2026-10-09 11:17:39
ᠳ᠋ᠠᠢ ᠱᠧᠩ ᠫᠧᠩ 《ᠬᠥᠮᠥᠨ ᠨᠡᠢᠭᠡᠮ᠎ᠦᠨ ᠰᠡᠳᠬᠦᠯ》 ᠦ᠋ᠨ 2026 ᠣᠨ᠎ᠤ 1 ᠳ᠋ᠤᠭᠡᠷ ᠬᠤᠭᠤᠴᠠᠭᠠᠨ᠎ᠳᠤ ᠦᠬᠦᠯᠡᠯ ᠨᠡᠢᠲᠡᠯᠡᠵᠤ᠂ ᠰᠣᠶᠣᠯ ᠪᠣᠯ ᠶᠠᠭ ᠨᠢᠭᠡᠨ ᠣᠶᠤᠨ ᠰᠠᠨᠠᠭᠠᠨ᠎ᠤ ᠠᠮᠢ ᠨᠠᠰᠤᠨ᠎ᠤ ᠴᠣᠭᠴᠠ ᠰᠢᠭ᠋᠂ ᠶᠠᠮᠠᠷ ᠨᠢᠭᠡᠨ ᠤᠳᠬ᠎ᠠ ᠠᠭᠤᠯᠭ᠎ᠠ ᠠ᠋ᠴᠠ ᠠᠪᠴᠤ ᠬᠡᠯᠡᠪᠡᠯ ᠤᠳᠤᠮᠰᠢᠯ᠎ᠤᠨ ᠭᠧᠨ᠎ᠲᠠᠢ ᠪᠠᠢᠳᠠᠭ᠃ ᠰᠣᠶᠣᠯ᠎ᠤᠨ ᠭᠧᠨ ᠭᠡᠳᠡᠭ ᠨᠢ ᠰᠣᠶᠣᠯ᠎ᠳᠤ ᠠᠭᠤᠯᠤᠭᠳᠠᠵᠤ ᠪᠠᠢᠭ᠎ᠠ ᠭᠣᠣᠯᠯᠠᠬᠴᠢ ᠥᠷᠲᠡᠭ᠎ᠦᠨ ᠦᠵᠡᠯᠲᠡ ᠪᠠ ᠣᠶᠤᠨ ᠰᠠᠨᠠᠭᠠᠨ᠎ᠤ ᠴᠥᠮ᠎ᠡ᠎ᠶᠢ ᠵᠢᠭᠠᠵᠤ᠂ ᠨᠢᠭᠡ ᠵᠦᠢᠯ᠎ᠦᠨ ᠰᠣᠶᠣᠯ᠎ᠤᠨ ᠤᠯᠠᠮᠵᠢᠯᠠᠯ ᠪᠠ ᠬᠥᠭᠵᠢᠯᠲᠡ᠎ᠶᠢᠨ ᠳᠤᠮᠳᠠ ᠪᠤᠰᠤᠳ ᠵᠦᠢᠯ᠎ᠦᠨ ᠰᠣᠶᠣᠯ᠎ᠲᠠᠢ ᠠᠳᠠᠯᠢ ᠦᠭᠡᠢ ᠨᠡᠢᠭᠡᠮ᠎ᠦᠨ ᠮᠡᠳᠡᠭᠡ ᠵᠠᠩᠭᠢ ᠪᠠ ᠳᠣᠲᠣᠭᠠᠳᠤ ᠣᠨᠴᠠᠯᠢᠭ᠋ ᠪᠣᠯᠣᠨ᠎ᠠ᠃ ᠰᠣᠶᠣᠯ᠎ᠳᠤ ᠠᠪᠴᠤ ᠬᠡᠯᠡᠪᠡᠯ᠂ ᠲᠡᠭᠦᠨ᠎ᠦ ᠰᠣᠶᠣᠯ᠎ᠤᠨ ᠭᠧᠨ᠎ᠢ ᠪᠣᠢᠵᠢᠭᠤᠯᠬᠤ ᠡᠯᠧᠮᠧᠨ᠋ᠲ ᠨᠢ ᠶᠡᠷᠦ᠎ᠳᠡᠭᠡᠨ ᠳᠠᠩ ᠭᠠᠭᠴᠠ ᠪᠢᠰᠢ᠂ ᠬᠠᠷᠢᠨ ᠤᠯᠠᠨ ᠡᠰᠢᠲᠦ ᠪᠠ ᠤᠯᠠᠨ ᠶᠠᠩᠵᠤ ᠪᠠᠢᠳᠠᠭ᠃ ᠲᠡᠭᠦᠨ᠎ᠦ ᠢᠷᠡᠯᠲᠡ ᠤᠯᠠᠨ ᠡᠰᠢᠲᠦ ᠴᠢᠨᠠᠷ ᠪᠠᠢᠬᠤ ᠮᠥᠷᠲᠡᠭᠡᠨ ᠪᠠᠰᠠ ᠲᠡᠭᠦᠨ᠎ᠦ ᠬᠡᠯᠪᠡᠷᠢ ᠤᠯᠠᠨ ᠶᠠᠩᠵᠤᠲᠤ ᠴᠢᠨᠠᠷᠲᠠᠢ ᠪᠠᠢᠳᠠᠭ᠃ ᠨᠢᠭᠡ ᠵᠦᠢᠯ᠎ᠦᠨ ᠰᠣᠶᠣᠯ ᠨᠢ ᠲᠡᠭᠦᠨ᠎ᠦ ᠳᠣᠲᠣᠭᠠᠳᠤ᠎ᠶᠢᠨ ᠠᠳᠠᠯᠢ ᠪᠤᠰᠤ ᠭᠧᠨ᠎ᠢᠶᠡᠷ ᠪᠦᠷᠢᠯᠳᠦᠭᠰᠡᠨ ᠪᠦᠲᠦᠴᠡ᠎ᠶᠢᠨ ᠵᠢᠷᠤᠭ ᠬᠢᠭᠡᠳ ᠪᠦᠷᠢᠯᠳᠦᠭᠰᠡᠨ ᠴᠠᠳᠢᠭ᠋ᠤᠨ ᠰᠢᠰᠲᠧᠮ ᠨᠢ ᠰᠣᠶᠣᠯ᠎ᠤᠨ ᠭᠧᠨ᠎ᠦ ᠴᠠᠳᠢᠭ᠋ᠤᠨ ᠰᠢᠰᠲᠧᠮ᠎ᠢ ᠪᠦᠷᠢᠯᠳᠦᠭᠦᠯᠵᠡᠢ᠃ ᠰᠣᠶᠣᠯ᠎ᠤᠨ ᠭᠧᠨ᠎ᠦ ᠰᠢᠰᠲᠧᠮ ᠨᠢ ᠰᠣᠶᠣᠯ᠎ᠤᠨ ᠭᠧᠨ᠎ᠦ ᠤᠳᠤᠮᠰᠢᠯ ᠪᠠ ᠬᠤᠪᠢᠰᠤᠯ᠎ᠠᠴᠠ ᠪᠣᠯᠵᠤ ᠲᠠᠰᠤᠷᠠᠯᠲᠠ ᠦᠭᠡᠢ ᠬᠤᠪᠢᠷᠠᠵᠤ ᠬᠥᠭᠵᠢᠳᠡᠭ᠃ ᠬᠠᠭᠤᠴᠢᠨ᠎ᠤ ᠰᠣᠶᠣᠯ᠎ᠤᠨ ᠭᠧᠨ᠎ᠦ ᠭᠡᠭᠡᠭᠳᠡᠯ ᠪᠠ ᠰᠢᠨ᠎ᠡ ᠰᠣᠶᠣᠯ᠎ᠤᠨ ᠭᠧᠨ᠎ᠦ ᠡᠭᠦᠰᠦᠯ ᠪᠤᠶᠤ ᠭᠠᠳᠠᠨ᠎ᠠ᠎ᠠᠴᠠ ᠢᠷᠡᠭᠰᠡᠨ ᠰᠣᠶᠣᠯ᠎ᠤᠨ ᠡᠯᠧᠮᠧᠨ᠋ᠲ᠎ᠦᠨ ᠥᠳᠥᠭᠡᠯᠲᠡ ᠨᠢ ᠴᠥᠮ ᠰᠣᠶᠣᠯ᠎ᠤᠨ ᠭᠧᠨ᠎ᠦ ᠰᠢᠰᠲᠧᠮ᠎ᠢ ᠬᠤᠪᠢᠷᠠᠭᠤᠯᠵᠤ᠂ ᠴᠢᠨᠠᠭᠰᠢᠯᠠᠪᠠᠯ ᠰᠣᠶᠣᠯ᠎ᠤᠨ ᠬᠥᠭᠵᠢᠯᠲᠡ᠎ᠶᠢᠨ ᠵᠠᠮ᠎ᠢ ᠴᠤ᠌ ᠬᠤᠪᠢᠷᠠᠭᠤᠯᠳᠠᠭ᠃ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠳᠤ ᠤᠳᠤ ᠪᠣᠯᠲᠠᠯ᠎ᠠ ᠤᠯᠠᠮᠵᠢᠯᠠᠭᠳᠠᠭᠰᠠᠭᠠᠷ ᠢᠷᠡᠭᠰᠡᠨ ᠪᠣᠯᠪᠠᠰᠤᠨ᠎ᠤ ᠭᠧᠨ᠂ ᠬᠤᠪᠢᠰᠬᠠᠯᠲᠤ ᠰᠣᠶᠣᠯ᠎ᠳᠤ ᠠᠭᠤᠯᠤᠭᠳᠠᠵᠤ ᠪᠠᠢᠭ᠎ᠠ ᠬᠤᠪᠢᠰᠬᠠᠯ᠎ᠤᠨ ᠭᠧᠨ᠂ ᠨᠡᠢᠭᠡᠮ ᠵᠢᠷᠤᠮ᠎ᠤᠨ ᠲᠡᠷᠢᠭᠦᠨ᠎ᠦ ᠰᠣᠶᠣᠯ᠎ᠳᠤ ᠠᠭᠤᠯᠤᠭᠳᠠᠵᠤ ᠪᠠᠢᠭ᠎ᠠ ᠮᠠᠷᠺᠰ᠎ᠤᠨ ᠦᠵᠡᠯ ᠵᠢᠴᠢ ᠲᠡᠭᠦᠨ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠭᠧᠨ ᠨᠢ ᠤᠳᠤ ᠦᠶ᠎ᠡ᠎ᠶᠢᠨ ᠳᠤᠮᠳᠠᠳᠤ᠎ᠶᠢᠨ ᠰᠣᠶᠣᠯ᠎ᠤᠨ ᠭᠧᠨ᠎ᠦ ᠰᠢᠰᠲᠧᠮ᠎ᠢ ᠬᠠᠮᠲᠤ᠎ᠪᠠᠷ ᠴᠣᠭᠴᠠᠯᠠᠭᠰᠠᠨ ᠶᠤᠮ᠃ ᠠᠮᠢᠵᠢᠷᠠᠯ᠎ᠤᠨ ᠬᠦᠴᠦᠨ ᠵᠢᠨᠷ ᠪᠢᠯᠬᠠᠮ᠎ᠠ᠂ ᠣᠯᠠᠨ ᠡᠰᠢᠲᠦ ᠨᠢᠭᠡ ᠴᠣᠭᠴᠠᠵᠢᠭ᠍ᠰᠠᠨ᠂ ᠨᠡᠭᠡᠭᠡᠯᠲᠡᠲᠡᠢ ᠪᠠᠭᠲᠠᠭᠠᠮᠵᠢᠲᠠᠢ᠂ ᠲᠥᠪ ᠶᠣᠰᠣ᠌᠎ᠶᠢ ᠪᠠᠷᠢᠮᠲᠠᠯᠠᠨ ᠰᠢᠨ᠎ᠡ᠎ᠶᠢ ᠡᠭᠦᠳᠬᠦ᠂ ᠡᠩᠬᠡ ᠲᠠᠢᠪᠤᠩ ᠡᠶ᠎ᠡ ᠨᠠᠶ᠋ᠢᠷᠠᠮᠳᠠᠭᠤ ᠡᠶ᠎ᠡ ᠵᠣᠬᠢᠴᠠᠯ᠎ᠲᠠᠢ ᠪᠠᠢᠬᠤ ᠵᠢᠴᠢ ᠦᠨᠳᠦᠰᠦᠲᠡᠨ᠎ᠦ ᠴᠢᠨᠠᠷ ᠬᠢᠭᠡᠳ ᠳᠡᠯᠡᠬᠡᠢᠴᠢ ᠴᠢᠨᠠᠷ᠎ᠢ ᠨᠢᠭᠡᠳᠦᠭᠦᠯᠬᠦ ᠵᠡᠷᠭᠡ ᠪᠣᠯ ᠳᠤᠮᠳᠠᠳᠤ᠎ᠶᠢᠨ ᠰᠣᠶᠣᠯ᠎ᠤᠨ ᠭᠧᠨ᠎ᠦ ᠤᠯᠠᠮᠵᠢᠯᠠᠯ ᠪᠠ ᠬᠥᠭᠵᠢᠯᠲᠡ᠎ᠶᠢᠨ ᠶᠠᠪᠤᠴᠠ᠎ᠳᠠᠬᠢ ᠶᠡᠷᠦᠩᠬᠡᠢ ᠴᠢᠨᠠᠷ ᠪᠠ ᠣᠨᠴᠠᠯᠢᠭ᠋ ᠰᠢᠨᠵᠢ ᠮᠥᠨ᠃ ᠤᠳᠤ ᠦᠶ᠎ᠡ᠎ᠶᠢᠨ ᠳᠤᠮᠳᠠᠳᠤ᠎ᠶᠢᠨ ᠰᠣᠶᠣᠯ᠎ᠤᠨ ᠭᠧᠨ᠎ᠦ ᠰᠢᠰᠲᠧᠮ᠎ᠢ ᠪᠠᠢᠭᠤᠯᠵᠤ᠂ ᠳᠤᠮᠳᠠᠳᠤ᠎ᠶᠢᠨ ᠰᠣᠶᠣᠯ᠎ᠤᠨ ᠭᠧᠨ᠎ᠦ ᠲᠡᠦᠬᠡ᠎ᠶᠢᠨ ᠵᠢᠷᠤᠭ ᠳᠦᠷᠰᠦ ᠵᠢ ᠵᠢᠷᠤᠭᠯᠠᠬᠤ ᠨᠢ 《ᠳᠤᠮᠳᠠᠳᠤ᠎ᠶᠢᠨ ᠪᠣᠯᠪᠠᠰᠤᠨ᠎ᠤ ᠢᠯᠡᠳᠬᠡᠮᠵᠢ ᠲᠡᠮᠳᠡᠭ᠎ᠦᠨ ᠰᠢᠰᠲᠧᠮ᠎ᠢ ᠪᠠᠶ᠋ᠢᠭᠤᠯᠬᠤ》᠂ 《ᠰᠣᠶᠣᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢ ᠯᠠᠪᠳᠠᠭᠤᠨ᠎ᠢᠶᠠᠷ ᠠᠬᠢᠭᠤᠯᠬᠤ》 ᠳ᠋ᠤ᠌ ᠴᠢᠬᠤᠯᠠ ᠶᠡᠬᠡ ᠤᠨᠤᠯ᠎ᠤᠨ ᠦᠨ᠎ᠡ ᠦᠷᠳᠡᠭ᠎ᠲᠠᠢ ᠪᠠᠢᠬᠤ᠎ᠪᠠᠷ ᠪᠠᠷᠠᠬᠤ ᠦᠭᠡᠢ ᠪᠠᠰᠠ ᠴᠢᠬᠤᠯᠠ ᠶᠡᠬᠡ ᠪᠣᠳᠠᠲᠤ ᠠᠴᠢ ᠬᠣᠯᠪᠣᠭᠳᠠᠯ᠎ᠲᠠᠢ ᠶᠤᠮ᠃
— 《 ᠰᠢᠨᠬᠤᠸᠠ ᠵᠤᠬᠢᠶᠠᠯ᠎ᠤᠨ ᠱᠦᠬᠦᠮᠡᠭ》 ᠡᠴᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃