2026-10-19 11:53:36
ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠨ ᠤᠶᠤᠳᠠᠳ ᠪᠣᠯ ᠡᠷᠬᠢᠮ ᠨᠠᠨᠳᠢᠨ ᠴᠢᠳᠠᠪᠤᠷᠢᠲᠠᠨ᠎ᠤ ᠡᠬᠢ ᠪᠠᠶᠠᠯᠢᠭ ᠮᠥᠨ᠂ ᠲᠡᠭᠦᠰᠦᠭ᠌ᠰᠡᠨ ᠤᠶᠤᠳᠠᠳᠲᠤ᠌ ᠠᠵᠢᠯ ᠣᠯᠭᠣᠬᠤ ᠠᠵᠢᠯ᠎ᠢ ᠰᠠᠢᠲᠤᠷ ᠬᠢᠬᠦ᠌ ᠪᠣᠯ ᠠᠷᠠᠳ᠎ᠤᠨ ᠠᠮᠢᠳᠤᠷᠠᠯ᠎ᠢ ᠲᠣᠭᠲᠠᠪᠤᠷᠢᠵᠢᠭᠤᠯᠬᠤ᠂ ᠠᠷᠠᠳ᠎ᠤᠨ ᠰᠡᠳᠬᠢᠯ᠎ᠢ ᠠᠮᠤᠷᠵᠢᠭᠤᠯᠬᠤ ᠰᠠᠭᠤᠷᠢ ᠢᠨᠵᠧᠨᠧᠷᠢᠩ ᠪᠣᠯᠬᠤ᠎ᠪᠠᠷ ᠪᠠᠷᠠᠬᠤ ᠦᠭᠡᠢ ᠪᠠᠰᠠ ᠴᠤ᠌ ᠴᠢᠳᠠᠪᠤᠷᠢᠲᠠᠨ᠎ᠤ ᠰᠠᠢᠨ ᠰᠠᠢᠬᠠᠨ ᠣᠷᠴᠢᠯ᠎ᠢ ᠪᠡᠶᠡᠯᠡᠭᠦᠯᠬᠦ᠌᠎ᠶᠢᠨ ᠵᠠᠩᠭᠢᠯᠠᠭ᠎ᠠ ᠮᠥᠨ᠃ 《ᠠᠵᠢᠯ ᠣᠯᠭᠣᠯᠲᠠ᠎ᠶᠢ ᠤᠷᠢᠳ ᠵᠢᠡᠷ ᠪᠤᠳᠤᠯᠬᠢᠯᠠᠬᠤ ᠪᠠᠢᠯᠳᠤᠬᠤ ᠪᠣᠳᠣᠯᠭ᠎ᠠ᠎ᠶᠢ ᠬᠡᠷᠡᠭ᠌ᠵᠢᠭᠦᠯᠬᠦ᠌ < ᠠᠷᠪᠠᠨ ᠲᠠᠪᠤᠳᠤᠭᠠᠷ ᠲᠠᠪᠤᠨ ᠵᠢᠯ >ᠦᠨ ᠲᠥᠯᠦᠪᠵᠢᠭᠦᠯᠭᠡ》᠎ᠳ᠋ᠤ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠦᠨ ᠪᠥᠬᠥ᠌ ᠬᠡᠯᠬᠢᠶ᠎ᠡ᠎ᠶᠢᠨ ᠠᠵᠢᠯ ᠣᠯᠭᠣᠯᠲᠠ᠎ᠶᠢ ᠳᠡᠮᠵᠢᠬᠦ᠌ ᠰᠢᠰᠲ᠋ᠧᠮ᠎ᠢ ᠪᠦᠷᠢᠨᠰᠢᠭᠦᠯᠵᠦ᠍᠂ ᠰᠤᠷᠭᠠᠨ ᠬᠥᠮᠦᠵᠢᠯ᠎ᠦᠨ ᠬᠠᠩᠭᠠᠯᠭ᠎ᠠ ᠬᠢᠭᠡᠳ ᠴᠢᠳᠠᠪᠤᠷᠢᠲᠠᠨ᠎ᠤ ᠬᠡᠷᠡᠭ᠌ᠴᠡᠭᠡ ᠱᠠᠭᠠᠷᠳᠠᠯᠭ᠎ᠠ᠎ᠶᠢ ᠵᠣᠬᠢᠴᠠᠭᠤᠯᠬᠤ ᠬᠡᠮᠵᠢᠶ᠎ᠡ᠎ᠶᠢ ᠳᠡᠭᠡᠭ᠌ᠰᠢᠯᠡᠭᠦᠯᠵᠦ᠍᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠦᠨ ᠭᠦᠢᠴᠡᠳ ᠠᠵᠢᠯ ᠣᠯᠭᠤᠯᠳᠠ᠎ᠶᠢ ᠪᠥᠬᠥ᠌ ᠬᠦᠴᠦᠨ᠎ᠢᠶᠡᠷ᠎ᠢᠶᠡᠨ ᠠᠬᠢᠭᠤᠯᠬᠤ ᠬᠡᠷᠡᠭ᠌ᠲᠡᠢ ᠬᠡᠵᠥ ᠵᠢᠭᠠᠵᠥ ᠭᠠᠷᠭᠠᠪᠠ᠃ ᠥᠪᠥᠷ ᠮᠣᠩᠭᠣᠯ ᠨᠢ ᠤᠯᠤᠰ᠎ᠤᠨ ᠡᠨᠧᠷᠭᠢ᠎ᠶᠢᠨ ᠪᠠᠢᠯᠳᠤᠬᠤ ᠪᠣᠳᠣᠯᠭ᠎ᠠ᠎ᠶᠢᠨ ᠰᠠᠭᠤᠷᠢᠨ ᠪᠣᠯᠤᠭᠰᠠᠨ᠎ᠤ ᠬᠤᠪᠢ᠎ᠳᠤ᠂ ᠡᠨᠧᠷᠭᠢ᠎ᠶᠢᠨ ᠠᠵᠤ ᠦᠢᠯᠡᠰ᠎ᠦᠨ ᠪᠣᠬᠢᠷᠲᠤᠯ ᠦᠭᠡᠢ ᠳᠡᠢᠰᠢ ᠬᠡᠯᠪᠡᠷᠢ᠎ᠪᠠᠨ ᠬᠤᠪᠢᠷᠠᠭᠤᠯᠬᠤ᠂ ᠬᠢᠯᠢ ᠵᠢᠨ ᠪᠣᠭᠣᠮᠲᠠ᠎ᠶᠢᠨ ᠠᠵᠤ ᠠᠬᠤᠢ᠎ᠶᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠂ ᠬᠥᠳᠡᠭᠡ ᠲᠣᠰᠬᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠵᠢ ᠪᠦᠬᠦ ᠬᠦᠴᠦᠨ ᠵᠢᠡᠷ ᠵᠢᠡᠨ ᠠᠬᠢᠭᠤᠯᠬᠤ᠂ ᠡᠳ᠋᠎ᠦᠨ ᠵᠠᠰᠠᠭ ᠠᠵᠤ ᠠᠬᠤᠢ᠎ᠶᠢᠨ ᠴᠢᠳᠠᠪᠤᠷᠢᠲᠠᠨ᠎ᠤ ᠳᠤᠲᠠᠭᠤᠳᠠᠯ ᠦᠷᠭᠦᠯᠵᠢᠯᠡᠨ ᠥᠷᠭᠡᠳᠴᠤ ᠪᠠᠢᠨ᠎ᠠ᠃ ᠡᠳ᠋᠎ᠦᠨ ᠵᠠᠰᠠᠭ ᠠᠵᠤ ᠠᠬᠤᠢ᠎ᠶᠢᠨ ᠲᠥᠷᠥᠯ᠎ᠦᠨ ᠲᠤᠰᠬᠠᠢ ᠮᠡᠷᠭᠡᠵᠢᠯ ᠪᠣᠯ ᠮᠠᠨ᠎ᠤ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ ᠲᠣᠰ ᠭᠠᠵᠠᠷ ᠣᠷᠣᠨ᠎ᠤ ᠬᠡᠷᠡᠭ᠌ᠯᠡᠭᠡᠨ᠎ᠦ ᠬᠡᠯᠪᠡᠷᠢ᠎ᠶᠢᠨ ᠠᠵᠤ ᠠᠬᠤᠢ᠎ᠶᠢᠨ ᠬᠠᠮᠢᠶᠠᠷᠤᠯᠲᠠ᠎ᠶᠢᠨ ᠴᠢᠳᠠᠪᠤᠷᠢᠲᠠᠨ᠎ᠢ ᠬᠥᠮᠥᠵᠢᠭᠦᠯᠬᠦ᠌ ᠭᠣᠣᠯᠯᠠᠬᠤ ᠲᠤᠰᠬᠠᠢ ᠮᠡᠷᠭᠡᠵᠢᠯ ᠪᠣᠯᠣᠨ᠎ᠠ᠂ ᠣᠳᠣᠬᠠᠨ᠎ᠳᠤ ᠣᠷᠣᠨ᠎ᠤ ᠳᠣᠲᠣᠷᠠᠬᠢ ᠶᠡᠬᠡ ᠳᠡᠭᠡᠳᠦ ᠰᠤᠷᠭᠠᠭᠤᠯᠢ᠎ᠶᠢᠨ ᠡᠳ᠋᠎ᠦᠨ ᠵᠠᠰᠠᠭ ᠠᠵᠤ ᠠᠬᠤᠢ᠎ᠶᠢᠨ ᠴᠢᠳᠠᠪᠤᠷᠢᠲᠠᠨ᠎ᠢ ᠬᠥᠮᠥᠵᠢᠭᠦᠯᠬᠦ᠌ ᠰᠢᠰᠲ᠋ᠧᠮ᠎ᠳᠦ ᠮᠥᠨ ᠬᠦ᠌ ᠪᠦᠲᠦᠴᠡ᠎ᠶᠢᠨ ᠴᠢᠨᠠᠷᠲᠠᠢ ᠳᠤᠲᠠᠭᠤᠳᠠᠯ ᠤᠷᠤᠰᠢᠵᠥ᠂ ᠴᠢᠳᠠᠪᠤᠷᠢᠲᠠᠨ᠎ᠢ ᠬᠥᠮᠥᠵᠢᠭᠦᠯᠬᠦ᠌ ᠵᠠᠭᠪᠤᠷ ᠬᠢᠭᠡᠳ ᠣᠷᠣᠨ ᠪᠦᠰᠡ᠎ᠶᠢᠨ ᠠᠵᠤ ᠦᠢᠯᠡᠰ᠎ᠦᠨ ᠬᠥᠭ᠌ᠵᠢᠯᠲᠡ᠎ᠶᠢᠨ ᠵᠣᠬᠢᠴᠠᠬᠤ ᠴᠢᠨᠠᠷ᠎ᠢᠶᠠᠷ ᠳᠤᠲᠠᠮᠠᠭ᠂ ᠰᠤᠷᠤᠬᠴᠢ᠎ᠶᠢᠨ ᠠᠵᠢᠯ᠎ᠤᠨ ᠪᠠᠢᠷᠢ᠎ᠶᠢᠨ ᠪᠣᠳᠠᠲᠤ᠌ ᠪᠣᠯᠪᠠᠰᠤᠷᠠᠯ᠎ᠤᠨ ᠴᠢᠳᠠᠪᠤᠷᠢ ᠪᠠᠭᠤᠷᠠᠢ᠂ ᠴᠢᠳᠠᠪᠤᠷᠢᠲᠠᠨ᠎ᠤ ᠬᠠᠩᠭᠠᠯᠭ᠎ᠠ ᠬᠡᠷᠡᠭ᠌ᠴᠡᠭᠡ᠎ᠶᠢᠨ ᠵᠣᠬᠢᠴᠠᠯ᠎ᠤᠨ ᠬᠡᠮᠵᠢᠶ᠎ᠡ ᠳᠣᠣᠷ᠎ᠠ ᠵᠡᠷᠭᠡ ᠠᠰᠠᠭᠤᠳᠠᠯ ᠢᠯᠡᠳᠳᠡ ᠪᠠᠢᠨ᠎ᠠ᠃
ᠲᠣᠰ ᠤᠳᠠᠭᠠᠨ᠎ᠤ ᠰᠤᠳᠤᠯᠭᠠᠨ ᠨᠢ ᠥᠪᠥᠷ ᠮᠣᠩᠭᠣᠯ᠎ᠤᠨ ᠣᠷᠣᠨ ᠪᠦᠰᠡ᠎ᠶᠢᠨ ᠬᠥᠭ᠌ᠵᠢᠯᠲᠡ᠎ᠶᠢᠨ ᠣᠨᠴᠠᠯᠢᠭᠲᠤ᠌ ᠰᠠᠭᠤᠷᠢᠯᠠᠨ᠂ ᠡᠳ᠋᠎ᠦᠨ ᠵᠠᠰᠠᠭ ᠠᠵᠤ ᠠᠬᠤᠢ᠎ᠶᠢᠨ ᠲᠤᠰᠬᠠᠢ ᠮᠡᠷᠭᠡᠵᠢᠯ᠎ᠦᠨ ᠰᠤᠷᠤᠬᠴᠢᠳ ᠤ᠋ᠨ ᠠᠵᠢᠯ ᠣᠯᠬᠤ ᠴᠢᠳᠠᠪᠤᠷᠢ᠎ᠶᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠪᠠᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠤᠷᠤᠬᠴᠢᠳ ᠤ᠋ᠨ ᠠᠵᠢᠯ ᠣᠯᠬᠤ ᠴᠢᠳᠠᠪᠤᠷᠢ᠎ᠶᠢᠨ ᠪᠣᠢ᠌ᠵᠢᠯᠲᠠ᠎ᠶᠢᠨ ᠪᠡᠷᠬᠡ ᠴᠡᠭ᠎ᠢ ᠰᠢᠰᠲ᠋ᠧᠮ᠎ᠲᠠᠢ ᠡᠮᠬᠢᠯᠡᠨ ᠳᠢᠭ᠌ᠯᠡᠵᠦ᠍᠂ ᠣᠷᠣᠨ ᠨᠤᠲᠤᠭᠴᠢᠯᠠᠭᠰᠠᠨ ᠬᠡᠷᠡᠭ᠌ᠯᠡᠭᠡᠨ᠎ᠦ ᠬᠡᠯᠪᠡᠷᠢ᠎ᠶᠢᠨ ᠴᠢᠳᠠᠪᠤᠷᠢᠲᠠᠨ᠎ᠢ ᠬᠥᠮᠥᠵᠢᠭᠦᠯᠬᠦ᠌ ᠰᠢᠰᠲ᠋ᠧᠮ᠎ᠢ ᠪᠠᠢᠭᠤᠯᠤᠨ᠂ ᠡᠳ᠋᠎ᠦᠨ ᠵᠠᠰᠠᠭ ᠠᠵᠤ ᠠᠬᠤᠢ᠎ᠶᠢᠨ ᠲᠥᠷᠥᠯ᠎ᠦᠨ ᠲᠤᠰᠬᠠᠢ ᠮᠡᠷᠭᠡᠵᠢᠯ ᠡᠴᠡ ᠲᠡᠭᠦᠰᠦᠭ᠌ᠰᠡᠳ᠎ᠦᠨ ᠠᠵᠢᠯ ᠣᠯᠬᠤ ᠴᠢᠳᠠᠪᠤᠷᠢ᠎ᠶᠢᠨ ᠳᠡᠭᠡᠭ᠌ᠰᠢᠯᠡᠯᠲᠡ᠎ᠶᠢ ᠠᠬᠢᠭᠤᠯᠵᠤ᠂ ᠴᠢᠨᠠᠷ ᠰᠠᠢᠲᠠᠢ ᠪᠥᠭᠡᠳ ᠭᠦᠢᠴᠡᠳ ᠠᠵᠢᠯ ᠣᠯᠭᠤᠯᠳᠠ᠎ᠶᠢ ᠪᠡᠶᠡᠯᠡᠭᠦᠯᠬᠦ᠌᠎ᠳᠦ ᠪᠦᠲᠦᠮᠵᠢᠲᠡᠶ ᠯᠠᠪᠯᠠᠯᠲᠠ ᠬᠠᠩᠭᠠᠬᠤ ᠪᠣᠯᠣᠨ᠎ᠠ᠃
ᠨᠢᠭᠡ᠂ ᠡᠳ᠋᠎ᠦᠨ ᠵᠠᠰᠠᠭ ᠠᠵᠤ ᠠᠬᠤᠢ᠎ᠶᠢᠨ ᠲᠤᠰᠬᠠᠢ ᠮᠡᠷᠭᠡᠵᠢᠯ᠎ᠦᠨ ᠰᠣᠷᠣᠬᠴᠢᠳ ᠤ᠋ᠨ ᠠᠵᠢᠯ ᠣᠯᠬᠤ ᠴᠢᠳᠠᠪᠤᠷᠢ᠎ᠶᠢ ᠲᠡᠭᠡᠭᠰᠢᠯᠡᠬᠦᠯᠬᠦ ᠪᠤᠳᠠᠳᠠᠢ ᠬᠦᠴᠢᠷᠳᠡᠯ
(ᠨᠢᠭᠡ) ᠴᠢᠳᠠᠪᠤᠷᠢᠲᠠᠨ᠎ᠢ ᠬᠥᠮᠥᠵᠢᠭᠦᠯᠬᠦ᠌ ᠵᠠᠭᠪᠤᠷ ᠤ᠋ᠨ ᠴᠢᠨᠠᠷ ᠢᠵᠢᠯᠢᠰᠢᠵᠥ᠂ ᠦᠢᠯᠡᠳᠪᠦᠷᠢᠯᠡᠯ ᠵᠢᠭᠠᠨ ᠰᠤᠷᠭᠠᠯᠳᠠ ᠵᠢᠨ ᠠᠭᠤᠰᠤᠯᠴᠠᠯ᠎ᠤᠨ ᠵᠣᠬᠢᠴᠠᠯᠳᠤ ᠴᠢᠨᠠᠷ ᠵᠢᠡᠷ ᠳᠤᠲᠠᠮᠠᠭ ᠪᠠᠢᠨ᠎ᠠ᠃ ᠣᠷᠣᠨ᠎ᠤ ᠳᠣᠲᠣᠷᠠᠬᠢ ᠬᠡᠰᠡᠭ ᠶᠡᠬᠡ ᠳᠡᠭᠡᠳᠦ ᠰᠤᠷᠭᠠᠭᠤᠯᠢ᠎ᠶᠢᠨ ᠡᠳ᠋᠎ᠦᠨ ᠵᠠᠰᠠᠭ ᠠᠵᠤ ᠠᠬᠤᠢ᠎ᠶᠢᠨ ᠲᠤᠰᠬᠠᠢ ᠮᠡᠷᠭᠡᠵᠢᠯ᠎ᠳᠦ ᠮᠥᠨ ᠬᠦ᠌ ᠨᠡᠢᠳᠡᠮ ᠬᠡᠷᠡᠭ᠌ᠯᠡᠬᠦ᠌ ᠵᠢᠭᠠᠨ ᠰᠤᠷᠭᠠᠯᠲᠠ᠎ᠶᠢᠨ ᠰᠢᠰᠲ᠋ᠧᠮ ᠢ᠋ ᠬᠡᠷᠡᠭ᠌ᠯᠡᠵᠦ᠍᠂ ᠣᠨᠣᠯ᠎ᠤᠨ ᠵᠢᠭᠠᠨ ᠰᠤᠷᠭᠠᠯᠲᠠ᠎ᠶᠢ ᠭᠣᠣᠯᠳᠠᠭᠤᠯᠤᠨ᠂ ᠣᠷᠣᠨ ᠨᠤᠲᠤᠭᠴᠢᠯᠠᠭᠰᠠᠨ ᠤᠨᠴᠠᠯᠢᠬᠳᠤ ᠬᠢᠴᠢᠶᠡᠯ᠎ᠦᠨ ᠬᠠᠩᠭᠠᠯᠭ᠎ᠠ ᠬᠦᠷᠦᠯᠴᠡᠬᠦ᠌ ᠦᠭᠡᠢ ᠪᠠᠢᠨ᠎ᠠ᠃ ᠦᠢᠯᠡᠳᠦᠯᠭᠡ᠎ᠶᠢᠨ ᠵᠢᠭᠠᠨ ᠰᠤᠷᠭᠠᠯᠲᠠ᠎ᠳᠤ ᠲᠣᠲᠠᠭᠳᠠᠯ ᠣᠷᠣᠰᠢᠵᠤ᠂ ᠰᠤᠷᠭᠠᠭᠤᠯᠢ᠎ᠶᠢᠨ ᠳᠣᠲᠣᠭᠠᠳᠤ᠎ᠵᠢᠨ ᠪᠣᠳᠠᠲᠠᠢ ᠪᠣᠯᠪᠠᠰᠤᠷᠠᠯ᠎ᠳᠤ ᠦᠨᠡᠨ ᠪᠣᠳᠠᠲᠠᠢ ᠲᠤᠬᠠᠢᠯᠠᠭᠰᠠᠨ ᠠᠵᠢᠯ᠎ᠤᠨ ᠲᠠᠯᠠᠪᠤᠷ᠎ᠤᠨ ᠪᠣᠯᠪᠠᠰᠤᠷᠠᠯ ᠳᠤᠲᠠᠭᠳᠠᠵᠤ ᠪᠤᠢ᠃ ᠰᠤᠷᠭᠠᠭᠤᠯᠢ ᠵᠢᠨ ᠭᠠᠳᠠᠨ᠎ᠠ᠂ ᠰᠤᠷᠭᠠᠭᠤᠯᠢ ᠪᠠ ᠠᠵᠤ ᠠᠬᠤᠢᠯᠠᠯ᠎ᠤᠨ ᠬᠠᠮᠲᠤᠷᠠᠯᠴᠠᠭ᠎ᠠ ᠨᠢ ᠣᠯᠠᠩᠬᠢ᠎ᠳᠠᠭᠠᠨ ᠦᠵᠡᠭᠦᠯᠦᠯᠭᠡ᠎ᠶᠢᠨ ᠲᠠᠯ᠎ᠠ᠎ᠳᠤ ᠵᠣᠭᠰᠣᠩᠭᠢᠷᠠᠵᠤ᠂ ᠠᠵᠢᠯ᠎ᠤᠨ ᠪᠠᠢᠷᠢ ᠣᠷᠣᠯᠠᠨ ᠪᠣᠳᠠᠲᠠᠢ ᠪᠣᠯᠪᠠᠰᠤᠷᠠᠯ ᠬᠢᠬᠦ᠌᠂ ᠲᠥᠷᠥᠯ ᠵᠦᠢᠯ᠎ᠢ ᠬᠠᠮᠲᠤ᠎ᠪᠠᠷ ᠪᠠᠢ᠌ᠭᠤᠯᠬᠤ ᠵᠡᠷᠭᠡ ᠭᠦᠨ ᠭᠦᠨᠵᠡᠭᠡᠢ ᠬᠥᠮᠥᠨ᠎ᠢ ᠬᠥᠮᠥᠵᠢᠭᠦᠯᠬᠦ᠌ ᠲᠣᠭᠲᠠᠴᠠ ᠬᠠᠷᠠᠬᠠᠨ ᠲᠡᠭᠦᠯᠳᠡᠷᠵᠢᠭᠡᠳᠦᠢ᠂ ᠰᠤᠷᠤᠬᠴᠢᠳ ᠤ᠋ᠨ ᠪᠣᠳᠠᠲᠤ᠌ ᠠᠵᠢᠯ᠎ᠤᠨ ᠲᠤᠷᠰᠢᠯᠭ᠎ᠠ ᠬᠦᠷᠦᠯᠴᠡᠬᠦ᠌ ᠦᠭᠡᠢ᠎ᠡᠴᠡ ᠪᠣᠯᠵᠤ᠂ ᠲᠤᠰᠬᠠᠢ ᠮᠡᠷᠭᠡᠵᠢᠯ᠎ᠦᠨ ᠴᠢᠳᠠᠪᠤᠷᠢ ᠪᠠ ᠠᠵᠤ ᠠᠬᠤᠢᠯᠠᠯ᠎ᠤᠨ ᠠᠵᠢᠯ᠎ᠤᠨ ᠪᠠᠢᠷᠢ᠎ᠶᠢᠨ ᠲᠣᠬᠢᠷᠠᠭᠤᠯᠤᠯᠲᠠ᠎ᠶᠢᠨ ᠬᠡᠮᠵᠢᠶ᠎ᠡ ᠥᠨᠳᠥᠷ ᠪᠢᠰᠢ ᠪᠠᠢᠨ᠎ᠠ ᠃
(ᠬᠣᠶᠠᠷ) ᠠᠵᠢᠯ ᠮᠡᠷᠭᠡᠵᠢᠯ᠎ᠦᠨ ᠠᠵᠢᠯ ᠣᠯᠭᠣᠯᠲᠠ᠎ᠶᠢᠨ ᠲᠤᠬᠠᠢ ᠲᠠᠨᠢᠯᠲᠠ ᠵᠥᠷᠢᠶ᠎ᠡ᠎ᠲᠠᠢ ᠪᠠᠢᠵᠤ᠂ ᠬᠠᠩᠭᠠᠯᠭ᠎ᠠ ᠬᠡᠷᠡᠭ᠌ᠴᠡᠭᠡ᠎ᠶᠢ ᠵᠣᠯᠭᠠᠭᠤᠯᠬᠤ ᠦᠢᠯᠡᠴᠢᠯᠡᠭᠡᠨ᠎ᠦ ᠴᠢᠳᠠᠪᠬᠢ ᠬᠦᠷᠦᠯᠴᠡᠬᠦ᠌ ᠦᠭᠡᠢ ᠪᠠᠢᠨ᠎ᠠ᠃ ᠬᠡᠰᠡᠭ ᠡᠳ᠋᠎ᠦᠨ ᠵᠠᠰᠠᠭ ᠠᠵᠤ ᠠᠬᠤᠢ᠎ᠶᠢᠨ ᠲᠤᠰᠬᠠᠢ ᠮᠡᠷᠭᠡᠵᠢᠯ᠎ᠦᠨ ᠰᠤᠷᠤᠭᠴᠢᠳ ᠤ᠋ᠨ ᠠᠵᠢᠯ ᠮᠡᠷᠭᠡᠵᠢᠯ᠎ᠦᠨ ᠲᠥᠯᠦᠪᠵᠢᠭᠦᠯᠭᠡ᠎ᠶᠢᠨ ᠤᠬᠠᠮᠰᠠᠷ ᠳᠣᠣᠷ᠎ᠠ᠂ ᠠᠵᠢᠯ ᠰᠣᠩᠭᠣᠬᠤ ᠬᠠᠷᠠᠭ᠎ᠠ ᠨᠢ ᠬᠢᠵᠠᠭᠠᠷ᠎ᠲᠠᠢ ᠪᠠᠢᠵᠤ᠂ ᠠᠯᠪᠠᠨ ᠪᠠᠢᠭᠤᠯᠭ᠎ᠠ ᠠᠵᠢᠯ ᠦᠢᠯᠡᠰ᠎ᠦᠨ ᠨᠢᠭᠡᠴᠢ᠂ ᠲᠣᠮᠣ ᠬᠡᠯᠪᠡᠷᠢ᠎ᠶᠢᠨ ᠤᠯᠤᠰ᠎ᠤᠨ ᠥᠮᠴᠢᠯᠡᠯ᠎ᠦᠨ ᠠᠵᠤ ᠠᠬᠤᠢᠯᠠᠯ ᠵᠡᠷᠭᠡ ᠬᠠᠯᠠᠮᠰᠢᠯ ᠠᠵᠢᠯ᠎ᠤᠨ ᠪᠠᠢᠷᠢ ᠳᠡᠭᠡᠷ᠎ᠡ ᠬᠡᠲᠦᠷᠬᠡᠢ ᠣᠪᠣᠭᠠᠷᠠᠵᠤ᠂ ᠣᠷᠣᠨ ᠪᠦᠰᠡ᠎ᠶᠢᠨ ᠠᠵᠤ ᠠᠬᠤᠢ᠂ ᠬᠢᠯᠢ ᠵᠢᠨ ᠪᠣᠭᠣᠮᠲᠠ᠎ᠶᠢᠨ ᠠᠵᠤ ᠠᠬᠤᠢ ᠠᠷᠠᠯᠵᠢᠶ᠎ᠠ᠂ ᠦᠨᠳᠦᠰᠦᠨ ᠱᠠᠲᠤᠨ᠎ᠤ ᠡᠳ᠋᠎ᠦᠨ ᠵᠠᠰᠠᠭ ᠠᠵᠤ ᠠᠬᠤᠢ᠎ᠶᠢᠨ ᠦᠢᠯᠡᠴᠢᠯᠡᠭᠡ ᠵᠡᠷᠭᠡ ᠠᠵᠢᠯ ᠣᠯᠭᠣᠯᠲᠠ᠎ᠶᠢᠨ ᠵᠠᠮ ᠮᠥᠷ᠎ᠤᠨ ᠲᠤᠬᠠᠢ ᠲᠠᠨᠢᠯᠲᠠ ᠳᠤᠲᠠᠮᠠᠭ ᠪᠠᠢᠵᠤ᠂ ᠠᠵᠢᠯ ᠰᠣᠩᠭᠣᠬᠤ ᠬᠦᠰᠡᠯ ᠡᠷᠡᠮᠡᠯᠵᠡᠯ ᠴᠢᠩᠭ᠎ᠠ ᠪᠢᠰᠢ ᠪᠠᠢᠨ᠎ᠠ᠃ ᠡᠭᠦᠨ᠎ᠦ ᠬᠠᠮᠲᠤ᠌ ᠶᠡᠬᠡ ᠳᠡᠭᠡᠳᠦ ᠰᠤᠷᠭᠠᠭᠤᠯᠢ᠎ᠶᠢᠨ ᠠᠵᠢᠯ ᠣᠯᠭᠣᠯᠲᠠ᠎ᠶᠢᠨ ᠵᠢᠯᠣᠭᠣᠳᠤᠯᠭ᠎ᠠ᠎ᠶᠢᠨ ᠠᠵᠢᠯ᠎ᠤᠨ ᠣᠯᠠᠩᠬᠢ ᠨᠢ ᠨᠡᠢᠳᠡᠮ ᠬᠡᠷᠡᠭ᠌ᠯᠡᠬᠦ᠌ ᠴᠢᠨᠠᠷᠲᠠᠢ ᠠᠵᠢᠯ ᠡᠷᠢᠬᠦ᠌ ᠵᠢᠯᠣᠭᠣᠳᠤᠯᠭ᠎ᠠ ᠪᠣᠯᠵᠤ᠂ ᠡᠳ᠋᠎ᠦᠨ ᠵᠠᠰᠠᠭ ᠠᠵᠤ ᠠᠬᠤᠢ᠎ᠶᠢᠨ ᠲᠤᠰᠬᠠᠢ ᠮᠡᠷᠭᠡᠵᠢᠯ᠎ᠦᠨ ᠣᠨᠴᠠᠯᠢᠭᠲᠤ᠌ ᠨᠡᠢᠴᠡᠭ᠌ᠰᠡᠨ᠂ ᠪᠥᠬᠥ᠌ ᠣᠷᠣᠨ᠎ᠤ ᠠᠵᠤ ᠦᠢᠯᠡᠰ᠎ᠦᠨ ᠪᠠᠢᠷᠢᠰᠢᠯ᠎ᠳᠤ ᠲᠣᠬᠢᠷᠠᠭᠰᠠᠨ ᠠᠵᠢᠯ ᠣᠯᠭᠣᠯᠲᠠ᠎ᠶᠢᠨ ᠨᠠᠷᠢᠯᠢᠬᠵᠢᠭᠤᠯᠤᠬᠰᠠᠨ ᠵᠢᠯᠣᠭᠣᠳᠤᠯᠭ᠎ᠠ᠎ᠶᠢᠨ ᠦᠢᠯᠡᠴᠢᠯᠡᠭᠡ᠎ᠪᠡᠷ ᠳᠤᠲᠠᠮᠠᠭ ᠪᠠᠢᠨ᠎ᠠ᠃
ᠬᠣᠶᠠᠷ᠂ ᠡᠳ᠋᠎ᠦᠨ ᠵᠠᠰᠠᠭ ᠠᠵᠤ ᠠᠬᠤᠢ᠎ᠶᠢᠨ ᠲᠤᠰᠬᠠᠢ ᠮᠡᠷᠭᠡᠵᠢᠯ᠎ᠦᠨ ᠰᠤᠷᠤᠬᠴᠢᠳ ᠤ᠋ᠨ ᠠᠵᠢᠯ ᠣᠯᠬᠤ ᠴᠢᠳᠠᠪᠤᠷᠢ᠎ᠶᠢ ᠳᠡᠭᠡᠭ᠌ᠰᠢᠯᠡᠭᠦᠯᠬᠦ ᠠᠷᠭ᠎ᠠ ᠵᠠᠮ
(ᠨᠢᠭᠡ) ᠠᠵᠤ ᠦᠢᠯᠡᠰ᠎ᠦᠨ ᠪᠠᠢᠷᠢ ᠲᠣᠭᠲᠠᠭᠠᠯᠲᠠ᠎ᠳᠤ ᠰᠠᠭᠤᠷᠢᠯᠠᠨ᠂ ᠤᠨᠴᠠᠯᠢᠬᠳᠤ ᠬᠢᠴᠢᠶᠡᠯ᠎ᠦᠨ ᠰᠢᠰᠲ᠋ᠧᠮ ᠢ᠋ ᠪᠠᠢᠭᠤᠯᠤᠨ᠎ᠠ᠃ ᠥᠪᠥᠷ ᠮᠣᠩᠭᠣᠯ᠎ᠤᠨ ᠭᠣᠣᠯᠯᠠᠬᠤ ᠬᠥᠭ᠌ᠵᠢᠯᠲᠡ᠎ᠶᠢᠨ ᠪᠠᠢᠯᠳᠤᠬᠤ ᠪᠣᠳᠣᠯᠭ᠎ᠠ᠎ᠲᠠᠢ ᠨᠢᠬᠳᠠ ᠤᠶᠠᠯᠳᠤᠭᠤᠯᠤᠨ᠂ ᠬᠢᠴᠢᠶᠡᠯ᠎ᠦᠨ ᠪᠦᠲᠦᠴᠡ᠎ᠶᠢ ᠰᠢᠯᠢᠳᠡᠭ᠌ᠵᠢᠭᠦᠯᠦᠨᠡ᠃ 《ᠰᠠᠭᠤᠷᠢ᠎ᠶᠢ ᠪᠠᠲᠤᠳᠬᠠᠬᠤ᠂ ᠤᠷᠤᠨ ᠨᠤᠳᠤᠭ᠎ᠲᠠᠢ᠎ᠪᠠᠨ ᠨᠡᠢᠴᠡᠭᠦᠯᠬᠦ᠌᠂ ᠠᠵᠤ ᠦᠢᠯᠡᠰ᠎ᠲᠠᠢ ᠵᠣᠯᠭᠠᠭᠤᠯᠬᠤ》 ᠵᠠᠷᠴᠢᠮ᠎ᠢ ᠪᠠᠷᠢᠮᠲᠠᠯᠠᠨ᠂ ᠣᠷᠣᠨ ᠨᠤᠲᠤᠭ᠎ᠤᠨ ᠡᠳ᠋᠎ᠦᠨ ᠵᠠᠰᠠᠭ ᠭᠠᠢᠯᠢ᠎ᠶᠢᠨ ᠶᠠᠪᠤᠳᠠᠯ᠂ ᠬᠢᠯᠢ᠎ᠶᠢᠨ ᠠᠷᠠᠯᠵᠢᠶ᠎ᠠ᠎ᠶᠢᠨ ᠳ᠋ᠦᠩᠨᠡᠨ ᠪᠤᠳᠤᠬᠤ᠂ ᠨᠤᠲᠤᠭ ᠪᠡᠯᠴᠢᠭᠡᠷ᠎ᠦᠨ ᠨᠡᠭᠦᠷᠡᠰᠦᠲᠦ᠋ᠷᠥᠭ᠌ᠴᠢᠶᠢ ᠬᠤᠷᠠᠮᠳᠤᠭᠤᠯᠬᠤ ᠠᠷᠠᠯᠵᠢᠶ᠎ᠠ ᠵᠡᠷᠭᠡ ᠤᠨᠴᠠᠯᠢᠬᠳᠤ ᠬᠢᠴᠢᠶᠡᠯ᠎ᠢ ᠨᠡᠮᠡᠵᠦ᠍ ᠲᠣᠬᠢᠷᠠᠭᠤᠯᠤᠨ᠎ᠠ᠃ ᠲᠥᠷᠥ᠎ᠶᠢᠨ ᠪᠣᠳᠣᠯᠭ᠎ᠠ᠎ᠶᠢᠨ ᠳᠠᠪᠬᠤᠴᠠᠯ ᠬᠢᠭᠡᠳ ᠠᠵᠤ ᠦᠢᠯᠡᠰ᠎ᠦᠨ ᠲᠠᠰ ᠳᠠᠪᠰᠢᠵᠤ ᠰᠢᠨᠡᠳᠬᠡᠭ᠌ᠰᠡᠨ ᠵᠢᠭᠠᠨ ᠰᠤᠷᠭᠠᠯᠲᠠ᠎ᠶᠢᠨ ᠬᠡᠷᠡᠭ᠎ᠦᠨ ᠵᠢᠱ᠌ᠢᠶ᠎ᠡ᠎ᠶᠢ ᠰᠠᠯᠤᠯ ᠦᠭᠡᠢ ᠳᠠᠭᠠᠵᠤ᠂ ᠣᠨᠣᠯ ᠬᠢᠭᠡᠳ ᠪᠣᠳᠠᠲᠠᠢ ᠬᠢᠴᠢᠶᠡᠯ᠎ᠦᠨ ᠴᠠᠭ᠎ᠤᠨ ᠲᠣᠬᠢᠷᠠᠭᠤᠯᠤᠯᠲᠠ᠎ᠶᠢᠨ ᠬᠠᠷᠢᠴᠠᠯ᠎ᠢ ᠰᠢᠯᠢᠳᠡᠭ᠌ᠵᠢᠭᠦᠯᠦᠨ᠂ ᠠᠵᠢᠯ᠎ᠤᠨ ᠪᠠᠢᠷᠢ᠎ᠶᠢᠨ ᠭᠣᠣᠯᠯᠠᠬᠤ ᠮᠡᠷᠭᠡᠵᠢᠯ ᠴᠢᠳᠠᠪᠤᠷᠢ᠎ᠶᠢᠨ ᠲᠣᠭᠣᠷᠢᠨ᠎ᠳᠤ ᠵᠢᠭᠠᠨ ᠰᠤᠷᠭᠠᠯᠲᠠ ᠥᠷᠨᠢᠭᠦᠯᠵᠦ᠍᠂ ᠴᠢᠳᠠᠪᠤᠷᠢᠲᠠᠨ᠎ᠢ ᠬᠥᠮᠥᠵᠢᠭᠦᠯᠬᠦ᠌ ᠬᠢᠭᠡᠳ ᠠᠵᠤ ᠦᠢᠯᠡᠰ᠎ᠦᠨ ᠬᠡᠷᠡᠭ᠌ᠴᠡᠭᠡ ᠱᠠᠭᠠᠷᠳᠠᠯᠭ᠎ᠠ ᠰᠠᠯᠤᠩᠬᠢᠷᠠᠭᠰᠠᠨ ᠠᠰᠠᠭᠤᠳᠠᠯ᠎ᠢ ᠡᠬᠢ ᠡᠭᠦᠰᠦᠯ᠎ᠡᠴᠡ ᠨᠢ ᠰᠢ᠌ᠳᠪᠦᠷᠢᠯᠡᠨᠡ᠃
(ᠬᠣᠶᠠᠷ) ᠠᠵᠤ ᠦᠢᠯᠡᠰ ᠪᠠ ᠵᠢᠭᠠᠨ ᠰᠤᠷᠭᠠᠯᠲᠠ᠎ᠶᠢᠨ ᠠᠭᠤᠰᠤᠯᠴᠠᠯ᠎ᠢ ᠭᠦᠨᠵᠡᠭᠡᠢᠷᠡᠭᠦᠯᠵᠦ᠍᠂ ᠪᠤᠳᠠᠳᠤ ᠠᠵᠢᠯ ᠵᠢᠡᠷ ᠬᠥᠮᠥᠨ ᠬᠥᠮᠥᠵᠢᠭᠦᠯᠬᠦ᠌ ᠲᠠᠪᠴᠠᠩ᠎ᠢ ᠪᠠᠢᠭᠤᠯᠤᠨ᠎ᠠ᠃ ᠰᠤᠷᠭᠠᠭᠤᠯᠢ ᠠᠵᠤ ᠠᠬᠤᠢᠯᠠᠯ ᠬᠠᠮᠵᠢᠯᠴᠠᠨ ᠬᠥᠮᠥᠨ ᠬᠥᠮᠥᠵᠢᠭᠦᠯᠬᠦ᠌ ᠲᠣᠭᠲᠠᠴᠠ᠎ᠶᠢ ᠲᠡᠭᠦᠯᠳᠡᠷᠵᠢᠭᠦᠯᠵᠦ᠍᠂ ᠣᠷᠣᠨ᠎ᠤ ᠳᠣᠲᠣᠷᠠᠬᠢ ᠮᠥᠩᠭᠥᠨ ᠭᠦᠢᠯᠭᠡᠭᠡᠨ᠎ᠦ ᠪᠠᠢᠭᠤᠯᠤᠮᠵᠢ᠂ ᠬᠢᠯᠢ ᠵᠢᠨ ᠪᠣᠭᠣᠮᠲᠠ᠎ᠶᠢᠨ ᠬᠦᠷᠢᠶᠡᠯᠡᠩ ᠲᠣᠭᠣᠷᠢᠭ ᠪᠠ ᠴᠢᠨᠠᠷ ᠰᠠᠢᠲᠠᠢ ᠠᠵᠤ ᠠᠬᠤᠢᠯᠠᠯ᠎ᠲᠠᠢ ᠵᠣᠯᠭᠠᠭᠤᠯᠤᠨ᠂ ᠳᠠᠳᠤᠯᠭ᠎ᠠ ᠪᠣᠯᠪᠠᠰᠤᠷᠠᠯ᠎ᠤᠨ ᠰᠠᠭᠤᠷᠢᠨ᠎ᠢ ᠬᠠᠮᠲᠤ ᠪᠠᠷ ᠪᠠᠢᠭᠤᠯᠵᠤ᠂ 《ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠂ ᠰᠤᠷᠭᠠᠭᠤᠯᠢ᠎ᠶᠢᠨ ᠳᠣᠲᠣᠭᠠᠳᠤ᠎ᠶᠢᠨ ᠳᠠᠳᠤᠯᠭ᠎ᠠ ᠪᠣᠯᠪᠠᠰᠤᠷᠠᠯ᠂ ᠠᠵᠤ ᠠᠬᠤᠢᠯᠠᠯ᠎ᠦᠨ ᠠᠵᠢᠯ᠎ᠦᠨ ᠪᠠᠢᠷᠢ᠎ᠳᠦ ᠪᠤᠯᠪᠠᠰᠤᠷᠠᠬᠤ᠂ ᠠᠵᠢᠯ ᠣᠯᠭᠣᠯᠲᠠ᠎ᠶᠢ ᠵᠣᠯᠭᠠᠭᠤᠯᠬᠤ》 ᠳᠥᠷᠪᠡ᠎ᠶᠢ ᠨᠢᠭᠡ ᠴᠣᠭᠴᠠᠵᠢᠭᠤᠯᠤᠨ ᠪᠣᠢᠵᠢᠭᠤᠯᠬᠤ ᠵᠠᠭᠪᠤᠷ᠎ᠢ ᠪᠣᠶ ᠪᠣᠯᠭᠠᠨ᠎ᠠ ᠃ ᠰᠤᠷᠭᠠᠭᠤᠯᠢ᠎ᠶᠢᠨ ᠳᠣᠲᠣᠭᠠᠳᠤ᠎ᠶᠢᠨ ᠪᠣᠳᠠᠲᠠᠢ ᠪᠣᠯᠪᠠᠰᠤᠷᠠᠯ ᠨᠢ ᠲᠣᠰ ᠭᠠᠵᠠᠷ ᠣᠷᠣᠨ᠎ᠤ᠎ᠪᠠᠨ ᠣᠨᠴᠠᠯᠢᠭ᠎ᠲᠠᠢ ᠡᠳ᠋᠎ᠦᠨ ᠵᠠᠰᠠᠭ ᠠᠵᠤ ᠠᠬᠤᠢ᠎ᠶᠢᠨ ᠲᠤᠬᠠᠢᠯᠠᠭᠰᠠᠨ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠤᠷᠭᠠᠭᠤᠯᠢ᠎ᠶᠢᠨ ᠭᠠᠳᠠᠨ᠎ᠠ ᠠᠵᠢᠯ᠎ᠤᠨ ᠪᠠᠢᠷᠢ᠎ᠶᠢ ᠣᠷᠣᠯᠠᠨ ᠳᠠᠳᠤᠯᠭ᠎ᠠ ᠬᠢᠬᠦ᠌ ᠬᠠᠮᠢᠶᠠᠷᠤᠯᠲᠠ᠎ᠶᠢ ᠵᠢᠷᠤᠮᠵᠢᠭᠤᠯᠤᠨ᠂ ᠰᠤᠷᠤᠬᠴᠢᠳ᠎ᠤᠨ ᠠᠵᠤ ᠠᠬᠤᠢᠯᠠᠯ᠎ᠤᠨ ᠭᠣᠣᠯᠯᠠᠬᠤ ᠡᠳ᠋᠎ᠦᠨ ᠶᠠᠪᠤᠳᠠᠯ᠎ᠤᠨ ᠠᠵᠢᠯ᠎ᠳᠤ ᠭᠦᠨᠵᠡᠭᠡᠢ ᠣᠷᠣᠯᠴᠠᠬᠤ᠎ᠶᠢ ᠠᠬᠢᠭᠤᠯᠤᠨ᠎ᠠ᠃ ᠠᠵᠢᠯ ᠲᠥᠷᠥᠯ᠎ᠦᠨ ᠰᠣᠳᠤᠴᠤᠳᠢ ᠤᠷᠢᠵᠤ ᠰᠤᠷᠭᠠᠭᠤᠯᠢ᠎ᠶᠢᠨ ᠭᠠᠳᠠᠨᠠᠬᠢ ᠵᠢᠯᠤᠭᠤᠳᠤᠬᠴᠢ ᠪᠠᠬᠰᠢ ᠪᠣᠯᠭᠠᠵᠤ᠂ ᠰᠤᠷᠤᠬᠴᠢᠳ᠎ᠤᠨ ᠪᠣᠳᠠᠲᠤ᠌ ᠠᠵᠢᠯ᠎ᠦᠨ ᠴᠢᠳᠠᠪᠤᠷᠢ᠎ᠶᠢ ᠲᠡᠭᠡᠭᠰᠢᠯᠡᠬᠦᠯᠦᠨ᠎ᠡ᠃
(ᠭᠤᠷᠪᠠ) ᠠᠵᠢᠯ ᠮᠡᠷᠭᠡᠵᠢᠯ᠎ᠦᠨ ᠥᠷᠲᠡᠭ᠎ᠢᠶᠡᠷ ᠬᠥᠲᠥᠯᠥᠨ ᠳᠠᠭᠠᠭᠤᠯᠬᠤ᠎ᠶᠢ ᠴᠢᠩᠭᠠᠳᠬᠠᠵᠤ᠂ ᠰᠢᠨᠵᠢᠯᠡᠬᠦ᠌ ᠤᠬᠠᠭᠠᠨᠴᠢ᠎ᠪᠠᠷ ᠠᠵᠢᠯ ᠰᠣᠩᠭᠣᠬᠤ ᠦᠵᠡᠯᠲᠡ᠎ᠶᠢ ᠬᠥᠮᠥᠵᠢᠭᠦᠯᠦᠨ᠎ᠡ᠃ᠮᠡᠷᠭᠡᠵᠢᠯ ᠴᠢᠳᠠᠪᠤᠷᠢ᠎ᠶᠢ ᠪᠣᠢᠵᠢᠭᠤᠯᠬᠤ ᠪᠠ ᠥᠷᠲᠡᠭ᠎ᠢᠶᠡᠷ ᠬᠥᠲᠥᠯᠥᠨ ᠳᠠᠭᠠᠭᠤᠯᠬᠤ᠎ᠶᠢ ᠵᠡᠷᠭᠡ᠎ᠪᠡᠷ ᠴᠢᠬᠤᠯᠠᠴᠢᠯᠠᠬᠤ᠎ᠶᠢ ᠪᠠᠷᠢᠮᠲᠠᠯᠠᠵᠤ᠂ ᠮᠡᠷᠭᠡᠵᠢᠯ ᠴᠢᠳᠠᠪᠤᠷᠢ᠎ᠶᠢᠨ ᠤᠷᠤᠯᠳᠤᠭᠠᠨ᠂ ᠳᠠᠳᠤᠯᠭ᠎ᠠ ᠪᠣᠯᠪᠠᠰᠤᠷᠠᠯ ᠵᠡᠷᠭᠡ ᠠᠵᠢᠯᠯᠠᠭ᠎ᠠ᠎ᠳᠤ ᠲᠦᠰᠢᠭ᠌ᠯᠡᠨ᠂ ᠰᠤᠷᠤᠬᠴᠢᠳ᠎ᠤᠨ ᠭᠣᠣᠯᠯᠠᠬᠤ ᠠᠵᠢᠯ᠎ᠤᠨ ᠲᠠᠯᠠᠪᠤᠷ᠎ᠤᠨ ᠴᠢᠳᠠᠪᠤᠷᠢ᠎ᠶᠢ ᠬᠥᠮᠥᠵᠢᠭᠦᠯᠵᠦ᠍᠂ ᠵᠦᠷᠢᠶᠡᠴᠢᠯᠡᠭ᠌ᠰᠡᠨ ᠠᠵᠢᠯ ᠣᠯᠭᠣᠯᠲᠠ᠎ᠶᠢᠨ ᠳᠠᠪᠠᠭᠤᠯᠢᠭ᠎ᠢ ᠪᠣᠶ ᠪᠣᠯᠭᠠᠨ᠎ᠠ᠃ ᠠᠵᠤ ᠦᠢᠯᠡᠰ᠎ᠦᠨ ᠤᠬᠠᠭᠤᠯᠤᠨ ᠲᠠᠢᠯᠪᠤᠷᠢᠯᠠᠬᠤ᠂ ᠠᠵᠤ ᠠᠬᠤᠢᠯᠠᠯ᠎ᠤᠨ ᠰᠤᠳᠤᠯᠤᠨ ᠰᠤᠷᠤᠯᠴᠠᠬᠤ᠂ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ ᠬᠢᠬᠦ᠌ ᠵᠡᠷᠭᠡ ᠠᠵᠢᠯᠯᠠᠭ᠎ᠠ᠎ᠶᠢ ᠪᠠᠢᠩᠭᠤ ᠥᠷᠨᠢᠭᠦᠯᠵᠦ᠍᠂ ᠰᠤᠷᠤᠬᠴᠢᠳᠢ ᠬᠥᠲᠥᠯᠥᠨ ᠵᠢᠯᠤᠭᠣᠳᠴᠤ᠌ ᠪᠠᠢᠭᠠᠳ ᠣᠷᠣᠨ ᠪᠦᠰᠡ᠎ᠶᠢᠨ ᠠᠵᠤ ᠦᠢᠯᠡᠰ᠎ᠦᠨ ᠳᠠᠯᠳᠠ ᠬᠦᠴᠦᠨ ᠬᠢᠭᠡᠳ ᠦᠨᠳᠦᠰᠦᠨ ᠱᠠᠲᠤᠨ᠎ᠤ ᠠᠵᠢᠯ᠎ᠤᠨ ᠪᠠᠢᠷᠢ᠎ᠶᠢᠨ ᠦᠨ᠎ᠡ ᠥᠷᠲᠡᠭ᠎ᠢ ᠲᠣᠳᠣᠷᠬᠠᠢ ᠲᠠᠨᠢᠭᠤᠯᠤᠨ᠎ᠠ᠃ ᠠᠵᠢᠯ ᠮᠡᠷᠭᠡᠵᠢᠯ᠎ᠦᠨ ᠲᠥᠯᠦᠪᠵᠢᠭᠦᠯᠭᠡ᠎ᠪᠡᠷ ᠬᠥᠲᠥᠯᠥᠨ ᠵᠢᠯᠤᠭᠣᠳᠬᠤ᠎ᠶᠢ ᠴᠢᠩᠭᠠᠳᠬᠠᠵᠤ᠂ ᠥᠷᠥᠭᠡᠰᠦᠭᠡᠯ᠎ᠢᠶᠡᠷ ᠠᠵᠢᠯ ᠰᠣᠩᠭᠣᠬᠤ ᠦᠵᠡᠯᠲᠡ᠎ᠶᠢ ᠵᠠᠯᠠᠷᠠᠭᠤᠯᠤᠨ᠂ ᠬᠢᠯᠢ ᠬᠢᠵᠠᠭᠠᠷ ᠤᠷᠤᠨ᠎ᠳᠦ ᠦᠨᠳᠦᠰᠦᠯᠡᠵᠦ᠍᠂ ᠨᠤᠲᠤᠭ ᠤᠰᠤᠨ᠎ᠳᠠᠭᠠᠨ ᠦᠢᠯᠡᠴᠢᠯᠡᠬᠦ᠌ ᠬᠠᠢᠷ᠎ᠠ ᠰᠡᠳᠬᠢᠯᠭᠡ᠎ᠶᠢ ᠵᠤᠵᠠᠭᠠᠳᠬᠠᠨ᠎ᠠ᠃
(ᠳᠥᠷᠪᠡ) ᠠᠵᠢᠯ ᠣᠯᠭᠣᠯᠲᠠ᠎ᠶᠢᠨ ᠦᠢᠯᠡᠴᠢᠯᠡᠭᠡ᠎ᠶᠢ ᠰᠢᠯᠢᠳᠡᠭ᠌ᠵᠢᠭᠦᠯᠦᠨᠡ᠃ ᠡᠳ᠋᠎ᠦᠨ ᠵᠠᠰᠠᠭ ᠠᠵᠤ ᠠᠬᠤᠢ᠎ᠶᠢᠨ ᠲᠤᠰᠬᠠᠢ ᠮᠡᠷᠭᠡᠵᠢᠯ᠎ᠦᠨ ᠣᠨᠴᠠᠯᠢᠭ ᠬᠢᠭᠡᠳ ᠣᠷᠣᠨ᠎ᠤ ᠳᠣᠲᠣᠷᠠᠬᠢ ᠠᠵᠢᠯ ᠣᠯᠭᠣᠯᠲᠠ᠎ᠶᠢᠨ ᠵᠠᠬ᠎ᠠ ᠳᠡᠯᠭᠡᠭᠦᠷ᠎ᠲᠠᠢ ᠤᠶᠠᠯᠳᠤᠭᠤᠯᠤᠨ᠂ ᠨᠠᠷᠢᠯᠢᠬᠵᠢᠭᠤᠯᠤᠭᠰᠠᠨ ᠣᠷᠣᠨ ᠨᠤᠲᠤᠭᠴᠢᠯᠠᠭᠰᠠᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠰᠢᠰᠲ᠋ᠧᠮ ᠢ᠋ ᠪᠠᠢᠭᠤᠯᠤᠨ᠎ᠠ᠃ ᠠᠵᠢᠯ ᠣᠯᠭᠣᠯᠲᠠ᠎ᠶᠢᠨ ᠵᠢᠯᠤᠭᠣᠳᠬᠤ ᠡᠩᠨᠡᠭᠡ᠎ᠶᠢ ᠵᠣᠬᠢᠶᠠᠨ ᠪᠠᠢᠭᠤᠯᠵᠤ᠂ ᠡᠯ᠎ᠡ ᠠᠢᠮᠠᠭ ᠬᠣᠲᠠ᠎ᠶᠢᠨ ᠡᠳ᠋᠎ᠦᠨ ᠵᠠᠰᠠᠭ ᠠᠵᠤ ᠠᠬᠤᠢ᠎ᠶᠢᠨ ᠠᠵᠢᠯ᠎ᠤᠨ ᠪᠠᠢᠷᠢ᠂ ᠠᠵᠢᠯ ᠲᠥᠷᠥᠯ᠎ᠦᠨ ᠬᠥᠳᠡᠯᠦᠩᠭᠦᠢ ᠪᠠᠢᠳᠠᠯ ᠵᠢᠴᠢ ᠲᠡᠳᠬᠦᠬᠦ᠌ ᠲᠥᠷᠥ᠎ᠶᠢᠨ ᠪᠣᠳᠣᠯᠭ᠎ᠠ᠎ᠶᠢ ᠡᠮᠬᠢᠯᠡᠨ ᠳᠢᠭ᠌ᠯᠡᠵᠦ᠍᠂ ᠬᠥᠳᠡᠯᠦᠩᠭᠦᠢ ᠠᠵᠢᠯ᠎ᠤᠨ ᠪᠠᠢᠷᠢ᠎ᠶᠢᠨ ᠮᠡᠳᠡᠭᠡ ᠵᠠᠩᠭᠢ᠎ᠶᠢᠨ ᠬᠥᠮᠥᠷᠭᠡ᠎ᠶᠢ ᠪᠠᠢᠭᠤᠯᠤᠨ᠎ᠠ᠃ ᠱᠠᠲᠤ᠌ ᠬᠤᠪᠢᠶᠠᠨ ᠲᠥᠷᠥᠯ ᠬᠤᠪᠢᠶᠠᠨ ᠵᠢᠯᠤᠭᠣᠳᠬᠤ᠎ᠶᠢ ᠬᠡᠷᠡᠭ᠌ᠵᠢᠭᠦᠯᠵᠦ᠍᠂ ᠳᠣᠣᠷ᠎ᠠ ᠣᠨ᠎ᠳᠤ ᠠᠵᠢᠯ ᠮᠡᠷᠭᠡᠵᠢᠯ᠎ᠦᠨ ᠲᠤᠬᠠᠢ ᠮᠡᠳᠡᠯᠭᠡ ᠤᠢᠯᠠᠭᠠᠯᠳᠠ ᠲᠠᠢ ᠪᠤᠯᠭᠠᠵᠦ᠂ ᠲᠡᠭᠦᠰᠬᠦ᠌ ᠠᠩᠭᠢ᠎ᠳᠤ ᠲᠣᠪᠴᠢ ᠨᠠᠮᠲᠠᠷ᠂ ᠨᠢᠭᠤᠷᠲᠠᠨ ᠰᠢᠯᠭᠠᠯᠲᠠ᠂ ᠠᠵᠢᠯ᠎ᠤᠨ ᠪᠠᠢᠷᠢ᠎ᠶᠢᠨ ᠢᠵᠢ ᠪᠦᠷᠢᠳᠦᠭᠦᠯᠬᠦ᠌ ᠲᠤᠰᠬᠠᠢ ᠵᠦᠢᠯ᠎ᠦᠨ ᠬᠠᠪᠰᠤᠷᠤᠨ ᠵᠢᠯᠣᠭᠣᠳᠤᠯᠭ᠎ᠠ᠎ᠶᠢ ᠬᠠᠩᠭᠠᠨ᠎ᠠ᠃ ᠲᠤᠰᠬᠠᠢ ᠲᠠᠯᠠᠪᠤᠷ᠎ᠲᠤ᠌ ᠤᠷᠢᠵᠤ ᠡᠯᠰᠡᠬᠦ᠌ ᠪᠠ ᠠᠵᠤ ᠠᠬᠤᠢᠯᠠᠯ᠎ᠤᠨ ᠤᠬᠠᠭᠤᠯᠤᠨ ᠲᠠᠢᠯᠪᠤᠷᠢᠯᠠᠬᠤ᠎ᠶᠢ ᠪᠠᠢᠩᠭᠤᠵᠢᠭᠤᠯᠤᠨ ᠥᠷᠨᠢᠭᠦᠯᠵᠦ᠍᠂ ᠰᠤᠷᠭᠠᠭᠤᠯᠢ ᠪᠠ ᠠᠵᠤ ᠠᠬᠤᠢᠯᠠᠯ᠎ᠢ ᠵᠣᠯᠭᠠᠭᠤᠯᠬᠤ ᠵᠠᠮ᠎ᠢ ᠨᠠᠪᠲᠠᠷᠡᠭᠦᠯᠵᠦ᠍᠂ ᠲᠡᠭᠦᠰᠬᠦ᠌ ᠰᠤᠷᠤᠬᠴᠢᠳ ᠤ᠋ᠨ ᠠᠵᠢᠯ ᠣᠯᠬᠤ ᠮᠥᠷᠳᠡᠯᠲᠡ᠎ᠶᠢᠨ ᠦᠢᠯᠡᠴᠢᠯᠡᠭᠡ᠎ᠶᠢ ᠲᠡᠭᠦᠯᠳᠡᠷᠵᠢᠭᠦᠯᠦᠨ᠎ᠡ᠃
ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠦᠨ ᠴᠢᠨᠠᠷ ᠰᠠᠢᠲᠠᠢ ᠪᠥᠭᠡᠳ ᠭᠦᠢᠴᠡᠳ ᠠᠵᠢᠯ ᠣᠯᠭᠣᠯᠲᠠ᠎ᠶᠢ ᠠᠬᠢᠭᠤᠯᠬᠤ ᠪᠣᠯ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠠᠵᠢᠯ ᠣᠯᠭᠣᠯᠲᠠ᠎ᠶᠢ ᠤᠷᠢᠳ ᠵᠢᠡᠷ ᠪᠤᠳᠤᠯᠬᠢᠯᠠᠬᠤ ᠪᠠᠢᠯᠳᠤᠬᠤ ᠪᠣᠳᠣᠯᠭ᠎ᠠ᠎ᠶᠢ ᠨᠠᠢ᠌ᠳᠠᠪᠤᠷᠢᠵᠢᠭᠤᠯᠵᠤ᠂ ᠣᠷᠣᠨ ᠨᠤᠲᠤᠭ᠎ᠤᠨ ᠴᠢᠨᠠᠷ ᠰᠠᠢᠲᠠᠢ ᠬᠥᠭ᠌ᠵᠢᠯᠲᠡ᠎ᠳᠦ ᠦᠢᠯᠡᠴᠢᠯᠡᠬᠦ᠌ ᠴᠢᠬᠤᠯᠠ ᠠᠷᠭ᠎ᠠ ᠬᠡᠮᠵᠢᠶ᠎ᠡ ᠮᠥᠨ᠃ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠶᠢᠨ ᠡᠳ᠋᠎ᠦᠨ ᠵᠠᠰᠠᠭ ᠠᠵᠤ ᠠᠬᠤᠢ᠎ᠶᠢᠨ ᠴᠢᠳᠠᠪᠤᠷᠢᠲᠠᠨ᠎ᠢ ᠬᠥᠮᠥᠵᠢᠭᠦᠯᠬᠦ᠌᠎ᠳᠦ ᠣᠷᠣᠨ ᠪᠦᠰᠡ᠎ᠶᠢᠨ ᠠᠵᠤ ᠦᠢᠯᠡᠰ᠎ᠦᠨ ᠣᠨᠴᠠᠯᠢᠭ ᠪᠠ ᠵᠠᠬ᠎ᠠ ᠳᠡᠯᠭᠡᠭᠦᠷ᠎ᠦᠨ ᠠᠵᠢᠯ ᠣᠯᠭᠣᠯᠲᠠ᠎ᠶᠢᠨ ᠬᠡᠷᠡᠭ᠌ᠴᠡᠭᠡ ᠱᠠᠭᠠᠷᠳᠠᠯᠭ᠎ᠠ᠎ᠲᠠᠢ ᠨᠢᠬᠲᠠ ᠤᠶᠠᠯᠳᠤᠭᠤᠯᠤᠨ᠂ ᠰᠤᠷᠤᠭᠴᠢᠳ ᠤ᠋ᠨ ᠠᠵᠢᠯ ᠣᠯᠬᠤ ᠥᠷᠢᠰᠦᠯᠳᠦᠬᠦ᠌ ᠬᠦᠴᠦᠨ᠎ᠢ ᠴᠢᠩᠭᠠᠷᠠᠭᠤᠯᠵᠤ᠂ ᠨᠢᠭᠡ ᠪᠦᠯᠦᠭ ᠣᠷᠣᠨ ᠨᠤᠲᠤᠭ᠎ᠤᠨ ᠲᠥᠷᠥ᠎ᠶᠢᠨ ᠪᠣᠳᠣᠯᠭ᠎ᠠ᠎ᠶᠢ ᠰᠠᠢᠳᠤᠷ ᠣᠢᠯᠠᠭᠠᠳᠠᠭ᠂ ᠣᠷᠣᠨ ᠪᠦᠰᠡ᠎ᠶᠢᠨ ᠠᠵᠤ ᠦᠢᠯᠡᠰ᠎ᠲᠦ᠍ ᠴᠠᠭᠠᠷᠠᠭᠰᠠᠨ᠂ ᠪᠣᠳᠠᠲᠤ᠌ ᠪᠣᠯᠪᠠᠰᠤᠷᠠᠯ᠎ᠳᠤ ᠴᠢᠳᠠᠮᠠᠭᠠᠢ᠂ ᠥᠨᠳᠥᠷ ᠬᠡᠪ ᠴᠢᠨᠠᠷ ᠪᠦᠬᠦᠢ ᠬᠡᠷᠡᠭ᠌ᠯᠡᠭᠡᠨ᠎ᠦ ᠬᠡᠯᠪᠡᠷᠢ᠎ᠶᠢᠨ ᠡᠳ᠋᠎ᠦᠨ ᠵᠠᠰᠠᠭ ᠠᠵᠤ ᠠᠬᠤᠢ᠎ᠶᠢᠨ ᠴᠢᠳᠠᠪᠤᠷᠢᠲᠠᠨ᠎ᠢ ᠬᠥᠮᠥᠵᠢᠭᠦᠯᠵᠦ᠍᠂ ᠲᠡᠭᠦᠰᠬᠦ᠌ ᠰᠣᠷᠣᠭᠴᠢᠳ ᠤ᠋ᠨ ᠴᠢᠨᠠᠷ ᠰᠠᠢᠲᠠᠢ ᠭᠦᠢᠴᠡᠳ ᠠᠵᠢᠯ ᠣᠯᠭᠣᠯᠲᠠ ᠬᠢᠭᠡᠳ ᠣᠷᠣᠨ ᠪᠦᠰᠡ᠎ᠶᠢᠨ ᠠᠵᠤ ᠠᠬᠤᠢ᠎ᠶᠢᠨ ᠬᠥᠭ᠌ᠵᠢᠯᠲᠡ᠎ᠶᠢᠨ ᠬᠣᠣᠰ ᠴᠢᠭ᠌ᠯᠡᠯ᠎ᠢᠶᠡᠷ ᠬᠥᠭ᠌ᠵᠢᠬᠦ᠌ ᠴᠢᠳᠠᠪᠤᠷᠢ᠎ᠶᠢ ᠪᠡᠶᠡᠯᠡᠬᠦᠯᠦᠨ᠎ᠡ᠃
[ᠲᠣᠰ ᠦᠬᠦᠯᠡᠯ ᠪᠣᠯ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ᠎ᠶᠢᠨ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ》 ᠲᠤᠰᠬᠠᠢ ᠰᠡᠳᠦᠪ᠎ᠦᠨ 《ᠡᠳ᠋᠎ᠦᠨ ᠵᠠᠰᠠᠭ ᠠᠵᠤ ᠠᠬᠤᠢ᠎ᠶᠢᠨ ᠲᠥᠷᠥᠯ᠎ᠦᠨ ᠲᠤᠰᠬᠠᠢ ᠮᠡᠷᠭᠡᠵᠢᠯ᠎ᠦᠨ ᠠᠵᠢᠯ ᠣᠯᠭᠣᠬᠤ ᠴᠢᠳᠠᠪᠤᠷᠢ᠎ᠶᠢᠨ ᠳᠡᠭᠡᠭ᠌ᠰᠢᠯᠡᠯᠲᠡ᠎ᠳᠦ ᠣᠷᠣᠰᠢᠵᠤ ᠪᠠᠢᠭ᠎ᠠ ᠠᠰᠠᠭᠤᠳᠠᠯ ᠬᠢᠭᠡᠳ ᠠᠷᠭᠠᠴᠠᠭᠠᠬᠤ ᠠᠷᠭ᠎ᠠ ᠪᠣᠳᠣᠯᠭ᠎ᠠ᠎ᠶᠢᠨ ᠰᠤᠳᠤᠯᠤᠯ》 (ᠲᠥᠰᠦᠯ᠎ᠤ᠋ᠨ ᠳ᠋ᠤᠭᠠᠷ᠄ NCXDZX028)᠎ᠦᠨ ᠦᠷ᠎ᠡ ᠪᠦᠳᠦᠬᠡᠯ ᠪᠤᠯᠤᠨ᠎ᠠ]
(ᠵᠤᠬᠢᠶᠠᠬᠴᠢ᠎ᠶᠢᠨ ᠬᠠᠶᠢᠭ᠄ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃