2026-10-19 11:18:03
ᠣᠢᠷ᠎ᠠ᠎ᠳᠤ 《ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ 〈ᠠᠷᠪᠠᠨ ᠲᠠᠪᠤᠳᠤᠭᠠᠷ ᠲᠠᠪᠤᠨ ᠵᠢᠯ〉 ᠤᠨ ᠬᠥᠭᠵᠢᠯᠲᠡ᠎ᠶᠢᠨ ᠲᠥᠯᠦᠪᠵᠢᠭᠦᠯᠭᠡ》 ᠵᠢ ᠵᠢᠩᠬᠢᠨᠢ᠎ᠪᠡᠷ ᠨᠡᠢᠲᠡᠯᠡᠵᠦ᠂ ᠱᠠᠲᠤᠯᠢᠬ ᠣᠷᠣᠨ ᠪᠦᠰᠡ᠎ᠶᠢᠨ ᠪᠠᠢᠷᠢᠰᠢᠯ᠎ᠠᠴᠠ ᠵᠢᠭ᠍ᠰᠠᠭᠠᠯ᠎ᠤᠨ ᠮᠠᠶᠢᠭ᠋᠎ᠤᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠵᠣᠬᠢᠶᠠᠨ ᠪᠠᠢᠭᠤᠯᠤᠯᠲᠠ ᠬᠦᠷᠲᠡᠯ᠎ᠡ᠂ ᠵᠣᠬᠢᠶᠠᠮᠠᠯ ᠣᠶᠤᠨ ᠴᠢᠳᠠᠪᠣᠷᠢ ᠡᠨᠧᠷᠭᠢ ᠣᠯᠭᠣᠬᠰᠠᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠡᠪ ᠵᠠᠭᠪᠤᠷ᠎ᠤᠨ ᠬᠤᠪᠢᠰᠤᠯᠲᠠ᠎ᠠᠴᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠯᠠᠷᠢᠭᠤᠯᠬᠤ ᠲᠣᠭᠲᠠᠴᠠ᠎ᠶᠢᠨ ᠰᠢᠨ᠎ᠡ ᠡᠭᠦᠳᠦᠯᠲᠡ ᠬᠦᠷᠲᠡᠯ᠎ᠡ᠂ ᠡᠲᠡᠭᠡᠷ ᠨᠢ ᠴᠥᠮ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠡᠭᠦᠳᠦᠯᠲᠡ ᠬᠢᠭᠡᠳ ᠠᠵᠤ ᠦᠢᠯᠡᠰ᠎ᠦᠨ ᠰᠢᠨ᠎ᠡ ᠡᠭᠦᠳᠦᠯᠲᠡᠠᠭᠤᠰᠤᠯᠴᠠᠨ ᠬᠥᠭᠵᠢᠵᠦ᠂ 《ᠡᠯᠧᠮᠧᠨ᠋ᠲ᠎ᠢᠶᠡᠷ ᠬᠥᠳᠡᠯᠭᠡᠭᠦᠷ ᠪᠣᠯᠭᠠᠵᠤ》 ᠪᠠᠢᠭᠰᠠᠨ᠎ᠠᠴᠠ 《ᠰᠢᠰᠲᠧᠮ᠎ᠢᠶᠡᠷ ᠬᠥᠳᠡᠯᠭᠡᠭᠦᠷ ᠪᠣᠯᠭᠠᠬᠤ》 ᠲᠡᠢᠰᠢ ᠰᠢᠯᠵᠢᠵᠦ᠂ 《ᠴᠡᠭ᠎ᠦᠨ ᠰᠢᠪᠲᠤᠯᠤᠯᠲᠠ》᠎ᠡᠴᠡ 《ᠰᠢᠰᠲᠧᠮ᠎ᠦᠨ ᠬᠤᠷᠠᠮᠠᠯ》 ᠲᠡᠢᠰᠢ ᠰᠢᠯᠵᠢᠵᠦ ᠪᠠᠢᠬᠤ᠎ᠶᠢ ᠬᠠᠷᠠᠭᠤᠯᠵᠤ ᠪᠠᠢᠨ᠎ᠠ᠃ ᠰᠢᠰᠲᠧᠮᠳᠦᠰᠡᠳᠬᠢᠬᠦᠢᠪᠡᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠥᠬᠥ ᠲᠠᠯ᠎ᠠ᠎ᠶᠢ ᠨᠢᠭᠡᠳᠦᠯᠲᠡᠢ ᠲᠥᠯᠥᠪᠵᠢᠭᠦᠯᠵᠦ᠂ ᠣᠷᠣᠨ ᠵᠠᠢ᠎ᠶᠢᠨ ᠬᠣᠷᠢᠭ᠎ᠠ ᠰᠠᠭᠠᠳ᠎ᠢ ᠡᠪᠳᠡᠵᠦ᠂ ᠵᠣᠬᠢᠶᠠᠨ ᠪᠠᠢᠭᠤᠯᠤᠯᠲᠠ᠎ᠶᠢᠨ ᠵᠠᠭᠪᠤᠷ᠎ᠢ ᠳᠠᠬᠢᠨ ᠪᠠᠢᠭᠤᠯᠵᠤ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠡᠪ ᠵᠠᠭᠪᠤᠷ᠎ᠢ ᠬᠤᠪᠢᠷᠠᠭᠤᠯᠬᠤ ᠨᠢ ᠨᠢᠭᠡᠨᠲᠡ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠶᠢ ᠲᠦᠷᠭᠡᠳᠬᠡᠬᠦ ᠵᠠᠢᠯᠠᠰᠢ ᠦᠭᠡᠢ ᠰᠣᠩᠭᠣᠯᠲᠠ ᠪᠣᠯᠵᠠᠢ᠃
ᠮᠠᠨ᠎ᠤ ᠤᠯᠤᠰ᠎ᠤᠨ ᠣᠷᠣᠨ ᠪᠦᠰᠡ᠎ᠶᠢᠨ ᠰᠢᠨ᠎ᠡ᠎ᠶᠢ ᠡᠭᠦᠳᠬᠦ ᠪᠠᠢᠷᠢᠰᠢᠯ᠎ᠳᠤ ᠵᠠᠷᠢᠮ ᠪᠦᠲᠦᠴᠡ᠎ᠶᠢᠨ ᠴᠢᠨᠠᠷᠲᠠᠢ ᠵᠥᠷᠢᠴᠡᠯ ᠣᠷᠣᠰᠢᠵᠤ ᠪᠠᠢᠬᠤ᠎ᠶᠢ ᠦᠭᠡᠢᠰᠬᠡᠵᠦ ᠪᠣᠯᠬᠤ ᠦᠭᠡᠢ᠃ ᠵᠢᠱ᠌ᠢᠶᠡᠯᠡᠪᠡᠯ᠂ 《ᠤᠯᠤᠰ᠎ᠤᠨ ᠲᠤᠷᠰᠢᠯᠲᠠ᠎ᠶᠢᠨ ᠲᠠᠰᠤᠭ》᠂ 《ᠲᠣᠮᠣ᠌ ᠰᠢᠨᠵᠢᠯᠡᠬᠦ ᠤᠬᠠᠭᠠᠨ᠎ᠤ ᠲᠣᠨᠣᠭ ᠲᠦᠬᠦᠬᠡᠷᠦᠮᠵᠢ》ᠵᠢ ᠰᠣᠬᠣᠷ ᠪᠠᠯᠠᠢ᠎ᠪᠠᠷ ᠪᠠᠢᠭᠤᠯᠵᠤ᠂ 《ᠬᠥᠮᠥᠨ᠎ᠦ ᠪᠠᠢᠬᠣ ᠵᠦᠢᠯ ᠨᠠᠳᠠᠳᠦ ᠪᠠᠰᠠ ᠪᠠᠢᠪᠡᠯ ᠵᠤᠬᠢᠨ᠎ᠠ》 ᠬᠡᠬᠦ ᠵᠢ ᠬᠥᠭᠡᠭᠡᠴᠡᠯᠳᠦᠭᠰᠡᠨ᠎ᠡᠴᠡ ᠰᠢᠨ᠎ᠡ᠎ᠶᠢ ᠡᠭᠦᠳᠬᠦ ᠡᠬᠢ ᠪᠠᠶᠠᠯᠢᠭ᠋ ᠲᠠᠷᠠᠬᠠᠢ ᠪᠤᠲᠠᠷᠬᠠᠢ᠂ ᠴᠢᠳᠠᠮᠵᠢ ᠨᠢ ᠳᠠᠪᠬᠤᠴᠠᠵᠦ ᠪᠠᠢᠳᠠᠭ᠃ ᠡᠨᠡ ᠬᠦ᠌ 《ᠲᠤᠰ ᠲᠤᠰ᠎ᠲᠠᠭᠠᠨ ᠪᠠᠢᠯᠳᠤᠬᠤ》 ᠵᠠᠭᠪᠤᠷ ᠨᠢ 《ᠬᠥᠭᠡᠭᠡᠵᠦ ᠭᠦᠢᠴᠡᠬᠦ ᠱᠠᠲᠤᠨ》᠎ᠳᠦ ᠪᠠᠢᠭ᠎ᠠ ᠦᠶ᠎ᠡ᠎ᠳᠦ ᠵᠣᠬᠢᠬᠣ ᠵᠦᠢ ᠶᠣᠰᠣᠴᠢ ᠴᠢᠨᠠᠷ ᠲᠠᠢᠴᠦ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠣᠳᠠᠲᠤ ᠬᠦᠴᠦᠨ ᠪᠦᠬᠦ ᠪᠥᠮᠪᠥᠷᠴᠡᠭ᠎ᠦᠨ ᠨᠢᠭᠡᠳᠦᠭᠡᠷ ᠵᠢᠭ᠍ᠰᠠᠭᠠᠯ᠎ᠳᠤ ᠣᠷᠣᠬᠣ ᠦᠶᠡᠰ᠂ ᠵᠠᠬ᠎ᠠ ᠵᠢᠨ ᠠᠰᠢᠬ ᠤᠷᠤᠯᠭ᠎ᠠ ᠨᠢ ᠠᠬᠢᠨ ᠪᠠᠭᠤᠷᠠᠬᠤ ᠪᠣᠯᠣᠨ᠎ᠠ᠃ ᠡᠭᠦᠨ᠎ᠡᠴᠡ ᠦᠵᠡᠪᠡᠯ ᠣᠷᠣᠨ ᠪᠦᠰᠡ᠎ᠶᠢᠨ ᠰᠢᠨ᠎ᠡ᠎ᠶᠢ ᠡᠭᠦᠳᠬᠦ ᠪᠠᠢᠷᠢᠰᠢᠯ᠎ᠢ 《ᠥᠷᠢᠰᠦᠯᠳᠦᠭᠡᠨ᠎ᠦ ᠴᠢᠨᠠᠷᠲᠠᠢ ᠬᠤᠪᠢᠶᠠᠷᠢᠯᠠᠯᠲᠠ》᠎ᠡᠴᠡ 《ᠴᠢᠳᠠᠮᠵᠢ᠎ᠶᠢᠨ ᠴᠢᠨᠠᠷᠲᠠᠢ ᠠᠵᠢᠯ᠎ᠤᠨ ᠬᠤᠪᠢᠶᠠᠷᠢᠯᠠᠯᠳᠠ》 ᠪᠣᠯᠭᠠᠨ ᠬᠤᠪᠢᠷᠠᠭᠤᠯᠵᠤ᠂ ᠰᠢᠨ᠎ᠡ᠎ᠶᠢ ᠡᠭᠦᠳᠬᠦ ᠬᠡᠯᠬᠢᠶ᠎ᠡ᠎ᠶᠢ ᠠᠵᠤ ᠦᠢᠯᠡᠰ᠎ᠦᠨ ᠬᠡᠯᠬᠢᠶ᠎ᠡ᠎ᠲᠠᠢ ᠣᠷᠣᠨ ᠵᠠᠢ᠎ᠶᠢᠨ ᠲᠠᠯ᠎ᠠ᠎ᠪᠠᠷ ᠣᠨᠣᠪᠴᠢᠲᠠᠶ ᠵᠣᠬᠢᠴᠠᠭᠤᠯᠬᠤ᠎ᠶᠢ ᠠᠬᠢᠭᠤᠯᠬᠤ ᠴᠢᠬᠤᠯᠠᠲᠠᠢ ᠪᠠᠢᠨ᠎ᠠ᠃ ᠪᠡᠭᠡᠵᠢᠩ (ᠪᠡᠭᠡᠵᠢᠩ ᠲᠢᠶᠠᠨᠵᠢᠨ ᠾᠸᠪᠸᠢ)᠂ ᠱᠠᠩᠬᠠᠢ (ᠬᠥᠬᠡᠮᠥ᠋ᠷᠡᠨ᠎ᠦ ᠭᠤᠷᠪᠠᠯᠵᠢᠨ ᠬᠣᠢᠭ᠋)᠂ ᠭᠤᠸᠠᠩᠳᠦ᠋ᠩ ᠰᠢᠶᠠᠩᠭᠠᠩ ᠣᠣᠮᠧᠨ᠎ᠦ ᠶᠡᠬᠡ ᠪᠤᠯᠤᠩ᠎ᠤᠨ ᠣᠷᠣᠨ ᠨᠢ ᠣᠣᠭᠠᠯ ᠰᠢᠨ᠎ᠡ ᠡᠭᠦᠳᠦᠯᠳᠡ᠂ ᠳᠡᠭᠡᠳᠦ ᠲᠡᠰ᠎ᠤᠨ ᠠᠵᠤ ᠦᠢᠯᠡᠰ᠎ᠢᠶᠡᠷ ᠬᠥᠲᠥᠯᠥᠨ ᠳᠠᠭᠠᠭᠤᠯᠬᠤ᠂ ᠵᠠᠬ᠎ᠠ ᠳᠡᠯᠭᠡᠭᠦᠷᠴᠢᠯᠡᠨ ᠣᠨᠳᠣᠣᠰᠢᠭᠤᠯᠬᠤ ᠭᠤᠷᠪᠠᠨ ᠶᠡᠬᠡ ᠴᠢᠳᠠᠮᠵᠢ᠎ᠲᠠᠢ ᠬᠠᠷᠠᠭᠠᠯᠵᠠᠵᠦ ᠪᠣᠢ; ᠾᠧᠹᠧᠢ᠂ ᠴᠧᠩᠳᠦ᠋᠂ ᠴᠦᠩᠴᠢᠩ᠂ ᠦᠬᠠᠨ᠂ ᠰᠢ ᠠᠨ 《ᠵᠡᠭᠦᠨᠤᠷᠤᠨ ᠲᠠᠢ ᠵᠠᠯᠭᠠᠵᠦ ᠪᠠᠷᠠᠭᠤᠨ ᠣᠷᠣᠨ᠎ᠢ ᠨᠡᠭᠡᠭᠡᠬᠦ᠂ ᠡᠮᠦᠨᠡᠳᠦ ᠤᠮᠠᠷᠠᠳᠦ ᠤᠷᠤᠨ᠎ᠢ ᠵᠠᠯᠭᠠᠬᠤ》 ᠵᠠᠩᠭᠢᠯᠠᠭ᠎ᠠ᠎ᠶᠢᠨ ᠴᠢᠳᠠᠮᠵᠢ᠎ᠶᠢ ᠡᠭᠦᠷᠭᠡᠯᠡᠵᠦ ᠪᠣᠢ; ᠵᠠᠷᠢᠮ ᠭᠣᠣᠯᠳᠠᠯᠭ᠎ᠠ᠎ᠲᠠᠢ ᠣᠷᠣᠨ ᠪᠦᠰᠡ ᠨᠢ ᠠᠬᠤᠢ ᠲᠠᠯᠠᠪᠦᠷᠦᠨᠬᠡᠷᠡᠭᠯᠡᠭᠡᠨᠦ 《ᠪᠠᠢᠯᠳᠤᠬᠤ ᠪᠣᠳᠣᠯᠭ᠎ᠠ᠎ᠶᠢᠨ ᠵᠠᠩᠭᠢᠯᠠᠭ᠎ᠠ》 ᠪᠣᠯᠤᠭᠰᠠᠨ ᠪᠠᠢᠨ᠎ᠠ᠃ ᠵᠢᠩᠬᠢᠨᠢ ᠰᠢᠰᠲᠧᠮᠲᠦ ᠰᠡᠳᠬᠢᠬᠦᠢ ᠨᠢ ᠪᠤᠶ ᠪᠦᠬᠦᠢ ᠡᠬᠢ ᠪᠠᠶᠠᠯᠢᠭ᠋᠎ᠢ ᠴᠥᠭᠡᠨ ᠬᠡᠳᠦᠨ ᠵᠠᠩᠭᠢᠯᠠᠭ᠎ᠠ᠎ᠶᠢᠨ ᠴᠡᠭ ᠳᠡᠭᠡᠷ᠎ᠡ ᠲᠥᠪᠯᠡᠷᠡᠭᠦᠯᠬᠦ ᠪᠢᠰᠢ᠂ ᠬᠠᠷᠢᠨ ᠵᠠᠩᠭᠢᠯᠠᠭ᠎ᠠ ᠴᠡᠭ ᠨᠢᠭᠡᠪᠦᠷᠢ᠎ᠳᠦ ᠥᠪᠡᠷ᠎ᠦᠨ ᠠᠮᠢ ᠠᠬᠤᠢ᠎ᠶᠢᠨ ᠪᠠᠢᠷᠢ ᠰᠠᠭᠤᠷᠢ᠎ᠪᠠᠨ ᠣᠯᠵᠤ᠂ ᠴᠢᠳᠠᠮᠵᠢ᠎ᠶᠢᠨ ᠠᠵᠢᠯ᠎ᠤᠨ ᠬᠤᠪᠢᠶᠠᠷᠢᠯᠠᠯ᠎ᠤᠨ ᠳᠤᠮᠳᠠ ᠣᠷᠣᠯᠠᠭᠤᠯᠵᠤ ᠪᠣᠯᠣᠰᠢ ᠦᠭᠡᠢ ᠬᠠᠷᠢᠴᠠᠭᠤᠯᠤᠭᠰᠠᠨ ᠳᠠᠪᠠᠭᠤᠯᠢᠭ᠋᠎ᠢ ᠪᠤᠶ ᠪᠣᠯᠭᠠᠳᠠᠭ᠃ ᠣᠷᠣᠨ ᠪᠦᠰᠡ ᠨᠢᠭᠡᠪᠦᠷᠢ ᠰᠢᠨ᠎ᠡ᠎ᠶᠢ ᠡᠭᠦᠳᠬᠦ ᠬᠡᠯᠬᠢᠶ᠎ᠡ ᠳᠡᠭᠡᠷ᠎ᠡ ᠴᠥᠮ ᠣᠨᠣᠪᠴᠢᠲᠠᠶ ᠪᠠᠢᠷᠢ ᠲᠣᠭᠲᠠᠭᠠᠯᠲᠠ ᠬᠢᠵᠦ ᠴᠢᠳᠠᠪᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰᠯᠤᠭᠡ ᠵᠢᠨ ᠠᠭᠤᠰᠤᠯᠴᠠᠯ ᠨᠢ ᠣᠷᠣᠨ ᠵᠠᠢ ᠳᠡᠭᠡᠷᠡᠬᠢ 《ᠠᠪᠴᠠᠯᠳᠤᠯ》 ᠲᠠᠢ ᠪᠣᠯᠵᠦ ᠴᠢᠳᠠᠨ᠎ᠠ᠃
ᠤᠯᠠᠮᠵᠢᠯᠠᠯᠲᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠵᠣᠬᠢᠶᠠᠨ ᠪᠠᠢᠭᠤᠯᠤᠯᠲᠠ᠎ᠶᠢ ᠰᠢᠨᠵᠢᠯᠡᠭᠡᠨ᠎ᠦ ᠰᠠᠯᠠᠭ᠎ᠠ᠎ᠪᠠᠷ ᠨᠢ ᠬᠤᠪᠢᠶᠠᠷᠢᠯᠠᠵᠤ᠂ ᠵᠠᠰᠠᠭ ᠵᠠᠬᠢᠷᠭᠠᠨ᠎ᠤ ᠱᠠᠲᠤ ᠳᠠᠪᠬᠤᠷᠭ᠎ᠠ᠎ᠪᠠᠷ ᠨᠢ ᠬᠠᠮᠢᠶᠠᠷᠴᠤ᠂ 《ᠱᠤᠭᠤᠮᠯᠢᠭ᠋ ᠴᠢᠨᠠᠷ》 ᠦᠨ ᠪᠦᠲᠦᠴᠡ᠎ᠶᠢ ᠪᠦᠷᠢᠯᠳᠦᠭᠦᠯᠵᠡᠢ᠃ ᠡᠨᠡ ᠬᠦ᠌ ᠬᠡᠪ ᠵᠠᠭᠪᠤᠷ ᠨᠢ ᠰᠢᠨᠵᠢᠯᠡᠭᠡᠨ᠎ᠦ ᠰᠠᠯᠠᠭ᠎ᠠ᠎ᠶᠢᠨ ᠵᠠᠭᠠᠭ ᠬᠢᠵᠠᠭᠠᠷ ᠨᠢ ᠲᠣᠳᠣᠷᠬᠠᠢ ᠪᠠᠢᠬᠤ ᠪᠠᠢᠳᠠᠯ ᠳᠣᠣᠷ᠎ᠠ ᠦᠷ᠎ᠡ ᠪᠦᠳᠦᠮᠵᠢ ᠰᠠᠢᠨ ᠪᠠᠢᠳᠠᠭ᠂ ᠭᠡᠪᠡᠴᠦ ᠵᠣᠬᠢᠶᠠᠮᠠᠯ ᠤᠶᠤᠨ ᠴᠢᠳᠠᠪᠤᠷᠢ᠂ ᠺᠸᠠᠨ᠋ᠲ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠵᠡᠷᠭᠡ ᠬᠣᠰᠢᠭᠤᠷᠠᠯ ᠬᠦᠷᠢᠶᠡᠨ᠎ᠳᠡᠬᠢ ᠴᠢᠬᠤᠯᠠ ᠶᠡᠬᠡ ᠰᠢᠪᠲᠤᠯᠤᠯᠲᠠ ᠨᠢ ᠰᠢᠨᠵᠢᠯᠡᠭᠡᠨ᠎ᠦ ᠰᠠᠯᠠᠭ᠎ᠠ᠎ᠶᠢᠨ ᠰᠣᠯᠪᠢᠴᠠᠯ ᠭᠠᠵᠠᠷ ᠡᠬᠦᠰᠴᠤ᠂ ᠱᠤᠭᠤᠮᠯᠢᠭ᠋ ᠪᠦᠲᠦᠴᠡ ᠨᠢ ᠭᠡᠳᠡᠷᠭᠦ᠎ᠪᠡᠨ ᠬᠠᠷᠰᠢ ᠰᠠᠭᠠᠳ ᠪᠤᠯᠳᠠᠭ᠃ ᠦᠨᠡᠨ᠎ᠳᠡᠭᠡᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠵᠣᠬᠢᠶᠠᠨ ᠪᠠᠢᠭᠤᠯᠤᠯᠲᠠ ᠨᠢ ᠡᠭᠦᠷᠭᠡ᠎ᠪᠡᠷ ᠤᠳᠤᠷᠢᠳᠤᠮᠵᠢ ᠪᠣᠯᠭᠠᠨ ᠡᠬᠢ ᠪᠠᠶᠠᠯᠢᠭ᠋᠎ᠤᠨ ᠰᠢᠯᠵᠢᠯᠲᠡ᠎ᠶᠢᠨ ᠠᠷᠭ᠎ᠠ ᠵᠠᠮ᠎ᠢ ᠳᠠᠬᠢᠨ ᠪᠦᠷᠢᠯᠳᠦᠭᠦᠯᠵᠦ᠂ ᠴᠢᠳᠠᠪᠤᠷᠢᠲᠠᠨ᠂ ᠲᠥᠬᠦᠭᠡᠷᠦᠮᠵᠢ᠂ ᠪᠡᠯᠡ ᠮᠥᠩᠭᠥ ᠵᠡᠷᠭᠡ ᠬᠦᠴᠦᠨ ᠵᠦᠢᠯ᠎ᠨᠢ ᠠᠰᠠᠭᠤᠳᠠᠯ᠎ᠢ ᠴᠢᠩᠭ᠎ᠠ ᠮᠥᠷᠳᠡᠵᠦ᠂ ᠬᠠᠷᠠᠯᠲᠠ᠎ᠲᠠᠢ᠎ᠪᠠᠷ ᠰᠤᠮᠤ ᠬᠠᠷᠪᠤᠬᠤ ᠬᠡᠷᠡᠭᠲᠡᠢ᠃ ᠵᠢᠱ᠌ᠢᠶᠡᠯᠡᠪᠡᠯ ᠂ ᠴᠦᠩᠴᠢᠩ᠎ᠦᠨ 《ᠲᠤᠩᠬᠠᠭ ᠨᠡᠢᠲᠡᠯᠡᠵᠦ ᠮᠠᠩᠯᠠᠢᠯᠠᠬᠴᠢ ᠡᠯᠰᠡᠬᠦ》 ᠲᠣᠭᠲᠠᠴᠠ᠎ᠶᠢ ᠠᠵᠤ ᠠᠬᠤᠢᠯᠠᠯ ᠡᠴᠡ ᠮᠡᠷᠭᠡᠵᠢᠯ᠎ᠦᠨ ᠬᠡᠷᠡᠭᠴᠡᠭᠡ᠎ᠶᠢᠨ ᠨᠡᠷᠡᠰ᠎ᠦᠨ ᠵᠢᠭ᠍ᠰᠠᠭᠠᠯᠲᠠ᠎ᠶᠢ ᠨᠡᠢᠲᠡᠯᠡᠵᠦ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ 《ᠲᠤᠩᠬᠠᠭ ᠨᠡᠢᠲᠡᠯᠡᠵᠦ》 ᠪᠣᠭᠣᠮᠲᠠ ᠰᠢᠪᠲᠤᠯᠵᠤ᠂ ᠰᠠᠯᠠᠭ᠎ᠠ ᠮᠥᠴᠢᠷ᠎ᠦᠨ ᠪᠡᠬᠢᠯᠡᠯᠲᠡ᠎ᠶᠢ ᠡᠪᠳᠡᠪᠡ; ᠰᠢ ᠠᠨ᠎ᠤ ᠠᠵᠤ ᠠᠬᠤᠢ᠎ᠶᠢᠨ ᠨᠡᠭᠡᠭᠡᠯᠲᠡ᠎ᠶᠢᠨ ᠣᠷᠣᠨ᠎ᠳᠤ 《ᠲᠣᠯᠣᠭᠠᠢᠯᠠᠬᠴᠢ ᠠᠵᠦ ᠠᠬᠣᠢᠯᠠᠯᠬᠥᠲᠥᠯᠥᠨ ᠳᠠᠭᠠᠭᠤᠯᠬᠤ + ᠵᠢᠵᠢᠭ ᠪᠢᠴᠢᠯ ᠠᠵᠦ ᠠᠬᠣᠢᠯᠠᠯ ᠰᠢᠨ᠎ᠡ᠎ᠶᠢ ᠡᠭᠦᠳᠬᠦ》 ᠱᠠᠲᠤᠯᠵᠢᠨ ᠡᠩᠨᠡᠭᠡ ᠪᠦᠷᠢᠯᠳᠦᠵᠦ᠂ ᠭᠣᠣᠯᠯᠠᠭ᠍ᠴᠢ ᠠᠵᠤ ᠠᠬᠤᠢᠯᠠᠯ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠡᠭᠦᠷᠭᠡ᠎ᠶᠢ ᠡᠭᠦᠷᠭᠡᠯᠡᠵᠦ᠂ 33 ᠪᠥᠬᠥᠩ ᠠᠵᠤ ᠠᠬᠤᠢᠯᠠᠯ 《ᠪᠢᠴᠢᠯ ᠰᠢᠨ᠎ᠡ ᠡᠭᠦᠳᠦᠯᠲᠡ》᠎ᠪᠠᠷ ᠮᠡᠷᠭᠡᠵᠢᠯ᠎ᠦᠨ ᠲᠤᠳᠠᠭᠤᠳᠠᠯ᠎ᠢ ᠨᠥᠬᠥᠪᠦᠷᠢᠯᠡᠪᠡ᠃ ᠰᠢᠨᠵᠢᠯᠡᠬᠦ ᠤᠬᠠᠭᠠᠨ᠎ᠤ ᠰᠤᠳᠤᠯᠭᠠᠨ᠎ᠤ ᠵᠣᠬᠢᠶᠠᠨ ᠪᠠᠢᠭᠤᠯᠤᠯᠲᠠ ᠨᠢ 《ᠱᠤᠭᠤᠮᠯᠢᠭ᠋ ᠴᠢᠨᠠᠷ》᠎ᠡᠴᠡ 《ᠵᠢᠭ᠍ᠰᠠᠭᠠᠯ》 ᠪᠣᠯᠣᠨ ᠬᠤᠪᠢᠷᠠᠪᠠᠯ᠂ ᠲᠣᠮᠣ᠌ ᠳᠤᠮᠳᠠ ᠪᠠᠭ᠎ᠠ ᠠᠵᠤ ᠠᠬᠤᠢᠯᠠᠯ᠎ᠤᠨ ᠬᠣᠭᠣᠷᠣᠨᠳᠤ 《ᠥᠷᠢᠰᠦᠯᠳᠦᠭᠡᠨ᠎ᠦ ᠬᠠᠷᠢᠴᠠᠭ᠎ᠠ》 ᠡᠴᠡ 《ᠬᠠᠮᠲᠤ ᠣᠷᠣᠰᠢᠬᠤ ᠬᠠᠷᠢᠴᠠᠭ᠎ᠠ》 ᠪᠣᠯᠣᠨ ᠬᠤᠪᠢᠷᠠᠨ᠎ᠠ᠃ ᠵᠢᠭ᠍ᠰᠠᠭᠠᠯ ᠮᠠᠶᠢᠭ᠋᠎ᠢᠶᠠᠷ ᠬᠠᠮᠵᠢᠯᠴᠠᠬᠤ᠎ᠳᠤ᠂ ᠬᠠᠷᠠᠭᠠᠯᠵᠠᠬᠰᠠᠨ ᠵᠣᠬᠢᠶᠠᠨ ᠪᠠᠢᠭᠤᠯᠤᠯᠲᠠ᠎ᠶᠢᠨ ᠳᠠᠪᠬᠤᠷᠭ᠎ᠠ᠎ᠶᠢᠨ ᠲᠠᠯ᠎ᠠ᠎ᠪᠠᠷ ᠡᠭᠦᠷᠭᠡ᠎ᠪᠡᠷ ᠤᠳᠤᠷᠢᠳᠤᠮᠵᠢ ᠪᠣᠯᠭᠠᠭᠰᠠᠨ《ᠲᠦᠷᠭᠡᠨ ᠨᠡᠪᠲᠡᠷᠡᠬᠦ ᠵᠠᠮ》᠎ᠢ ᠨᠡᠭᠡᠭᠡᠵᠦ᠂ ᠪᠠᠢᠭᠤᠯᠤᠮᠵᠢ᠎ᠳᠦ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠣᠭᠲᠠᠪᠤᠷᠢᠲᠤ ᠴᠢᠨᠠᠷ᠎ᠢ ᠪᠠᠲᠤᠯᠠᠬᠤ ᠮᠥᠷᠲᠡᠭᠡᠨ ᠪᠠᠰᠠ ᠪᠠᠢᠭᠤᠯᠤᠮᠵᠢ ᠠᠯᠤᠰᠯᠠᠨ ᠬᠠᠮᠵᠢᠯᠴᠠᠬᠤ ᠠᠮᠢᠳᠤᠯᠢᠭ᠋ ᠴᠢᠨᠠᠷ᠎ᠢ ᠪᠠᠳᠤᠯᠠᠬᠤ ᠬᠡᠷᠡᠭᠲᠡᠢ᠃ ᠭᠠᠭᠴᠠ ᠬᠦ᠌ ᠢᠩᠭᠢᠪᠡᠯ ᠰᠠᠶᠢ ᠰᠢᠨ᠎ᠡ᠎ᠶᠢ ᠡᠭᠦᠳᠬᠦ ᠡᠬᠢ ᠪᠠᠶᠠᠯᠢᠭ᠋᠎ᠢ ᠭᠦᠢᠯᠭᠡᠭᠡᠨ᠎ᠦ ᠳᠤᠮᠳᠠ ᠦᠷᠳᠡᠭ ᠨᠡᠮᠡᠭᠳᠡᠭᠦᠯᠵᠦ ᠂ ᠬᠠᠮᠵᠢᠯᠴᠠᠬᠤ ᠳᠤᠮᠳᠠ ᠦᠷ᠎ᠡ ᠠᠰᠢᠭ᠋᠎ᠢ ᠨᠢ ᠨᠡᠮᠡᠭᠳᠡᠭᠦᠯᠵᠦ ᠴᠢᠳᠠᠨ᠎ᠠ᠃
AI ᠡᠴᠡ ᠡᠨ᠋ᠸᠷᠬᠢ ᠣᠯᠭᠣᠭᠰᠠᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠭᠦᠨ ᠳᠠᠪᠬᠤᠷᠭ᠎ᠠ᠎ᠶᠢᠨ ᠠᠴᠢ ᠬᠣᠯᠪᠣᠭᠳᠠᠯ ᠨᠢ 《ᠰᠢᠨᠵᠢᠯᠡᠬᠦ ᠤᠬᠠᠭᠠᠨ᠎ᠤ ᠰᠤᠳᠤᠯᠭᠠᠨ — ᠠᠵᠤ ᠦᠢᠯᠡᠰ》᠎ᠤᠨ ᠬᠣᠭᠣᠷᠣᠨᠳᠣᠬᠢ ᠮᠡᠳᠡᠭᠡ ᠵᠠᠩᠭᠢ ᠳᠠᠮᠵᠢᠭᠤᠯᠬᠤ ᠦᠷ᠎ᠡ ᠪᠦᠲᠦᠮᠵᠢ᠎ᠶᠢ ᠳᠠᠬᠢᠨ ᠲᠡᠭᠡᠭᠰᠢᠯᠡᠬᠦᠯᠬᠦ᠎ᠳᠤ ᠪᠣᠶ᠃ ᠤᠯᠠᠮᠵᠢᠯᠠᠯᠲᠤ ᠵᠠᠭᠪᠤᠷ ᠳᠣᠣᠷ᠎ᠠ ᠲᠤᠷᠰᠢᠯᠲᠠ᠎ᠶᠢᠨ ᠲᠠᠰᠤᠭ᠎ᠲᠦ ᠣᠯᠵᠦ ᠢᠯᠡᠷᠡᠬᠦᠯᠬᠦ᠎ᠠᠴᠠ ᠠᠵᠤ ᠦᠢᠯᠡᠰ᠎ᠦᠨ ᠬᠡᠷᠡᠭᠯᠡᠭᠡᠨ ᠬᠦᠷᠳᠡᠯ᠎ᠡ ᠬᠡᠳᠦᠨ ᠵᠢᠯ ᠴᠢᠨᠠᠭᠰᠢᠯᠠᠪᠠᠯ ᠬᠡᠳᠦᠨ ᠠᠷᠪᠠᠨ ᠵᠢᠯ ᠬᠡᠷᠡᠭᠰᠡᠳᠡᠭ᠃ ᠣᠳᠣᠬᠠᠨ᠎ᠳᠤ ᠣᠶᠤᠨᠲᠤ ᠰᠢᠨᠵᠢᠯᠡᠬᠦ ᠤᠬᠠᠭᠠᠨᠲᠠᠨ᠎ᠤ ᠰᠢᠰᠲᠧᠮ ᠨᠢ ᠠᠦ᠋ᠲ᠋ᠣᠴᠢᠯᠠᠭᠰᠠᠨ ᠲᠤᠷᠰᠢᠯᠲᠠ᠂ ᠲᠣᠭ᠎ᠠ ᠪᠠᠷᠢᠮᠲᠠ᠎ᠪᠠᠷ ᠬᠥᠳᠡᠯᠭᠡᠭᠦᠷ ᠪᠣᠯᠭᠠᠬᠰᠠᠨ ᠵᠢᠱ᠌ᠢᠯᠲᠡ᠎ᠪᠡᠷ ᠪᠤᠢ ᠪᠤᠯᠳᠠᠭ ᠡᠴᠡ ᠡᠨᠡ ᠬᠦ᠌ ᠦᠶᠡᠯᠡᠯ᠎ᠦᠨ ᠬᠤᠭᠤᠴᠠᠭ᠎ᠠ᠎ᠶᠢ ᠬᠡᠳᠦᠨ ᠳᠠᠬᠢᠨ᠎ᠢᠶᠠᠷ ᠪᠠᠭᠠᠰᠬᠠᠵᠤ ᠪᠣᠯᠣᠨ᠎ᠠ᠃ ᠵᠢᠱ᠌ᠢᠶᠡᠯᠡᠪᠡᠯ ᠬᠠᠩᠵᠧᠦ ᠬᠤᠳᠠ ᡁᠢᠵᠢᠶᠠᠩ ᠲᠤᠷᠰᠢᠯᠲᠠ᠎ᠶᠢᠨ ᠲᠠᠰᠤᠭ ᠵᠡᠷᠭᠡ᠎ᠳᠦ ᠲᠦᠰᠢᠭᠯᠡᠨ ᠪᠤᠳᠤᠯᠳᠠ ᠵᠢᠨ ᠬᠦᠴᠦᠨ᠎ᠦ ᠲᠣᠣᠷ ᠰᠦᠯᠵᠢᠶ᠎ᠡ᠎ᠶᠢ ᠪᠠᠢᠭᠤᠯᠵᠤ᠂ ᠳᠤᠮᠳᠠ ᠪᠠᠭ᠎ᠠ ᠠᠵᠤ ᠠᠬᠤᠢᠯᠠᠯ᠎ᠤᠨ ᠬᠡᠷᠡᠭᠴᠡᠭᠡ ᠶᠣᠰᠣᠭᠠᠷ ᠤᠯᠤᠰ᠎ᠤᠨ ᠲᠠᠰ᠎ᠤᠨ ᠬᠡᠲᠦ ᠺᠣᠮᠫᠢᠦ᠋ᠲᠧᠷ᠎ᠦᠨ ᠡᠬᠢ ᠪᠠᠶᠠᠯᠢᠭ᠋᠎ᠢ ᠰᠢᠯᠵᠢᠭᠦᠯᠦᠨ ᠬᠡᠷᠡᠭᠯᠡᠬᠦ᠎ᠶᠢ ᠲᠤᠯᠭᠠᠭᠤᠷᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠠᠵᠤ ᠦᠶ᠋ᠯᠡᠰᠵᠢᠭᠦᠯᠦᠨ ᠬᠤᠪᠢᠷᠠᠭᠤᠯᠬᠤ ᠦᠷ᠎ᠡ ᠪᠦᠲᠦᠮᠵᠢ᠎ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠤᠷᠰᠢᠯᠲᠠ᠎ᠶᠢᠨ ᠲᠠᠰᠤᠭ᠎ᠤᠨ ᠦᠢᠯᠡᠳᠪᠦᠷᠢᠯᠡᠯ᠎ᠦᠨ ᠱᠤᠭᠤᠮ᠎ᠳᠤ ᠬᠦᠷᠬᠦ ᠰᠢᠯᠵᠢᠯᠲᠡ᠎ᠶᠢᠨ ᠴᠠᠭ᠎ᠢ ᠪᠣᠭᠣᠨᠢᠰᠬᠠᠪᠠ᠃ ᠮᠡᠷᠭᠡᠵᠢᠯ᠎ᠦᠨ ᠲᠠᠯ᠎ᠠ ᠪᠡᠷ ᠰᠢᠰᠲᠧᠮᠵᠢᠭᠦᠯᠬᠦ ᠨᠢ ᠮᠥᠨ ᠴᠢᠨᠠᠷ ᠳᠡᠭᠡᠷ᠎ᠡ᠎ᠪᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠠᠭᠤᠰᠤᠯᠴᠠᠯ᠎ᠳᠤ 《ᠲᠣᠭᠠᠴᠢᠯᠠᠭᠰᠠᠨ ᠮᠡᠳᠡᠷᠡᠯ᠎ᠦᠨ ᠰᠢᠰᠲᠧᠮ》 ᠢ ᠤᠭᠰᠠᠷᠠᠵᠤ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠣᠭ᠎ᠠ ᠪᠠᠷᠢᠮᠲᠠ᠂ ᠠᠵᠤ ᠦᠢᠯᠡᠰ᠎ᠦᠨ ᠬᠡᠷᠡᠭᠴᠡᠭᠡ ᠱᠠᠭᠠᠷᠳᠠᠯᠭ᠎ᠠ᠂ ᠪᠤᠳᠤᠯᠳᠠ ᠵᠢᠨ ᠬᠦᠴᠦᠨ᠎ᠦ ᠡᠬᠢ ᠪᠠᠶᠠᠯᠢᠭ᠋ ᠨᠢ ᠠᠳᠠᠯᠢ ᠨᠢᠭᠡ ᠲᠠᠪᠴᠠᠩ ᠳᠡᠭᠡᠷ᠎ᠡ ᠴᠠᠭ ᠲᠤᠬᠠᠢ ᠳ᠋ᠤᠨᠢ ᠰᠢᠯᠵᠢᠵᠦ᠂ ᠭᠦᠨᠵᠡᠭᠡᠢ ᠠᠭᠤᠰᠤᠯᠴᠠᠯ ᠦᠨᠡᠨ ᠬᠦ᠌ ᠪᠣᠳᠠᠲᠠᠢ᠎ᠳᠤ ᠨᠠᠢᠳᠠᠪᠤᠷᠢᠵᠢᠭᠤᠯᠤᠭᠳᠠᠵᠤ ᠴᠢᠳᠠᠨ᠎ᠠ᠃
ᠣᠳᠣᠬᠠᠨ᠎ᠳᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠯᠦᠭᠡ ᠵᠢᠨ ᠠᠭᠤᠰᠤᠯᠴᠡᠯ ᠨᠢ ᠶᠠᠮᠠᠷ ᠨᠢᠭᠡᠨ ᠮᠡᠷᠭᠡᠵᠢᠯ᠎ᠦᠨ ᠳᠠᠩ ᠴᠢᠭᠯᠡᠯ᠎ᠦᠨ ᠰᠢᠪᠲᠤᠯᠤᠯᠲᠠ᠎ᠳᠤ ᠯᠠ ᠬᠢᠵᠠᠭᠠᠷᠯᠠᠭᠳᠠᠬᠤ ᠪᠢᠰᠢ᠂ ᠬᠠᠷᠢᠨ ᠰᠢᠰᠲᠧᠮ᠎ᠲᠠᠢ ᠡᠮᠬᠢᠯᠡᠨ ᠨᠡᠢᠯᠡᠭᠦᠯᠬᠦ ᠴᠢᠳᠠᠪᠤᠷᠢ᠎ᠶᠢᠨ ᠪᠦᠬᠦᠯᠢ ᠴᠣᠭᠴᠠ᠎ᠶᠢᠨ ᠲᠡᠰ ᠲᠡᠪᠰᠢᠯᠳᠡ ᠪᠣᠯᠣᠨ᠎ᠠ᠃ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ ᠴᠢᠨᠠᠭᠰᠢᠯᠠᠪᠠᠯ ᠨᠡᠩ ᠤᠷᠲᠤ ᠬᠤᠭᠤᠴᠠᠭᠠᠨ᠎ᠳᠤ ᠬᠠᠨᠳᠤᠵᠦ᠂ ᠪᠢᠳᠡ ᠡᠷᠬᠡᠪᠰᠢ ᠰᠢᠰᠲᠧᠮ᠎ᠳᠦ ᠰᠡᠳᠬᠢᠬᠦᠢ᠎ᠪᠡᠷ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠦᠬᠦ ᠲᠠᠯ᠎ᠠ᠎ᠶᠢ ᠨᠢᠭᠡᠳᠦᠯᠲᠡᠢ ᠲᠥᠯᠥᠪᠯᠡᠬᠦ᠎ᠶᠢ ᠪᠠᠷᠢᠮᠲᠠᠯᠠᠵᠤ᠂ ᠡᠯ᠎ᠡ ᠲᠦᠷᠦᠯ᠎ᠦᠨ ᠪᠡᠶᠡᠴᠢ ᠴᠣᠭᠴᠠ᠎ᠶᠢᠨ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠳᠤᠯᠢᠭ᠋ ᠬᠦᠴᠦᠨ᠎ᠢ ᠭᠦᠢᠴᠡᠳ ᠬᠥᠭᠵᠢᠭᠡᠵᠦ᠂ ᠤᠯᠤᠰ᠎ᠤᠨ ᠰᠢᠨ᠎ᠡ᠎ᠶᠢ ᠡᠭᠦᠳᠬᠦ ᠰᠢᠰᠲᠧᠮ᠎ᠦᠨ ᠪᠦᠬᠦᠯᠢ ᠴᠣᠭᠴᠠ᠎ᠶᠢᠨ ᠦᠢᠯᠡᠳᠦᠯ ᠴᠢᠳᠠᠪᠤᠷᠢ᠎ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠠᠢᠭᠤᠯᠤᠨ ᠪᠦᠲᠦᠭᠡᠬᠦ᠎ᠳᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠠᠲᠤ ᠪᠡᠬᠢ ᠰᠠᠭᠤᠷᠢ᠎ᠶᠢ ᠲᠠᠯᠪᠢᠬᠤ ᠬᠡᠷᠡᠭᠲᠡᠢ᠃
(ᠵᠣᠬᠢᠶᠠᠭ᠍ᠴᠢ᠄ ᠨᠡᠢᠰᠯᠡᠯ᠎ᠦᠨ ᠠᠵᠤ ᠠᠬᠤᠢ ᠠᠷᠠᠯᠵᠢᠶᠠᠨ᠎ᠤ ᠶᠡᠬᠡ ᠰᠤᠷᠭᠠᠭᠤᠯᠢ᠎ᠶᠢᠨ ᠣᠨᠴᠠ ᠶᠡᠬᠡ ᠬᠤᠳᠠ᠎ᠶᠢᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠰᠤᠳᠤᠯᠭᠠᠨ᠎ᠤ ᠬᠦᠷᠢᠶᠡᠯᠡᠩ᠎ᠦᠨ ᠳᠡᠳ᠋ ᠳᠠᠷᠤᠭ᠎ᠠ᠂ ᠫᠷᠤᠹᠸᠰᠰᠤᠷ)
— 《 ᠭᠤᠸᠠᠩᠮᠢᠩ ᠡᠳᠦᠷ᠎ᠦᠨ ᠰᠤᠨᠢᠨ 》 ᠡᠴᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃