2026-10-14 16:41:46
◆ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡᠨ᠎ᠦ ᠠᠯᠪᠠᠨ ᠭᠡᠷ᠎ᠦᠨ ᠣᠢᠷ᠎ᠠ᠎ᠳᠤ ᠬᠤᠷᠠᠯᠳᠤᠭᠤᠯᠤᠭᠰᠠᠨ《〈ᠠᠷᠪᠠᠨ ᠲᠠᠪᠤᠳᠤᠭᠠᠷ ᠲᠠᠪᠤᠨ ᠵᠢᠯ〉᠎ᠦᠨ ᠲᠥᠯᠦᠪᠵᠢᠭᠦᠯᠭᠡ᠎ᠶᠢᠨ ᠰᠠᠢᠨ ᠡᠬᠢᠯᠡᠯᠲᠡ ᠵᠢ ᠪᠡᠶᠡᠯᠡᠬᠦᠯᠬᠦ》 ᠰᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠢᠲᠡᠯᠡᠬᠦ ᠬᠤᠷᠠᠯ ᠳᠡᠭᠡᠷ᠎ᠡ᠂ ᠰᠤᠷᠭᠠᠨ ᠬᠥᠮᠦᠵᠢᠯ᠎ᠦᠨ ᠶᠠᠮᠤᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ ᠲᠠᠨᠢᠯᠴᠠᠭᠤᠯᠬᠤ᠎ᠳᠠᠭᠠᠨ᠂ ᠣᠳᠣᠬᠠᠨ᠎ᠳᠤ ᠮᠠᠨ᠎ᠤ ᠤᠯᠤᠰ ᠨᠢᠭᠡᠨᠲᠡ ᠳᠡᠯᠡᠬᠡᠢ ᠳᠡᠭᠡᠷ᠎ᠡ ᠬᠡᠪᠴᠢᠶ᠎ᠡ᠎ᠪᠡᠷ ᠬᠠᠮᠤᠭ᠎ᠤᠨ ᠶᠡᠬᠡ ᠪᠥᠭᠡᠳ ᠴᠢᠨᠠᠷ ᠰᠠᠢᠲᠠᠢ ᠰᠤᠷᠭᠠᠨ ᠬᠥᠮᠦᠵᠢᠯ᠎ᠦᠨ ᠰᠢᠰᠲᠧᠮ᠎ᠢ ᠪᠠᠢᠭᠤᠯᠵᠤ᠂ ᠰᠤᠷᠭᠠᠨ ᠬᠥᠮᠦᠵᠢᠯ᠎ᠢ ᠲᠦᠬᠡᠮᠡᠯᠵᠢᠬᠦᠯᠬᠦ ᠪᠠ ᠭᠣᠣᠯᠴᠢ᠎ᠶᠢᠨ ᠬᠡᠮᠵᠢᠶ᠎ᠡ ᠳᠡᠯᠡᠬᠡᠢ᠎ᠶᠢᠨ ᠡᠮᠦᠨ᠎ᠡ ᠡᠩᠨᠡᠭᠡᠨ᠎ᠳᠦ ᠣᠷᠣᠵᠤ ᠪᠠᠢᠨ᠎ᠠ᠃ ᠰᠠᠭᠤᠷᠢ ᠰᠤᠷᠭᠠᠨ ᠬᠥᠮᠦᠵᠢᠯ ᠥᠨᠳᠥᠷ ᠣᠷᠣᠯᠭ᠎ᠠ᠎ᠲᠠᠢ ᠤᠯᠤᠰ᠎ᠤᠨ ᠳᠤᠮᠳᠠᠴᠢ ᠲᠦᠪᠰᠢᠨ᠎ᠳᠦ ᠬᠦᠷᠴᠤ᠂ ᠳᠤᠮᠳᠠᠳᠤ ᠪᠠᠭ᠎ᠠ ᠰᠤᠷᠭᠠᠭᠤᠯᠢ᠎ᠶᠢᠨ ᠰᠣᠷᠣᠭ᠍ᠴᠢ ᠵᠢᠨ ᠡᠳᠦᠷ ᠪᠦᠷᠢ᠎ᠶᠢᠨ ᠶᠡᠷᠦᠩᠬᠡᠢᠯᠡᠭᠰᠡᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠢ 2 ᠴᠠᠭ᠂ ᠬᠢᠴᠢᠶᠡᠯ᠎ᠦᠨ ᠵᠠᠪᠰᠠᠷᠯᠠᠭ᠎ᠠ᠎ᠶᠢ 15 ᠮᠢᠨᠦ᠋ᠲ ᠪᠠᠢᠯᠭᠠᠬᠣ ᠵᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠣᠢᠷ᠎ᠠ ᠬᠠᠷᠠᠭ᠎ᠠ᠎ᠶᠢᠨ ᠨᠣᠷᠮ᠎ᠠ 5 ᠵᠢᠯ ᠳᠠᠷᠠᠭᠠᠯᠠᠨ ᠪᠠᠭᠤᠷᠠᠪᠠ᠃ ᠮᠠᠨ᠎ᠤ ᠤᠯᠤᠰ᠎ᠤᠨ ᠳᠡᠭᠡᠳᠦ ᠵᠡᠷᠭᠡ᠎ᠶᠢᠨ ᠰᠤᠷᠭᠠᠨ ᠬᠥᠮᠦᠵᠢᠯ ᠭᠥᠷᠳᠡᠵᠦ ᠥᠩᠭᠡᠷᠡᠭᠰᠡᠨ ᠬᠥᠮᠥᠨ ᠠᠮᠠ 2.7 ᠳ᠋ᠦᠩᠰᠢᠭᠤᠷ᠎ᠲᠤ ᠬᠦᠷᠴᠡᠢ᠃
ᠦᠨᠡᠯᠡᠯᠳᠠ᠄ ᠬᠡᠦᠬᠡᠳ᠎ᠦᠨ ᠨᠢᠳᠦᠨ ᠬᠠᠷᠠᠭ᠎ᠠ᠂ ᠪᠡᠶ᠎ᠡ᠎ᠶᠢᠨ ᠲᠠᠮᠢᠷ ᠬᠢᠭᠡᠳ 15 ᠮᠢᠨᠦ᠋ᠲ᠎ᠦᠨ ᠬᠢᠴᠢᠶᠡᠯ᠎ᠦᠨ ᠵᠠᠪᠰᠠᠷᠯᠠᠭ᠎ᠠ ᠵᠢ ᠠᠩᠬᠠᠷᠴᠤ᠂ ᠬᠡᠣᠭᠡᠳ᠎ᠲᠦ ᠴᠢᠨᠠᠷ ᠰᠠᠢᠳᠠᠢ ᠰᠣᠷᠭᠠᠨ ᠬᠦᠮᠦᠵᠢᠯ ᠬᠦᠷᠳᠡᠭᠡᠬᠦ ᠪᠡᠷ ᠴᠢᠷᠮᠠᠢᠵᠦ ᠪᠣᠢ᠃
◆ ᠤᠢᠷ᠎ᠠ᠎ᠳᠦ᠂ ᠠᠷᠠᠳ᠎ᠤᠨ ᠳᠡᠭᠡᠳᠦ ᠰᠢᠭᠦᠬᠦ ᠬᠣᠷᠢᠶ᠎ᠠ ᠢᠷᠭᠡᠨ᠎ᠦ ᠪᠠ ᠡᠷᠡᠭᠦᠦ᠎ᠶᠢᠨ ᠬᠡᠷᠡᠭ᠎ᠦᠨ ᠵᠠᠭᠣᠷᠠᠯᠳᠣᠭᠠᠨᠳᠦ ᠪᠦᠷ ᠬᠣᠯᠪᠣᠬᠳᠠᠬᠰᠠᠨ ᠭᠡᠷᠡᠭ᠎ᠦᠨ ᠲᠣᠬᠠᠢ ᠬᠠᠣᠯᠢ ᠴᠠᠭᠠᠵᠠ ᠵᠢᠨ ᠲᠠᠢᠯᠣᠮᠵᠢ ᠬᠢᠵᠦ᠂ ᠶᠠᠯᠠᠲᠤ ᠬᠡᠷᠡᠭ᠎ᠲᠦ ᠬᠣᠯᠪᠣᠭᠳᠠᠭᠰᠠᠨ ᠢᠷᠭᠡᠨ᠎ᠦ ᠵᠠᠭᠤᠷᠠᠯᠳᠤᠭᠠᠨ᠎ᠤ ᠬᠡᠷᠡᠭ᠎ᠢ ᠰᠢᠭᠦᠬᠦ᠎ᠳᠦ ᠵᠢᠷᠤᠮᠵᠢᠯ ᠲᠣᠭᠲᠠᠭᠠᠪᠠ᠃ ᠡᠷᠡᠭᠦᠦ᠎ᠶᠢᠨ ᠬᠡᠷᠡᠭ᠎ᠲᠦ ᠬᠣᠯᠪᠣᠭᠳᠠᠭᠰᠠᠨ᠎ᠢᠶᠠᠷ ᠰᠢᠯᠲᠠᠭ ᠪᠣᠯᠭᠠᠵᠤ ᠢᠷᠭᠡᠨ᠎ᠦ ᠬᠡᠷᠡᠭ᠎ᠢ ᠬᠦᠯᠢᠶᠡᠨ ᠠᠪᠴᠤ ᠰᠢᠢᠳᠪᠦᠷᠢᠯᠡᠬᠦ ᠦᠭᠡᠢ ᠪᠤᠶᠤ ᠵᠠᠷᠭᠤ᠎ᠶᠢ ᠲᠤᠷᠭᠤᠨ ᠵᠣᠭᠰᠣᠭᠠᠵᠤ ᠪᠣᠯᠬᠤ ᠦᠭᠡᠢ ᠭᠡᠵᠦ ᠴᠢᠬᠤᠯᠠᠴᠢᠯᠠᠵᠤ᠂ ᠡᠷᠡᠭᠦᠦ᠎ᠶᠢᠨ ᠬᠡᠷᠡᠭ᠎ᠲᠦ ᠬᠣᠯᠪᠣᠭᠳᠠᠭᠰᠠᠨ ᠭᠡᠷ᠎ᠡ ᠪᠦᠬᠦᠨ ᠴᠥᠮ ᠬᠦᠴᠦᠨ ᠦᠭᠡᠢ ᠪᠢᠰᠢ ᠭᠡᠳᠡᠭ᠎ᠢ ᠲᠣᠳᠣᠷᠬᠠᠢᠯᠠᠵᠤ᠂ ᠡᠷᠡᠭᠦᠦ᠎ᠶᠢᠨ ᠬᠡᠷᠡᠭ᠎ᠦᠨ ᠠᠷᠭ᠎ᠠ ᠪᠠᠷᠢᠯ᠎ᠢᠶᠠᠷ ᠠᠵᠤ ᠠᠬᠤᠢ᠎ᠶᠢᠨ ᠵᠠᠭᠤᠷᠠᠯᠳᠤᠭᠠᠨ᠎ᠳᠤ ᠭᠠᠷ ᠲᠦᠷᠦᠭᠦ᠎ᠶᠢ ᠦᠨᠡᠨ ᠬᠦ᠌ ᠰᠡᠷᠭᠡᠢᠯᠡᠵᠦ᠂ ᠠᠷᠠᠳ ᠤᠯᠠᠨ᠎ᠤ ᠬᠠᠤᠯᠢ ᠶᠣᠰᠣᠨ᠎ᠤ ᠡᠷᠬᠡ ᠠᠰᠢᠭ᠋᠎ᠢ ᠭᠦᠢᠴᠡᠳ ᠬᠠᠮᠠᠭᠠᠯᠠᠪᠠ᠃
ᠦᠨᠡᠯᠡᠯᠳᠠ᠄ ᠡᠷᠡᠭᠦᠦ ᠰᠢᠢᠳᠬᠡᠯ᠎ᠳᠦ ᠬᠣᠯᠪᠣᠭᠳᠠᠪᠠᠯ ᠢᠷᠭᠡᠨ᠎ᠦ ᠬᠡᠷᠡᠭ᠎ᠦᠨ ᠡᠷᠬᠡ ᠠᠶᠠᠨᠳᠠᠭᠠᠨ ᠣᠰᠠᠳᠣᠨᠠ ᠬᠡᠰᠡᠨ ᠶᠠᠪᠣᠳᠠᠯ ᠪᠢᠰᠢ᠃ ᠡᠨᠡ ᠨᠢ 《ᠡᠷᠡᠭᠦᠦ᠎ᠵᠢᠨ ᠬᠡᠷᠡᠭ ᠵᠢᠡᠷ ᠢᠷᠭᠡᠨ᠎ᠦ ᠬᠡᠷᠡᠭ᠎ᠢ ᠣᠷᠣᠯᠠᠭᠣᠯᠬᠣ》 ᠪᠤᠷᠤᠭᠤ ᠦᠵᠡᠯᠲᠡ᠎ᠶᠢ ᠵᠠᠯᠠᠷᠠᠭᠤᠯᠤᠭᠰᠠᠨ ᠶᠠᠪᠤᠳᠠᠯ ᠪᠣᠯᠬᠤ᠎ᠪᠠᠷ ᠪᠠᠷᠠᠬᠤ ᠦᠭᠡᠢ᠂ ᠪᠠᠰᠠ ᠴᠤ᠌ ᠡᠵᠡᠩᠨᠡᠯᠲᠡ᠎ᠶᠢᠨ ᠪᠡᠶᠡᠴᠢ ᠴᠣᠭᠴᠠ᠎ᠵᠢ ᠰᠠᠨᠠᠭ᠎ᠠ ᠠᠮᠤᠷ ᠪᠣᠯᠭᠠᠵᠤ᠂ ᠠᠵᠤ ᠠᠬᠤᠢ᠎ᠶᠢᠨ ᠵᠠᠭᠤᠷᠠᠯᠳᠤᠭᠠᠨ᠎ᠢ ᠠᠵᠦ ᠠᠬᠣᠢ ᠵᠢᠨ ᠬᠡᠷᠡᠭ᠎ᠲᠦ ᠬᠠᠷᠢᠶᠠᠯᠠᠭᠣᠯᠵᠦ᠂ ᠡᠷᠡᠬᠦᠦ ᠵᠢᠨ ᠶᠠᠯᠠᠳᠣ ᠠᠵᠢᠯᠯᠠᠭ᠎ᠠ ᠵᠢ ᠡᠷᠡᠬᠦᠦ ᠵᠢᠨ ᠬᠡᠷᠡᠭ᠎ᠲᠦ ᠬᠠᠷᠢᠶᠠᠯᠠᠭᠣᠯᠵᠦ᠂ ᠡᠨᠡ ᠬᠣᠶᠠᠷ᠎ᠤᠨ ᠵᠠᠭᠠᠭ ᠬᠢᠵᠠᠭᠠᠷ᠎ᠢ ᠬᠠᠤᠯᠢ ᠴᠠᠭᠠᠵᠠ᠎ᠪᠠᠷ ᠲᠣᠭᠲᠠᠭᠠᠨ᠎ᠠ᠃
◆ ᠣᠢᠷ᠎ᠠ᠎ᠳᠤ᠂ ᠤᠯᠤᠰ᠎ᠤᠨ ᠢᠨᠲᠧᠷ ᠰᠦᠯᠵᠢᠶᠡᠨ᠎ᠦ ᠮᠡᠳᠡᠭᠡ ᠵᠠᠩᠭᠢ᠎ᠶᠢᠨ ᠠᠯᠪᠠᠨ ᠭᠡᠷ 《ᠴᠡᠪᠡᠷ ᠲᠣᠩᠭᠠᠯᠠᠭ ᠬᠤᠳᠠᠯᠳᠤᠭ᠎ᠠ ᠡᠷᠬᠢᠯᠡᠬᠦ ᠰᠦᠯᠵᠢᠶᠡᠨ᠎ᠦ ᠣᠷᠴᠢᠨ ᠨᠥᠬᠥᠴᠡᠯ᠎ᠢ ᠰᠢᠯᠢᠳᠡᠭᠵᠢᠭᠦᠯᠵᠦ ᠮᠠᠭᠤ ᠰᠠᠨᠠᠭ᠎ᠠ᠎ᠲᠠᠢ᠎ᠪᠠᠷ ᠠᠵᠤ ᠠᠬᠤᠢᠯᠠᠯ ᠲᠠᠢ ᠬᠣᠯᠪᠣᠭᠳᠠᠭᠰᠠᠨ ᠮᠡᠳᠡᠭᠡ ᠵᠠᠩᠭᠢ᠎ᠶᠢ ᠬᠥᠭᠡᠷᠭᠡᠳᠡᠬᠦ ᠵᠢ ᠵᠠᠰᠠᠨ ᠴᠡᠭᠴᠡᠯᠡᠶᠡ》 ᠬᠡᠬᠦ ᠲᠤᠰᠬᠠᠢ ᠠᠵᠢᠯᠯᠠᠭ᠎ᠠ᠎ᠶᠢ ᠵᠣᠬᠢᠶᠠᠨ ᠪᠠᠢᠭᠤᠯᠤᠨ ᠥᠷᠨᠢᠭᠦᠯᠵᠦ᠂ ᠠᠵᠤ ᠠᠬᠤᠢᠯᠠᠯ᠎ᠢ ᠮᠠᠭᠤ ᠰᠠᠨᠠᠭ᠎ᠠ᠎ᠪᠠᠷ ᠭᠦᠳᠬᠡᠨ ᠭᠤᠲᠤᠭᠠᠬᠤ᠂ ᠠᠵᠤ ᠠᠬᠤᠢᠯᠠᠯ᠎ᠳᠤ ᠬᠣᠯᠪᠣᠭᠳᠠᠭᠰᠠᠨ ᠨᠠᠵᠠᠭᠠᠢ ᠮᠡᠳᠡᠭᠡ ᠵᠠᠩᠭᠢ᠎ᠶᠢ ᠴᠤᠭᠯᠠᠭᠤᠯᠬᠤ ᠪᠠ ᠬᠥᠭᠡᠷᠭᠡᠳᠡᠬᠦ᠂ ᠬᠢᠨᠠᠯᠲᠠ ᠲᠠᠯᠪᠢᠬᠤ ᠨᠡᠷ᠎ᠡ᠎ᠪᠡᠷ ᠬᠠᠤᠯᠢ ᠪᠤᠰᠤ ᠠᠰᠢᠭ᠋ ᠲᠤᠰᠠ ᠣᠯᠬᠤ ᠵᠡᠷᠭᠡ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠪᠠ᠃ ᠡᠭᠦᠨ᠎ᠦ ᠬᠠᠮᠲᠤ᠂ ᠠᠵᠤ ᠠᠬᠤᠢᠯᠠᠯ᠎ᠤᠨ ᠬᠡᠪ᠎ᠦᠨ ᠪᠤᠰᠤ ᠥᠷᠢᠰᠦᠯᠳᠦᠭᠡᠨ᠎ᠢ ᠬᠠᠨᠳᠤᠯᠭᠠᠲᠤ ᠴᠢᠨᠠᠷᠲᠠᠢ᠎ᠪᠠᠷ ᠵᠠᠰᠠᠵᠤ᠂ ᠠᠵᠤ ᠠᠬᠤᠢᠯᠠᠯ᠎ᠳᠤ ᠬᠣᠯᠪᠣᠭᠳᠠᠭᠰᠠᠨ ᠬᠣᠳᠠᠯ ᠬᠠᠭᠤᠷᠮᠠᠭ ᠮᠡᠳᠡᠭᠡ ᠵᠠᠩᠭᠢ᠎ᠶᠢ ᠲᠠᠷᠬᠠᠭᠠᠵᠤ᠂ ᠬᠡᠷᠡᠭᠯᠡᠭᠴᠢᠳ᠎ᠢ ᠥᠳᠥᠭᠡᠨ ᠡᠰᠡᠷᠭᠦᠴᠡᠯᠳᠦᠭᠦᠯᠦᠭᠰᠡᠨ ᠲᠠᠩᠰᠠᠨ ᠨᠣᠮᠧᠷ᠎ᠢ ᠴᠢᠩᠭ᠎ᠠ ᠰᠢᠢᠳᠪᠦᠷᠢᠯᠡᠨ᠎ᠡ᠃
ᠦᠨᠡᠯᠡᠯᠳᠠ᠄ ᠴᠡᠭᠴᠡᠯᠡᠨ ᠵᠠᠰᠠᠬᠤ ᠨᠢ ᠳᠤᠲᠠᠭᠳᠠᠯᠵᠢᠡᠨ ᠬᠠᠮᠠᠭᠠᠯᠠᠵᠦ ᠪᠠᠢᠭ᠎ᠠ ᠶᠠᠪᠤᠳᠠᠯ ᠪᠢᠰᠢ᠂ ᠬᠠᠷᠢᠨ ᠶᠠᠷᠢᠶ᠎ᠠ ᠬᠡᠯᠡᠯᠴᠡᠭᠡᠨ᠎ᠦ ᠬᠢᠨᠠᠯᠲᠠ᠎ᠶᠢ ᠨᠡᠩ ᠣᠶᠤᠨᠴᠢ ᠪᠣᠯᠭᠠᠵᠤ᠂ ᠥᠷᠢᠰᠦᠯᠳᠦᠭᠡᠨ᠎ᠢ ᠣᠯᠠᠮ ᠢᠯᠡᠬᠦᠦ ᠵᠦᠢ ᠵᠣᠬᠢᠰᠳᠠᠢ ᠪᠣᠯᠭᠠᠬᠣ ᠵᠢᠨ ᠲᠦᠯᠦᠬᠡ ᠶᠣᠮ᠃ ᠴᠡᠪᠡᠷ ᠲᠤᠩᠭᠠᠯᠠᠭ ᠰᠦᠯᠵᠢᠶᠡᠨ᠎ᠦ ᠣᠷᠴᠢᠨ ᠨᠢ ᠪᠠᠰᠠ ᠴᠤ᠌ ᠡᠷᠬᠡ ᠲᠡᠭᠰᠢ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠦᠨ ᠨᠢᠭᠡ ᠬᠡᠰᠡᠭ ᠪᠣᠯᠣᠨ᠎ᠠ᠃
— 《ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠰᠣᠨᠢᠨ》 ᠡᠴᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃