ᠲᠡᠷᠢᠭᠦᠨ ᠨᠢᠭᠤᠷ>ᠣᠨᠣᠯ ᠱᠢᠭᠦᠮᠵᠢ>ᠰᠢᠭᠦᠮᠵᠢ

2026-09-25 21:16:05

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠬᠡᠦᠬᠡᠳ᠎ᠲᠤ ᠨᠦᠬᠦᠷᠰᠡᠭ ᠰᠤᠷᠭᠠᠭᠤᠯᠢ ᠶᠠᠮᠠᠷ ᠪᠠᠢᠳᠠᠭ ᠪᠣᠢ

ᠴᠧᠩ ᠵᠢᠶᠠ ᠮᠢᠨ᠂ ᠦ᠋ ᠢ ᠵᠢᠶᠦ᠋ᠨ᠂ ᠰᠢᠶᠠ ᠢᠦᠢ ᠰᠢ 《ᠰᠤᠷᠭᠠᠨ ᠬᠥᠮᠦᠵᠢᠯ᠎ᠦᠨ ᠡᠷᠳᠡᠮ ᠰᠢᠨᠵᠢᠯᠡᠭᠡᠨ ᠎ᠦ ᠰᠠᠷ᠎ᠠ᠎ᠶᠢᠨ ᠰᠡᠳᠬᠦᠯ》 ᠤ᠋ᠨ 2026 ᠣᠨ᠎ᠤ 2 ᠳ᠋ᠤᠭᠠᠷ ᠬᠤᠭᠤᠴᠠᠭᠠᠨ᠎ᠳᠤ ᠦᠬᠦᠯᠡᠯ ᠨᠡᠢᠲᠡᠯᠡᠵᠤ᠂ ᠬᠡᠦᠬᠡᠳ᠎ᠲᠤ ᠨᠦᠬᠦᠷᠰᠡᠭ ᠰᠤᠷᠭᠠᠭᠤᠯᠢ᠎ᠶᠢᠨ ᠭᠣᠣᠯᠳᠠᠯᠭ᠎ᠠ ᠪᠣᠯ ᠬᠡᠦᠬᠡᠳ᠎ᠦᠨ ᠬᠠᠷᠠᠭᠠᠰᠤ ᠠ᠋ᠴᠠ ᠡᠭᠦᠰᠴᠦ᠂ ᠬᠡᠦᠬᠡᠳ᠎ᠦᠨ ᠦᠨᠡᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠎ᠪᠠᠷ ᠳᠠᠮᠵᠢᠭᠤᠯᠤᠨ ᠰᠤᠷᠭᠠᠨ ᠬᠥᠮᠦᠵᠢᠯ᠎ᠦᠨ ᠣᠷᠴᠢᠨ ᠲᠣᠭᠣᠷᠢᠨ᠎ᠢ ᠪᠣᠶ ᠪᠣᠯᠭᠠᠬᠤ ᠶᠠᠪᠤᠳᠠᠯ ᠪᠣᠯᠣᠨ᠎ᠠ᠂ ᠡᠨᠡ ᠨᠢ ᠬᠡᠦᠬᠡᠳ᠎ᠦᠨ ᠬᠡᠷᠬᠢᠨ ᠰᠡᠷᠡᠵᠦ ᠮᠡᠳᠡᠬᠦ᠂ ᠴᠡᠭᠡᠵᠢᠯᠡᠬᠦ ᠪᠠ ᠣᠷᠣᠨ ᠵᠠᠢ᠎ᠶᠢᠨ ᠠᠴᠢ ᠬᠣᠯᠪᠣᠭᠳᠠᠯ ᠣᠯᠭᠣᠬᠤ᠎ᠶᠢ ᠰᠤᠷᠭᠠᠨ ᠬᠥᠮᠥᠵᠢᠭᠦᠯᠦᠭᠴᠢ ᠪᠠ ᠲᠥᠯᠥᠪᠯᠡᠭᠴᠢ᠎ᠡᠴᠡ ᠣᠢᠯᠠᠭᠠᠬᠤ᠎ᠶᠢ ᠱᠠᠭᠠᠷᠳᠠᠵᠤ ᠪᠠᠢᠨ᠎ᠠ ᠭᠡᠵᠦ ᠵᠢᠭᠠᠵᠤ ᠭᠠᠷᠭᠠᠪᠠ᠃ ᠬᠡᠦᠬᠡᠳ᠎ᠲᠤ ᠨᠦᠬᠦᠷᠰᠡᠭ ᠰᠤᠷᠭᠠᠭᠤᠯᠢ᠎ᠶᠢᠨ ᠪᠦᠲᠦᠭᠡᠨ ᠪᠠᠢᠭᠤᠯᠤᠯᠲᠠ᠎ᠶᠢᠨ ᠠᠭᠢᠬᠤ᠎ᠶᠢ ᠳᠠᠭᠠᠯᠳᠤᠨ᠂ ᠬᠡᠦᠬᠡᠳ᠎ᠦᠨ ᠶᠠᠷᠢᠶ᠎ᠠ ᠵᠢ ᠰᠣᠨᠣᠰᠬᠤ ᠨᠢ ᠰᠤᠷᠭᠠᠭᠤᠯᠢ᠎ᠶᠢᠨ ᠣᠷᠣᠨ ᠵᠠᠢ᠎ᠶᠢᠨ ᠪᠦᠲᠦᠭᠡᠨ ᠪᠠᠢᠭᠤᠯᠤᠯᠲᠠ᠎ᠶᠢᠨ ᠪᠠᠢᠪᠠᠰᠤ ᠵᠣᠬᠢᠬᠤ ᠠᠭᠤᠯᠭ᠎ᠠ ᠪᠣᠯᠵᠠᠢ᠃

ᠣᠷᠣᠨ ᠵᠠᠢ᠎ᠶᠢᠨ ᠭᠤᠷᠪᠠᠨ ᠡᠰᠢᠲᠦ ᠬᠤᠪᠢᠰᠤᠩᠭᠤᠢ ᠠᠷᠭ᠎ᠠ᠎ᠶᠢᠨ ᠵᠠᠳᠠᠯᠤᠯᠲᠠ᠎ᠶᠢᠨ ᠪᠣᠷᠣ᠌ ᠲᠥᠯᠥᠪ᠎ᠦᠨ ᠳᠣᠣᠷ᠎ᠠ᠂ ᠰᠤᠷᠤᠭ᠍ᠴᠢᠳ᠎ᠤᠨ ᠰᠤᠷᠭᠠᠭᠤᠯᠢ᠎ᠶᠢᠨ ᠣᠷᠣᠨ ᠵᠠᠢ᠎ᠶᠢᠨ ᠲᠤᠬᠠᠢ ᠰᠠᠨᠠᠭ᠎ᠠ ᠠᠬᠤᠢ ᠪᠣᠯ ᠹᠢᠽᠢᠺ᠎ᠦᠨ ᠣᠷᠣᠨ ᠵᠠᠢ᠂ ᠤᠶᠤᠨ ᠰᠠᠨᠠᠭᠠᠨ᠎ᠤ ᠣᠷᠣᠨ ᠵᠠᠢ᠂ ᠨᠡᠢᠭᠡᠮ᠎ᠦᠨ ᠣᠷᠣᠨ ᠵᠠᠢ᠎ᠶᠢᠨ ᠦᠢᠯᠡᠳᠦᠯᠴᠡᠯ ᠵᠢᠨᠷ ᠳᠠᠮᠵᠢᠨ ᠪᠠᠢᠭᠤᠯᠤᠬᠳᠠᠬᠰᠠᠨ ᠰᠡᠳᠬᠢᠴᠡ᠎ᠶᠢᠨ ᠵᠢᠷᠤᠭ ᠳᠦᠷᠰᠦ ᠪᠣᠯᠣᠨ᠎ᠠ᠃ ᠰᠤᠷᠭᠠᠭᠤᠯᠢ᠎ᠶᠢᠨ ᠪᠠᠢᠷᠢᠰᠢᠯ᠂ ᠰᠤᠷᠭᠠᠭᠤᠯᠢ᠎ᠶᠢᠨ ᠲᠥᠬᠦᠭᠡᠷᠦᠮᠵᠢ ᠵᠡᠷᠭᠡ ᠪᠣᠳᠠᠰ᠎ᠤᠨ ᠴᠢᠨᠠᠷᠲᠠᠢ ᠡᠯᠧᠮᠧᠨ᠋ᠲ᠎ᠡᠴᠡ ᠭᠠᠳᠠᠨ᠎ᠠ᠂ ᠣᠷᠣᠨ ᠵᠠᠢ᠎ᠶᠢᠨ ᠳᠦᠷᠢᠮ᠎ᠦᠨ ᠵᠢᠷᠤᠮᠵᠢᠯ᠂ ᠬᠥᠮᠥᠰ᠎ᠦᠨ ᠬᠣᠭᠣᠷᠣᠨᠳᠣᠬᠢ ᠶᠠᠪᠤᠯᠴᠠᠭ᠎ᠠ᠂ ᠪᠣᠳᠠᠭᠠᠯᠢ ᠪᠡᠶ᠎ᠡ᠎ᠶᠢᠨ ᠠᠵᠢᠯᠯᠠᠭ᠎ᠠ ᠨᠢ ᠪᠠᠰᠠ ᠣᠷᠣᠨ ᠵᠠᠢ᠎ᠶᠢᠨ ᠰᠠᠨᠠᠭ᠎ᠠ ᠲᠥᠷᠬᠦ᠎ᠶᠢᠨ ᠪᠦᠷᠢᠯᠳᠦᠬᠦ᠎ᠶᠢ ᠨᠥᠯᠥᠭᠡᠯᠡᠬᠦ ᠴᠢᠬᠤᠯᠠ ᠡᠯᠧᠮᠧᠨ᠋ᠲ ᠪᠣᠯᠣᠨ᠎ᠠ᠃ ᠪᠤᠢ ᠪᠣᠯᠬᠤ ᠶᠠᠪᠤᠴᠠ᠎ᠶᠢᠨ ᠲᠠᠯ᠎ᠠ᠎ᠠᠴᠠ ᠠᠪᠴᠤ ᠬᠡᠯᠡᠪᠡᠯ᠂ ᠹᠢᠽᠢᠺ᠎ᠦᠨ ᠣᠷᠣᠨ ᠵᠠᠢ ᠪᠣᠯ ᠣᠷᠣᠨ ᠵᠠᠢ᠎ᠶᠢᠨ ᠰᠠᠨᠠᠭ᠎ᠠ ᠲᠥᠷᠬᠦ᠎ᠶᠢᠨ ᠡᠬᠢ ᠰᠤᠷᠪᠤᠯᠵᠢ ᠪᠠ ᠰᠠᠭᠤᠷᠢ ᠮᠥᠨ᠃

ᠤᠶᠤᠨ ᠰᠠᠨᠠᠭᠠᠨ᠎ᠤ ᠣᠷᠣᠨ ᠵᠠᠢ ᠨᠢ ᠣᠷᠣᠨ ᠵᠠᠢ ᠵᠢᠨ ᠰᠠᠨᠠᠭ᠎ᠠ ᠲᠥᠷᠬᠦ ᠰᠡᠳᠬᠢᠯᠭᠡ᠎ᠶᠢᠨ ᠥᠩᠭᠡ ᠪᠤᠳᠤᠭ᠎ᠢ ᠪᠤᠢ ᠪᠣᠯᠭᠠᠵᠤ᠂ ᠪᠠᠭ᠍ᠰᠢ ᠰᠤᠷᠤᠭ᠍ᠴᠢᠳ᠎ᠤᠨ ᠶᠠᠪᠤᠯᠴᠠᠭ᠎ᠠ᠂ ᠰᠤᠷᠤᠬᠴᠢ ᠰᠤᠷᠤᠬᠴᠢ ᠵᠢᠨ ᠶᠠᠪᠤᠯᠴᠠᠭ᠎ᠠ᠎ᠪᠠᠷ ᠭᠣᠣᠯ ᠢᠯᠡᠷᠡᠬᠦ ᠬᠡᠯᠪᠡᠷᠢ ᠪᠣᠯᠭᠠᠭᠰᠠᠨ ᠨᠡᠢᠭᠡᠮ᠎ᠦᠨ ᠣᠷᠣᠨ ᠵᠠᠢ ᠪᠣᠯ ᠣᠷᠣᠨ ᠵᠠᠢ᠎ᠶᠢᠨ ᠰᠠᠨᠠᠭ᠎ᠠ ᠲᠥᠷᠬᠦ᠎ᠪᠤᠢ ᠪᠣᠯᠬᠤ᠎ᠶᠢᠨ ᠭᠣᠣᠯᠯᠠᠬᠤ ᠬᠦᠴᠦᠨ ᠪᠠᠢᠵᠤ᠂ ᠹᠢᠽᠢᠺ᠎ᠦᠨ ᠣᠷᠣᠨ ᠵᠠᠢ᠎ᠶᠢᠨ ᠠᠪᠴᠢᠷᠠᠭᠰᠠᠨ ᠭᠦᠶᠦᠬᠡᠨ ᠳᠠᠪᠬᠤᠷᠭ᠎ᠠ᠎ᠶᠢᠨ ᠰᠠᠨᠠᠭ᠎ᠠ ᠲᠥᠷᠬᠦ᠎ᠶᠢ ᠲᠠᠬᠢᠨ ᠱᠤᠭᠤᠵᠤ᠂ ᠣᠷᠣᠨ ᠵᠠᠢ᠎ᠶᠢᠨ ᠰᠠᠨᠠᠭ᠎ᠠ ᠲᠥᠷᠬᠦ ᠰᠡᠳᠬᠢᠯᠭᠡ᠎ᠶᠢᠨ ᠬᠡᠯᠪᠡᠷᠢᠯ᠎ᠢ ᠥᠭᠡᠷᠡᠴᠢᠯᠡᠵᠦ ᠴᠢᠳᠠᠳᠠᠭ᠂ ᠭᠤᠷᠪᠠᠨ ᠵᠦᠢᠯ᠎ᠦᠨ ᠣᠷᠣᠨ ᠵᠠᠢ᠎ᠶᠢᠨ ᠦᠢᠯᠡᠳᠦᠯᠴᠡᠯ ᠨᠢ ᠪᠣᠳᠠᠲᠠᠢ ᠪᠣᠳᠠᠰ᠎ᠤᠨ ᠦᠵᠡᠭᠳᠡᠯ᠎ᠢ ᠰᠤᠷᠤᠭ᠍ᠴᠢᠳ᠎ᠤᠨ ᠰᠡᠳᠬᠢᠴᠡ᠎ᠶᠢᠨ ᠰᠠᠨᠠᠭ᠎ᠠ ᠲᠥᠷᠬᠦ᠎ᠪᠤᠯᠭᠠᠨ ᠨᠢᠭ᠍ᠲᠠᠷᠠᠭᠤᠯᠳᠠᠭ᠃ ᠰᠤᠷᠭᠠᠭᠤᠯᠢ᠎ᠶᠢᠨ ᠣᠷᠣᠨ ᠵᠠᠢ᠎ᠶᠢᠨ ᠰᠠᠨᠠᠭ᠎ᠠ ᠲᠥᠷᠬᠦ ᠪᠦᠷᠢᠯᠳᠦᠬᠦ᠎ᠶᠢ ᠨᠥᠯᠥᠭᠡᠯᠡᠬᠦ ᠭᠤᠷᠪᠠᠨ ᠲᠠᠯ᠎ᠠ᠎ᠶᠢᠨ ᠬᠦᠴᠦᠨ ᠵᠦᠢᠯ᠎ᠢ ᠦᠨᠳᠦᠰᠦᠯᠡᠪᠡᠯ᠂ ᠣᠷᠣᠨ ᠵᠠᠢ᠎ᠶᠢᠨ ᠪᠦᠲᠦᠭᠡᠨ ᠪᠠᠢᠭᠤᠯᠤᠯᠲᠠ᠎ᠶᠢᠨ ᠨᠥᠬᠥᠷᠰᠡᠭ᠎ᠤᠨ ᠪᠡᠶᠡᠯᠡᠭᠳᠡᠯ᠎ᠢ ᠹᠢᠽᠢᠺ᠎ᠦᠨ ᠣᠷᠣᠨ ᠵᠠᠢ᠎ᠶᠢᠨ ᠨᠥᠬᠥᠷᠰᠡᠭ᠂ ᠣᠶᠤᠨ ᠰᠠᠨᠠᠭᠠᠨ᠎ᠤ ᠣᠷᠣᠨ ᠵᠠᠢ᠎ᠶᠢᠨ ᠨᠥᠬᠥᠷᠰᠡᠭ᠂ ᠨᠡᠢᠭᠡᠮ᠎ᠦᠨ ᠣᠷᠣᠨ ᠵᠠᠢ᠎ᠶᠢᠨ ᠨᠥᠬᠥᠷᠰᠡᠭ ᠵᠡᠷᠭᠡ ᠭᠤᠷᠪᠠᠨ ᠲᠠᠯ᠎ᠠ᠎ᠠᠴᠠ ᠠᠬᠢᠭᠤᠯᠵᠤ ᠪᠣᠯᠣᠨ᠎ᠠ᠃ ᠡᠩ ᠲᠡᠷᠢᠭᠦᠨ᠎ᠳᠦ᠂ ᠵᠢᠩᠬᠢᠨᠢ ᠰᠤᠷᠤᠯᠴᠠᠬᠤ ᠣᠷᠣᠨ ᠵᠠᠢ ᠪᠠ ᠵᠢᠩᠬᠢᠨᠢ ᠪᠤᠰᠤ ᠰᠤᠷᠤᠯᠴᠠᠬᠤ ᠣᠷᠣᠨ ᠵᠠᠢ᠎ᠶᠢᠨ ᠪᠦᠲᠦᠭᠡᠨ ᠪᠠᠢᠭᠤᠯᠤᠯᠲᠠ᠎ᠶᠢ ᠬᠠᠮᠲᠤ ᠳ᠋ᠤᠨᠢ ᠬᠠᠷᠠᠭᠠᠯᠵᠠᠵᠤ᠂ ᠰᠤᠷᠭᠠᠭᠤᠯᠢ᠎ᠶᠢᠨ ᠹᠢᠽᠢᠺ᠎ᠦᠨ ᠣᠷᠣᠨ ᠵᠠᠢ ᠨᠥᠬᠥᠷᠰᠡᠭ ᠪᠠᠢᠬᠤ᠎ᠶᠢ ᠪᠡᠶᠡᠯᠡᠭᠦᠯᠦᠨ᠎ᠡ᠃ ᠳᠠᠷᠠᠭᠠᠯᠠᠪᠠᠯ᠂ ᠰᠤᠷᠤᠭ᠍ᠴᠢᠳ᠎ᠲᠠᠢ ᠡᠷᠬᠡ ᠴᠢᠯᠦᠭᠡᠲᠠᠢ ᠪᠥᠭᠡᠳ ᠪᠡᠶ᠎ᠡ ᠪᠠᠨ ᠪᠠᠷᠢᠬᠤ ᠵᠢᠷᠤᠮᠵᠢᠭ᠍ᠰᠠᠨ ᠰᠢᠰᠲᠧᠮ ᠢ᠋ ᠬᠠᠮᠲᠤ᠎ᠪᠠᠷ ᠪᠠᠢᠭᠤᠯᠵᠤ᠂ ᠰᠤᠷᠭᠠᠭᠤᠯᠢ ᠶ᠋ᠢᠨ ᠣᠶᠤᠨ ᠰᠠᠨᠠᠭᠠᠨ᠎ᠤ ᠣᠷᠣᠨ ᠵᠠᠢ ᠨᠥᠬᠥᠷᠰᠡᠭ ᠪᠠᠢᠬᠤ ᠶ᠋ᠢ ᠪᠡᠶᠡᠯᠡᠭᠦᠯᠦᠨ᠎ᠡ᠃ ᠡᠴᠦᠰ᠎ᠲᠦ᠂ ᠣᠷᠣᠨ ᠵᠠᠢ᠎ᠶᠢᠨ ᠡᠬᠢ ᠪᠠᠶᠠᠯᠢᠭ᠋᠎ᠤᠨ ᠬᠤᠪᠢᠶᠠᠷᠢᠯᠠᠯᠲᠠ᠎ᠶᠢᠨ ᠰᠢᠳᠤᠷᠭᠤ ᠶᠣᠰᠣ᠌᠎ᠶᠢ ᠠᠬᠢᠭᠤᠯᠵᠤ᠂ ᠰᠤᠷᠭᠠᠭᠤᠯᠢ᠎ᠶᠢᠨ ᠨᠡᠢᠭᠡᠮ᠎ᠦᠨ ᠣᠷᠣᠨ ᠵᠠᠢ᠎ᠶᠢᠨ ᠨᠥᠬᠥᠷᠰᠡᠭ᠎ᠢ ᠪᠡᠶᠡᠯᠡᠭᠦᠯᠦᠨ᠎ᠡ᠃

— 《ᠰᠢᠨᠬᠤᠸᠠ ᠵᠤᠬᠢᠶᠠᠯ᠎ᠤᠨ ᠱᠦᠬᠦᠮᠡᠭ》 ᠡᠴᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面