ᠲᠡᠷᠢᠭᠦᠨ ᠨᠢᠭᠤᠷ>ᠣᠨᠣᠯ ᠱᠢᠭᠦᠮᠵᠢ>ᠰᠢᠭᠦᠮᠵᠢ

2026-10-09 10:42:13

ᠵᠣᠬᠢᠶᠠᠭ᠍ᠴᠢ᠄ ​ᠴᠧᠨ ᠵᠢᠶᠠ ᠰᠢ ᠣᠩᠱᠢᠭ᠍ᠰᠠᠨ ᠣᠳᠠᠭ᠎ᠠ᠄ 3

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠮᠠᠨ᠎ᠤ ᠨᠠᠮ ᠨᠠᠮᠴᠢ ᠴᠢᠨᠠᠷ᠎ᠤᠨ ᠬᠥᠮᠦᠵᠢᠯ᠎ᠢ ᠨᠠᠮ᠎ᠤᠨ ᠭᠡᠰᠢᠭᠦᠨ ᠺᠠᠳ᠋ᠷᠴᠤᠳ᠎ᠤᠨ ᠦᠪᠡᠷ᠎ᠢ ᠪᠠᠨ ᠲᠡᠬᠦᠯᠳᠡᠷᠵᠢᠬᠦᠯᠬᠦ᠎ᠶᠢᠨ ᠵᠠᠪᠠᠯ ᠰᠤᠷᠬᠤ ᠬᠢᠴᠢᠶᠡᠯ ᠪᠣᠯᠭᠠᠬᠤ᠎ᠶᠢ ᠪᠠᠷᠢᠮᠲᠠᠯᠠᠵᠤ᠂ ᠠᠯᠢ ᠤᠯᠠᠨ ᠲᠥᠪᠯᠡᠷᠡᠩᠭᠦᠢ ᠰᠤᠷᠤᠯᠴᠠᠯᠭ᠎ᠠ ᠬᠥᠮᠦᠵᠢᠯ᠎ᠢ ᠥᠷᠨᠢᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠢ ᠤᠯᠤᠰ ᠲᠦᠷᠦ᠎ᠶᠢᠨ ᠬᠥᠮᠦᠵᠢᠯ᠂ ᠦᠵᠡᠯ ᠰᠠᠨᠠᠭᠠᠨ᠎ᠤ ᠪᠣᠯᠪᠠᠰᠤᠷᠠᠯ᠂ ᠤᠶᠤᠨ ᠰᠠᠨᠠᠭᠠᠨ᠎ᠤ ᠲᠠᠪᠲᠠᠯᠲᠠ ᠬᠦᠷᠳᠡᠭᠡᠬᠦ ᠶᠠᠪᠤᠴᠠ᠎ᠳᠤ ᠨᠠᠮᠴᠢ ᠴᠢᠨᠠᠷ᠎ᠢᠶᠠᠨ ᠲᠠᠰᠤᠷᠠᠯᠲᠠ ᠦᠭᠡᠢ ᠴᠢᠩᠭᠠᠳᠬᠠᠬᠤ᠎ᠶᠢ ᠠᠬᠢᠭᠤᠯᠪᠠ᠃ ᠦᠢᠯᠡᠳᠦᠯᠭᠡ ᠭᠡᠷᠡᠴᠢᠯᠡᠭᠰᠡᠨ ᠨᠢ᠂ ᠰᠢᠨᠵᠢᠯᠡᠬᠦ ᠤᠬᠠᠭᠠᠨᠴᠢ ᠤᠨᠤᠯ᠎ᠢᠶᠠᠷ ᠰᠦᠭ ᠰᠦᠨᠡᠰᠦ᠎ᠪᠠᠨ ᠱᠤᠭᠤᠵᠤ ᠰᠠᠭᠤᠷᠢ᠎ᠶᠢ ᠪᠡᠬᠢᠵᠢᠬᠦᠯᠵᠤ᠂ ᠲᠥᠪᠯᠡᠷᠡᠩᠭᠦᠢ ᠬᠥᠮᠦᠵᠢᠯ᠎ᠢᠶᠡᠷ ᠪᠣᠭᠣᠮᠲᠠ ᠰᠢᠪᠲᠤᠯᠵᠤ᠂ ᠳᠦᠷᠢᠮ ᠲᠣᠭᠲᠠᠴᠠ᠎ᠪᠠᠷ ᠦᠷ᠎ᠡ ᠪᠦᠲᠦᠭᠡᠯ᠎ᠢ ᠪᠠᠲᠤᠳᠬᠠᠬᠤ ᠪᠣᠯ ᠰᠢᠨ᠎ᠡ ᠴᠠᠭ ᠦᠶ᠎ᠡ᠎ᠶᠢᠨ ᠪᠠᠲᠤ ᠴᠢᠩᠭ᠎ᠠ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ ᠠᠮᠵᠢᠯᠲᠠ᠎ᠲᠠᠢ ᠠᠷᠭ᠎ᠠ ᠵᠠᠮ ᠪᠣᠯᠣᠨ᠎ᠠ᠃ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠤᠨ ᠬᠦᠰᠡᠯᠡᠩ ᠢᠲᠡᠭᠡᠯ ᠵᠣᠷᠢᠭ᠋ ᠨᠡᠩ ᠡᠷᠡᠰ ᠪᠠᠳᠤ ᠪᠤᠯᠵᠤ᠂ ᠨᠠᠮ᠎ᠳᠠᠭᠠᠨ ᠦᠨᠡᠨᠴᠢ ᠰᠢᠳᠤᠷᠭᠤ ᠪᠠᠢᠬᠤ ᠤᠬᠠᠮᠰᠠᠷ ᠨᠡᠨᠭ ᠴᠢᠩᠭᠠᠷᠠᠵᠤ᠂ ᠵᠣᠷᠢᠯᠲᠠ ᠤᠬᠠᠮᠰᠠᠷ ᠨᠡᠩ ᠪᠠᠲᠤᠵᠢᠵᠤ᠂ ᠰᠠᠬᠢᠯᠭ᠎ᠠ ᠪᠠᠲᠤ᠎ᠶᠢᠨ ᠣᠢᠯᠠᠭᠠᠭᠳᠠᠬᠤᠨ ᠢᠯᠡᠳᠲᠡ ᠴᠢᠩᠭᠠᠷᠠᠵᠤ᠂ ᠠᠵᠢᠯ ᠬᠢᠵᠦ ᠦᠢᠯᠡᠰ ᠪᠣᠰᠬᠠᠬᠤ ᠴᠤᠭ ᠵᠢᠪᠬᠤᠭ᠎ᠠ᠎ᠦᠷᠭᠦᠯᠵᠢᠯᠡᠨ ᠪᠠᠳᠠᠷᠠᠭᠰᠠᠨ ᠪᠠᠢᠨ᠎ᠠ᠃ ᠰᠢᠨ᠎ᠡ ᠠᠶᠠᠨ ᠵᠠᠮ᠎ᠳᠤ᠂ 《ᠲᠦᠷᠪᠡᠨ ᠶᠡᠬᠡ ᠰᠢᠯᠭᠠᠯᠲᠠ》᠂ 《ᠲᠦᠷᠪᠡᠨ ᠵᠦᠢᠯ᠎ᠦᠨ ᠠᠶᠤᠯ ᠲᠦᠭᠰᠢᠭᠦᠷᠢ》 ᠤᠷᠳᠤ ᠬᠤᠭᠤᠴᠠᠭ᠎ᠠ᠎ᠪᠠᠷ ᠣᠷᠣᠰᠢᠬᠤ ᠪᠣᠯᠣᠨ᠎ᠠ᠃ ᠪᠠᠲᠤ ᠴᠢᠩᠭ᠎ᠠ ᠨᠠᠮᠴᠢ ᠴᠢᠨᠠᠷ᠎ᠢ ᠰᠢᠨᠲᠠᠷᠠᠰᠢ ᠦᠭᠡᠢ ᠳᠠᠪᠲᠠᠨ ᠪᠣᠯᠪᠠᠰᠤᠷᠠᠭᠤᠯᠵᠤ᠂ ᠳᠣᠲᠣᠭᠠᠳᠤ ᠰᠢᠯᠲᠠᠭᠠᠨ ᠪᠠ ᠭᠠᠳᠠᠭᠠᠳᠤ ᠰᠢᠯᠲᠠᠭᠠᠨ᠎ᠤ ᠵᠡᠷᠭᠡᠪᠡᠷ ᠬᠦᠴᠦᠯᠡᠬᠦ᠎ᠶᠢ ᠪᠠᠷᠢᠮᠲᠠᠯᠠᠵᠤ᠂ ᠪᠡᠶ᠎ᠡ᠎ᠪᠡᠨ ᠱᠠᠭᠠᠷᠳᠠᠬᠤ ᠪᠠ ᠪᠤᠰᠤᠳ᠎ᠢᠶᠠᠷ ᠱᠠᠭᠠᠷᠳᠠᠭᠤᠯᠬᠤ᠎ᠶᠢ ᠨᠢᠭ᠍ᠲᠠ ᠤᠶᠠᠯᠳᠤᠭᠤᠯᠵᠤ᠂ ᠪᠠᠢᠩᠭᠤ ᠪᠠ ᠤᠷᠳᠤ ᠬᠤᠭᠤᠴᠠᠭ᠎ᠠ᠂ ᠴᠢᠩᠭ᠎ᠠ ᠪᠠ ᠪᠣᠳᠠᠲᠠᠢ᠂ ᠭᠦᠨᠵᠡᠭᠡᠢ ᠪᠠ ᠨᠠᠷᠢᠯᠢᠭ᠋ ᠪᠠᠢᠬᠤ ᠳᠡᠭᠡᠷ᠎ᠡ ᠬᠦᠴᠦ ᠣᠷᠣᠭᠤᠯᠵᠤ᠂ ᠪᠦᠬᠦ ᠨᠠᠮ᠎ᠢ ᠢᠮᠠᠭᠲᠠ ᠡᠪ ᠬᠠᠮᠲᠤᠴᠤᠳ᠎ᠤᠨ ᠤᠯᠤᠰ ᠲᠦᠷᠦ᠎ᠶᠢᠨ ᠣᠣᠷ ᠴᠢᠨᠠᠷ᠎ᠲᠠᠢ ᠪᠠᠢᠯᠭᠠᠬᠤ ᠵᠢ ᠪᠠᠳᠤᠯᠠᠬᠤ ᠬᠡᠷᠡᠭᠲᠡᠢ᠃

ᠤᠨᠤᠯ᠎ᠢᠶᠠᠷ ᠵᠡᠪᠰᠡᠭᠯᠡᠨ ᠰᠦᠭ ᠰᠦᠨᠡᠰᠦ᠎ᠶᠢ ᠱᠤᠭᠤᠬᠤ᠎ᠶᠢ ᠪᠠᠷᠢᠮᠲᠠᠯᠠᠵᠤ᠂ ᠦᠵᠡᠯ ᠰᠠᠨᠠᠭᠠᠨ᠎ᠤ ᠳᠠᠪᠲᠠᠯᠲᠠ ᠳᠤᠮᠳᠠ ᠨᠠᠮᠴᠢ ᠴᠢᠨᠠᠷ᠎ᠤᠨ ᠰᠠᠭᠤᠷᠢ᠎ᠶᠢ ᠪᠠᠲᠤ ᠴᠣᠭᠴᠠᠯᠠᠬᠤ ᠬᠡᠷᠡᠭᠳᠡᠢ᠃ ᠤᠨᠤᠯ᠎ᠤᠨ ᠲᠠᠯ᠎ᠠ᠎ᠪᠠᠷ ᠬᠤᠷᠴᠠ ᠰᠡᠷᠭᠡᠭ ᠪᠠᠢᠬᠤ ᠪᠣᠯ ᠤᠯᠤᠰ ᠲᠦᠷᠦ᠎ᠶᠢᠨ ᠲᠠᠯ᠎ᠠ᠎ᠪᠠᠷ ᠡᠷᠡᠰ ᠪᠠᠲᠤ᠂ ᠨᠠᠮᠴᠢ ᠴᠢᠨᠠᠷ᠎ᠤᠨ ᠲᠠᠯ᠎ᠠ᠎ᠪᠠᠷ ᠪᠠᠲᠤ ᠴᠢᠩᠭ᠎ᠠ ᠪᠠᠢᠬᠤ᠎ᠶᠢᠨ ᠤᠷᠢᠲᠠᠯ ᠮᠥᠨ᠃ ᠪᠠᠲᠤ ᠴᠢᠩᠭ᠎ᠠ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ᠎ᠶᠢᠨ ᠲᠡᠷᠢᠭᠦᠨ ᠴᠢᠬᠤᠯᠠ ᠡᠭᠦᠷᠭᠡ ᠪᠣᠯ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ᠎ᠢ ᠨᠢᠭ᠍ᠲᠠᠷᠠᠭᠤᠯᠤᠨ ᠰᠦᠭ ᠰᠦᠨᠡᠰᠦ᠎ᠶᠢ ᠱᠤᠭᠤᠬᠤ᠎ᠶᠢ ᠴᠥᠬᠥᠷᠡᠰᠢ ᠦᠭᠡᠢ ᠪᠠᠷᠢᠮᠲᠠᠯᠠᠬᠤ ᠶᠠᠪᠤᠳᠠᠯ ᠪᠣᠯᠣᠨ᠎ᠠ᠃ ᠨᠠᠮ᠎ᠤᠨ ᠭᠡᠰᠢᠭᠦᠨ ᠺᠠᠳ᠋ᠷᠴᠤᠳ᠎ᠤᠨ ᠤᠭ ᠵᠣᠬᠢᠶᠠᠯ᠎ᠢ ᠤᠩᠰᠢᠬᠤ᠂ ᠤᠭ ᠵᠣᠬᠢᠶᠠᠯ᠎ᠢ ᠰᠤᠷᠤᠯᠴᠠᠬᠤ᠂ ᠤᠭ ᠶᠣᠰᠣ᠌᠎ᠶᠢ ᠣᠢᠯᠠᠭᠠᠬᠤ᠎ᠶᠢ ᠬᠥᠮᠥᠵᠢᠭᠦᠯᠦᠨ ᠵᠢᠯᠤᠭᠣᠳᠴᠤ᠂ ᠡᠨᠡ ᠬᠦ᠌ ᠴᠢᠬᠤᠯᠠ ᠦᠵᠡᠯ ᠰᠠᠨᠠᠭᠠᠨ᠎ᠤ ᠰᠢᠨᠵᠢᠯᠡᠬᠦ ᠤᠬᠠᠭᠠᠨᠴᠢ ᠰᠢᠰᠲᠧᠮ᠂ ᠭᠣᠣᠯᠯᠠᠬᠤ ᠴᠢᠬᠤᠯᠠ ᠠᠭᠤᠯᠭ᠎ᠠ᠂ ᠦᠢᠯᠡᠳᠦᠯᠭᠡ᠎ᠶᠢᠨ ᠱᠠᠭᠠᠷᠳᠠᠯᠭ᠎ᠠ᠎ᠶᠢ ᠪᠦᠬᠦ ᠲᠠᠯ᠎ᠠ᠎ᠪᠠᠷ ᠰᠢᠰᠲᠧᠮ᠎ᠲᠠᠢ ᠡᠵᠡᠮᠰᠢᠵᠦ᠂ ᠲᠡᠭᠦᠨ᠎ᠳᠦ ᠲᠤᠭᠤᠰᠢᠯᠠᠭᠳᠠᠵᠤ ᠪᠠᠢᠭ᠎ᠠ ᠵᠣᠭᠰᠣᠯᠲᠠ ᠦᠵᠡᠯᠲᠡ ᠠᠷᠭ᠎ᠠ᠎ᠶᠢ ᠭᠦᠨᠵᠡᠭᠡᠢ ᠡᠵᠡᠮᠰᠢᠵᠦ᠂ ᠤᠨᠤᠯᠵᠢᠯᠳᠠ ᠬᠠᠮᠳᠤ ᠵᠢᠨ ᠲᠠᠨᠢᠯᠳᠠ ᠎ᠶᠢ ᠡᠷᠡᠰ ᠪᠠᠲᠤ ᠢᠲᠡᠭᠡᠯ ᠪᠢᠰᠢᠷᠡᠯ ᠪᠣᠯᠭᠠᠨ ᠳᠡᠭᠡᠭᠰᠢᠯᠡᠭᠦᠯᠬᠦ ᠬᠡᠷᠡᠭᠲᠡᠢ᠃ ᠤᠨᠤᠯ᠎ᠤᠨ ᠰᠤᠷᠤᠯᠴᠠᠯᠭ᠎ᠠ᠎ᠶᠢ ᠨᠠᠮᠴᠢ ᠴᠢᠨᠠᠷ᠎ᠤᠨ ᠪᠠᠢᠴᠠᠭᠠᠨ ᠦᠵᠡᠬᠦ᠎ᠲᠠᠢ ᠤᠶᠠᠯᠳᠤᠭᠤᠯᠵᠤ᠂ ᠦᠷᠭᠦᠯᠵᠢ ᠨᠠᠮ᠎ᠤᠨ ᠰᠢᠨ᠎ᠡ ᠡᠭᠦᠳᠦᠯᠳᠡ ᠵᠢᠨ ᠤᠨᠤᠯ᠎ᠲᠠᠢ ᠬᠠᠷᠢᠴᠠᠭᠤᠯᠤᠨ ᠬᠦᠰᠡᠯᠡᠩ ᠢᠲᠡᠭᠡᠯ ᠪᠢᠰᠢᠷᠡᠯ ᠨᠢ ᠡᠷᠡᠰ ᠪᠠᠲᠤ ᠪᠠᠢᠬᠤ ᠡᠰᠡᠬᠦ᠂ ᠤᠯᠤᠰ ᠲᠦᠷᠦ᠎ᠶᠢᠨ ᠦᠨᠡᠨᠴᠢ ᠰᠢᠳᠤᠷᠭᠤ ᠨᠢ ᠨᠠᠢᠳᠠᠪᠤᠷᠢᠲᠠᠢ ᠪᠠᠢᠬᠤ ᠡᠰᠡᠬᠦ᠂ ᠵᠣᠷᠢᠯᠲᠠ ᠤᠬᠠᠮᠰᠠᠷ ᠨᠢ ᠪᠠᠲᠤ ᠪᠡᠬᠢ ᠪᠠᠢᠬᠤ ᠡᠰᠡᠬᠦ᠎ᠶᠢ ᠪᠠᠢᠴᠠᠭᠠᠨ ᠦᠵᠡᠬᠦ ᠬᠡᠷᠡᠭᠲᠡᠢ᠃ ᠭᠠᠭᠴᠠ ᠬᠦ᠌ ᠰᠢᠨᠵᠢᠯᠡᠬᠦ ᠤᠬᠠᠭᠠᠨᠴᠢ ᠤᠨᠤᠯ᠎ᠢ ᠡᠷᠡᠰ ᠪᠠᠲᠤ ᠢᠲᠡᠭᠡᠯ ᠪᠢᠰᠢᠷᠡᠯ᠂ ᠤᠯᠤᠰ ᠲᠦᠷᠦ ᠵᠢᠨ ᠦᠨᠡᠨᠴᠢ ᠰᠢᠳᠤᠷᠭᠤ᠂ ᠰᠢᠯᠭᠠᠷᠠᠭᠰᠠᠨ ᠤᠪᠤᠷ ᠰᠤᠷᠲᠠᠯ ᠪᠣᠯᠭᠠᠨ ᠬᠤᠪᠢᠷᠠᠭᠤᠯᠪᠠᠯ᠂ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ᠎ᠳᠤ ᠰᠠᠶᠢ ᠬᠦᠴᠦᠲᠡᠢ ᠲᠦᠰᠢᠭ ᠲᠤᠯᠭᠠᠭᠤᠷᠢ᠎ᠲᠠᠢ ᠪᠣᠯᠵᠤ ᠴᠢᠳᠠᠨ᠎ᠠ᠃

ᠤᠯᠤᠰ ᠲᠦᠷᠦ᠎ᠶᠢᠨ ᠳᠠᠪᠲᠠᠯᠲᠠ᠎ᠪᠠᠷ ᠦᠨᠳᠦᠰᠦ ᠰᠠᠭᠤᠷᠢ᠎ᠪᠠᠨ ᠪᠡᠬᠢᠵᠢᠭᠦᠯᠬᠦ᠎ᠶᠢ ᠪᠠᠷᠢᠮᠲᠠᠯᠠᠵᠤ᠂ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠢ ᠴᠢᠩᠳᠠᠯᠠᠬᠤ ᠳᠤᠮᠳᠠ ᠪᠠᠲᠤ ᠴᠢᠩᠭ᠎ᠠ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ ᠬᠡᠷᠡᠭᠳᠡᠢ᠃ ᠨᠠᠮ᠎ᠳᠠᠭᠠᠨ ᠦᠨᠡᠨᠴᠢ ᠪᠠᠢᠬᠤ ᠪᠣᠯ ᠡᠪ ᠬᠠᠮᠲᠤᠴᠤᠳ᠎ᠤᠨ ᠲᠡᠷᠢᠭᠦᠨ ᠴᠢᠬᠤᠯᠠ ᠤᠯᠤᠰ ᠲᠦᠷᠦ᠎ᠶᠢᠨ ᠵᠠᠩ ᠴᠢᠨᠠᠷ ᠮᠥᠨ᠃ ᠪᠠᠲᠤ ᠴᠢᠩᠭ᠎ᠠ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ᠎ᠳᠤ ᠡᠷᠬᠡᠪᠰᠢ 《ᠬᠣᠶᠠᠷ᠎ᠢ ᠲᠣᠭᠲᠠᠭᠠᠬᠤ》᠎ᠵᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ》᠎ᠵᠢ ᠡᠷᠡᠰ ᠪᠡᠶᠡᠯᠡᠭᠦᠯᠬᠦ ᠬᠡᠷᠡᠭᠲᠡᠢ᠃ ᠨᠠᠮ᠎ᠤᠨ ᠭᠡᠰᠢᠭᠦᠨ ᠺᠠᠳ᠋ᠷᠴᠤᠳ᠎ᠢ ᠬᠥᠮᠥᠵᠢᠭᠦᠯᠦᠨ ᠵᠢᠯᠤᠭᠣᠳᠴᠤ ᠪᠠᠢᠭᠠᠳ ᠤᠯᠤᠰ ᠲᠦᠷᠦ᠎ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠎ᠶᠢᠨ ᠤᠬᠠᠬᠤ ᠴᠢᠳᠠᠪᠤᠷᠢ᠂ ᠤᠯᠤᠰ ᠲᠦᠷᠦ᠎ᠶᠢᠨ ᠬᠡᠷᠡᠭᠵᠢᠭᠦᠯᠬᠦ ᠴᠢᠳᠠᠪᠤᠷᠢ᠎ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠲᠦᠷᠦ᠎ᠶᠢᠨ ᠲᠠᠯ᠎ᠠ᠎ᠠᠴᠠ ᠠᠰᠠᠭᠤᠳᠠᠯ᠎ᠢ ᠠᠵᠢᠭ᠍ᠯᠠᠬᠤ ᠪᠠ ᠰᠢᠢᠳᠪᠦᠷᠢᠯᠡᠬᠦ᠎ᠳᠡᠭᠡᠨ ᠴᠢᠳᠠᠮᠠᠭᠠᠢ ᠪᠤᠯᠭᠠᠵᠤ᠂ ᠤᠬᠠᠮᠰᠠᠷ᠎ᠠᠴᠠ᠎ᠪᠠᠨ ᠶᠡᠬᠡ ᠲᠠᠯ᠎ᠠ ᠡᠴᠡ ᠰᠡᠳᠬᠢᠵᠤ᠂ ᠶᠡᠬᠡ ᠲᠠᠯ᠎ᠠ᠎ᠡᠴᠡ ᠠᠵᠢᠯᠯᠠᠬᠤ ᠪᠤᠯᠭᠠᠬᠤ ᠬᠡᠷᠡᠭᠲᠡᠢ᠃ ᠰᠢᠨ᠎ᠡ ᠪᠠᠢᠳᠠᠯ ᠳᠣᠣᠷᠠᠬᠢ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠤᠨ ᠪᠠᠷᠢᠮᠵᠢᠶ᠎ᠠ᠎ᠨᠤᠭᠤᠳ᠎ᠢ ᠴᠢᠩᠭ᠎ᠠ ᠬᠡᠷᠡᠭᠵᠢᠭᠦᠯᠵᠦ᠂ 《ᠭᠤᠷᠪᠠᠨ ᠬᠤᠷᠠᠯ ᠨᠢᠭᠡ ᠬᠢᠴᠢᠶᠡᠯ》᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠂ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠤᠨ ᠬᠤᠷᠠᠯ᠂ ᠰᠡᠳᠬᠢᠯ᠎ᠦᠨ ᠦᠭᠡ᠎ᠪᠡᠨ ᠬᠡᠯᠡᠯᠴᠡᠨ ᠶᠠᠷᠢᠯᠴᠠᠬᠤ᠂ ᠨᠠᠮ᠎ᠤᠨ ᠭᠡᠰᠢᠭᠦᠨ᠎ᠢ ᠠᠷᠠᠳᠴᠢᠯᠠᠯ᠎ᠢᠶᠠᠷ ᠦᠨᠡᠯᠡᠬᠦ ᠵᠡᠷᠭᠡ ᠳᠦᠷᠢᠮ᠎ᠢ ᠨᠠᠢᠳᠠᠪᠤᠷᠢᠵᠢᠭᠤᠯᠵᠤ᠂ ᠰᠢᠭᠦᠮᠵᠢᠯᠡᠯ ᠪᠠ ᠥᠪᠡᠷ᠎ᠦᠨ ᠰᠢᠭᠦᠮᠵᠢᠯᠡᠯ ᠭᠡᠬᠦ ᠡᠨᠡ ᠬᠦ᠌ ᠬᠤᠷᠴᠠ ᠵᠡᠪᠰᠡᠭ᠎ᠢ ᠰᠠᠢᠲᠤᠷ ᠬᠡᠷᠡᠭᠯᠡᠵᠦ᠂ ᠨᠠᠮ᠎ᠤᠨ ᠭᠡᠰᠢᠭᠦᠨ ᠺᠠᠳ᠋ᠷᠴᠤᠳ᠎ᠲᠤ ᠦᠷᠭᠦᠯᠵᠢ ᠤᠯᠤᠰ ᠲᠦᠷᠦ᠎ᠶᠢᠨ ᠪᠡᠶ᠎ᠡ᠎ᠶᠢᠨ ᠪᠠᠢᠴᠠᠭᠠᠯᠲᠠ ᠬᠢᠬᠦ ᠬᠡᠷᠡᠭᠳᠡᠢ᠃ ᠤᠳᠤᠷᠢᠳᠬᠤ ᠺᠠᠳ᠋ᠷ ᠭᠡᠬᠦ ᠡᠨᠡ ᠬᠦ᠌ 《ᠵᠠᠩᠭᠢᠯᠠᠭ᠎ᠠ᠎ᠶᠢᠨ ᠴᠥᠭᠡᠨ ᠲᠣᠭᠠᠲᠤ》 ᠵᠢ ᠲᠤᠪᠤᠢ᠍ᠢᠯᠭᠠᠵᠤ᠂ ᠤᠳᠤᠷᠢᠳᠬᠤ ᠺᠠᠳ᠋ᠷ᠎ᠤᠨ ᠡᠩ᠎ᠦᠨ ᠨᠠᠮ᠎ᠤᠨ ᠭᠡᠰᠢᠭᠦᠨ᠎ᠦ ᠬᠤᠪᠢ᠎ᠪᠠᠷ ᠥᠪᠡᠷ᠎ᠦᠨ ᠪᠠᠢᠭ᠎ᠠ ᠨᠠᠮ᠎ᠤᠨ ᠡᠭᠦᠷ ᠪᠤᠶᠤ ᠨᠠᠮ᠎ᠤᠨ ᠳᠤᠭᠤᠢᠯᠠᠩ᠎ᠤᠨ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠤᠨ ᠬᠤᠷᠠᠯ᠎ᠳᠤ ᠣᠷᠣᠯᠴᠠᠵᠤ᠂ ᠵᠣᠬᠢᠶᠠᠨ ᠪᠠᠢᠭᠤᠯᠤᠯᠲᠠ ᠵᠢᠨ ᠬᠥᠮᠦᠵᠢᠯ ᠬᠠᠮᠢᠶᠠᠷᠤᠯᠲᠠ ᠬᠢᠨᠠᠯᠲᠠ᠎ᠶᠢ ᠲᠦᠷᠦᠭᠦᠯᠡᠨ ᠬᠦᠯᠢᠶᠡᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠎ᠶᠢᠨ ᠠᠮᠢ ᠠᠬᠤᠢ᠎ᠶᠢ ᠲᠦᠷᠦᠭᠦᠯᠡᠨ ᠪᠤᠢ ᠪᠣᠯᠭᠠᠬᠤ ᠵᠢ ᠠᠬᠢᠭᠤᠯᠬᠤ ᠬᠡᠷᠡᠭᠲᠡᠢ᠃

ᠦᠢᠯᠡᠳᠦᠯᠭᠡ ᠵᠢᠨ ᠲᠠᠪᠳᠠᠯᠳᠠ᠎ᠪᠡᠷ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠬᠤ᠎ᠶᠢ ᠪᠠᠷᠢᠮᠲᠠᠯᠠᠵᠤ᠂ ᠠᠷᠠᠳ ᠲᠦᠮᠡᠨ᠎ᠳᠦ ᠪᠤᠶᠠᠨ ᠦᠢᠯᠡᠳᠬᠦ ᠡᠭᠦᠷᠭᠡᠯᠡᠯ᠎ᠦᠨ ᠳᠤᠮᠳᠠ ᠨᠠᠮᠴᠢ ᠴᠢᠨᠠᠷ᠎ᠢ ᠰᠢᠯᠭᠠᠬᠤ ᠬᠡᠷᠡᠭᠲᠡᠢ᠃ ᠨᠠᠮᠴᠢ ᠴᠢᠨᠠᠷ ᠪᠠ ᠠᠷᠠᠳᠴᠢ ᠴᠢᠨᠠᠷ ᠪᠣᠯ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠳᠠᠭ᠃ ᠨᠠᠮ᠎ᠤᠨ ᠭᠡᠰᠢᠭᠦᠨ ᠺᠠᠳ᠋ᠷᠴᠤᠳ᠎ᠤᠨ ᠨᠠᠮᠴᠢ ᠴᠢᠨᠠᠷ ᠴᠢᠩᠭ᠎ᠠ ᠡᠰᠡᠬᠦ᠎ᠶᠢ ᠦᠵᠡᠬᠦ᠎ᠳᠦ ᠡᠴᠦᠰ᠎ᠲᠡᠬᠡᠨ ᠠᠷᠠᠳ ᠲᠦᠮᠡᠨ᠎ᠦ ᠵᠣᠭᠰᠣᠯᠲᠠ᠎ᠳᠤ ᠦᠨᠡᠨ ᠬᠦ᠌ ᠪᠠᠲᠤ ᠵᠣᠭᠰᠣᠵᠤ᠂ ᠠᠷᠠᠳ᠎ᠤᠨ ᠲᠥᠯᠥᠭᠡ ᠭᠡᠬᠦ ᠰᠡᠳᠬᠢᠯᠭᠡ᠎ᠶᠢ ᠵᠤᠵᠠᠭᠠᠳᠬᠠᠵᠤ᠂ ᠠᠷᠠᠳ ᠤᠯᠠᠨ᠎ᠤ ᠪᠠᠴᠢᠮ ᠲᠤᠯᠭᠠᠮ ᠬᠦᠴᠢᠷ ᠵᠣᠪᠠᠭᠤᠷᠢ᠎ᠲᠠᠢ ᠶᠠᠪᠤᠳᠠᠯ᠎ᠢ ᠰᠠᠢᠲᠤᠷ ᠬᠢᠭᠰᠡᠨ ᠡᠰᠡᠬᠦ᠎ᠶᠢ ᠦᠵᠡᠬᠦ ᠬᠡᠷᠡᠭᠲᠡᠢ᠃ ᠥᠭᠡᠷᠡᠴᠢᠯᠡᠯᠲᠡ ᠬᠥᠭᠵᠢᠯᠲᠡ ᠲᠤᠬᠳᠠᠭᠤᠨ᠎ᠤ ᠨᠢᠭᠡᠳᠦᠭᠡᠷ ᠹᠷᠣᠨᠲ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠪᠠ ᠦᠨᠳᠦᠰᠦᠨ ᠱᠠᠲᠤᠨ᠎ᠤ ᠵᠠᠰᠠᠯᠲᠠ᠎ᠶᠢᠨ ᠭᠣᠣᠯ ᠳᠠᠢ᠍ᠢᠨ᠎ᠦ ᠲᠠᠯᠠᠪᠤᠷ᠂ ᠴᠢᠬᠤᠯᠠ ᠶᠡᠬᠡ ᠲᠡᠮᠡᠴᠡᠯ ᠪᠣᠯᠣᠨ ᠪᠠᠴᠢᠮ ᠪᠡᠷᠬᠡ ᠠᠶᠤᠯᠲᠠᠢ ᠬᠦᠨᠳᠦ ᠡᠭᠦᠷᠭᠡ᠎ᠶᠢᠨ ᠰᠢᠯᠭᠠᠯᠲᠠ᠎ᠶᠢ ᠨᠠᠮᠴᠢ ᠴᠢᠨᠠᠷ᠎ᠢ ᠪᠠᠲᠤᠳᠬᠠᠬᠤ ᠴᠢᠬᠤᠯᠠ ᠬᠢᠴᠢᠶᠡᠯ᠎ᠦᠨ ᠲᠠᠩᠬᠢᠮ ᠪᠣᠯᠭᠠᠬᠤ ᠬᠡᠷᠡᠭᠲᠡᠢ᠃ ᠪᠠᠢᠴᠠᠭᠠᠨ ᠰᠤᠳᠤᠯᠤᠯᠲᠠ ᠬᠢᠬᠦ ᠰᠤᠷᠲᠠᠯ᠎ᠢ ᠶᠡᠬᠡᠪᠡᠷ ᠪᠠᠳᠠᠷᠠᠭᠤᠯᠵᠤ᠂ ᠦᠨᠳᠦᠰᠦᠨ ᠱᠠᠲᠤᠨ᠎ᠳᠤ ᠭᠦᠨᠵᠡᠭᠡᠢᠷᠡᠨ᠂ ᠤᠯᠠᠨ ᠲᠦᠮᠡᠨ᠎ᠦ ᠳᠤᠮᠳᠠ ᠭᠦᠨᠵᠡᠭᠡᠢᠷᠡᠵᠦ᠂ ᠤᠯᠠᠨ ᠲᠦᠮᠡᠨ᠎ᠦ ᠬᠦᠰᠡᠯ ᠱᠠᠭᠠᠷᠳᠠᠯᠭ᠎ᠠ᠎ᠪᠠᠷ ᠨᠢᠭᠡᠳᠦᠭᠡᠷ ᠳᠣᠬᠢᠶ᠎ᠠ ᠪᠣᠯᠭᠠᠵᠤ᠂ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠦ ᠦᠨᠳᠦᠰᠦᠨ ᠠᠰᠢᠭ᠋ ᠲᠤᠰᠠ᠎ᠶᠢ ᠰᠠᠢᠲᠤᠷ ᠪᠡᠶᠡᠯᠡᠭᠦᠯᠵᠦ᠂ ᠰᠠᠢᠲᠤᠷ ᠬᠠᠮᠠᠭᠠᠯᠠᠵᠤ᠂ ᠰᠠᠢᠲᠤᠷ ᠬᠥᠭᠵᠢᠭᠦᠯᠬᠦ ᠬᠡᠷᠡᠭᠲᠡᠢ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠠᠲᠤ ᠪᠤᠢ ᠪᠣᠯᠭᠠᠵᠤ᠂ ᠵᠠᠰᠠᠭ ᠎ᠤᠨ ᠠᠵᠢᠯ᠎ᠤᠨ ᠪᠦᠲᠦᠮᠵᠢ᠎ᠶᠢᠨ ᠲᠤᠬᠠᠢ ᠦᠵᠡᠯᠲᠡ᠎ᠶᠢᠨ ᠲᠤᠰᠢᠶᠠᠯ ᠬᠠᠷᠢᠭᠤᠴᠠᠯᠭ᠎ᠠ ᠪᠠᠨ ᠡᠨᠳᠡᠭᠦᠷᠡᠬᠦ᠂ ᠬᠠᠷᠢᠭᠤᠴᠠᠯᠭᠠᠲᠤ ᠰᠡᠳᠬᠢᠯᠭᠡ ᠳᠤᠲᠠᠭᠳᠠᠭᠰᠠᠨ ᠠᠰᠠᠭᠤᠳᠠᠯ᠎ᠢ ᠡᠷᠡᠰ᠎ᠢᠶᠡᠷ ᠵᠠᠯᠠᠷᠠᠭᠤᠯᠤᠨ ᠵᠠᠰᠠᠵᠤ᠂ ᠦᠢᠯᠡᠳᠦᠯᠭᠡ᠎ᠶᠢᠨ ᠳᠤᠮᠳᠠ ᠺᠠᠳ᠋ᠷ᠎ᠢ ᠰᠢᠯᠭᠠᠨ ᠪᠠᠢᠴᠠᠭᠠᠵᠤ ᠢᠯᠭᠠᠨ ᠲᠠᠨᠢᠬᠤ᠎ᠶᠢ ᠪᠠᠷᠢᠮᠲᠠᠯᠠᠵᠤ᠂ ᠨᠠᠮᠴᠢ ᠴᠢᠨᠠᠷ᠎ᠤᠨ ᠳᠠᠪᠲᠠᠯᠲᠠ᠎ᠶᠢᠨ ᠦᠷ᠎ᠡ ᠪᠦᠲᠦᠭᠡᠯ᠎ᠢ ᠠᠵᠢᠯ ᠬᠢᠵᠦ ᠠᠳᠠᠯ ᠦᠢᠯᠡᠰ ᠴᠣᠭᠴᠠᠯᠠᠬᠤ᠎ᠶᠢᠨ ᠪᠣᠳᠠᠲᠤ ᠦᠷ᠎ᠡ ᠪᠦᠲᠦᠮᠵᠢ ᠳᠡᠭᠡᠷ᠎ᠡ ᠢᠯᠡᠷᠡᠭᠦᠯᠬᠦ ᠬᠡᠷᠡᠭᠲᠡᠢ᠃

ᠰᠠᠬᠢᠯᠭ᠎ᠠ ᠪᠠᠲᠤ᠎ᠪᠠᠷ ᠬᠢᠨᠠᠯᠲᠠ ᠲᠠᠯᠪᠢᠬᠤ᠎ᠪᠠᠷ ᠪᠡᠶ᠎ᠡ᠎ᠪᠡᠨ ᠲᠥᠪ ᠪᠣᠯᠭᠠᠬᠤ᠎ᠶᠢ ᠪᠠᠷᠢᠮᠲᠠᠯᠠᠵᠤ᠂ ᠪᠡᠶ᠎ᠡ᠎ᠪᠡᠨ ᠱᠠᠭᠠᠷᠳᠠᠬᠤ᠂ ᠪᠤᠰᠤᠳ᠎ᠵᠢᠡᠷ ᠱᠠᠭᠠᠷᠳᠠᠭᠤᠯᠬᠤ᠎ᠶᠢ ᠤᠶᠠᠯᠳᠤᠭᠤᠯᠬᠤ ᠳᠤᠮᠳᠠ ᠨᠠᠮᠴᠢ ᠴᠢᠨᠠᠷ᠎ᠢ ᠲᠠᠪᠳᠠᠨ ᠪᠤᠯᠪᠠᠰᠤᠷᠠᠭᠤᠯᠬᠤ ᠬᠡᠷᠡᠭᠳᠡᠢ᠃ ᠨᠠᠮᠴᠢ ᠴᠢᠨᠠᠷ᠂ ᠨᠠᠮ᠎ᠤᠨ ᠰᠤᠷᠲᠠᠯ᠂ ᠨᠠᠮ᠎ᠤᠨ ᠰᠠᠬᠢᠯᠭ᠎ᠠ ᠪᠠᠲᠤ ᠪᠣᠯ ᠣᠷᠭᠠᠨᠢᠭ᠋ ᠪᠦᠬᠦᠯᠢ ᠴᠣᠭᠴᠠ ᠮᠥᠨ᠂ ᠨᠠᠮᠴᠢ ᠴᠢᠨᠠᠷ ᠠᠷᠢᠭᠤᠨ ᠴᠡᠪᠡᠷ ᠪᠣᠯ ᠨᠠᠮ᠎ᠤᠨ ᠰᠤᠷᠲᠠᠯ ᠲᠥᠪ ᠪᠠᠢᠵᠤ᠂ ᠨᠠᠮ᠎ᠤᠨ ᠰᠠᠬᠢᠯᠭ᠎ᠠ ᠪᠠᠲᠤ ᠴᠢᠩᠭ᠎ᠠ ᠪᠣᠯ ᠨᠠᠮᠴᠢ ᠴᠢᠨᠠᠷ ᠴᠢᠩᠭ᠎ᠠ ᠪᠠᠢᠳᠠᠭ᠃ ᠨᠠᠮ᠎ᠤᠨ ᠳᠦᠷᠢᠮ ᠨᠠᠮ᠎ᠤᠨ ᠲᠣᠭᠲᠠᠭᠠᠯ ᠨᠠᠮ᠎ᠤᠨ ᠰᠠᠬᠢᠯᠭ᠎ᠠ ᠪᠠᠲᠤ᠎ᠶᠢ ᠰᠤᠷᠤᠯᠴᠠᠨ ᠵᠢᠷᠤᠮᠯᠠᠬᠤ ᠶᠠᠪᠤᠳᠠᠯ᠎ᠢ ᠨᠠᠮᠴᠢ ᠴᠢᠨᠠᠷ᠎ᠤᠨ ᠲᠠᠪᠳᠠᠨ ᠪᠣᠯᠪᠠᠰᠤᠷᠠᠯ᠎ᠤᠨ ᠴᠢᠬᠤᠯᠠ ᠠᠭᠤᠯᠭ᠎ᠠ ᠪᠣᠯᠭᠠᠵᠤ᠂ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠢᠭᠠᠳ ᠰᠠᠬᠢᠯᠭ᠎ᠠ ᠪᠠᠲᠤ ᠶᠣᠰᠣ᠌ ᠳᠦᠷᠢᠮ᠎ᠢ ᠡᠳᠦᠷ ᠲᠤᠳᠤᠮ᠎ᠲᠤᠭᠤᠰᠢᠯᠠᠭᠤᠯᠵᠤ ᠪᠠᠢᠭ᠎ᠠ ᠪᠣᠯᠪᠠᠴᠤ ᠦᠯᠤ ᠮᠡᠳᠡᠭᠳᠡᠬᠦ ᠦᠭᠡ ᠶᠠᠷᠢᠶ᠎ᠠ ᠦᠢᠯᠡ ᠠᠵᠢᠯᠯᠠᠭ᠎ᠠ᠎ᠶᠢᠨ ᠪᠠᠷᠢᠮᠵᠢᠶ᠎ᠠ ᠪᠣᠯᠭᠠᠬᠤ ᠬᠡᠷᠡᠭᠲᠡᠢ᠃ ᠲᠥᠪ ᠭᠣᠣᠯᠴᠢ ᠠᠷᠢᠭᠤᠨ ᠴᠢᠬᠡᠴᠢ ᠪᠠᠢᠬᠤ ᠨᠢ ᠭᠠᠳᠠᠭᠠᠳᠤ ᠬᠢᠵᠠᠭᠠᠷᠯᠠᠯ ᠳᠣᠣᠷᠠᠬᠢ ᠰᠠᠨᠠᠭᠠᠴᠢᠯᠠᠭᠠᠲᠤ ᠪᠤᠰᠤ ᠱᠠᠭᠠᠷᠳᠠᠯᠭ᠎ᠠ ᠪᠢᠰᠢ᠂ ᠬᠠᠷᠢᠨ ᠡᠪ ᠬᠠᠮᠲᠤᠴᠤᠳ᠎ᠤᠨ ᠨᠠᠮᠴᠢ ᠴᠢᠨᠠᠷ᠎ᠤᠨ ᠠᠷᠢᠭᠤᠨ ᠴᠡᠪᠡᠷ ᠪᠠᠢᠬᠤ᠎ᠶᠢᠨ ᠴᠢᠬᠤᠯᠠ ᠢᠯᠡᠷᠡᠯ ᠮᠥᠨ᠃ ᠭᠠᠭᠴᠠ ᠬᠦ᠌ ᠠᠷᠢᠭᠤᠨ ᠴᠢᠬᠡᠴᠢ᠎ᠪᠡᠷ ᠪᠡᠶ᠎ᠡ᠎ᠪᠡᠨ ᠱᠠᠭᠠᠷᠳᠠᠬᠤ᠎ᠶᠢ ᠨᠠᠮᠴᠢ ᠴᠢᠨᠠᠷ᠎ᠢ ᠪᠠᠲᠤ ᠴᠢᠩᠭ᠎ᠠ ᠪᠣᠯᠭᠠᠬᠤ ᠰᠠᠭᠤᠷᠢᠨ ᠳᠡᠭᠡᠷ᠎ᠡ ᠪᠠᠢᠭᠤᠯᠪᠠᠯ ᠰᠠᠶᠢ ᠥᠴᠥᠬᠡᠨ ᠠᠰᠢᠭ᠋᠎ᠤᠨ ᠥᠳᠥᠭᠡᠯᠭᠡ᠎ᠳᠦ ᠰᠡᠳᠬᠢᠯ ᠬᠥᠳᠡᠯᠬᠦ ᠦᠭᠡᠢ᠂ ᠥᠩᠭᠡ᠎ᠶᠢᠨ ᠲᠥᠭᠡᠷᠢᠭᠳᠡᠯ᠎ᠳᠦ ᠨᠢᠳᠦ ᠡᠷᠢᠶᠡᠯᠵᠡᠬᠦ ᠦᠭᠡᠢ ᠪᠠᠢᠬᠤ᠎ᠶᠢ ᠦᠨᠡᠨ ᠬᠦ᠌ ᠪᠡᠶᠡᠯᠡᠭᠦᠯᠵᠦ ᠴᠢᠳᠠᠨ᠎ᠠ᠃ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ᠎ᠶᠢ ᠵᠡᠷᠭᠡᠪᠡᠷ ᠠᠳᠬᠤᠬᠤ᠎ᠶᠢ ᠪᠠᠷᠢᠮᠲᠠᠯᠠᠵᠤ᠂ ᠰᠤᠷᠲᠠᠯ᠎ᠢ ᠲᠥᠪ ᠪᠣᠯᠭᠠᠬᠤ ᠰᠠᠬᠢᠯᠭ᠎ᠠ ᠪᠠᠲᠤ᠎ᠶᠢ ᠴᠢᠩᠳᠠᠯᠠᠬᠤ ᠢᠯᠵᠢᠷᠡᠯ᠎ᠢ ᠡᠰᠡᠷᠭᠦᠴᠡᠬᠦ᠎ᠶᠢ ᠬᠠᠷᠢᠯᠴᠠᠨ ᠨᠡᠪᠳᠡᠷᠡᠯᠴᠡᠭᠦᠯᠵᠦ᠂ ᠰᠠᠬᠢᠯᠭ᠎ᠠ ᠪᠠᠲᠤ᠎ᠪᠠᠷ ᠦᠢᠯᠡ ᠠᠵᠢᠯᠯᠠᠭ᠎ᠠ᠎ᠶᠢ ᠬᠠᠮᠢᠶᠠᠷᠬᠤ᠎ᠪᠠᠷ ᠪᠠᠷᠠᠬᠤ ᠦᠭᠡᠢ ᠪᠠᠰᠠ ᠨᠠᠮᠴᠢ ᠴᠢᠨᠠᠷ᠎ᠢᠶᠠᠷ ᠦᠨᠳᠦᠰᠦ᠎ᠶᠢ ᠪᠡᠬᠢᠵᠢᠭᠦᠯᠦᠨ ᠪᠠᠲᠤᠳᠬᠠᠬᠤ ᠬᠡᠷᠡᠭᠲᠡᠢ᠃

ᠰᠤᠷᠤᠯᠴᠠᠯᠭ᠎ᠠ ᠬᠡᠳᠦᠢ ᠬᠦᠨ ᠪᠤᠯᠪᠠᠰᠤ ᠢᠲᠡᠭᠡᠯ᠎ᠲᠡᠳᠦᠢ ᠪᠠᠳᠤ ᠪᠣᠯᠣᠮᠤᠢ; ᠬᠠᠤᠯᠢ ᠴᠠᠭᠠᠵᠠ ᠬᠡᠳᠦᠢ ᠴᠢᠩᠭ᠎ᠠ ᠪᠣᠯᠪᠠᠰᠤ ᠬᠡᠷᠡᠭᠵᠢᠭᠦᠯᠬᠦ ᠨᠢ ᠲᠡᠳᠦᠢ ᠲᠥᠪ ᠭᠤᠤᠯᠴᠢ ᠪᠣᠯᠣᠮᠤᠢ; ᠪᠤᠯᠪᠠᠰᠤᠷᠠᠯ ᠬᠡᠳᠦᠢ ᠤᠳᠠᠭᠠᠨ ᠪᠤᠯᠪᠠᠰᠤ ᠵᠠᠩ ᠴᠢᠨᠠᠷ ᠲᠡᠳᠦᠢ ᠪᠠᠲᠤᠵᠢᠮᠤᠢ᠃ ᠨᠠᠮᠴᠢ ᠴᠢᠨᠠᠷ ᠪᠠᠲᠤ ᠴᠢᠩᠭ᠎ᠠ ᠪᠠᠢᠪᠠᠯ ᠢᠲᠡᠭᠡᠯ ᠵᠣᠷᠢᠭ᠋ ᠬᠦᠴᠦᠨ ᠲᠡᠬᠦᠰ᠂ ᠣᠪᠣᠷ ᠰᠤᠷᠲᠠᠯ ᠪᠠᠲᠤ ᠴᠢᠩᠭ᠎ᠠ᠂ ᠠᠵᠢᠯ ᠦᠢᠯᠡᠰ ᠬᠥᠭᠵᠢᠨ ᠮᠠᠨᠳᠤᠨ᠎ᠠ᠃ ᠪᠠᠲᠤ ᠴᠢᠩᠭ᠎ᠠ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ᠎ᠶᠢ ᠪᠠᠷᠢᠮᠲᠠᠯᠠᠬᠤ ᠪᠣᠯ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠯᠤᠰ ᠲᠦᠷᠦ᠎ᠶᠢᠨ ᠤᠤᠷ ᠴᠢᠨᠠᠷ᠎ᠢᠶᠠᠨ ᠦᠨᠢᠳᠡ ᠬᠠᠳᠠᠭᠠᠯᠠᠬᠤ᠎ᠶᠢᠨ ᠵᠠᠪᠠᠯ ᠰᠤᠷᠬᠤ ᠬᠢᠴᠢᠶᠡᠯ ᠮᠥᠨ᠂ ᠤᠷᠳᠤ ᠬᠤᠭᠤᠴᠠᠭ᠎ᠠ᠎ᠪᠠᠷ ᠲᠦᠷᠦ ᠪᠠᠷᠢᠭ᠍ᠰᠠᠨ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠤᠨ ᠲᠡᠷᠢᠭᠦᠨ᠎ᠦ ᠴᠢᠨᠠᠷ ᠪᠠ ᠠᠷᠢᠭᠤᠨ ᠴᠡᠪᠡᠷ ᠴᠢᠨᠠᠷ᠎ᠢᠶᠠᠨ ᠦᠨᠢᠳᠡ ᠬᠠᠳᠠᠭᠠᠯᠠᠬᠤ᠎ᠶᠢᠨ ᠦᠨᠳᠦᠰᠦᠨ ᠱᠠᠭᠠᠷᠳᠠᠯᠭ᠎ᠠ ᠮᠥᠨ᠃ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ ᠨᠠᠮᠴᠢ ᠴᠢᠨᠠᠷ᠎ᠤᠨ ᠲᠠᠪᠳᠠᠨ ᠪᠣᠯᠪᠠᠰᠤᠷᠠᠯ᠎ᠢ ᠨᠠᠰᠤᠨ ᠲᠤᠷᠰᠢᠲᠠ᠎ᠶᠢᠨ ᠰᠡᠳᠦᠪ᠎ᠢᠶᠡᠨ ᠪᠣᠯᠭᠠᠵᠤ᠂ ᠤᠨᠤᠯ᠎ᠢᠶᠠᠷ ᠵᠡᠪᠰᠡᠭᠯᠡᠬᠦ ᠳᠤᠮᠳᠠ ᠰᠦᠭ ᠰᠦᠨᠡᠰᠦ᠎ᠪᠡᠨ ᠱᠤᠭᠤᠵᠤ᠂ ᠤᠯᠤᠰ ᠲᠦᠷᠦ᠎ᠶᠢᠨ ᠳᠠᠪᠲᠠᠯᠲᠠ᠎ᠶᠢᠨ ᠳᠤᠮᠳᠠ ᠬᠠᠲᠠᠭᠤᠵᠢᠵᠤ᠂ ᠠᠷᠠᠳ ᠲᠦᠮᠡᠨ᠎ᠳᠦ ᠦᠢᠯᠡᠴᠢᠯᠡᠬᠦ ᠳᠤᠮᠳᠠ ᠵᠤᠷᠢᠬ ᠰᠠᠨᠠᠭ᠎ᠠ ᠪᠠᠨ ᠲᠠᠪᠳᠠᠵᠤ᠂ ᠰᠠᠬᠢᠯᠭ᠎ᠠ ᠪᠠᠲᠤ᠎ᠶᠢᠨ ᠬᠢᠵᠠᠭᠠᠷᠯᠠᠯ ᠳᠤᠮᠳᠠ ᠪᠡᠶ᠎ᠡ᠎ᠪᠡᠨ ᠰᠢᠳᠤᠷᠭᠤ ᠪᠣᠯᠭᠠᠵᠤ᠂ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠭᠠᠷᠭᠠᠬᠤ ᠵᠢ ᠦᠢᠯᠡᠳᠦᠯᠭᠡ᠎ᠳᠦ ᠪᠠᠨ ᠢᠯᠡᠷᠡᠭᠦᠯᠵᠦ᠂ ᠪᠠᠲᠤ ᠴᠢᠩᠭ᠎ᠠ ᠨᠠᠮᠴᠢ ᠴᠢᠨᠠᠷ᠎ᠢ ᠲᠠᠰᠤᠷᠠᠯᠲᠠ ᠦᠭᠡᠢ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠲᠦᠯᠬᠢᠨ ᠠᠬᠢᠭᠤᠯᠬᠤ ᠬᠦᠴᠦᠷᠬᠡᠭ ᠶᠡᠬᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃

(ᠵᠤᠬᠢᠶᠠᠬᠴᠢ᠄ ᠪᠦᠬᠦ ᠤᠯᠤᠰ᠎ᠤᠨ ᠨᠠᠮ᠎ᠤᠨ ᠪᠠᠢᠭᠤᠯᠤᠯᠲᠠ ᠵᠢᠨ ᠰᠤᠳᠤᠯᠭᠠᠨ᠎ᠤ ᠨᠡᠢᠭᠡᠮᠯᠢᠭ᠎ᠤᠨ ᠤᠨᠴᠠ ᠤᠷᠢᠬᠰᠠᠨ ᠰᠤᠳᠤᠯᠤᠬᠴᠢ)

— 《 ᠠᠷᠠᠳ᠎ᠤᠨ ᠡᠳᠦᠷ᠎ᠤᠨ ᠰᠤᠨᠢᠨ》ᠡᠴᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面