ᠲᠡᠷᠢᠭᠦᠨ ᠨᠢᠭᠤᠷ>ᠣᠨᠣᠯ ᠱᠢᠭᠦᠮᠵᠢ>ᠰᠢᠭᠦᠮᠵᠢ

2026-10-16 11:29:22

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠯᠢᠦᠢ ᠱᠢ ᠷᠦᠩ᠂ ᠵᠧᠦ ᠬᠣᠩ《ᠲᠠᠢᠱᠠᠨ ᠡᠷᠳᠡᠮ ᠰᠢᠨᠵᠢᠯᠡᠭᠡᠨ᠎ᠦ ᠰᠡᠳᠬᠦᠯ》 ᠎ᠤ᠋ᠨ 2026 ᠣᠨ᠎ᠤ 2 ᠳ᠋ᠤᠭᠠᠷ ᠬᠤᠭᠤᠴᠠᠭᠠᠨ᠎ᠳᠤ ᠦᠬᠦᠯᠡᠯ ᠨᠡᠢᠲᠡᠯᠡᠵᠤ᠂ ᠨᠡᠢᠭᠡᠮ᠎ᠦᠨ ᠬᠥᠭᠵᠢᠯᠲᠡ᠎ᠶᠢᠨ ᠣᠨᠣᠯ ᠪᠣᠯ ᠮᠠᠷᠺᠰ᠎ᠤᠨ ᠦᠵᠡᠯ᠎ᠦᠨ ᠣᠨᠣᠯ᠎ᠤᠨ ᠰᠢᠰᠲᠧᠮ᠎ᠳᠦ ᠳᠤᠭᠤᠰᠢᠯᠠᠭᠤᠯᠤᠬᠰᠠᠨ ᠳᠣᠲᠣᠭᠠᠳᠤ ᠭᠣᠣᠯ ᠰᠢᠵᠢᠮ ᠪᠠ ᠦᠨᠳᠦᠰᠦᠨ ᠬᠠᠯᠠᠮᠵᠢᠯᠠᠯ ᠮᠥᠨ᠂ ᠲᠡᠷᠡ ᠪᠤᠯ ᠭᠦᠨ ᠤᠬᠠᠭᠠᠨ᠂ ᠤᠯᠤᠰ ᠲᠥᠷᠥ ᠠᠵᠤ ᠠᠬᠤᠢ᠎ᠶᠢᠨ ᠤᠬᠠᠭᠠᠨ ᠪᠠ ᠰᠢᠨᠵᠢᠯᠡᠬᠦ ᠤᠬᠠᠭᠠᠨ᠎ᠤ ᠨᠡᠢᠭᠡᠮ ᠵᠢᠷᠤᠮ᠎ᠤᠨ ᠯᠣᠭᠢᠭ᠋᠎ᠤᠨ ᠲᠤᠯᠬᠤ ᠴᠡᠭ ᠮᠥᠨ᠃ 

ᠮᠠᠷᠺᠰ᠎ᠤᠨ ᠦᠵᠡᠯ ᠡᠨᠡ ᠬᠦ᠌ ᠤᠨᠤᠯ᠎ᠠᠴᠠ ᠰᠠᠯᠪᠠᠯ ᠳᠠᠷᠤᠢ ᠬᠡᠢ ᠬᠣᠭᠣᠰᠤᠨ ᠪᠣᠯᠣᠨ᠎ᠠ᠃ ᠡᠨᠡ ᠬᠦ᠌ ᠤᠨᠤᠯ ᠬᠥᠮᠥᠨ ᠲᠥᠷᠥᠯᠬᠢᠲᠡᠨ᠎ᠦ ᠨᠡᠢᠭᠡᠮ᠎ᠤᠨ 《ᠶᠠᠭᠤ᠎ᠶᠢ ᠬᠥᠭᠵᠢᠯᠲᠡ ᠭᠡᠬᠦ᠂ ᠶᠠᠭᠤᠨ᠎ᠳᠤ ᠬᠥᠭᠵᠢᠭᠦᠯᠬᠦ᠂ ᠬᠡᠷᠬᠢᠨ ᠬᠥᠭᠵᠢᠭᠦᠯᠬᠦ》 ᠠᠰᠠᠭᠤᠳᠠᠯ᠎ᠤᠨ ᠲᠣᠭᠣᠷᠢᠨ᠎ᠳᠤ ᠥᠷᠨᠢᠵᠦ᠂ ᠨᠡᠢᠭᠡᠮ᠎ᠦᠨ ᠬᠥᠭᠵᠢᠯᠲᠡ᠎ᠶᠢᠨ ᠠᠩᠬᠠᠨ᠎ᠤ ᠠᠰᠠᠭᠤᠳᠠᠯ᠂ ᠡᠩ᠎ᠦᠨ ᠠᠰᠠᠭᠤᠳᠠᠯ ᠵᠢᠴᠢ ᠪᠣᠳᠠᠲᠠᠢ ᠠᠰᠠᠭᠤᠳᠠᠯ ᠭᠡᠬᠦ ᠭᠤᠷᠪᠠᠨ ᠳᠡᠰ ᠳᠠᠪᠬᠤᠷᠭ᠎ᠠ᠎ᠶᠢ ᠪᠠᠭᠲᠠᠭᠠᠵᠠᠢ᠂ ᠲᠤᠬᠠᠢᠯᠠᠪᠠᠯ ᠪᠣᠳᠠᠰᠴᠢ ᠲᠡᠦᠬᠡ᠎ᠶᠢᠨ ᠦᠵᠡᠯᠲᠡ᠎ᠪᠡᠷ ᠭᠦᠨ ᠤᠬᠠᠭᠠᠨ᠎ᠤ ᠰᠠᠭᠤᠷᠢ ᠪᠣᠯᠭᠠᠵᠤ᠂ ᠤᠯᠤᠰ ᠲᠦᠷᠦ ᠠᠵᠤ ᠠᠬᠤᠢ᠎ᠶᠢᠨ ᠤᠬᠠᠭᠠᠨ᠎ᠤ ᠰᠢᠭᠦᠮᠵᠢᠯᠡᠯ᠎ᠢᠶᠡᠷ ᠪᠣᠳᠠᠲᠤ ᠲᠣᠭᠲᠠᠴᠠ ᠪᠣᠯᠭᠠᠵᠤ᠂ ᠰᠢᠨᠵᠢᠯᠡᠬᠦ ᠤᠬᠠᠭᠠᠨ᠎ᠤ ᠨᠡᠢᠭᠡᠮ ᠵᠢᠷᠤᠮ᠎ᠢᠶᠠᠷ ᠦᠷᠳᠡᠭ᠎ᠦᠨ ᠳᠡᠭᠡᠭᠰᠢᠯᠡᠯᠲᠡ ᠪᠣᠯᠭᠠᠵᠠᠢ᠃ ᠡᠨᠡ ᠬᠦ᠌ ᠤᠨᠤᠯ ᠨᠢ ᠨᠡᠢᠭᠡᠮ᠎ᠦᠨ ᠬᠥᠭᠵᠢᠯᠲᠡ᠎ᠶᠢᠨ ᠠᠰᠠᠭᠤᠳᠠᠯ᠎ᠢᠶᠠᠷ ᠦᠨᠳᠦᠰᠦᠨ ᠤᠳᠤᠷᠢᠳᠤᠮᠵᠢ ᠪᠣᠯᠭᠠᠵᠤ᠂ ᠨᠡᠢᠭᠡᠮ᠎ᠦᠨ ᠲᠠᠪᠰᠢᠯᠳᠠ ᠪᠣᠯᠣᠨ ᠬᠥᠮᠥᠨ᠎ᠦ ᠴᠢᠯᠦᠭᠡᠯᠡᠯᠲᠡ᠎ᠪᠡᠷ ᠯᠣᠭᠢᠭ᠋᠎ᠤᠨ ᠤᠭ ᠰᠠᠨᠠᠭ᠎ᠠ ᠪᠣᠯᠭᠠᠵᠤ᠂ ᠪᠣᠳᠠᠲᠠᠢ ᠨᠡᠢᠭᠡᠮ᠎ᠦᠨ ᠬᠥᠭᠵᠢᠯᠲᠡ᠎ᠶᠢᠨ ᠬᠦᠴᠢᠷᠳᠡᠯ᠎ᠢ ᠰᠢᠢᠳᠪᠦᠷᠢᠯᠡᠬᠦ᠎ᠪᠡᠷ ᠪᠣᠳᠠᠲᠤ ᠡᠭᠦᠷᠭᠡ᠎ᠪᠡᠨ ᠪᠣᠯᠭᠠᠵᠤ᠂ ᠬᠥᠮᠥᠨ ᠲᠥᠷᠥᠯᠬᠢᠲᠡᠨ᠎ᠦ  ᠪᠦᠬᠦ ᠲᠠᠯ᠎ᠠ᠎ᠶᠢᠨ ᠴᠢᠯᠦᠭᠡᠲᠦ ᠬᠥᠭᠵᠢᠯᠲᠡ᠎ᠶᠢ ᠪᠡᠶᠡᠯᠡᠭᠦᠯᠬᠦ᠎ᠪᠡᠷ ᠦᠷᠳᠡᠭ᠎ᠦᠨ ᠬᠠᠷᠠᠯᠲᠠ ᠪᠣᠯᠭᠠᠵᠤ᠂ ᠨᠢᠭ᠍ᠲᠠ ᠴᠢᠩᠭ᠎ᠠ ᠰᠢᠨᠵᠢᠯᠡᠬᠦ ᠤᠬᠠᠭᠠᠨ᠎ᠤ ᠰᠢᠰᠲᠧᠮ᠎ᠢ ᠪᠦᠷᠢᠯᠳᠦᠭᠦᠯᠵᠦ᠂ ᠰᠢᠨᠵᠢᠯᠡᠬᠦ ᠤᠬᠠᠭᠠᠨ᠎ᠤ ᠵᠢᠮ᠎ᠡ ᠶᠣᠰᠣ᠌ ᠪᠣᠯᠣᠨ ᠦᠷᠳᠡᠭ᠎ᠦᠨ ᠬᠦᠰᠡᠯ᠎ᠦᠨ ᠬᠤᠪᠢᠰᠤᠩᠭᠤᠢ ᠨᠢᠭᠡᠳᠦᠯ᠎ᠢ ᠪᠡᠶᠡᠯᠡᠭᠦᠯᠪᠡ᠃ 

ᠨᠡᠢᠭᠡᠮ᠎ᠦᠨ ᠬᠥᠭᠵᠢᠯᠲᠡ᠎ᠶᠢᠨ ᠠᠰᠠᠭᠤᠳᠠᠯ᠎ᠢ ᠤᠨᠤᠯ᠎ᠤᠨ ᠲᠥᠪ ᠪᠣᠯᠭᠠᠨ ᠲᠣᠭᠲᠠᠭᠠᠭᠰᠠᠨ᠎ᠠᠴᠠ ᠮᠠᠷᠺᠰ᠎ᠤᠨ ᠦᠵᠡᠯ ᠰᠠᠶᠢ ᠦᠢᠯᠡᠳᠦᠯᠭᠡ᠎ᠪᠡᠷ ᠰᠠᠭᠤᠷᠢ ᠪᠣᠯᠭᠠᠭᠰᠠᠨ᠂ ᠴᠢᠯᠦᠭᠡᠯᠡᠯᠲᠡ᠎ᠪᠡᠷ ᠬᠠᠷᠠᠯᠲᠠ ᠪᠣᠯᠭᠠᠭᠰᠠᠨ᠂ ᠰᠢᠨᠵᠢᠯᠡᠬᠦ ᠤᠬᠠᠭᠠᠨᠴᠢ ᠵᠢᠮ᠎ᠡ ᠶᠣᠰᠣ᠌᠎ᠪᠠᠷ ᠲᠤᠯᠭᠠᠭᠤᠷᠢ ᠪᠣᠯᠭᠠᠭᠰᠠᠨ ᠰᠢᠰᠲᠧᠮᠲᠦ ᠰᠤᠷᠭᠠᠯ᠎ᠢ ᠪᠦᠷᠢᠯᠳᠦᠭᠦᠯᠵᠦ ᠴᠢᠳᠠᠭᠰᠠᠨ ᠶᠤᠮ᠃ ᠬᠣᠶᠠᠷ ᠲᠠᠯ᠎ᠠ᠎ᠶᠢᠨ ᠬᠠᠷᠢᠴᠠᠭ᠎ᠠ᠎ᠶᠢ ᠬᠤᠷᠢᠶᠠᠩᠭᠤᠢᠯᠠᠪᠠᠯ᠄ ᠨᠢᠭᠡ ᠴᠣᠭᠴᠠ ᠬᠣᠶᠠᠷ ᠲᠠᠯ᠎ᠠ᠎ᠲᠠᠢ ᠪᠠᠢᠵᠤ᠂ ᠬᠠᠷᠢᠯᠴᠠᠨ ᠦᠢᠯᠡᠳᠦᠯᠴᠡᠵᠦ᠂ ᠬᠠᠷᠢᠯᠴᠠᠨ ᠲᠤᠯᠭᠠᠭᠤᠷᠢᠯᠠᠨ᠎ᠠ᠃ ᠨᠢᠭᠡ ᠲᠠᠯ᠎ᠠ᠎ᠪᠠᠷ᠂ ᠮᠠᠷᠺᠰ᠎ᠤᠨ ᠦᠵᠡᠯ᠎ᠦᠨ ᠤᠨᠤᠯ ᠬᠥᠮᠥᠨ ᠲᠥᠷᠥᠯᠬᠢᠲᠡᠨ᠎ᠦ ᠨᠡᠢᠭᠡᠮ᠎ᠦᠨ ᠬᠥᠭᠵᠢᠯᠲᠡ᠎ᠶᠢᠨ ᠠᠰᠠᠭᠤᠳᠠᠯ᠎ᠤᠨ ᠰᠤᠳᠤᠯᠤᠯ᠎ᠢᠶᠠᠷ ᠦᠨᠳᠦᠰᠦᠨ ᠠᠭᠤᠯᠭ᠎ᠠ ᠪᠣᠯᠭᠠᠳᠠᠭ;ᠨᠦᠬᠦᠭᠡ ᠲᠠᠯ᠎ᠠ᠎ᠪᠠᠷ᠂ ᠨᠡᠢᠭᠡᠮ᠎ᠦᠨ ᠬᠥᠭᠵᠢᠯᠲᠡ᠎ᠶᠢᠨ ᠠᠰᠠᠭᠤᠳᠠᠯ ᠨᠢ ᠪᠠᠰᠠ ᠮᠠᠷᠺᠰ᠎ᠤᠨ ᠦᠵᠡᠯ᠎ᠦᠨ ᠤᠨᠤᠯ᠎ᠤᠨ ᠬᠥᠭᠵᠢᠯᠲᠡ᠎ᠶᠢ ᠬᠥᠲᠥᠯᠥᠨ ᠵᠢᠯᠤᠭᠣᠳᠴᠤ ᠪᠠᠢᠳᠠᠭ᠃ ᠮᠠᠷᠺᠰ᠎ᠤᠨ ᠨᠡᠢᠭᠡᠮ᠎ᠦᠨ ᠬᠥᠭᠵᠢᠯᠲᠡ᠎ᠶᠢᠨ ᠤᠨᠤᠯ ᠨᠢ ᠤᠳᠤ ᠦᠶ᠎ᠡ᠎ᠶᠢᠨ ᠨᠡᠢᠭᠡᠮ᠎ᠦᠨ ᠬᠥᠭᠵᠢᠯᠲᠡ᠎ᠶᠢᠨ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠳᠦ ᠴᠢᠬᠤᠯᠠ ᠦᠵᠡᠯ ᠰᠠᠨᠠᠭᠠᠨ᠎ᠤ ᠡᠬᠢ ᠪᠠᠶᠠᠯᠢᠭ᠋ ᠪᠣᠯᠣᠨ ᠠᠷᠭ᠎ᠠ᠎ᠶᠢᠨ ᠤᠨᠤᠯ᠎ᠤᠨ ᠪᠣᠷᠣ᠌ ᠲᠥᠯᠥᠪ᠎ᠢ ᠬᠠᠨᠭᠭᠠᠪᠠ᠃

                      — 《ᠰᠢᠨᠬᠤᠸᠠ ᠵᠤᠬᠢᠶᠠᠯ᠎ᠤᠨ ᠱᠦᠬᠦᠮᠡᠭ》 ᠡᠴᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面