ᠲᠡᠷᠢᠭᠦᠨ ᠨᠢᠭᠤᠷ>ᠣᠨᠣᠯ ᠱᠢᠭᠦᠮᠵᠢ>ᠰᠢᠭᠦᠮᠵᠢ

2026-09-21 11:56:38

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠵᠣᠬᠢᠶᠠᠮᠠᠯ ᠣᠶᠤᠨ ᠴᠢᠳᠠᠪᠤᠷᠢ ᠵᠢᠨ ᠠᠵᠢᠯ ᠮᠡᠷᠭᠡᠵᠢᠯ᠎ᠦᠨ ᠪᠦᠲᠦᠴᠡ ᠬᠢᠭᠡᠳ ᠠᠵᠤ ᠦᠢᠯᠡᠰ᠎ᠦᠨ ᠪᠦᠲᠦᠴᠡ᠎ᠶᠢᠨ ᠬᠡᠯᠪᠡᠷᠢ ᠵᠢᠨ ᠬᠤᠪᠢᠷᠠᠯᠲᠠ ᠳ᠋ᠡᠬᠢ ᠨᠦᠯᠦᠭᠡ

ᠫᠠᠨ ᠱᠠᠨ᠂ ᠭᠠᠢ ᠴᠢᠩ ᠧᠨ᠂ ᠬᠤ᠌ ᠢ 《ᠬᠠᠮᠢᠶᠠᠷᠤᠯᠲᠠ ᠶ᠋ᠢᠨ ᠳᠡᠯᠡᠬᠡᠢ》 ᠵᠢᠨ 2026 ᠣᠨ᠎ᠤ 2 ᠳ᠋ᠤᠭᠠᠷ ᠬᠤᠭᠤᠴᠠᠭᠠᠨ᠎ᠳᠤ ᠦᠬᠦᠯᠡᠯ ᠨᠡᠢᠲᠡᠯᠡᠵᠤ᠂ ᠵᠣᠬᠢᠶᠠᠮᠠᠯ ᠤᠶᠤᠨ ᠴᠢᠳᠠᠪᠤᠷᠢ ᠵᠢᠨ ᠬᠥᠭᠵᠢᠯᠲᠡ ᠡᠴᠡ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠪᠦᠲᠦᠴᠡ ᠬᠢᠭᠡᠳ ᠠᠵᠤ ᠦᠢᠯᠡᠰ᠎ᠦᠨ ᠪᠦᠲᠦᠴᠡ᠎ᠶᠢᠨ ᠬᠡᠯᠪᠡᠷᠢ᠎ᠵᠢᠨ ᠬᠤᠪᠢᠷᠠᠯᠲᠠ᠎ᠳᠤ ᠦᠵᠡᠭᠦᠯᠦᠭᠰᠡᠨ ᠨᠥᠯᠥᠭᠡ᠎ᠳᠦ ᠲᠤᠬᠳᠠᠬᠰᠠᠨ ᠴᠢᠨᠠᠷ ᠪᠠ ᠲᠤᠬᠳᠠᠬᠰᠠᠨ ᠬᠡᠮᠵᠢᠶ᠎ᠡ ᠵᠢᠨ ᠵᠠᠳᠠᠯᠤᠯᠳᠠ ᠬᠢᠭᠰᠡᠨ᠎ᠤ ᠲᠠᠷᠠᠭ᠎ᠠ ᠳᠣᠣᠷᠠᠬᠢ ᠮᠡᠲᠦ ᠰᠤᠳᠤᠯᠭᠠᠨ᠎ᠤ ᠳ᠋ᠦᠩᠨᠡᠯᠲᠡ᠎ᠶᠢ ᠣᠯᠵᠠᠢ᠄

1.ᠬᠡᠷᠪᠡ ᠠᠵᠤ ᠦᠢᠯᠡᠰ᠎ᠦᠨ ᠳᠣᠲᠣᠷᠠᠬᠢ ᠠᠳᠠᠯᠢ ᠪᠤᠰᠤ ᠠᠵᠢᠯ ᠮᠡᠷᠭᠡᠵᠢᠯ᠎ᠦᠨ ᠴᠢᠳᠠᠪᠤᠷᠢ᠎ᠶᠢᠨ ᠬᠣᠭᠣᠷᠣᠨᠳᠣᠬᠢ ᠣᠷᠣᠯᠠᠬᠤ ᠬᠠᠷᠢᠮᠠᠬᠠᠢ ᠴᠢᠨᠠᠷ ᠨᠢ ᠨᠡᠯᠢᠶᠡᠳ ᠳᠣᠣᠷ᠎ᠠ ᠪᠠᠢᠪᠠᠯ᠂ ᠲᠡᠷᠡᠴᠢᠯᠡᠨ ᠵᠣᠬᠢᠶᠠᠮᠠᠯ ᠤᠶᠤᠨ ᠴᠢᠳᠠᠪᠤᠷᠢ ᠵᠢᠨ ᠮᠡᠷᠭᠡᠵᠢᠯ ᠡᠴᠡ ᠠᠳᠠᠯᠢ ᠪᠤᠰᠤ ᠠᠵᠢᠯ ᠮᠡᠷᠭᠡᠵᠢᠯ᠎ᠦᠨ ᠴᠢᠳᠠᠪᠤᠷᠢ᠎ᠶᠢᠨ ᠡᠩ᠎ᠦᠨ ᠬᠡᠯᠪᠡᠷᠢ᠂ ᠲᠠᠨᠢᠨ ᠮᠡᠳᠡᠬᠦᠢ᠎ᠶᠢᠨ ᠬᠡᠯᠪᠡᠷᠢ᠂ ᠨᠡᠢᠭᠡᠮ᠎ᠦᠨ ᠬᠠᠷᠢᠯᠴᠠᠭᠠᠨ᠎ᠤ ᠬᠡᠯᠪᠡᠷᠢ᠎ᠶᠢ ᠬᠡᠯᠪᠡᠷᠢᠯ᠎ᠤᠨ ᠴᠢᠨᠠᠷ᠎ᠵᠢᠨᠷ ᠬᠠᠩᠭᠠᠬᠤ᠎ᠨᠦᠯᠦᠭᠡ ᠨᠢ ᠳᠡᠰ ᠳᠠᠷᠠᠭ᠎ᠠ᠎ᠲᠠᠢ᠎ᠪᠠᠷ ᠬᠠᠰᠤᠭᠳᠠᠪᠠᠯ᠂ ᠵᠣᠬᠢᠶᠠᠮᠠᠯ ᠤᠶᠤᠨ ᠴᠢᠳᠠᠪᠤᠷᠢ ᠵᠢᠨ ᠮᠡᠷᠭᠡᠵᠢᠯ᠎ᠦᠨ ᠬᠢᠷᠢ ᠬᠡᠮᠵᠢᠶ᠎ᠡ ᠳᠡᠭᠡᠭᠰᠢᠯᠡᠬᠦ᠎ᠶᠢ ᠳᠠᠭᠠᠯᠳᠤᠨ᠂ ᠠᠵᠤ ᠠᠬᠤᠢ᠎ᠶᠢᠨ ᠶᠡᠷᠦᠩᠬᠡᠢ ᠬᠡᠮᠵᠢᠶ᠎ᠡ ᠪᠠ ᠠᠵᠤ ᠦᠢᠯᠡᠰ᠎ᠦᠨ ᠳᠣᠲᠣᠭᠠᠳᠤ᠎ᠳᠤ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠪᠦᠲᠦᠴᠡ᠎ᠳᠦ ᠬᠤᠪᠢᠷᠠᠯᠲᠠ ᠭᠠᠷᠬᠤ ᠪᠣᠯᠣᠨ᠎ᠠ᠂ ᠲᠤᠬᠠᠢᠯᠠᠪᠠᠯ ᠡᠩ᠎ᠦᠨ ᠮᠠᠶᠢᠭ᠋᠎ᠤᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠠᠵᠢᠯ ᠣᠯᠬᠤ ᠬᠤᠪᠢ᠎ᠶᠢᠨ ᠵᠢᠩ ᠪᠠᠭᠤᠷᠠᠵᠤ᠂ ᠨᠡᠢᠭᠡᠮ᠎ᠦᠨ ᠬᠠᠷᠢᠯᠴᠠᠭᠠᠨ᠎ᠤ ᠮᠠᠶᠢᠭ᠋᠎ᠤᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠠᠵᠢᠯ ᠣᠯᠬᠤ ᠬᠤᠪᠢ᠎ᠶᠢᠨ ᠵᠢᠩ ᠳᠡᠭᠡᠭᠰᠢᠯᠡᠵᠦ᠂ ᠲᠠᠨᠢᠨ ᠮᠡᠳᠡᠬᠦᠢ᠎ᠶᠢᠨ ᠮᠠᠶᠢᠭ᠋᠎ᠤᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠠᠵᠢᠯ ᠣᠯᠬᠤ ᠬᠤᠪᠢ᠎ᠶᠢᠨ ᠵᠢᠩ᠎ᠦᠨ ᠬᠤᠪᠢᠷᠠᠯᠲᠠ᠎ᠶᠢᠨ ᠴᠢᠭᠯᠡᠯ ᠲᠤᠳᠤᠷᠬᠠᠢ ᠦᠭᠡᠢ ᠪᠠᠢᠨ᠎ᠠ; 2. ᠵᠣᠬᠢᠬᠤ ᠨᠥᠬᠥᠴᠡᠯ ᠳᠣᠣᠷ᠎ᠠ᠂ ᠵᠣᠬᠢᠶᠠᠮᠠᠯ ᠤᠶᠤᠨ ᠴᠢᠳᠠᠪᠤᠷᠢ ᠵᠢᠨ ᠮᠡᠷᠭᠡᠵᠢᠯ᠎ᠦᠨ ᠳᠡᠭᠡᠭᠰᠢᠯᠡᠯᠲᠡ ᠨᠢ ᠪᠠᠰᠠ ᠠᠵᠤ ᠦᠢᠯᠡᠰ᠎ᠦᠨ ᠪᠦᠲᠦᠴᠡ᠎ᠶᠢᠨ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠬᠤ ᠪᠣᠯᠣᠨ᠎ᠠ; 3. ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠬᠤᠪᠢ᠎ᠶᠢᠨ ᠵᠢᠩ᠎ᠦᠨ ᠬᠤᠪᠢᠷᠠᠯᠲᠠ᠎ᠶᠢᠨ ᠨᠥᠯᠥᠭᠡᠯᠡᠯ᠎ᠦᠨ ᠵᠠᠳᠠᠯᠤᠯᠲᠠ᠎ᠠᠴᠠ ᠦᠵᠡᠪᠡᠯ᠂ ᠦᠢᠯᠡᠴᠢᠯᠡᠭᠡᠨ᠎ᠦ ᠦᠢᠯᠡᠰ᠎ᠦᠨ ᠳᠣᠲᠣᠭᠠᠳᠤ᠎ᠶᠢᠨ ᠡᠷᠴᠢᠮᠯᠢᠭ ᠬᠢᠵᠠᠭᠠᠷ᠎ᠤᠨ ᠨᠥᠯᠥᠭᠡᠯᠡᠯ ᠪᠠ ᠠᠵᠤ ᠦᠢᠯᠡᠰ᠎ᠦᠨ ᠪᠦᠲᠦᠴᠡ᠎ᠶᠢᠨ ᠬᠡᠯᠪᠡᠷᠢ᠎ᠶᠢᠨ ᠬᠤᠪᠢᠷᠠᠭᠤᠯᠤᠯᠲᠠ᠎ᠠᠴᠠ ᠪᠣᠯᠤᠭᠰᠠᠨ ᠳᠡᠯᠭᠡᠷᠡᠩᠭᠦᠢ ᠬᠢᠵᠠᠭᠠᠷ᠎ᠤᠨ ᠨᠥᠯᠥᠭᠡᠯᠡᠯ᠎ᠦᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠪᠦᠲᠦᠴᠡ᠎ᠳᠦ ᠦᠵᠡᠭᠦᠯᠬᠦ ᠬᠤᠪᠢ ᠨᠡᠮᠡᠷᠢ᠎ᠶᠢᠨ ᠨᠤᠷᠮ᠎ᠠ ᠨᠢ ᠨᠡᠯᠢᠶᠡᠳ ᠥᠨᠳᠥᠷ ᠪᠤᠯᠳᠠᠭ᠃ 4. ᠵᠣᠬᠢᠶᠠᠮᠠᠯ ᠤᠶᠤᠨ ᠴᠢᠳᠠᠪᠤᠷᠢ ᠵᠢᠨ ᠮᠡᠷᠭᠡᠵᠢᠯ᠎ᠦᠨ ᠲᠠᠰ ᠳᠡᠪᠰᠢᠬᠦ᠎ᠶᠢ ᠳᠠᠭᠠᠯᠳᠤᠨ᠂ ᠠᠳᠠᠯᠢ ᠪᠤᠰᠤ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠳᠤ ᠦᠵᠡᠭᠦᠯᠬᠦ ᠬᠡᠯᠪᠡᠷᠢᠯ᠎ᠦᠨ ᠴᠢᠨᠠᠷᠲᠠᠢ ᠨᠥᠯᠥᠭᠡ ᠠᠳᠠᠯᠢᠪᠲᠤᠷ ᠪᠣᠯᠵᠤ᠂ ᠡᠨᠡ ᠬᠦ᠌ ᠬᠠᠨᠳᠤᠰᠢ ᠨᠢ ᠡᠩ᠎ᠦᠨ ᠮᠠᠶᠢᠭ᠋᠎ᠤᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠠᠵᠢᠯ ᠣᠯᠭᠣᠯᠲᠠ᠎ᠶᠢᠨ ᠬᠤᠪᠢ᠎ᠶᠢᠨ ᠵᠢᠩ᠎ᠦᠨ ᠪᠠᠭᠤᠷᠠᠯᠲᠠ᠎ᠶᠢ ᠪᠠᠭᠠᠰᠬᠠᠵᠤ᠂ ᠲᠠᠨᠢᠨ ᠮᠡᠳᠡᠬᠦᠢ᠎ᠶᠢᠨ ᠮᠠᠶᠢᠭ᠋᠎ᠤᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠬᠤᠪᠢ᠎ᠶᠢᠨ ᠵᠢᠩ᠎ᠦᠨ ᠳᠡᠭᠡᠭᠰᠢᠯᠡᠯᠲᠡ᠎ᠶᠢ ᠠᠬᠢᠭᠤᠯᠤᠨ᠂ ᠨᠡᠢᠭᠡᠮ᠎ᠦᠨ ᠬᠠᠷᠢᠯᠴᠠᠭᠠᠨ᠎ᠤ ᠮᠠᠶᠢᠭ᠋᠎ᠤᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠬᠤᠪᠢ᠎ᠶᠢᠨ ᠵᠢᠩ᠎ᠦᠨ ᠳᠡᠭᠡᠭᠰᠢᠯᠡᠯᠲᠡ᠎ᠶᠢ ᠪᠠᠲᠤᠯᠠᠬᠤ ᠪᠣᠯᠣᠨ᠎ᠠ᠃

ᠡᠭᠦᠨ᠎ᠳᠦ᠂ ᠵᠣᠬᠢᠶᠠᠮᠠᠯ ᠤᠶᠤᠨ ᠴᠢᠳᠠᠪᠤᠷᠢ ᠵᠢᠨ ᠴᠠᠭ ᠦᠶ᠎ᠡ᠎ᠡᠴᠡ ᠪᠣᠯᠤᠭᠰᠠᠨ ᠠᠵᠢᠯ ᠣᠯᠭᠣᠯᠲᠠ᠎ᠶᠢᠨ ᠪᠦᠲᠦᠴᠡ᠎ᠶᠢᠨ ᠬᠤᠪᠢᠰᠤᠯᠲᠠ᠎ᠶᠢ ᠠᠷᠭᠠᠴᠠᠭᠠᠬᠤ᠎ᠶᠢᠨ ᠲᠥᠯᠥᠭᠡ᠂ ᠲᠥᠷᠥ᠎ᠶᠢᠨ ᠪᠣᠳᠣᠯᠭ᠎ᠠ᠎ᠶᠢ ᠲᠣᠭᠲᠠᠭᠠᠬᠤ᠎ᠳᠤ ᠳᠣᠣᠷᠠᠬᠢ ᠬᠡᠳᠦᠨ ᠲᠠᠯ᠎ᠠ᠎ᠪᠠᠷ ᠨᠠᠷᠢᠯᠢᠭ᠋ ᠣᠨᠣᠴᠠᠲᠠᠢ᠎ᠪᠠᠷ ᠬᠦᠴᠦ ᠣᠷᠣᠭᠤᠯᠵᠤ ᠪᠣᠯᠣᠨ᠎ᠠ᠄ ᠨᠢᠭᠡᠳᠦᠭᠡᠷ᠎ᠲᠦ᠂ ᠰᠤᠷᠭᠠᠨ ᠬᠥᠮᠦᠵᠢᠯ᠎ᠦᠨ ᠰᠢᠰᠲᠧᠮ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠬᠥᠮᠥᠨ᠎ᠦ ᠬᠦᠴᠦᠨ᠎ᠦ ᠬᠥᠷᠥᠩᠭᠡ᠎ᠶᠢᠨ ᠪᠡᠯᠡ ᠣᠷᠣᠭᠤᠯᠤᠯᠲᠠ᠎ᠶᠢᠨ ᠪᠠᠷᠠᠯᠠᠯᠳᠤ ᠴᠢᠨᠠᠷ ᠪᠠ ᠨᠠᠷᠢᠯᠢᠭ᠋ ᠣᠨᠣᠴᠠ᠎ᠶᠢᠨ ᠬᠡᠮᠵᠢᠶ᠎ᠡ᠎ᠶᠢ ᠴᠢᠩᠭᠠᠷᠠᠭᠤᠯᠤᠨ᠎ᠠ; ᠬᠣᠶᠠᠳᠤᠭᠠᠷ᠎ᠲᠤ᠂ ᠠᠵᠢᠯ ᠣᠯᠭᠣᠯᠲᠠ᠎ᠶᠢ ᠲᠡᠷᠢᠭᠦᠨ᠎ᠳᠦ ᠲᠠᠯᠪᠢᠬᠤ ᠪᠠᠢᠯᠳᠤᠬᠤ ᠪᠣᠳᠣᠯᠭ᠎ᠠ᠎ᠶᠢ ᠪᠠᠷᠢᠮᠲᠠᠯᠠᠵᠤ᠂ ᠠᠵᠤ ᠦᠢᠯᠡᠰ᠎ᠦᠨ ᠪᠦᠲᠦᠴᠡ᠎ᠶᠢᠨ ᠦᠷᠭᠦᠯᠵᠢᠯᠡᠨ ᠰᠢᠯᠢᠳᠡᠭᠵᠢᠬᠦ᠎ᠶᠢ ᠠᠬᠢᠭᠤᠯᠵᠤ᠂ ᠠᠵᠢᠯ ᠣᠯᠭᠣᠯᠲᠠ᠎ᠶᠢᠨ ᠪᠠᠲᠤᠯᠠᠭ᠎ᠠ᠎ᠶᠢᠨ ᠳᠦᠷᠢᠮ᠎ᠢ ᠲᠡᠭᠦᠯᠳᠡᠷᠵᠢᠭᠦᠯᠵᠦ᠂ ᠭᠣᠣᠯᠳᠠᠯᠭ᠎ᠠ᠎ᠲᠠᠢ ᠪᠦᠯᠬᠦᠮ ᠨᠡᠢᠳᠡ ᠵᠢᠨ ᠠᠵᠢᠯ ᠣᠯᠭᠣᠯᠲᠠ᠎ᠶᠢ ᠳᠡᠮᠵᠢᠨ᠎ᠠ; ᠭᠤᠷᠪᠠᠳᠤᠭᠠᠷ᠎ᠲᠤ᠂ ᠠᠶᠤᠯ ᠲᠦᠭᠰᠢᠭᠦᠷᠢ᠎ᠶᠢ ᠤᠷᠢᠳᠴᠢᠯᠠᠨ ᠰᠡᠷᠡᠮᠵᠢᠯᠡᠭᠦᠯᠬᠦ ᠪᠠ ᠬᠢᠨᠠᠨ ᠬᠡᠮᠵᠢᠬᠦ ᠰᠢᠰᠲᠧᠮ᠎ᠦᠨ ᠪᠠᠢᠭᠤᠯᠤᠯᠲᠠ᠎ᠶᠢ ᠴᠢᠩᠭᠠᠳᠬᠠᠵᠤ᠂ ᠤᠯᠠᠨ ᠲᠠᠯ᠎ᠠ᠎ᠠᠴᠠ ᠬᠠᠮᠵᠢᠯᠴᠠᠨ ᠵᠠᠰᠠᠬᠤ ᠪᠣᠷᠣ᠌ ᠲᠥᠯᠥᠪ᠎ᠢ ᠪᠠᠢᠭᠤᠯᠤᠨ᠎ᠠ᠃

— 《ᠰᠢᠨᠬᠤᠸᠠ ᠵᠤᠬᠢᠶᠠᠯ᠎ᠤᠨ ᠱᠦᠬᠦᠮᠡᠭ》 ᠡᠴᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面