ᠲᠡᠷᠢᠭᠦᠨ ᠨᠢᠭᠤᠷ>ᠣᠨᠣᠯ ᠱᠢᠭᠦᠮᠵᠢ>ᠰᠢᠭᠦᠮᠵᠢ

2026-10-13 17:38:07

ᠵᠣᠬᠢᠶᠠᠭ᠍ᠴᠢ᠄ ᠯᠢᠦ ᡁᠢ ᠶᠤᠸᠠᠨ ᠣᠩᠱᠢᠭ᠍ᠰᠠᠨ ᠣᠳᠠᠭ᠎ᠠ᠄ 3

7 ᠰᠠᠷ᠎ᠠ᠎ᠳᠤ᠂ ᠲᠡᠷᠢᠭᠦᠯᠡᠭᠴᠢ ᠰᠢ ᠵᠢᠨ ᠫᠢᠩ 2026 ᠳᠡᠯᠡᠬᠡᠢ᠎ᠶᠢᠨ ᠵᠣᠬᠢᠶᠠᠮᠠᠯ ᠤᠶᠤᠨ ᠴᠢᠳᠠᠪᠤᠷᠢ᠎ᠶᠢᠨ ᠶᠡᠬᠡ ᠬᠤᠷᠠᠯ ᠵᠢᠴᠢ ᠵᠣᠬᠢᠶᠠᠮᠠᠯ ᠤᠶᠤᠨ ᠴᠢᠳᠠᠪᠤᠷᠢ᠎ᠶᠢᠨ ᠪᠦᠬᠦ ᠪᠥᠮᠪᠥᠷᠴᠡᠭ᠎ᠦᠨ ᠵᠠᠰᠠᠯᠲᠠ᠎ᠶᠢᠨ ᠳᠡᠭᠡᠳᠦ ᠲᠡᠰ᠎ᠤᠨ ᠬᠤᠷᠠᠯ᠎ᠤᠨ ᠡᠬᠢᠯᠡᠯᠲᠡ᠎ᠶᠢᠨ ᠶᠣᠰᠣᠯᠠᠯ ᠳᠡᠭᠡᠷ᠎ᠡ ᠄ 《ᠵᠣᠬᠢᠶᠠᠮᠠᠯ ᠤᠶᠤᠨ ᠴᠢᠳᠠᠪᠤᠷᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠡᠭᠦᠳᠦᠯᠲᠡ᠂ ᠠᠵᠤ ᠦᠢᠯᠡᠰ᠎ᠦᠨ ᠬᠥᠭᠵᠢᠯᠲᠡ᠂ ᠠᠬᠤᠢ ᠲᠠᠯᠠᠪᠤᠷ᠎ᠤᠨ ᠬᠡᠷᠡᠭᠯᠡᠭᠡ᠎ᠶᠢ ᠪᠦᠬᠦ ᠲᠠᠯ᠎ᠠ᠎ᠪᠠᠷ ᠠᠬᠢᠭᠤᠯᠤᠨ᠎ᠠ》 ᠭᠡᠵᠦ ᠳᠤᠷᠠᠳᠴᠠᠢ᠃ 2018 ᠣᠨ᠎ᠳᠤ᠂ ᠶᠡᠷᠦᠩᠬᠡᠢ ᠱᠦᠵᠢ ᠰᠢ ᠵᠢᠨ ᠫᠢᠩ ᠄ 《ᠵᠣᠬᠢᠶᠠᠮᠠᠯ ᠤᠶᠤᠨ ᠴᠢᠳᠠᠪᠤᠷᠢ᠎ᠶᠢ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠲᠠᠢ ᠤᠶᠠᠯᠳᠤᠭᠤᠯᠬᠤ᠎ᠶᠢ ᠴᠢᠩᠭᠠᠳᠬᠠᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠂ ᠠᠷᠠᠳ ᠲᠦᠮᠡᠨ᠎ᠳᠦ ᠰᠠᠢᠨ ᠰᠠᠢᠬᠠᠨ ᠠᠮᠢᠳᠤᠷᠠᠯ᠎ᠢ ᠡᠭᠦᠳᠴᠦ ᠥᠭᠬᠦ ᠬᠡᠷᠡᠭᠴᠡᠭᠡ᠎ᠡᠴᠡ ᠡᠭᠦᠰᠴᠦ᠂ ᠵᠣᠬᠢᠶᠠᠮᠠᠯ ᠤᠶᠤᠨ ᠴᠢᠳᠠᠪᠤᠷᠢ᠎ᠶᠢᠨ ᠬᠥᠮᠥᠰ᠎ᠦᠨ ᠡᠳᠦᠷ ᠲᠤᠳᠤᠮ᠎ᠤᠨ ᠠᠵᠢᠯ᠂ ᠰᠤᠷᠤᠯᠴᠠᠯᠭ᠎ᠠ᠂ ᠠᠮᠢᠳᠤᠷᠠᠯ᠎ᠳᠤ ᠭᠦᠨᠵᠡᠭᠡᠢ ᠬᠡᠷᠡᠭᠯᠡᠭᠳᠡᠬᠦ᠎ᠶᠢ ᠠᠬᠢᠭᠤᠯᠬᠤ ᠬᠡᠷᠡᠭᠲᠡᠢ 》 ᠭᠡᠵᠦ ᠵᠢᠭᠠᠵᠤ ᠭᠠᠷᠭᠠᠪᠠ᠃ ᠡᠳᠡᠭᠡᠷ ᠴᠢᠬᠤᠯᠠ ᠥᠭᠦᠯᠡᠯᠲᠡ ᠨᠢ ᠵᠣᠬᠢᠶᠠᠮᠠᠯ ᠤᠶᠤᠨ ᠴᠢᠳᠠᠪᠤᠷᠢ᠎ᠶᠢᠨ ᠬᠥᠭᠵᠢᠯᠲᠡ᠎ᠶᠢᠨ ᠴᠢᠬᠤᠯᠠ ᠦᠷᠳᠡᠭ ᠪᠣᠯᠣᠨ ᠬᠡᠷᠡᠭᠯᠡᠭᠡᠨ᠎ᠦ ᠤᠳᠤᠷᠢᠳᠤᠮᠵᠢ᠎ᠶᠢ ᠭᠦᠨᠵᠡᠭᠡᠢ ᠵᠢᠭᠠᠵᠤ ᠥᠭᠴᠡᠢ᠃ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ ᠬᠥᠲᠥᠯᠪᠦᠷᠢ᠎ᠳᠦ 《〈ᠵᠣᠬᠢᠶᠠᠮᠠᠯ ᠤᠶᠤᠨ ᠴᠢᠳᠠᠪᠤᠷᠢ +〉 ᠠᠵᠢᠯᠯᠠᠭ᠎ᠠ᠎ᠶᠢ ᠪᠦᠬᠦ ᠲᠠᠯ᠎ᠠ᠎ᠪᠠᠷ ᠬᠡᠷᠡᠭᠵᠢᠭᠦᠯᠦᠨ᠎ᠡ》᠂ 《ᠲᠣᠭᠠᠴᠢᠯᠠᠭᠰᠠᠨ ᠤᠶᠤᠨᠴᠢᠯᠠᠬᠰᠠᠨ ᠮᠡᠷᠭᠡᠵᠢᠯ ᠪᠣᠯᠣᠨ ᠲᠣᠭ᠎ᠠ ᠪᠠᠷᠢᠮᠲᠠ᠎ᠶᠢᠨ ᠡᠯᠧᠮᠧᠨ᠋ᠲ᠎ᠦᠨ ᠠᠷᠠᠳ᠎ᠤᠨ ᠠᠮᠢᠳᠤᠷᠠᠯ᠎ᠢ ᠪᠠᠶᠠᠯᠢᠭ᠍ᠵᠢᠭᠤᠯᠬᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭᠳᠡᠬᠦᠯᠬᠦ᠎ᠳᠤ ᠦᠵᠡᠭᠦᠯᠬᠦ ᠦᠢᠯᠡᠳᠦᠯ᠎ᠢ ᠭᠦᠢᠴᠡᠳ ᠪᠠᠳᠠᠷᠠᠭᠤᠯᠤᠨ᠎ᠠ》 ᠭᠡᠵᠦ ᠳᠤᠷᠠᠳᠴᠠᠢ᠃ ᠬᠥᠮᠥᠨ᠎ᠢᠶᠡᠷ ᠦᠨᠳᠦᠰᠦ ᠪᠣᠯᠭᠠᠬᠤ᠂ ᠵᠣᠬᠢᠶᠠᠮᠠᠯ ᠤᠶᠤᠨ ᠴᠢᠳᠠᠪᠤᠷᠢ᠎ᠵᠢ ᠵᠦᠪ ᠬᠡᠷᠡᠭᠯᠡᠬᠦ᠎ᠶᠢ ᠪᠠᠷᠢᠮᠲᠠᠯᠠᠵᠤ᠂ ᠵᠣᠬᠢᠶᠠᠮᠠᠯ ᠤᠶᠤᠨ ᠴᠢᠳᠠᠪᠤᠷᠢ᠎ᠶᠢ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠪᠦᠬᠦ ᠲᠠᠯ᠎ᠠ᠎ᠳᠤ ᠭᠦᠨᠵᠡᠭᠡᠢ ᠬᠡᠷᠡᠭᠯᠡᠵᠦ ᠲᠥᠯᠥᠪᠵᠢᠭᠦᠯᠦᠨ ᠠᠬᠢᠭᠤᠯᠵᠤ᠂ ᠵᠣᠬᠢᠶᠠᠮᠠᠯ ᠤᠶᠤᠨ ᠴᠢᠳᠠᠪᠤᠷᠢ᠎ᠶᠢᠨ ᠬᠥᠭᠵᠢᠯᠲᠡ᠎ᠶᠢ ᠢᠮᠠᠭᠲᠠ ᠠᠷᠠᠳ ᠲᠦᠮᠡᠨ᠎ᠳᠦ ᠦᠢᠯᠡᠴᠢᠯᠡᠬᠦ᠂ ᠠᠷᠠᠳ ᠲᠦᠮᠡᠨ᠎ᠳᠦ ᠪᠤᠶᠠᠨ ᠦᠢᠯᠡᠳᠬᠦ ᠴᠢᠭᠯᠡᠯ ᠲᠡᠢᠰᠢ ᠤᠷᠤᠭᠰᠢᠯᠠᠭᠤᠯᠬᠤ ᠬᠡᠷᠡᠭᠲᠡᠢ᠃

ᠵᠣᠬᠢᠶᠠᠮᠠᠯ ᠣᠶᠤᠨ ᠴᠢᠳᠠᠪᠤᠷᠢ᠎ᠶᠢ ᠭᠦᠨᠵᠡᠭᠡᠢ ᠬᠡᠷᠡᠭᠯᠡᠬᠦ᠎ᠶᠢ ᠠᠬᠢᠭᠤᠯᠬᠤ᠎ᠳᠤ ᠮᠡᠷᠭᠡᠵᠢᠯ᠎ᠢ ᠳᠠᠪᠬᠤᠷᠯᠠᠨ ᠣᠷᠣᠯᠠᠭᠤᠯᠬᠤ ᠪᠠ ᠠᠵᠤ ᠦᠢᠯᠡᠰ᠎ᠢ ᠥᠷᠭᠡᠳᠬᠡᠬᠦ᠎ᠳᠦ ᠵᠣᠭᠰᠣᠩᠭᠢᠷᠠᠵᠤ ᠪᠣᠯᠬᠤ ᠦᠭᠡᠢ᠂ ᠬᠠᠷᠢᠨ ᠲᠡᠭᠦᠨ᠎ᠢ ᠨᠠᠩ ᠰᠠᠢᠨ᠎ᠢᠶᠠᠷ ᠴᠢᠨᠠᠷ ᠰᠠᠢᠲᠠᠢ ᠠᠮᠢᠳᠤᠷᠠᠯ᠎ᠳᠤ ᠡᠨᠧᠷᠭᠢ ᠣᠯᠭᠣᠵᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭᠳᠡᠭᠦᠯᠵᠦ᠂ ᠬᠥᠮᠥᠨ᠎ᠦ ᠪᠥᠬᠥ ᠲᠠᠯ᠎ᠠ᠎ᠶᠢᠨ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠵᠣᠬᠢᠶᠠᠮᠠᠯ ᠣᠶᠤᠨ ᠴᠢᠳᠠᠪᠤᠷᠢ᠎ᠶᠢᠨ ᠥᠪᠡᠷᠮᠢᠴᠡ ᠦᠨ᠎ᠡ ᠥᠷᠲᠡᠭ ᠨᠢ 《ᠬᠡᠷᠡᠭᠴᠡᠭᠡ᠎ᠶᠢᠨ ᠨᠡᠮᠡᠭᠳᠡᠯ》 ᠪᠠ 《ᠬᠠᠩᠭᠠᠯᠭ᠎ᠠ ᠬᠦᠷᠦᠯᠴᠡᠬᠦ ᠦᠭᠡᠢ ᠪᠠᠢᠬᠤ》 ᠵᠢ ᠬᠠᠮᠲᠤ ᠳ᠋ᠤᠨᠢ ᠠᠷᠭᠠᠴᠠᠭᠠᠵᠤ ᠴᠢᠳᠠᠬᠤ᠎ᠳᠦ ᠪᠤᠢ ᠄ ᠡᠨᠡ ᠨᠢ ᠦᠢᠯᠡᠳᠪᠦᠷᠢᠯᠡᠯ ᠪᠠ ᠦᠢᠯᠡᠴᠢᠯᠡᠭᠡᠨ᠎ᠦ ᠴᠢᠳᠠᠪᠤᠷᠢ᠎ᠶᠢ ᠳᠡᠭᠡᠭᠰᠢᠯᠡᠭᠦᠯᠵᠦ᠂ ᠨᠠᠩ ᠴᠢᠨᠠᠷ ᠰᠠᠢᠲᠠᠢ ᠬᠠᠩᠭᠠᠯᠭ᠎ᠠ᠎ᠶᠢ ᠡᠭᠦᠳᠬᠦ᠎ᠳᠦ ᠠᠰᠢᠭ᠍ᠲᠠᠢ ᠮᠥᠷᠲᠡᠭᠡᠨ ᠪᠠᠰᠠ ᠴᠠᠭ ᠪᠠ ᠣᠷᠣᠨ ᠵᠠᠢ᠎ᠶᠢᠨ ᠬᠢᠵᠠᠭᠠᠷᠯᠠᠯ᠎ᠢ ᠡᠪᠳᠡᠵᠤ᠂ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢ ᠰᠢᠯᠢᠳᠡᠭᠵᠢᠭᠦᠯᠵᠦ᠂ ᠴᠢᠨᠠᠷ ᠰᠠᠢᠲᠠᠢ ᠡᠬᠢ ᠪᠠᠶᠠᠯᠢᠭ᠋᠎ᠢ ᠨᠠᠩ ᠶᠡᠬᠡ ᠬᠡᠪᠴᠢᠶᠡᠨ᠎ᠳᠦ ᠬᠠᠮᠲᠤ᠎ᠪᠠᠷ ᠡᠳ᠋ᠯᠡᠬᠦ᠎ᠶᠢ ᠠᠬᠢᠭᠤᠯᠬᠤ᠎ᠳᠤ ᠠᠰᠢᠭ᠍ᠲᠠᠢ ᠶᠤᠮ᠃ ᠮᠡᠷᠭᠡᠵᠢᠯ᠎ᠦᠨ ᠯᠣᠭᠢᠭ᠋᠎ᠠᠴᠠ ᠦᠵᠡᠪᠡᠯ᠂ ᠵᠣᠬᠢᠶᠠᠮᠠᠯ ᠤᠶᠤᠨ ᠴᠢᠳᠠᠪᠤᠷᠢ ᠨᠢ ᠮᠡᠳᠡᠯᠭᠡ᠂ ᠲᠤᠷᠰᠢᠯᠭ᠎ᠠ ᠪᠣᠯᠣᠨ ᠦᠢᠯᠡᠴᠢᠯᠡᠭᠡᠨ᠎ᠦ ᠴᠢᠳᠠᠪᠤᠷᠢ᠎ᠶᠢ ᠪᠤᠳᠤᠵᠦ ᠪᠣᠯᠬᠤ᠂ ᠰᠢᠯᠵᠢᠭᠦᠯᠦᠨ ᠬᠡᠷᠡᠭᠯᠡᠵᠦ ᠪᠣᠯᠬᠤ᠂ ᠲᠠᠷᠬᠠᠭᠠᠵᠤ ᠪᠣᠯᠬᠤ ᠤᠶᠤᠨ ᠴᠢᠳᠠᠪᠤᠷᠢ ᠪᠣᠯᠭᠠᠨ ᠬᠤᠪᠢᠷᠠᠭᠤᠯᠵᠤ᠂ ᠤᠤᠯ᠎ᠳᠠᠭᠠᠨ ᠬᠣᠪᠣᠷ ᠴᠤᠬᠠᠭ ᠪᠠᠢᠭᠰᠠᠨ ᠲᠤᠰᠬᠠᠢ ᠮᠡᠷᠭᠡᠵᠢᠯ᠎ᠦᠨ ᠦᠢᠯᠡᠴᠢᠯᠡᠭᠡ᠎ᠶᠢ ᠨᠡᠩ ᠳᠣᠣᠷ᠎ᠠ ᠨᠦᠬᠦᠴᠡᠯ ᠵᠢᠡᠷ᠂ ᠨᠡᠩ ᠥᠨᠳᠥᠷ ᠦᠷ᠎ᠡ ᠪᠦᠲᠦᠮᠵᠢᠲᠡᠢ᠎ᠪᠡᠷ ᠡᠳᠦᠷ ᠲᠤᠳᠤᠮ᠎ᠤᠨ ᠠᠮᠢᠳᠤᠷᠠᠯ᠎ᠳᠤ ᠦᠢᠯᠡᠴᠢᠯᠡᠬᠦᠯᠵᠦ ᠴᠢᠳᠠᠨ᠎ᠠ᠃ ᠥᠩᠭᠡᠷᠡᠭᠰᠡᠨ᠎ᠳᠦ᠂ ᠴᠢᠨᠠᠷ ᠰᠠᠢᠲᠠᠢ ᠦᠢᠯᠡᠴᠢᠯᠡᠭᠡ ᠨᠢ ᠴᠥᠭᠡᠨ ᠲᠣᠭᠠᠨ᠎ᠤ ᠲᠤᠰᠬᠠᠢ ᠮᠡᠷᠭᠡᠵᠢᠯᠲᠡᠨ᠂ ᠣᠨᠴᠠᠭᠠᠶ ᠪᠠᠢᠭᠤᠯᠤᠮᠵᠢ ᠪᠠ ᠲᠣᠭᠲᠠᠮᠠᠯ ᠲᠠᠯᠠᠪᠤᠷ ᠭᠠᠵᠠᠷ᠎ᠲᠤ ᠲᠦᠰᠢᠭᠯᠡᠵᠦ᠂ ᠬᠠᠭᠤᠯᠪᠤᠷᠢᠯᠠᠬᠤ ᠥᠪᠡᠷ᠎ᠦᠨ ᠥᠷᠲᠡᠭ ᠨᠢ ᠥᠨᠳᠥᠷ᠂ ᠦᠢᠯᠡᠴᠢᠯᠡᠬᠦ ᠬᠡᠪᠴᠢᠶ᠎ᠡ ᠬᠢᠵᠠᠭᠠᠷ᠎ᠲᠠᠢ ᠪᠠᠢᠪᠠ᠃

ᠵᠣᠬᠢᠶᠠᠮᠠᠯ ᠣᠶᠤᠨ ᠴᠢᠳᠠᠪᠤᠷᠢ ᠨᠢ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠳᠦ ᠡᠨ᠋ᠸᠷᠬᠢ ᠣᠯᠭᠣᠵᠦ᠂ ᠲᠡᠭᠦᠨ᠎ᠢ ᠴᠢᠨᠠᠷ ᠰᠠᠢᠲᠠᠢ ᠠᠮᠢᠳᠤᠷᠠᠯ᠎ᠤᠨ ᠪᠠᠲᠤ ᠪᠡᠬᠢ ᠲᠤᠯᠭᠠᠭᠤᠷᠢᠯᠠᠯ ᠪᠣᠯᠭᠠᠨ ᠬᠤᠪᠢᠷᠠᠭᠤᠯᠤᠨ᠎ᠠ᠃ ᠴᠢᠨᠠᠷ ᠰᠠᠢᠲᠠᠢ ᠠᠮᠢᠳᠤᠷᠠᠯ ᠨᠢ ᠨᠡᠩ ᠥᠨᠳᠥᠷ ᠦᠷ᠎ᠡ ᠪᠦᠲᠦᠮᠵᠢᠲᠡᠢ᠂ ᠨᠡᠩ ᠴᠢᠨᠠᠷ ᠰᠠᠢᠲᠠᠢ᠂ ᠨᠡᠩ ᠦᠷᠭᠦᠯᠵᠢᠯᠡᠭᠰᠡᠨ ᠦᠢᠯᠡᠳᠪᠦᠷᠢᠯᠡᠯ ᠬᠠᠩᠭᠠᠯᠭ᠎ᠠ᠎ᠶᠢᠨ ᠰᠢᠰᠲ᠋ᠸᠮ ᠳᠡᠭᠡᠷ᠎ᠡ ᠪᠠᠢᠭᠤᠯᠤᠭᠳᠠᠳᠠᠬ᠃ ᠵᠣᠬᠢᠶᠠᠮᠠᠯ ᠣᠶᠤᠨ ᠴᠢᠳᠠᠪᠤᠷᠢ᠎ᠪᠠᠷ ᠰᠢᠨ᠎ᠡ ᠴᠢᠨᠠᠷ ᠎ᠦᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠤᠨ ᠪᠤᠵᠠᠭᠠᠢᠷᠠᠭᠤᠯᠬᠤ᠎ᠳᠤ ᠡᠷᠬᠡᠪᠰᠢ ᠣᠶᠤᠨᠯᠢᠭ᠋ ᠮᠡᠷᠭᠡᠵᠢᠯ᠎ᠢ ᠦᠨᠡᠨ ᠪᠣᠳᠠᠲᠦ ᠠᠵᠤ ᠦᠢᠯᠡᠰ᠎ᠦᠨ ᠲᠡᠰ ᠲᠠᠷᠠᠭᠠᠯᠠᠯ᠎ᠳᠤ ᠣᠷᠣᠭᠤᠯᠵᠤ᠂ ᠠᠵᠤ ᠦᠢᠯᠡᠰ᠎ᠦᠨ ᠲᠠᠰ ᠳᠡᠪᠰᠢᠭᠰᠡᠨ ᠦᠷ᠎ᠡ ᠪᠦᠲᠦᠭᠡᠯ᠎ᠢ ᠨᠠᠩ ᠨᠠᠢᠳᠠᠪᠤᠷᠢᠲᠠᠢ ᠦᠢᠯᠡᠳᠬᠦᠨ᠎ᠦ ᠶᠠᠰᠤ ᠴᠢᠨᠠᠷ᠂ ᠨᠠᠩ ᠪᠠᠶᠠᠯᠢᠭ᠋ ᠦᠢᠯᠡᠴᠢᠯᠡᠭᠡᠨ᠎ᠦ ᠬᠠᠩᠭᠠᠯᠭ᠎ᠠ ᠪᠠ ᠨᠠᠩ ᠥᠨᠳᠥᠷ ᠲᠦᠪᠰᠢᠨ ᠪᠦᠬᠦᠢ ᠠᠮᠢᠳᠤᠷᠠᠯ᠎ᠤᠨ ᠪᠠᠲᠤᠯᠠᠭ᠎ᠠ ᠪᠣᠯᠭᠠᠨ ᠢᠯᠡᠷᠡᠭᠦᠯᠬᠦ ᠬᠡᠷᠡᠭᠲᠡᠢ᠃ ᠰᠤᠳᠤᠯᠤᠨ ᠨᠡᠭᠡᠭᠡᠬᠦ᠂ ᠦᠢᠯᠡᠳᠬᠦ᠂ ᠭᠦᠢᠯᠭᠡᠭᠡ᠂ ᠦᠢᠯᠡᠴᠢᠯᠡᠭᠡ ᠵᠡᠷᠭᠡ ᠵᠠᠩᠭᠢᠯᠠᠭ᠎ᠠ᠎ᠶᠢᠨ ᠭᠣᠭᠴᠣᠭ᠎ᠠ᠎ᠶᠢᠨ ᠲᠣᠭᠣᠷᠢᠨ᠎ᠳᠤ᠂ ᠵᠣᠬᠢᠶᠠᠮᠠᠯ ᠤᠶᠤᠨ ᠴᠢᠳᠠᠪᠤᠷᠢ᠎ᠶᠢᠨ ᠠᠵᠤ ᠦᠢᠯᠡᠰ᠎ᠦᠨ ᠡᠮᠦᠨ᠎ᠡ ᠹᠷᠣᠨᠲ ᠪᠠ ᠠᠬᠤᠢ ᠲᠠᠯᠠᠪᠣᠷ᠎ᠲᠦ ᠨᠡᠩ ᠢᠯᠡᠬᠦᠦ ᠠᠰᠢᠭᠯᠠᠬᠣ ᠵᠢ ᠠᠬᠢᠭᠣᠯᠵᠦ᠂ ᠰᠤᠳᠤᠯᠤᠨ ᠨᠡᠭᠡᠭᠡᠬᠦ ᠳᠤᠮᠳᠠ ᠰᠢᠨ᠎ᠡ᠎ᠶᠢ ᠡᠭᠦᠳᠬᠦ ᠦᠶᠡᠯᠡᠯ᠎ᠦᠨ ᠬᠤᠭᠤᠴᠠᠭ᠎ᠠ᠎ᠶᠢ ᠪᠣᠭᠣᠨᠢᠰᠬᠠᠵᠤ᠂ ᠦᠢᠯᠡᠳᠬᠦ ᠳᠤᠮᠳᠠ ᠶᠠᠰᠤ ᠴᠢᠨᠠᠷ᠎ᠤᠨ ᠲᠣᠭᠲᠠᠪᠤᠷᠢᠲᠤ ᠴᠢᠨᠠᠷ᠎ᠢ ᠳᠡᠭᠡᠭᠰᠢᠯᠡᠭᠦᠯᠵᠦ᠂ ᠭᠦᠢᠯᠭᠡᠭᠡ ᠳᠤᠮᠳᠠ ᠬᠠᠩᠭᠠᠯᠭ᠎ᠠ ᠬᠡᠷᠡᠭᠴᠡᠭᠡ᠎ᠶᠢ ᠵᠣᠬᠢᠴᠠᠭᠤᠯᠬᠤ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠦᠢᠯᠡᠴᠢᠯᠡᠭᠡ ᠳᠤᠮᠳᠠ ᠤᠯᠠᠨ ᠲᠦᠮᠡᠨ᠎ᠦ ᠬᠡᠷᠡᠭᠴᠡᠭᠡ᠎ᠶᠢᠨ ᠬᠤᠪᠢᠷᠠᠯᠲᠠ᠎ᠳᠤ ᠨᠡᠩ ᠰᠠᠢᠨ ᠵᠣᠬᠢᠴᠠᠬᠤ ᠬᠡᠷᠡᠭᠲᠡᠢ᠃

ᠵᠣᠬᠢᠶᠠᠮᠠᠯ ᠣᠶᠤᠨ ᠴᠢᠳᠠᠪᠤᠷᠢ᠎ᠪᠠᠷ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠬᠠᠩᠭᠠᠯᠭ᠎ᠠ᠎ᠶᠢ ᠥᠷᠭᠡᠳᠬᠡᠵᠦ᠂ ᠴᠢᠨᠠᠷ ᠰᠠᠢᠲᠠᠢ ᠣᠯᠠᠨ ᠨᠡᠶ᠋ᠢᠲᠡ᠎ᠶᠢᠨ ᠡᠬᠢ ᠪᠠᠶᠠᠯᠢᠭ᠋᠎ᠢ ᠨᠡᠢᠳᠡᠮ ᠬᠠᠷᠠᠭᠠᠯᠵᠠᠵᠤ ᠬᠠᠮᠲᠤ᠎ᠪᠠᠷ ᠡᠳ᠋ᠯᠡᠬᠦ᠎ᠶᠢ ᠠᠬᠢᠭᠤᠯᠤᠨ᠎ᠠ᠃ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ᠂ ᠠᠵᠢᠯ ᠣᠯᠭᠣᠯᠲᠠ ᠵᠡᠷᠭᠡ ᠬᠦᠷᠢᠶ᠎ᠡ ᠪᠣᠯ ᠵᠣᠬᠢᠶᠠᠮᠠᠯ ᠤᠶᠤᠨ ᠴᠢᠳᠠᠪᠤᠷᠢ ᠵᠢᠨ ᠠᠷᠠᠳ᠎ᠤᠨ ᠠᠮᠢᠳᠤᠷᠠᠯ᠎ᠳᠤ ᠦᠢᠯᠡᠴᠢᠯᠡᠬᠦ ᠴᠢᠬᠤᠯᠠ ᠠᠬᠣᠢ ᠲᠠᠯᠠᠪᠣᠷ ᠮᠥᠨ᠃ ᠣᠳᠣᠬᠠᠨ᠎ᠳᠤ ᠴᠢᠨᠠᠷ ᠰᠠᠢᠲᠠᠢ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠬᠠᠩᠭᠠᠯᠭ᠎ᠠ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ ᠮᠥᠨ ᠯᠡ ᠣᠷᠣᠰᠢᠵᠤ᠂ ᠦᠨᠳᠦᠰᠦᠨ ᠱᠠᠲᠤ᠂ ᠬᠥᠳᠡᠭᠡ ᠲᠣᠰᠬᠣᠨ ᠪᠠ ᠬᠥᠭᠵᠢᠭᠡᠳᠦᠢ ᠭᠠᠵᠠᠷ ᠣᠷᠣᠨ᠎ᠦ ᠡᠬᠢ ᠪᠠᠶᠠᠯᠢᠭ᠋᠎ᠢ ᠵᠣᠯᠭᠠᠭᠤᠯᠬᠤ᠂ ᠦᠢᠯᠡᠴᠢᠯᠡᠬᠦ ᠴᠢᠳᠠᠪᠤᠷᠢ ᠪᠠ ᠴᠤᠤᠷᠢᠶᠠᠲᠤᠨ ᠲᠠᠭᠠᠬᠤ ᠦᠷ᠎ᠡ ᠪᠦᠲᠦᠮᠵᠢ᠎ᠶᠢᠨ ᠲᠠᠯ᠎ᠠ᠎ᠪᠠᠷ ᠪᠠᠰᠠ ᠳᠤᠲᠠᠭᠤᠳᠠᠯ ᠣᠷᠣᠰᠢᠵᠤ ᠪᠠᠢᠨ᠎ᠠ᠃ ᠵᠣᠬᠢᠶᠠᠮᠠᠯ ᠣᠶᠤᠨ ᠴᠢᠳᠠᠪᠤᠷᠢ ᠨᠢ ᠦᠨᠳᠦᠰᠦᠨ ᠱᠠᠲᠤᠨ᠎ᠤ ᠪᠠᠭ᠍ᠰᠢ᠂ ᠡᠮᠴᠢ ᠪᠣᠯᠣᠨ ᠡᠮᠦᠨ᠎ᠡ ᠹᠷᠣᠨᠲ᠎ᠤᠨ ᠦᠢᠯᠡᠴᠢᠯᠡᠭᠡᠨ᠎ᠦ ᠬᠥᠮᠥᠰ᠎ᠲᠦ ᠲᠤᠰᠠᠯᠠᠵᠤ᠂ ᠣᠯᠠᠨ ᠲᠦᠮᠡᠨ᠎ᠦ ᠬᠡᠷᠡᠭᠴᠡᠭᠡ ᠱᠠᠭᠠᠷᠳᠠᠯᠭ᠎ᠠ ᠪᠣᠯᠣᠨ ᠦᠢᠯᠡᠴᠢᠯᠡᠭᠡᠨ᠎ᠦ ᠡᠬᠢ ᠪᠠᠶᠠᠯᠢᠭ᠋᠎ᠢ ᠣᠨᠣᠪᠴᠢᠲᠠᠶ᠎ᠪᠠᠷ ᠲᠣᠬᠢᠷᠠᠭᠤᠯᠬᠤ᠎ᠶᠢᠨ ᠬᠠᠮᠲᠤ ᠡᠭᠦᠯᠡᠨ ᠪᠣᠳᠣᠯᠲᠠ᠎ᠶᠢᠨ ᠬᠠᠮᠵᠢᠯᠴᠠᠭ᠎ᠠ᠎ᠪᠠᠷ ᠳᠠᠮᠵᠢᠨ ᠣᠯᠠᠨ ᠨᠡᠶ᠋ᠢᠲᠡ᠎ᠶᠢᠨ ᠦᠢᠯᠡᠴᠢᠯᠡᠭᠡ᠎ᠶᠢ ᠦᠨᠳᠦᠰᠦᠨ ᠱᠠᠲᠤ ᠳᠠᠢᠰᠢ ᠤᠷᠲᠤᠳᠬᠠᠬᠤ᠎ᠶᠢ ᠠᠬᠢᠭᠤᠯᠵᠤ᠂ ᠴᠢᠨᠠᠷ ᠰᠠᠢᠲᠠᠢ ᠣᠯᠠᠨ ᠨᠡᠶ᠋ᠢᠲᠡ᠎ᠶᠢᠨ ᠦᠢᠯᠡᠴᠢᠯᠡᠭᠡ᠎ᠶᠢ ᠨᠠᠩ ᠲᠦᠭᠡᠮᠡᠯ᠂ ᠲᠡᠩᠴᠡᠭᠦᠷᠢᠲᠡᠢ᠂ ᠦᠷᠭᠦᠯᠵᠢᠯᠡᠬᠦᠢᠴᠡ ᠪᠣᠯᠭᠠᠵᠤ ᠴᠢᠳᠠᠨ᠎ᠠ᠃ ᠰᠤᠷᠭᠠᠨ ᠬᠥᠮᠦᠵᠢᠯ᠎ᠦᠨ ᠬᠦᠷᠢᠶᠡᠨ᠎ᠳᠦ᠂ ᠣᠶᠤᠨᠴᠢ ᠬᠢᠴᠢᠶᠡᠯ᠎ᠦᠨ ᠲᠠᠩᠬᠢᠮ᠂ ᠵᠤᠬᠢᠶᠠᠮᠠᠯ ᠤᠶᠤᠨ ᠴᠢᠳᠠᠪᠤᠷᠢ ᠵᠢᠨ ᠲᠤᠰᠠᠯᠠᠬᠤ ᠪᠠᠭ᠍ᠰᠢ ᠪᠠ ᠰᠤᠷᠤᠯᠭ᠎ᠠ᠎ᠶᠢᠨ ᠪᠠᠢᠳᠠᠯ᠎ᠢ ᠵᠠᠳᠠᠯᠬᠤ ᠰᠢᠰᠲᠧᠮ᠎ᠭᠠᠷᠭᠠᠵᠦ᠂ ᠪᠠᠭ᠍ᠰᠢ᠎ᠶᠢ ᠬᠠᠪᠰᠤᠷᠤᠨ ᠰᠤᠷᠤᠭ᠍ᠴᠢᠳ᠎ᠲᠤ ᠥᠪᠡᠷᠮᠢᠴᠡ ᠣᠨᠴᠠᠯᠢᠭ᠋ ᠪᠦᠬᠦᠢ ᠬᠠᠪᠰᠤᠷᠤᠨ ᠵᠢᠯᠣᠭᠣᠳᠤᠯᠭ᠎ᠠ ᠬᠠᠩᠭᠠᠵᠤ᠂ ᠠᠪᠢᠶᠠᠰ ᠲᠤᠨᠢ ᠲᠣᠬᠢᠷᠠᠭᠤᠯᠤᠨ ᠵᠢᠭᠠᠨ ᠰᠤᠷᠭᠠᠬᠤ᠎ᠶᠢ ᠠᠬᠢᠭᠤᠯᠵᠤ ᠪᠣᠯᠣᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ᠎ᠤᠨ ᠬᠦᠷᠢᠶᠡᠨ᠎ᠳᠦ᠂ ᠵᠣᠬᠢᠶᠠᠮᠠᠯ ᠣᠶᠤᠨ ᠴᠢᠳᠠᠪᠤᠷᠢ᠎ᠶᠢ ᠵᠢᠷᠤᠮᠵᠢᠭᠤᠯᠤᠨ ᠬᠡᠷᠡᠭᠯᠡᠬᠦ᠎ᠶᠢ ᠠᠬᠢᠭᠤᠯᠵᠤ᠂ ᠬᠡᠷᠡᠭᠯᠡᠭᠡᠨ᠎ᠦ ᠠᠬᠤᠢ ᠲᠠᠯᠠᠪᠣᠷ᠎ᠢ ᠪᠠᠶᠠᠯᠢᠭ᠍ᠵᠢᠭᠤᠯᠵᠤ᠂ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢ ᠰᠢᠯᠢᠳᠡᠭᠵᠢᠭᠦᠯᠵᠦ᠂ ᠤᠷᠢᠳᠴᠢᠯᠠᠨ ᠰᠡᠷᠭᠡᠢᠯᠡᠬᠦ᠂ ᠣᠨᠣᠰᠢᠯᠠᠨ ᠡᠮᠨᠡᠬᠦ᠂ ᠡᠷᠡᠭᠦᠯᠵᠢᠭᠦᠯᠬᠦ ᠪᠠ ᠡᠷᠡᠭᠦᠯ ᠮᠡᠨᠳᠦ᠎ᠶᠢᠨ ᠬᠠᠮᠢᠶᠠᠷᠤᠯᠲᠠ᠎ᠶᠢᠨ ᠪᠥᠬᠥ ᠬᠡᠯᠬᠢᠶᠡᠨ᠎ᠦ ᠣᠶᠤᠨᠴᠢ ᠦᠢᠯᠡᠴᠢᠯᠡᠭᠡ᠎ᠶᠢᠨ ᠰᠢᠨ᠎ᠡ ᠵᠢ ᠡᠬᠦᠳᠬᠦ ᠬᠡᠷᠡᠭᠲᠡᠢ᠃

ᠵᠣᠬᠢᠶᠠᠮᠠᠯ ᠣᠶᠤᠨ ᠴᠢᠳᠠᠪᠤᠷᠢ᠎ᠶᠢᠨ ᠬᠡᠷᠡᠭᠯᠡᠯᠲᠡ᠎ᠶᠢ ᠵᠢᠷᠤᠮᠵᠢᠭᠤᠯᠵᠤ᠂ ᠵᠣᠬᠢᠶᠠᠮᠠᠯ ᠣᠶᠤᠨ ᠴᠢᠳᠠᠪᠤᠷᠢ᠎ᠶᠢ ᠠᠮᠤᠷ ᠲᠦᠪᠰᠢᠨ ᠨᠠᠢᠳᠠᠪᠤᠷᠢᠲᠠᠢ ᠡᠵᠡᠮᠳᠡᠵᠦ ᠲᠡᠢᠯᠬᠦ ᠬᠡᠪᠴᠢᠶᠡᠨ᠎ᠳᠦ ᠠᠷᠠᠳ ᠲᠦᠮᠡᠨ᠎ᠳᠦ ᠦᠢᠯᠡᠴᠢᠯᠡᠭᠦᠯᠦᠨ᠎ᠡ᠃ ᠶᠡᠷᠦᠩᠬᠡᠢ ᠱᠦᠵᠢ ᠰᠢ ᠵᠢᠨ ᠫᠢᠩ ᠄ 《ᠮᠠᠨ᠎ᠤ ᠤᠯᠤᠰ᠎ᠤᠨ ᠵᠣᠬᠢᠶᠠᠮᠠᠯ ᠤᠶᠤᠨ ᠴᠢᠳᠠᠪᠤᠷᠢ᠎ᠶᠢᠨ ᠠᠰᠢᠭ᠍ᠲᠠᠢ᠂ ᠠᠮᠤᠷ ᠲᠦᠪᠰᠢᠨ᠂ ᠡᠷᠬᠡ ᠲᠡᠭᠰᠢ ᠴᠢᠭᠯᠡᠯ ᠲᠡᠢᠰᠢ ᠡᠷᠡᠭᠦᠯ ᠡᠮᠬᠢ ᠵᠢᠷᠤᠮ᠎ᠲᠠᠢ ᠬᠥᠭᠵᠢᠬᠦ᠎ᠶᠢ ᠠᠬᠢᠭᠤᠯᠬᠤ ᠬᠡᠷᠡᠭᠲᠡᠢ》 ᠭᠡᠵᠦ ᠴᠢᠬᠤᠯᠠᠴᠢᠯᠠᠪᠠ᠃ ᠡᠨᠡ ᠨᠢ ᠵᠣᠬᠢᠶᠠᠮᠠᠯ ᠣᠶᠤᠨ ᠴᠢᠳᠠᠪᠤᠷᠢ᠎ᠶᠢᠨ ᠡᠷᠡᠭᠦᠯ ᠪᠥᠭᠡᠳ ᠡᠮᠬᠢ ᠵᠢᠷᠤᠮ᠎ᠲᠠᠢ ᠬᠥᠭᠵᠢᠬᠦ ᠦᠨᠳᠦᠰᠦᠨ ᠴᠢᠭᠯᠡᠯ᠎ᠢ ᠭᠦᠨᠵᠡᠭᠡᠢ ᠲᠣᠳᠣᠷᠬᠠᠢᠯᠠᠪᠠ᠃ ᠵᠣᠬᠢᠶᠠᠮᠠᠯ ᠣᠶᠤᠨ ᠴᠢᠳᠠᠪᠤᠷᠢ ᠠᠵᠢᠯᠯᠠᠬᠤ᠂ ᠰᠤᠷᠤᠯᠴᠠᠬᠤ᠂ ᠠᠮᠢᠳᠤᠷᠠᠬᠤ ᠵᠡᠷᠭᠡ ᠡᠳᠦᠷ ᠲᠤᠲᠤᠮ᠎ᠤᠨ ᠠᠬᠤᠢ ᠲᠠᠯᠠᠪᠣᠷ᠎ᠲᠦ ᠭᠦᠨᠵᠡᠭᠡᠢᠷᠡᠬᠦ ᠲᠤᠲᠤᠮ ᠠᠮᠤᠷ ᠲᠦᠪᠰᠢᠨ᠎ᠦ ᠬᠣᠷᠢᠭ᠎ᠠ ᠱᠤᠭᠤᠮ ᠪᠠ ᠶᠣᠰᠣ᠌ ᠰᠤᠷᠲᠠᠬᠤᠨ᠎ᠤ ᠵᠠᠭᠠᠭ ᠱᠤᠭᠤᠮ᠎ᠢ ᠤᠯᠠᠮ ᠪᠠᠲᠤ ᠰᠠᠬᠢᠬᠤ ᠬᠡᠷᠡᠭᠲᠡᠢ᠃ ᠵᠣᠬᠢᠶᠠᠮᠠᠯ ᠣᠶᠤᠨ ᠴᠢᠳᠠᠪᠤᠷᠢ᠎ᠶᠢᠨ ᠠᠮᠤᠷ ᠲᠦᠪᠰᠢᠨ᠂ ᠨᠠᠢᠳᠠᠪᠤᠷᠢᠲᠠᠢ᠂ ᠡᠵᠡᠮᠳᠡᠵᠦ ᠲᠡᠢᠯᠬᠦᠢᠴᠡ ᠪᠠᠢᠬᠣ ᠪᠣᠯ ᠵᠣᠬᠢᠶᠠᠮᠠᠯ ᠣᠶᠤᠨ ᠴᠢᠳᠠᠪᠤᠷᠢ᠎ᠶᠢᠨ ᠠᠷᠠᠳ ᠲᠦᠮᠡᠨ᠎ᠳᠦ ᠨᠠᠩ ᠰᠠᠢᠲᠤᠷ ᠦᠢᠯᠡᠴᠢᠯᠡᠬᠦ᠂ ᠨᠡᠢᠭᠡᠮ᠎ᠳᠦ ᠪᠤᠶᠠᠨ ᠦᠢᠯᠡᠳᠬᠦ᠎ᠶᠢᠨ ᠵᠠᠢᠯᠠᠰᠢ ᠦᠭᠡᠢ ᠱᠠᠭᠠᠷᠳᠠᠯᠭ᠎ᠠ ᠮᠥᠨ᠃ ᠢᠯᠠᠩᠭᠤᠶ᠎ᠠ ᠰᠤᠷᠭᠠᠨ ᠬᠥᠮᠦᠵᠢᠯ᠎ᠦᠨ ᠦᠨᠡᠯᠡᠯᠲᠡ᠂ ᠡᠮᠴᠢᠯᠡᠭᠡᠨ᠎ᠦ ᠣᠨᠣᠰᠢᠯᠠᠯᠲᠠ᠂ ᠨᠡᠢᠭᠡᠮ᠎ᠦᠨ ᠠᠪᠤᠷᠠᠨ ᠲᠤᠰᠠᠯᠠᠯᠲᠠ᠂ ᠮᠥᠩᠭᠥᠨ ᠭᠦᠢᠯᠭᠡᠭᠡᠨ᠎ᠦ ᠦᠢᠯᠡᠴᠢᠯᠡᠭᠡ᠂ ᠠᠵᠢᠯᠲᠠᠨ ᠡᠯᠰᠡᠬᠦ ᠵᠡᠷᠭᠡ ᠣᠯᠠᠨ ᠲᠦᠮᠡᠨ᠎ᠦ ᠡᠷᠬᠡ ᠠᠰᠢᠭ᠋᠎ᠲᠤ ᠬᠣᠯᠪᠣᠭᠳᠠᠭᠰᠠᠨ ᠴᠢᠬᠤᠯᠠ ᠠᠬᠤᠢ ᠲᠠᠯᠠᠪᠣᠷ᠎ᠢ ᠳᠥᠭᠥᠮᠬᠡᠨ᠎ᠢᠶᠡᠷ ᠪᠤᠳᠤᠯᠳᠠ ᠵᠢᠨ ᠠᠷᠭ᠎ᠠ᠎ᠪᠠᠷ ᠲᠣᠭᠲᠠᠭᠠᠵᠤ ᠪᠣᠯᠬᠤ ᠦᠭᠡᠢ᠃ ᠬᠠᠤᠯᠢ ᠶᠣᠰᠣᠭᠠᠷ ᠲᠣᠭᠲᠠᠭᠠᠯ᠎ᠳᠤ ᠨᠡᠢᠴᠡᠭᠦᠯᠬᠦ᠂ ᠲᠥᠷᠥᠯ ᠬᠤᠪᠢᠶᠠᠨ ᠲᠠᠰ ᠬᠤᠪᠢᠶᠠᠬᠤ᠂ ᠡᠷᠬᠡ ᠣᠯᠭᠣᠨ ᠬᠡᠷᠡᠭᠯᠡᠭᠦᠯᠬᠦ᠂ ᠠᠮᠤᠷ ᠲᠦᠪᠰᠢᠨ᠎ᠢ ᠡᠵᠡᠮᠳᠡᠵᠦ ᠪᠣᠯᠬᠤ᠎ᠶᠢ ᠪᠠᠷᠢᠮᠲᠠᠯᠠᠵᠤ᠂ ᠬᠥᠮᠥᠨ᠎ᠦ ᠬᠦᠴᠦ᠎ᠪᠡᠷ ᠳᠠᠬᠢᠨ ᠬᠢᠨᠠᠬᠤ᠂ ᠭᠣᠮᠣᠳᠠᠯ ᠲᠤᠭᠠᠴᠢᠯᠲᠠ᠎ᠶᠢ ᠵᠠᠯᠠᠷᠠᠭᠤᠯᠬᠤ ᠪᠠ ᠬᠠᠷᠢᠭᠤᠴᠠᠯᠭ᠎ᠠ᠎ᠶᠢ ᠨᠡᠬᠡᠮᠵᠢᠯᠡᠬᠦ ᠲᠣᠭᠲᠠᠴᠠ᠎ᠶᠢ ᠲᠡᠭᠦᠯᠳᠡᠷᠵᠢᠭᠦᠯᠵᠦ᠂ ᠲᠣᠭ᠎ᠠ ᠪᠠᠷᠢᠮᠲᠠ᠎ᠶᠢᠨ ᠠᠮᠤᠷ ᠲᠦᠪᠰᠢᠨ᠂ ᠪᠤᠳᠤᠬᠤ ᠠᠷᠭ᠎ᠠ᠎ᠶᠢ ᠬᠢᠨᠠᠨ ᠪᠤᠳᠤᠵᠤ ᠪᠣᠯᠬᠤ᠂ ᠦᠷ᠎ᠡ ᠳ᠋ᠦᠩ᠎ᠢ ᠰᠢᠯᠭᠠᠨ ᠨᠤᠲᠠᠯᠠᠵᠤ ᠪᠣᠯᠬᠤ᠂ ᠶᠠᠪᠤᠴᠠ᠎ᠶᠢ ᠮᠥᠷᠳᠡᠵᠦ ᠪᠣᠯᠬᠤ᠂ ᠵᠠᠭᠠᠭ ᠬᠢᠵᠠᠭᠠᠷ᠎ᠢ ᠬᠠᠮᠢᠶᠠᠷᠤᠨ ᠡᠵᠡᠮᠳᠡᠵᠦ ᠪᠣᠯᠬᠤ᠎ᠶᠢ ᠠᠬᠢᠭᠤᠯᠵᠤ᠂ ᠵᠣᠬᠢᠶᠠᠮᠠᠯ ᠣᠶᠤᠨ ᠴᠢᠳᠠᠪᠤᠷᠢ᠎ᠶᠢᠨ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠬᠡᠷᠡᠭᠯᠡᠯᠲᠡ᠎ᠶᠢ ᠲᠣᠭᠲᠠᠭᠤᠨ᠎ᠢᠶᠠᠷ ᠤᠷᠤᠭᠰᠢᠯᠠᠭᠤᠯᠬᠤ ᠬᠡᠷᠡᠭᠲᠡᠢ᠃

ᠰᠢᠨᠵᠢᠯᠡᠬᠦ ᠤᠬᠠᠭᠠᠨᠴᠢ ᠦᠨᠡᠯᠡᠯᠲᠡ᠎ᠪᠡᠷ ᠬᠡᠷᠡᠭᠯᠡᠭᠡᠨ᠎ᠦ ᠴᠢᠭᠯᠡᠯ᠎ᠢ ᠰᠢᠯᠭᠠᠵᠤ᠂ ᠵᠣᠬᠢᠶᠠᠮᠠᠯ ᠣᠶᠤᠨ ᠴᠢᠳᠠᠪᠤᠷᠢ᠎ᠶᠢᠨ ᠬᠡᠷᠡᠭᠯᠡᠭᠡ᠎ᠪᠡᠷ ᠠᠷᠠᠳ᠎ᠤᠨ ᠠᠮᠢᠳᠤᠷᠠᠯ᠎ᠤᠨ ᠨᠠᠩ ᠣᠯᠠᠨ ᠪᠣᠳᠠᠲᠤ ᠦᠷ᠎ᠡ ᠪᠦᠲᠦᠮᠵᠢ ᠭᠠᠷᠭᠠᠬᠤ᠎ᠶᠢ ᠠᠬᠢᠭᠤᠯᠤᠨ᠎ᠠ᠃ ᠵᠣᠬᠢᠶᠠᠮᠠᠯ ᠣᠶᠤᠨ ᠴᠢᠳᠠᠪᠤᠷᠢ᠎ᠶᠢᠨ ᠬᠡᠷᠡᠭᠯᠡᠯᠲᠡ ᠪᠣᠯ ᠳᠥᠭᠥᠮᠬᠡᠨ ᠮᠡᠷᠭᠡᠵᠢᠯ᠎ᠦᠨ ᠢᠨᠵᠧᠨᠧᠷᠢᠩ ᠪᠢᠰᠢ᠂ ᠲᠡᠭᠦᠨ᠎ᠦ ᠦᠷ᠎ᠡ ᠪᠦᠲᠦᠮᠵᠢ᠎ᠶᠢ ᠬᠡᠮᠵᠢᠬᠦ ᠵᠠᠩᠭᠢᠯᠠᠭ᠎ᠠ ᠨᠢ ᠬᠡᠷᠡᠭᠯᠡᠭᠡᠨ᠎ᠦ ᠬᠡᠪᠴᠢᠶ᠎ᠡ᠎ᠶᠢᠨ ᠶᠡᠬᠡ ᠪᠠᠭ᠎ᠠ᠎ᠳᠤ ᠪᠠᠢᠬᠤ ᠪᠢᠰᠢ᠂ ᠬᠠᠷᠢᠨ ᠣᠯᠠᠨ ᠲᠦᠮᠡᠨ᠎ᠦ ᠠᠮᠢᠳᠤᠷᠠᠯ᠎ᠤᠨ ᠪᠣᠳᠠᠲᠤ ᠦᠷ᠎ᠡ ᠪᠦᠲᠦᠮᠵᠢ ᠪᠣᠯᠵᠤ ᠬᠤᠪᠢᠷᠠᠵᠤ ᠳᠡᠶ᠋ᠢᠯᠬᠦ ᠡᠰᠡᠬᠦ᠎ᠳᠦ ᠪᠠᠢᠨ᠎ᠠ᠃ ᠰᠢᠨᠵᠢᠯᠡᠬᠦ ᠤᠬᠠᠭᠠᠨᠴᠢ ᠪᠥᠭᠡᠳ ᠪᠦᠷᠢᠨ ᠲᠡᠭᠦᠯᠳᠡᠷ ᠵᠣᠬᠢᠶᠠᠮᠠᠯ ᠣᠶᠤᠨ ᠴᠢᠳᠠᠪᠤᠷᠢ᠎ᠶᠢᠨ ᠬᠡᠷᠡᠭᠯᠡᠭᠡᠨ᠎ᠦ ᠦᠷ᠎ᠡ ᠪᠦᠲᠦᠮᠵᠢ᠎ᠶᠢ ᠦᠨᠡᠯᠡᠬᠦ ᠰᠢᠰᠲᠧᠮ᠎ᠢ ᠪᠠᠶ᠋ᠢᠭᠤᠯᠬᠤ ᠨᠢ ᠪᠦᠲᠦᠭᠡᠨ ᠪᠠᠢᠭᠤᠯᠤᠯᠲᠠ᠎ᠶᠢᠨ ᠬᠡᠪᠴᠢᠶ᠎ᠡ᠎ᠶᠢ ᠥᠷᠥᠭᠡᠰᠦᠭᠡᠯ᠎ᠢᠶᠡᠷ ᠬᠥᠭᠡᠭᠡᠴᠡᠯᠳᠦᠬᠦ᠎ᠶᠢ ᠵᠠᠯᠠᠷᠠᠭᠤᠯᠵᠤ᠂ ᠵᠣᠬᠢᠶᠠᠮᠠᠯ ᠣᠶᠤᠨ ᠴᠢᠳᠠᠪᠤᠷᠢ᠎ᠶᠢᠨ ᠬᠡᠷᠡᠭᠯᠡᠯᠲᠡ᠎ᠨᠢ ᠴᠢᠨᠠᠷ ᠰᠠᠢᠳᠠᠢ ᠠᠮᠢᠳᠣᠷᠠᠯ᠎ᠳᠦ ᠡᠨ᠋ᠸᠷᠬᠢ ᠣᠯᠭᠣᠬᠣ ᠵᠢ ᠠᠬᠢᠭᠣᠯᠣᠨ᠎ᠠ᠃ ᠳᠥᠭᠥᠮᠬᠡᠨ᠎ᠢᠶᠡᠷ ᠪᠤᠳᠤᠯᠳᠠ ᠵᠢᠨ ᠬᠦᠴᠦᠨ᠎ᠦ ᠪᠡᠯᠡ ᠣᠷᠣᠭᠤᠯᠤᠯᠲᠠ᠂ ᠵᠠᠭᠪᠤᠷ᠎ᠤᠨ ᠲᠣᠭ᠎ᠠ ᠬᠡᠮᠵᠢᠶ᠎ᠡ ᠪᠠ ᠲᠥᠷᠥᠯ ᠵᠦᠢᠯ᠎ᠦᠨ ᠲᠣᠭ᠎ᠠ ᠬᠡᠮᠵᠢᠶ᠎ᠡ᠎ᠪᠡᠷ ᠦᠷ᠎ᠡ ᠪᠦᠲᠦᠮᠵᠢ᠎ᠶᠢ ᠲᠣᠭᠲᠠᠭᠠᠬᠤ᠎ᠶᠢ ᠰᠡᠷᠭᠡᠢᠯᠡᠵᠦ᠂ ᠵᠣᠬᠢᠶᠠᠮᠠᠯ ᠣᠶᠤᠨ ᠴᠢᠳᠠᠪᠤᠷᠢ᠎ᠶᠢᠨ ᠣᠯᠠᠨ ᠲᠦᠮᠡᠨ᠎ᠦ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠂ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠶᠠᠰᠤ ᠴᠢᠨᠠᠷ᠎ᠢ ᠰᠠᠢᠵᠢᠷᠠᠭᠤᠯᠬᠤ᠂ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ᠎ᠶᠢ ᠠᠬᠢᠭᠤᠯᠬᠤ ᠵᠡᠷᠭᠡ ᠲᠠᠯ᠎ᠠ᠎ᠳᠤ ᠬᠡᠷᠡᠭᠯᠡᠭᠰᠡᠨ ᠪᠣᠳᠠᠲᠠᠢ ᠦᠷ᠎ᠡ ᠪᠦᠲᠦᠮᠵᠢ᠎ᠶᠢ ᠭᠣᠣᠯᠳᠠᠯᠭ᠎ᠠ᠎ᠲᠠᠢ ᠰᠢᠯᠭᠠᠨ ᠪᠠᠢᠴᠠᠭᠠᠬᠤ ᠬᠡᠷᠡᠭᠲᠡᠢ᠃ ᠰᠢᠨᠵᠢᠯᠡᠬᠦ ᠤᠬᠠᠭᠠᠨᠴᠢ᠎ᠪᠠᠷ ᠦᠨᠡᠯᠡᠬᠦ᠎ᠶᠢ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ ᠪᠠ ᠠᠵᠢᠯᠯᠠᠭᠠᠨ᠎ᠤ ᠪᠥᠬᠥ ᠶᠠᠪᠤᠴᠠ᠎ᠳᠤ ᠲᠤᠭᠤᠰᠢᠯᠠᠭᠤᠯᠵᠦ᠂ ᠦᠨᠡᠯᠡᠯᠲᠡ᠎ᠶᠢᠨ ᠦᠷ᠎ᠡ ᠳ᠋ᠦᠩ ᠪᠠ ᠬᠡᠷᠡᠭᠯᠡᠯᠲᠡ᠎ᠶᠢ ᠰᠢᠯᠢᠳᠡᠭᠵᠢᠭᠦᠯᠬᠦ᠂ ᠬᠠᠭᠤᠯᠪᠤᠷᠢᠯᠠᠨ ᠳᠡᠯᠭᠡᠷᠡᠭᠦᠯᠬᠦ᠂ ᠡᠬᠢ ᠪᠠᠶᠠᠯᠢᠭ᠋᠎ᠢ ᠲᠣᠬᠢᠷᠠᠭᠤᠯᠬᠤ᠎ᠶᠢ ᠬᠠᠷᠢᠯᠴᠠᠨ ᠵᠣᠯᠭᠠᠭᠤᠯᠬᠤ᠎ᠶᠢ ᠠᠬᠢᠭᠤᠯᠵᠤ᠂ ᠬᠡᠷᠡᠭᠯᠡᠬᠦ ᠨᠣᠷᠮ᠎ᠠ ᠳᠣᠣᠷ᠎ᠠ᠂ ᠪᠣᠳᠠᠲᠠᠢ ᠦᠷ᠎ᠡ ᠪᠦᠲᠦᠮᠵᠢ ᠰᠠᠢᠨ ᠪᠢᠰᠢ ᠲᠥᠷᠥᠯ ᠵᠦᠢᠯ᠎ᠳᠦ ᠴᠠᠭ ᠲᠤᠬᠠᠢ ᠳ᠋ᠤᠨᠢ ᠲᠣᠬᠢᠷᠠᠭᠤᠯᠤᠯᠲᠠ ᠬᠢᠵᠦ᠂ ᠪᠣᠳᠠᠲᠤ ᠦᠷ᠎ᠡ ᠪᠦᠲᠦᠮᠵᠢ ᠲᠣᠪᠣᠢᠮ᠎ᠠ᠂ ᠣᠯᠠᠨ ᠲᠦᠮᠡᠨ᠎ᠳᠦ ᠮᠡᠳᠡᠷᠡᠭᠳᠡᠭᠰᠡᠨ ᠵᠣᠬᠢᠶᠠᠮᠠᠯ ᠣᠶᠤᠨ ᠴᠢᠳᠠᠪᠤᠷᠢ᠎ᠶᠢᠨ ᠬᠡᠷᠡᠭᠯᠡᠯᠲᠡ᠎ᠶᠢ ᠳᠡᠯᠭᠡᠷᠡᠭᠦᠯᠬᠦ ᠡᠷᠴᠢᠮ᠎ᠢᠶᠡᠨ ᠴᠢᠩᠭᠠᠷᠠᠭᠤᠯᠵᠤ᠂ ᠵᠣᠬᠢᠶᠠᠮᠠᠯ ᠣᠶᠤᠨ ᠴᠢᠳᠠᠪᠤᠷᠢ᠎ᠶᠢᠨ ᠬᠡᠷᠡᠭᠯᠡᠯᠲᠡ᠎ᠶᠢ 《ᠣᠯᠠᠨ ᠪᠠᠢᠭᠤᠯᠵᠤ》 ᠪᠠᠢᠭᠰᠠᠨ᠎ᠠᠴᠠ 《ᠪᠣᠳᠠᠲᠠᠢ ᠬᠡᠷᠡᠭᠯᠡᠵᠦ ᠴᠢᠳᠠᠬᠤ》 ᠲᠡᠢᠰᠢ ᠬᠤᠪᠢᠷᠠᠭᠤᠯᠵᠦ᠂ 《ᠲᠤᠷᠰᠢᠯᠳᠠ ᠵᠢᠨ ᠴᠡᠭ ᠵᠢᠡᠷ ᠵᠢᠱ᠌ᠢᠶ᠎ᠡ ᠦᠵᠡᠭᠦᠯᠵᠦ》 ᠪᠠᠢᠬᠰᠠᠨ ᠡᠴᠡ 《ᠰᠢᠰᠲᠧᠮ᠎ᠦᠨ ᠦᠷ᠎ᠡ ᠠᠰᠢᠭ᠋᠎ᠢ ᠨᠡᠮᠡᠭᠳᠡᠭᠦᠯᠬᠦ》 ᠲᠡᠢᠰᠢ ᠬᠤᠪᠢᠷᠠᠭᠤᠯᠵᠤ᠂ 《ᠮᠡᠷᠭᠡᠵᠢᠯ᠎ᠦᠨ ᠬᠠᠩᠭᠠᠯᠭ᠎ᠠ᠎ᠶᠢᠨ ᠤᠳᠤᠷᠢᠳᠤᠮᠵᠢ》 ᠪᠣᠯᠭᠠᠵᠦ ᠪᠠᠢᠬᠰᠠᠨ ᠡᠴᠡ 《ᠠᠷᠠᠳ ᠲᠦᠮᠡᠨ᠎ᠦ ᠬᠡᠷᠡᠭᠴᠡᠭᠡ᠎ᠶᠢᠨ ᠤᠳᠤᠷᠢᠳᠤᠮᠵᠢ》 ᠪᠣᠯᠭᠠᠬᠣ ᠲᠡᠢᠰᠢ ᠬᠤᠪᠢᠷᠠᠭᠤᠯᠬᠣ ᠵᠢ ᠠᠬᠢᠭᠣᠯᠣᠨ᠎ᠠ᠃

(ᠵᠣᠬᠢᠶᠠᠭ᠍ᠴᠢ ᠵᠢᠨ ᠬᠠᠶᠢᠬ᠄ ᠴᠢᠩᠬᠤᠸᠠ ᠶᠡᠬᠡ ᠰᠤᠷᠭᠠᠭᠤᠯᠢ᠎ᠶᠢᠨ ᠺᠣᠮᠫᠢᠦ᠋ᠲᠧᠷ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠠᠯᠪᠤᠷᠢ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面