ᠲᠡᠷᠢᠭᠦᠨ ᠨᠢᠭᠤᠷ>ᠣᠨᠣᠯ ᠱᠢᠭᠦᠮᠵᠢ>ᠰᠢᠭᠦᠮᠵᠢ

2026-10-19 16:01:46

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠪᠥᠬᠥ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ 10 ᠰᠠᠷ᠎ᠠ᠎ᠶᠢᠨ 8᠎ᠦ ᠡᠳᠦᠷ ᠬᠣᠶᠠᠳᠤᠭᠠᠷ ᠪᠦᠯᠦᠭ᠎ᠦᠨ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢᠨ ᠬᠦᠷᠢᠶᠡᠨ᠎ᠳᠡᠬᠢ ᠵᠠᠭᠤᠷᠠᠯᠳᠤᠭᠠᠨ᠎ᠢ ᠣᠯᠠᠨ ᠡᠰᠢᠴᠢᠯᠡᠨ ᠰᠢᠢᠳᠪᠦᠷᠢᠯᠡᠭᠰᠡᠨ ᠨᠡᠢᠲᠡᠯᠢᠭ ᠬᠡᠷᠡᠭ᠎ᠢ  ᠨᠡᠢᠲᠡᠯᠡᠪᠠ᠃ ᠡᠬᠦᠨ᠎ᠳᠦ ᠠᠷᠪᠠᠨ ᠬᠡᠷᠡᠭ ᠨᠢ ᠠᠵᠤ ᠠᠬᠤᠢᠯᠠᠯ᠎ᠤᠨ ᠲᠠᠩᠰᠠᠨ᠎ᠳᠠᠬᠢ ᠵᠣᠭᠣᠰ᠎ᠢ ᠥᠷᠢᠲᠦᠵᠦ ᠪᠠᠢᠭ᠎ᠠ ᠡᠨᠡ ᠬᠦ᠌ ᠵᠠᠬ᠎ᠠ ᠳᠡᠯᠭᠡᠭᠦᠷ᠎ᠦᠨ ᠠᠷᠬᠠᠭ ᠬᠡᠮ᠎ᠳᠦ ᠠᠩᠬᠠᠷᠤᠯ᠎ᠢᠶᠠᠨ ᠲᠥᠪᠯᠡᠷᠡᠭᠦᠯᠵᠦ᠂《ᠰᠢᠭᠦᠬᠦ ᠬᠣᠷᠢᠶ᠎ᠠ + ᠬᠤᠳᠠᠯᠳᠤᠭᠠᠴᠢᠳ᠎ᠤᠨ ᠡᠪᠯᠡᠯ》᠎ᠤᠨ ᠵᠠᠭᠤᠷᠠᠯᠳᠤᠭᠠᠨ᠎ᠢ ᠰᠢᠢᠳᠪᠦᠷᠢᠯᠡᠬᠦ ᠣᠯᠠᠨ ᠡᠰᠢᠲᠦ ᠲᠣᠭᠲᠠᠴᠠ᠎ᠳᠤ ᠲᠦᠰᠢᠭᠯᠡᠨ᠂ ᠠᠷᠠᠳ᠎ᠤᠨ ᠰᠢᠭᠦᠬᠦ ᠬᠣᠷᠢᠶ᠎ᠠ᠎ᠠᠴᠠ ᠵᠢᠯᠣᠭᠣᠳᠤᠨ ᠡᠶᠡᠳᠡᠭᠦᠯᠬᠦ ᠡᠭᠦᠷᠭᠡ ᠴᠢᠳᠠᠪᠤᠷᠢ᠎ᠪᠠᠨ ᠭᠦᠢᠴᠡᠳ ᠪᠠᠳᠠᠷᠠᠭᠤᠯᠵᠤ᠂ ᠬᠠᠤᠯᠢ ᠴᠠᠭᠠᠵᠠ᠎ᠶᠢᠨ ᠬᠠᠷᠢᠴᠠᠭ᠎ᠠ᠎ᠶᠢ ᠲᠣᠳᠣᠷᠬᠠᠢᠯᠠᠵᠤ᠂ ᠬᠠᠤᠯᠢ ᠴᠠᠭᠠᠵᠠ᠎ᠶᠢᠨ ᠪᠠᠲᠤᠯᠠᠭ᠎ᠠ᠎ᠶᠢ ᠴᠢᠩᠭᠠᠳᠬᠠᠵᠦ ᠪᠣᠢ; ᠡᠭᠦᠨ᠎ᠦ ᠬᠠᠮᠲᠤ ᠬᠤᠳᠠᠯᠳᠤᠭᠠᠴᠢᠳ᠎ᠤᠨ ᠡᠪᠯᠡᠯ᠎ᠦᠨ ᠡᠶᠡᠳᠡᠭᠦᠯᠬᠦ ᠵᠣᠬᠢᠶᠠᠨ ᠪᠠᠢᠭᠤᠯᠤᠯᠲᠠ᠎ᠶᠢᠨ 《ᠠᠵᠤ ᠠᠬᠤᠢᠯᠠᠯ᠎ᠢ ᠰᠠᠢᠨ ᠣᠢᠯᠠᠭᠠᠬᠤ᠂ ᠠᠵᠢᠯ ᠲᠦᠷᠦᠯ᠎ᠢ ᠰᠠᠢᠨ ᠮᠡᠳᠡᠬᠦ》 ᠳᠠᠪᠠᠭᠤᠯᠢᠭ᠋᠎ᠢ ᠪᠠᠳᠠᠷᠠᠭᠤᠯᠵᠤ᠂ ᠮᠠᠷᠭᠤᠯᠳᠤᠭᠠᠨ᠎ᠤ ᠭᠤᠤᠯ ᠠᠰᠠᠭᠤᠳᠠᠯ᠎ᠢ ᠣᠨᠣᠪᠴᠢᠲᠠᠢ ᠢᠯᠡᠷᠡᠭᠦᠯᠵᠦ᠂ ᠡᠯ᠎ᠡ ᠲᠠᠯ᠎ᠠ᠎ᠶᠢᠨ ᠬᠢᠨ᠎ᠦ ᠠᠰᠢᠭ᠋ ᠲᠤᠰᠠ᠎ᠶᠢ ᠵᠣᠬᠢᠴᠠᠭᠤᠯᠵᠦ ᠪᠣᠢ᠃

ᠦᠨᠡᠯᠡᠯᠳᠠ᠄ ᠰᠢᠭᠦᠬᠦ ᠬᠣᠷᠢᠶᠠᠨ᠎ᠤ ᠬᠠᠤᠯᠢ ᠬᠡᠷᠡᠭᠵᠢᠬᠦᠯᠬᠦ ᠪᠠᠲᠤᠯᠠᠭ᠎ᠠ ᠬᠢᠭᠡᠳ ᠬᠤᠳᠠᠯᠳᠤᠭᠠᠴᠢᠳ᠎ᠤᠨ ᠡᠪᠯᠡᠯ᠎ᠦᠨ ᠠᠵᠢᠯ ᠲᠥᠷᠥᠯ᠎ᠲᠠᠢ ᠢᠯᠡᠬᠦᠦ ᠣᠢᠷᠠᠳᠣᠳᠠᠭ ᠲᠠᠪᠠᠭᠣᠯᠢᠭ᠎ᠢ ᠪᠠᠳᠠᠷᠠᠭᠤᠯᠵᠤ᠂ ᠣᠯᠠᠨ ᠡᠰᠢᠲᠦ ᠡᠶᠡᠳᠡᠭᠦᠯᠬᠦ ᠠᠷᠭ᠎ᠠ ᠮᠠᠶᠢᠭ᠋᠎ᠢᠶᠠᠷ ᠵᠥᠷᠢᠴᠡᠯ᠎ᠢ ᠪᠦᠲᠦᠮᠵᠢᠲᠡᠶ ᠨᠠᠮᠳᠠᠭᠤᠯᠵᠦ᠂ ᠠᠵᠤ ᠠᠬᠤᠢᠯᠠᠯ᠎ᠤᠨ ᠵᠠᠷᠭᠤ᠎ᠶᠢᠨ ᠥᠪᠡᠷ᠎ᠦᠨ ᠥᠷᠲᠡᠭ᠎ᠢ ᠪᠠᠭᠠᠰᠬᠠᠨ᠎ᠠ᠃ ᠡᠨᠡ ᠨᠢ ᠵᠠᠭᠤᠷᠠᠯᠳᠤᠭᠠᠨ᠎ᠢ ᠰᠢᠢᠳᠪᠦᠷᠢᠯᠡᠬᠦ ᠲᠡᠳᠦᠢ ᠦᠬᠡᠢ ᠵᠠᠰᠠᠯᠳᠠ ᠵᠢᠨ ᠲᠠᠯ᠎ᠠ ᠵᠢᠨ ᠣᠶᠣᠨ ᠣᠬᠠᠭᠠᠨ ᠪᠣᠯᠬᠣ ᠶᠣᠮ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面