬᠠᠷᠢᠯᠴᠠᠨ ᠤᠯᠠᠷᠢᠭᠤᠯᠬᠤ᠎ᠶᠢ ᠠᠬᠢᠭᠤᠯᠵᠤ᠂ ᠰᠣᠶᠣᠯ᠎ᠤᠨ ᠣᠢᠯᠠᠭᠠᠬᠤ ᠴᠢᠳᠠᠪᠤᠷᠢ᠂ ᠭᠤᠸ᠎ᠠ ᠲᠠᠭᠠᠰᠢᠶᠠᠯ ᠤᠨ ᠪᠦᠲᠦᠭᠡᠯᠴᠢ ᠴᠢᠳᠠᠪᠤᠷᠢ ᠪᠠ ᠰᠦᠯᠵᠢᠶᠡᠨ᠎ᠦ ᠤᠯᠠᠮᠵᠢᠯᠠᠨ ᠲᠠᠮᠵᠢᠭᠤᠯᠬᠤ ᠴᠢᠳᠠᠪᠤᠷᠢ᠎ᠶᠢ ᠬᠠᠪᠰᠤᠷᠭᠠᠭᠰᠠᠨ ᠬᠠᠮ ᠵᠣᠬᠢᠶᠠᠨ ᠪᠦᠲᠦᠭᠡᠬᠦ ᠡᠩᠨᠡᠭᠡ᠎ᠶᠢ ᠪᠦᠷᠢᠯᠳᠦᠭᠦᠯᠦᠨ᠎ᠡ᠃ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯᠣᠨ ᠳᠤᠷ᠎ᠠ ᠰᠣᠨᠢᠷᠬᠠᠯ᠎ᠤᠨ ᠨᠡᠢᠭᠡᠮᠯᠢᠭᠤᠳᠦᠨ ᠰᠢᠨ᠎ᠡ ᠵᠢ ᠡᠬᠦᠳᠬᠦ ᠴᠢᠨᠠᠷᠲᠠᠢ ᠤᠶᠠᠯᠳᠤᠯ᠎ᠢ ᠬᠠᠢᠨ ᠰᠦᠪᠡᠭᠴᠢᠯᠡᠬᠦ᠎ᠳᠤ᠂ ᠲᠠᠪᠴᠠᠩ᠎ᠤᠨ ᠨᠡᠢᠭᠡᠮᠯᠢᠭᠤᠳᠦᠨ ᠴᠤᠭᠯᠠᠷᠠᠯ ᠤᠨ ᠴᠢᠳᠠᠪᠤᠷᠢ ᠶᠢ ᠠᠰᠢᠭ᠍ᠯᠠᠨ ᠲᠤᠬᠲᠠᠪᠤᠷᠢᠲᠠᠢ ᠰᠡᠳᠬᠢᠯᠭᠡ ᠶᠢᠨ ᠬᠣᠯᠪᠣᠭ᠎ᠠ ᠵᠢ ᠨᠢᠭ᠍ᠲᠠᠷᠠᠭᠤᠯᠬᠤ᠎ᠪᠠᠷ ᠪᠠᠷᠠᠬᠤ ᠦᠭᠡᠢ ᠪᠠᠰᠠ ᠰᠣᠶᠣᠯ ᠤᠨ ᠠᠭᠤᠯᠭ᠎ᠠ᠎ᠶᠢᠨ ᠲᠣᠭᠲᠠᠮᠠᠯ ᠬᠦᠷᠢᠶ᠎ᠡ ᠳᠠᠪᠬᠤᠷᠭ᠎ᠠ᠎ᠶᠢᠨ ᠳᠣᠲᠣᠭᠠᠳᠤ᠎ᠳᠤ ᠲᠠᠮᠵᠢᠬᠳᠠᠬᠤ ᠵᠢ ᠰᠡᠷᠭᠡᠢᠯᠡᠵᠦ᠂ ᠬᠦᠷᠢᠶ᠎ᠡ ᠳᠠᠪᠬᠤᠷᠭ᠎ᠠ ᠠᠯᠤᠰᠯᠠᠭᠰᠠᠨ ᠶᠠᠷᠢᠶᠠᠨ᠎ᠤ ᠰᠡᠳᠦᠪ ᠢ ᠪᠠᠢᠷᠢᠯᠠᠭᠤᠯᠬᠤ᠂ ᠲᠠᠪᠴᠠᠩ᠎ᠢ ᠬᠣᠯᠪᠣᠯᠳᠤᠭᠤᠯᠤᠨ ᠳᠠᠮᠵᠢᠭᠤᠯᠬᠤ ᠪᠠ ᠪᠤᠳᠤᠯᠳᠠ ᠵᠢᠨ ᠠᠷᠭ᠎ᠠ᠎ᠪᠡᠷ ᠰᠤᠩᠭᠤᠨ ᠲᠠᠨᠢᠯᠴᠠᠭᠤᠯᠬᠤ᠎ᠵᠢ ᠰᠢᠯᠢᠳᠡᠭᠵᠢᠭᠦᠯᠵᠦ᠂ ᠦᠶᠡᠠᠯᠤᠰᠯᠠᠬᠰᠠᠨ᠂ ᠠᠳᠠᠯᠢ ᠪᠤᠰᠤ ᠭᠠᠵᠠᠷ ᠣᠷᠣᠨ ᠪᠠ ᠰᠣᠶᠣᠯ᠎ᠤᠨ ᠠᠬᠤᠢ ᠪᠠᠢᠳᠠᠯᠲᠤᠤᠷᠠᠬᠢ ᠬᠦᠯᠢᠶᠡᠨ ᠠᠪᠤᠭ᠍ᠴᠢᠳ᠎ᠤᠨ ᠣᠢᠯᠠᠭᠠᠯᠴᠠᠭ᠎ᠠ ᠪᠠ ᠶᠠᠷᠢᠯᠴᠠᠭ᠎ᠠ᠎ᠶᠢ ᠪᠤᠢ ᠪᠣᠯᠭᠠᠬᠤ᠎ᠶᠢ ᠲᠦᠯᠬᠢᠨ ᠠᠬᠢᠭᠤᠯᠬᠤ ᠬᠡᠷᠡᠭᠲᠡᠢ᠃ ᠬᠠᠮᠲᠤ ᠪᠠᠷ ᠡᠭᠦᠳᠬᠦ᠎ᠶᠢᠨ ᠬᠥᠲᠥᠯᠥᠨ ᠵᠢᠯᠤᠭᠣᠳᠬᠤ ᠪᠠ ᠵᠠᠰᠠᠬᠤ ᠲᠣᠭᠲᠠᠴᠠ᠎ᠶᠢ ᠲᠡᠭᠦᠯᠳᠡᠷᠵᠢᠭᠦᠯᠵᠦ᠂ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠲᠤᠰᠬᠠᠢ ᠪᠠᠢᠭᠤᠯᠤᠮᠵᠢ ᠪᠠ ᠲᠠᠪᠴᠠᠩ᠎ᠤᠨ ᠠᠵᠤ ᠠᠬᠤᠢᠯᠠᠯ ᠢ ᠵᠣᠬᠢᠴᠠᠭᠤᠯᠤᠨ ᠠᠭᠤᠯᠭ᠎ᠠ᠎ᠶᠢᠨ ᠵᠢᠯᠣᠭᠣᠳᠤᠯᠭ᠎ᠠ᠂ ᠬᠡᠪᠯᠡᠯ᠎ᠦᠨ ᠡᠷᠬᠡ᠎ᠶᠢᠨ ᠬᠠᠮᠠᠭᠠᠯᠠᠯᠲᠠ᠂ ᠵᠣᠬᠢᠶᠠᠨ ᠪᠦᠲᠦᠭᠡᠯᠭᠡ᠎ᠶᠢᠨ ᠪᠣᠯᠪᠠᠰᠤᠷᠠᠯ ᠪᠠ ᠡᠬᠢ ᠪᠠᠶᠠᠯᠢᠭ᠋᠎ᠤᠨ ᠳᠡᠮᠵᠢᠯᠭᠡ᠎ᠶᠢ ᠬᠠᠮᠲᠤ ᠪᠠᠷ ᠴᠢᠩᠭᠠᠳᠬᠠᠬᠤ ᠬᠡᠷᠡᠭᠳᠡᠢ᠃
(ᠵᠣᠬᠢᠶᠠᠭ᠍ᠴᠢ᠄ ᠭᠤᠸᠠᠩᠳᠦ᠋ᠩ᠎ᠤᠨ ᠭᠠᠳᠠᠭᠠᠳᠤ ᠬᠡᠯᠡ ᠭᠠᠳᠠᠭᠠᠳᠤ ᠠᠷᠠᠯᠵᠢᠶᠠᠨ᠎ᠤ ᠶᠡᠬᠡ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠰᠣᠨᠢᠨ ᠮᠡᠳᠡᠭᠡᠨ᠎ᠦ ᠦᠵᠡᠯᠲᠡ ᠪᠣᠯᠣᠨ ᠳᠤᠮᠳᠠᠳᠤ ᠤᠯᠤᠰ᠎ᠤᠨ ᠦᠭᠡ ᠶᠠᠷᠢᠶᠠᠨ᠎ᠤ ᠰᠢᠰᠲᠧᠮ᠎ᠦᠨ ᠰᠤᠳᠤᠯᠭᠠᠨ᠎ᠤ ᠲᠥᠪ᠎ᠦᠨ ᠰᠤᠳᠤᠯᠤᠬᠴᠢ)
ᠢᠷᠡᠯᠲᠡ᠄《ᠠᠷᠠᠳ᠎ᠤᠨ ᠡᠳᠦᠷ᠎ᠦᠨ ᠰᠣᠨᠢᠨ》 ᠡᠴᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃