ᠲᠡᠷᠢᠭᠦᠨ ᠨᠢᠭᠤᠷ>ᠣᠨᠣᠯ ᠱᠢᠭᠦᠮᠵᠢ>ᠰᠢᠭᠦᠮᠵᠢ

2026-10-19 16:01:25

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠡᠨᠡ ᠵᠢᠯ᠎ᠦᠨ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ ᠪᠠ ᠤᠯᠤᠰ᠎ᠤᠨ ᠪᠠᠶᠠᠷ᠎ᠤᠨ ᠠᠮᠠᠷᠠᠯᠲᠠ᠎ᠶᠢᠨ ᠬᠤᠭᠤᠴᠠᠭᠠᠨ᠎ᠳᠤ ᠤᠯᠤᠰ᠎ᠤᠨ ᠳᠣᠲᠣᠭᠠᠳᠤ᠎ᠳᠦ ᠵᠢᠭᠣᠯᠴᠢᠯᠠᠬᠰᠠᠳ᠎ᠦᠨ ᠬᠡᠪᠴᠢᠶ᠎ᠡ ᠦᠷᠭᠦᠯᠵᠢᠯᠡᠨ ᠳᠡᠭᠡᠭᠰᠢᠯᠡᠵᠦ᠂ ᠣᠷᠳᠣ ᠱᠣᠭᠣᠮ ᠵᠢᠡᠷ ᠵᠢᠭᠣᠯᠴᠢᠯᠠᠬᠣ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠪᠡᠶᠡᠴᠢᠯᠡᠨ ᠣᠢᠯᠠᠭᠠᠬᠤ ᠬᠠᠯᠠᠮᠰᠢᠯ᠎ᠲᠡᠭᠡᠭᠰᠢᠯᠡᠪᠡ᠃ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠎ᠤ ᠪᠦᠷᠢᠳᠬᠡᠭᠰᠡᠨ᠎ᠢᠶᠡᠷ᠂ ᠤᠯᠤᠰ᠎ᠤᠨ ᠪᠠᠶᠠᠷ᠎ᠤᠨ ᠠᠮᠠᠷᠠᠯᠲᠠ᠎ᠶᠢᠨ ᠬᠤᠭᠤᠴᠠᠭᠠᠨ᠎ᠳᠤ ᠪᠦᠬᠦ ᠨᠡᠢᠭᠡᠮ᠎ᠦᠨ ᠣᠷᠣᠨ ᠪᠦᠰᠡ ᠠᠯᠤᠰᠯᠠᠨ ᠵᠢᠭᠤᠯᠴᠢᠯᠠᠬᠰᠠᠨ ᠬᠥᠮᠥᠨ ᠤᠳᠠᠭ᠎ᠠ᠎ᠶᠢᠨ ᠲᠣᠭ᠎ᠠ 21.42 ᠳ᠋ᠦᠩᠰᠢᠭᠤᠷ ᠬᠥᠮᠥᠨ ᠤᠳᠠᠭ᠎ᠠ᠎ᠳᠤ ᠬᠦᠷᠴᠦ᠂ 2025 ᠣᠨ᠎ᠤ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠂ ᠤᠯᠤᠰ᠎ᠤᠨ ᠪᠠᠶᠠᠷ᠎ᠤᠨ ᠠᠮᠠᠷᠠᠯᠲᠠ᠎ᠶᠢᠨ ᠬᠤᠭᠤᠴᠠᠭᠠᠨ᠎ᠤ ᠡᠳᠦᠷ ᠳᠤᠮᠳᠠᠴᠢ᠎ᠶᠢᠨ ᠲᠦᠪᠰᠢᠨ ᠡᠴᠡ 0.6% ᠵᠢᠡᠷ ᠨᠡᠮᠡᠭᠳᠡᠪᠡ᠃

ᠦᠨᠡᠯᠡᠯᠳᠡ᠄ ᠵᠢᠭᠣᠯᠴᠢᠯᠠᠯ᠎ᠬᠦᠭᠵᠢᠶᠡᠨᠳᠡᠢ ᠪᠠᠢᠬᠤ ᠪᠠᠢᠳᠠᠯ ᠳᠣᠣᠷ᠎ᠠ ᠤᠯᠠᠨ ᠨᠡᠶ᠋ᠢᠲᠡ᠎ᠶᠢᠨ ᠵᠢᠭᠣᠯᠴᠢᠯᠠᠯ ᠨᠢ ᠰᠡᠬᠦᠳᠡᠷ ᠲᠠᠳᠠᠵᠦ ᠲᠣᠷᠠᠰᠬᠠᠯ ᠦᠯᠡᠳᠡᠭᠡᠵᠦ ᠲᠣᠭᠣᠷᠢᠨ ᠵᠣᠭᠠᠴᠠᠬᠣ ᠪᠡᠷ ᠵᠣᠬᠰᠣᠬᠣ ᠪᠢᠰᠢ ᠪᠣᠯᠵᠦ᠂  ᠰᠣᠶᠣᠯ᠎ᠤᠨ ᠪᠡᠶᠡᠴᠢ ᠣᠢᠯᠠᠭᠠᠯᠲᠠ᠎ᠶᠢ ᠨᠡᠩ ᠴᠢᠬᠤᠯᠠᠴᠢᠯᠠᠬᠤ ᠪᠣᠯᠵᠠᠢ᠃ ᠰᠣᠶᠣᠯ ᠵᠢᠭᠤᠯᠴᠢᠯᠠᠯ᠎ᠤᠨ ᠬᠠᠩᠭᠠᠯᠭ᠎ᠠ ᠨᠢ ᠮᠦᠨ ᠡᠨᠡ᠎ᠬᠦ ᠬᠣᠪᠢᠷᠠᠯᠳᠠ᠎ᠳᠦ ᠵᠣᠬᠢᠴᠠᠬᠣ ᠬᠡᠷᠡᠭᠲᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面