ᠲᠡᠷᠢᠭᠦᠨ ᠨᠢᠭᠤᠷ>ᠣᠨᠣᠯ ᠱᠢᠭᠦᠮᠵᠢ>ᠰᠢᠭᠦᠮᠵᠢ

2026-09-21 11:58:31

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠢᠦᠢ ᠭᠦᠸᠧ ᠯᠢᠶᠠᠩ᠂ ᠯᠢᠦ ᠷᠦ ᠶᠤᠸᠠᠢ 《ᠱᠠᠨᠳᠦ᠋ᠩ᠎ᠦᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠡᠷᠳᠡᠮ ᠰᠢᠨᠵᠢᠯᠡᠭᠡᠨ᠎ᠦ ᠰᠡᠳᠬᠦᠯ》᠎ᠤ᠋ᠨ 2026 ᠣᠨ᠎ᠤ 2 ᠳ᠋ᠤᠭᠠᠷ ᠬᠤᠭᠤᠴᠠᠭᠠᠨ᠎ᠳᠤ ᠦᠬᠦᠯᠡᠯ ᠨᠡᠢᠲᠡᠯᠡᠵᠤ᠂ 《ᠰᠢᠯᠢᠳᠡᠭ ᠭᠡᠷ᠎ᠦᠨ ᠰᠤᠷᠲᠠᠯ》᠎ᠢ᠋ ᠬᠡᠮᠵᠢᠬᠦ᠎ᠳᠦ ᠭᠤᠷᠪᠠᠨ ᠪᠠᠷᠢᠮᠵᠢᠶ᠎ᠠ ᠪᠣᠶ᠄ ᠨᠢᠭᠡ᠎ᠳᠦ 《ᠠᠴᠢᠯᠠᠯᠲᠤ ᠭᠡᠷ》 ᠊᠊᠊᠊ ᠰᠢᠯᠢᠳᠡᠭ ᠭᠡᠷ᠎ᠦᠨ ᠰᠤᠷᠲᠠᠯ ᠨᠢ ᠭᠡᠷ ᠪᠦᠯᠢ᠎ᠶᠢᠨ ᠪᠦᠷᠢᠯᠳᠦᠭᠦᠨ᠎ᠦ ᠭᠡᠷ ᠪᠦᠯᠢ᠎ᠵᠢᠨ ᠬᠢᠨᠠ ᠵᠢᠠᠨ ᠠᠴᠢᠯᠠᠵᠤ ᠳᠡᠭᠡᠳᠦᠰ᠎ᠢᠶᠡᠨ ᠬᠦᠨᠳᠦᠯᠡᠬᠦ᠂ ᠭᠡᠷ ᠪᠦᠯᠢ᠎ᠶᠢᠨ ᠪᠦᠯᠬᠦᠮᠳᠡᠯ᠎ᠢ ᠬᠠᠮᠠᠭᠠᠯᠠᠬᠤ ᠵᠢᠴᠢ ᠪᠣᠳᠠᠭᠠᠯᠢ ᠪᠡᠶ᠎ᠡ᠎ᠪᠡᠨ ᠳᠠᠭᠠᠭᠠᠵᠤ ᠴᠢᠯᠦᠭᠡᠲᠡᠢ ᠬᠥᠭᠵᠢᠬᠦ ᠶᠣᠰᠣ᠌ ᠰᠤᠷᠲᠠᠬᠤᠨ᠎ᠤ ᠪᠣᠯᠪᠠᠰᠤᠷᠠᠯ ᠪᠠ ᠰᠡᠳᠬᠢᠯ ᠰᠠᠨᠠᠭᠠᠨ᠎ᠤ ᠬᠡᠪ ᠪᠣᠯᠪᠠᠰᠤᠷᠠᠯ᠎ᠢ ᠪᠣᠶ ᠪᠣᠯᠭᠠᠬᠤ᠎ᠶᠢ ᠬᠥᠮᠥᠵᠢᠭᠦᠯᠦᠨ᠎ᠡ; ᠬᠣᠶᠠᠷ᠎ᠲᠤ᠂《ᠤᠯᠤᠰ᠎ᠲᠠᠭᠠᠨ ᠰᠢᠳᠤᠷᠭᠤ》 ᠊᠊᠊᠊ ᠰᠢᠯᠢᠳᠡᠭ ᠭᠡᠷ᠎ᠤᠨ ᠰᠤᠷᠲᠠᠯ ᠨᠢ ᠭᠡᠷ ᠪᠦᠯᠢ᠎ᠶᠢᠨ ᠪᠦᠷᠢᠯᠳᠦᠭᠦᠨ᠎ᠦ ᠤᠯᠤᠰ ᠣᠷᠣᠨ᠎ᠳᠠᠭᠠᠨ ᠦᠨᠡᠨᠴᠢ ᠰᠢᠳᠤᠷᠭᠤ᠂ ᠠᠷᠢᠭᠤᠨ ᠴᠢᠬᠡᠴᠢ ᠪᠠᠢᠬᠤ᠂ ᠠᠢᠯ ᠰᠠᠭᠠᠬᠠᠯᠲᠠ᠎ᠳᠠᠭᠠᠨ ᠪᠤᠶᠠᠨ ᠦᠢᠯᠡᠳᠬᠦ᠂ ᠨᠡᠢᠭᠡᠮ᠎ᠦᠨ ᠲᠣᠭᠲᠠᠭᠤᠨ ᠡᠶ᠎ᠡ ᠵᠣᠬᠢᠴᠠᠩᠭᠤᠢ ᠬᠥᠭᠵᠢᠯᠲᠡ᠎ᠶᠢ ᠠᠬᠢᠭᠤᠯᠬᠤ ᠦᠷᠳᠡᠭ᠎ᠦᠨ ᠣᠢᠯᠠᠭᠠᠭᠳᠠᠬᠤᠨ᠂ ᠤᠶᠤᠨ ᠰᠠᠨᠠᠭᠠᠨ᠎ᠤ ᠴᠢᠬᠡᠴᠢ ᠵᠣᠷᠢᠭ᠋ ᠪᠣᠯᠣᠨ ᠰᠡᠳᠬᠢᠬᠦᠢ᠎ᠶᠢᠨ ᠬᠡᠪ ᠵᠠᠭᠪᠤᠷ᠎ᠢ ᠪᠦᠷᠢᠯᠳᠦᠭᠦᠯᠬᠦ᠎ᠶᠢ ᠪᠠᠭᠲᠠᠭᠠᠨ᠎ᠠ; ᠭᠤᠷᠪᠠ᠎ᠳᠤ᠂ 《ᠳᠡᠯᠡᠬᠡᠢ ᠳ᠋ᠠᠬᠢᠨ᠎ᠢ ᠪᠠᠬᠳᠠᠭᠠᠬᠤ》 ᠊᠊᠊᠊ ᠰᠢᠯᠢᠳᠡᠭ ᠭᠡᠷ᠎ᠤᠨ ᠰᠤᠷᠲᠠᠯ ᠨᠢ ᠭᠡᠷ ᠪᠦᠯᠢ᠎ᠶᠢᠨ ᠪᠦᠷᠢᠯᠳᠦᠭᠦᠨ᠎ᠦ ᠪᠣᠯᠪᠠᠰᠤᠨ᠎ᠤ ᠬᠥᠭᠵᠢᠯᠲᠡ ᠲᠠᠪᠰᠢᠯᠳᠠ᠎ᠶᠢ ᠠᠬᠢᠭᠤᠯᠬᠤ᠂ ᠬᠥᠮᠥᠨ ᠲᠥᠷᠥᠯᠬᠢᠲᠡᠨ᠎ᠦ ᠣᠷᠣᠰᠢᠨ ᠲᠣᠭᠲᠠᠨᠢᠬᠤ ᠠᠮᠢ ᠠᠬᠤᠢ ᠣᠷᠴᠢᠨ ᠲᠣᠭᠣᠷᠢᠨ᠎ᠢ ᠬᠠᠮᠠᠭᠠᠯᠠᠬᠤ᠂ ᠳᠡᠯᠡᠬᠡᠢ᠎ᠶᠢᠨ ᠡᠩᠬᠡ ᠲᠠᠢᠪᠤᠩ᠎ᠢ ᠬᠠᠮᠠᠭᠠᠯᠠᠬᠤ ᠤᠶᠤᠨ ᠰᠠᠨᠠᠭᠠᠨ᠎ᠤ ᠬᠡᠪ ᠴᠢᠨᠠᠷ ᠪᠣᠯᠣᠨ ᠦᠢᠯᠡ ᠠᠵᠢᠯᠯᠠᠭᠠᠨ᠎ᠤ ᠳᠠᠳᠬᠠᠯ᠎ᠲᠠᠢ ᠪᠣᠯᠬᠤ᠎ᠶᠢ ᠬᠥᠮᠥᠵᠢᠭᠦᠯᠦᠨ᠎ᠡ᠃
ᠳᠤᠮᠳᠠᠳᠤ᠎ᠶᠢᠨ ᠰᠢᠯᠢᠳᠡᠭ ᠭᠡᠷ᠎ᠦᠨ ᠰᠤᠷᠲᠠᠯ ᠪᠣᠯ ᠣᠷᠳᠣ᠌ ᠬᠤᠭᠤᠴᠠᠭᠠᠨ᠎ᠤ ᠲᠡᠦᠬᠡ᠎ᠶᠢᠨ ᠰᠢᠯᠭᠠᠯᠲᠠ᠎ᠪᠠᠷ ᠳᠡᠮᠵᠢᠨ ᠪᠣᠶ ᠪᠣᠯᠤᠭᠰᠠᠨ ᠶᠤᠮ᠂ ᠭᠡᠷ ᠪᠦᠯᠢ᠎ᠶᠢᠨ ᠪᠦᠷᠢᠯᠳᠦᠭᠦᠨ᠎ᠦ ᠠᠮᠢᠳᠤᠷᠠᠯ᠎ᠤᠨ ᠠᠷᠭ᠎ᠠ ᠮᠠᠶᠢᠭ᠋᠂ ᠵᠠᠩ ᠳᠠᠳᠬᠠᠯ᠂ ᠶᠣᠰᠣ᠌ ᠰᠤᠷᠲᠠᠬᠤᠨ᠎ᠤ ᠵᠢᠷᠤᠮᠵᠢᠯ᠂ ᠤᠯᠤᠰ ᠭᠡᠷ᠎ᠦᠨ ᠬᠠᠢᠷ᠎ᠠ ᠰᠡᠳᠬᠢᠯᠭᠡ᠎ᠪᠡᠷ ᠢᠯᠡᠷᠡᠭᠦᠯᠦᠭᠰᠡᠨ ᠰᠠᠢᠨ ᠰᠠᠢᠬᠠᠨ ᠬᠡᠪ ᠰᠤᠷᠲᠠᠯ ᠮᠥᠨ᠂ ᠡᠭᠦᠨ᠎ᠳᠦ ᠢᠮᠠᠭᠲᠠ ᠪᠠᠷᠢᠮᠲᠠᠯᠠᠭᠰᠠᠭᠠᠷ ᠢᠷᠡᠭᠰᠡᠨ 《ᠠᠴᠢᠯᠠᠯᠲᠤ ᠭᠡᠷ ᠪᠦᠯᠢ》᠂ 《ᠤᠯᠤᠰ᠎ᠲᠠᠭᠠᠨ ᠰᠢᠳᠤᠷᠭᠤ》᠂ 《ᠳᠡᠯᠡᠬᠡᠢ ᠳ᠋ᠠᠬᠢᠨ᠎ᠢ ᠪᠠᠬᠲᠠᠭᠠᠬᠤ》 ᠥᠷᠲᠡᠭ᠎ᠦᠨ ᠬᠠᠨᠳᠤᠰᠢ ᠠᠭᠤᠯᠤᠭᠳᠠᠵᠤ ᠪᠠᠢᠳᠠᠭ᠂ ᠲᠡᠭᠦᠨ᠎ᠦ ᠦᠨᠳᠦᠰᠦᠨ ᠪᠠᠷᠢᠮᠵᠢᠶ᠎ᠠ ᠨᠢ ᠤᠭ ᠤᠯᠠᠮᠵᠢᠯᠠᠯ ᠨᠢᠭᠡᠲᠡᠢ ᠤᠯᠠᠷᠢᠨ ᠬᠤᠪᠢᠰᠴᠤ ᠡᠳᠦᠭᠡ ᠪᠣᠯᠲᠠᠯ᠎ᠠ ᠦᠷᠭᠦᠯᠵᠢᠯᠡᠭᠰᠡᠭᠡᠷ ᠢᠷᠡᠭᠰᠡᠨ ᠶᠤᠮ᠃ ᠵᠢᠱ᠌ᠢᠶᠡᠯᠡᠪᠡᠯ᠂ ᠲᠠᠪᠤᠨ ᠬᠠᠭᠠᠨ᠎ᠤ ᠰᠠᠭᠤᠷᠢᠨ ᠵᠢᠡᠨ ᠨᠠᠢᠷ ᠲᠠᠯᠪᠢᠬᠰᠠᠨ ᠰᠤᠷᠲᠠᠯ᠂ ᠵᠧᠦ ᠬᠥᠩ᠎ᠦᠨ ᠲᠥᠪ ᠶᠣᠰᠣ᠌ ᠶ᠋ᠢ ᠰᠠᠬᠢᠬᠰᠠᠨ ᠰᠤᠷᠲᠠᠯ᠂ ᠺᠦᠩᠽᠢ ᠶ᠋ᠢᠨ ᠭᠡᠷ᠎ᠤᠨ ᠰᠤᠷᠭᠠᠯ ᠵᠡᠷᠭᠡ᠎ᠳᠤ 《ᠶᠣᠰᠣᠯᠠᠯ ᠢ᠋ ᠡᠷᠬᠢᠮᠯᠡᠨ ᠨᠠᠢᠷᠠᠮᠳᠠᠯ ᠢ᠋ ᠬᠦᠨᠳᠦᠳᠭᠡᠬᠦ》᠂ 《ᠥᠷᠥᠰᠢᠶᠡᠯ ᠢ᠋ ᠰᠠᠬᠢᠨ ᠢᠲᠡᠭᠡᠯ ᠢ᠋ ᠪᠠᠷᠢᠮᠲᠠᠯᠠᠬᠤ》᠂ 《ᠳᠦᠷᠢᠮ ᠢ᠋ ᠵᠢᠷᠤᠮᠯᠠᠨ ᠢᠴᠢᠭᠦᠷᠢ ᠵᠢ ᠲᠡᠪᠴᠢᠬᠦ》 ᠰᠢᠯᠢᠳᠡᠭ ᠭᠡᠷ᠎ᠦᠨ ᠰᠤᠷᠲᠠᠯ᠎ᠤᠨ ᠭᠣᠣᠯᠯᠠᠬᠤ ᠵᠣᠷᠢᠭ᠋ ᠰᠠᠨᠠᠭ᠎ᠠ ᠠᠭᠤᠯᠤᠭᠳᠠᠵᠤ ᠪᠠᠢᠳᠠᠭ᠃ ᠳᠤᠮᠳᠠᠳᠤ᠎ᠶᠢᠨ ᠰᠢᠯᠢᠳᠡᠭ ᠭᠡᠷ᠎ᠦᠨ ᠰᠤᠷᠲᠠᠯ᠎ᠢ ᠤᠯᠠᠮᠵᠢᠯᠠᠨ ᠵᠠᠯᠭᠠᠮᠵᠢᠯᠠᠬᠤ ᠨᠢ ᠰᠢᠯᠢᠳᠡᠭ ᠭᠡᠷ᠎ᠦᠨ ᠰᠤᠷᠲᠠᠯ᠎ᠢ ᠪᠣᠳᠠᠭᠠᠯᠢ ᠪᠡᠶ᠎ᠡ᠎ᠶᠢᠨ ᠡᠷᠡᠭᠦᠯ᠎ᠢᠶᠡᠷ ᠦᠰᠦᠨ ᠪᠣᠢᠵᠢᠬᠤ 《ᠬᠦᠴᠦᠨ ᠴᠢᠳᠠᠯ᠎ᠤᠨ ᠤᠨᠳᠤᠷᠤᠯ》 ᠪᠤᠯᠭᠠᠵᠤ᠂ ᠰᠢᠯᠢᠳᠡᠭ ᠭᠡᠷ᠎ᠦᠨ ᠰᠤᠷᠲᠠᠯ᠎ᠢ ᠡᠶ᠎ᠡ ᠨᠠᠢᠷᠲᠠᠢ ᠵᠣᠯ ᠵᠢᠷᠭᠠᠯᠲᠤ ᠭᠡᠷ ᠪᠦᠯᠢ᠎ᠶᠢ ᠪᠦᠲᠦᠭᠡᠨ ᠪᠠᠶ᠋ᠢᠭᠤᠯᠬᠤ ᠳ᠋ᠤ 《ᠨᠠᠭᠠᠯᠳᠠ》 ᠪᠣᠯᠭᠠᠵᠤ ᠪᠤᠯᠬᠤ᠎ᠪᠠᠷ ᠪᠠᠷᠠᠬᠤ ᠦᠭᠡᠢ᠂ ᠰᠢᠯᠢᠳᠡᠭ ᠭᠡᠷ᠎ᠦᠨ ᠰᠤᠷᠲᠠᠯ᠎ᠢ ᠪᠠᠰᠠ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠎ᠶᠢᠨ ᠠᠮᠢ ᠠᠬᠤᠢ᠎ᠶᠢᠨ 《ᠬᠤᠷᠤᠬᠠᠢᠳᠤᠯ᠎ᠢ ᠰᠡᠷᠭᠡᠢᠯᠡᠬᠦ ᠡᠮ》 ᠪᠣᠯᠭᠠᠵᠤ᠂ ᠰᠢᠯᠢᠳᠡᠭ ᠭᠡᠷ᠎ᠦᠨ ᠰᠤᠷᠲᠠᠯ᠎ᠢ ᠨᠡᠢᠭᠡᠮ᠎ᠦᠨ ᠡᠶ᠎ᠡ ᠵᠣᠬᠢᠴᠠᠩᠭᠤᠢ ᠲᠣᠭᠲᠠᠭᠤᠨ᠎ᠢᠶᠠᠷ ᠬᠥᠭᠵᠢᠬᠦ᠎ᠶᠢ ᠠᠬᠢᠭᠤᠯᠬᠤ 《ᠠᠬᠢᠭᠤᠯᠤᠭ᠍ᠴᠢ》 ᠪᠣᠯᠭᠠᠵᠤ ᠪᠤᠯᠤᠨ᠎ᠠ᠃

— 《ᠰᠢᠨᠬᠤᠸᠠ ᠵᠤᠬᠢᠶᠠᠯ᠎ᠤᠨ ᠱᠦᠬᠦᠮᠡᠭ》 ᠡᠴᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面