ᠲᠡᠷᠢᠭᠦᠨ ᠨᠢᠭᠤᠷ>ᠣᠨᠣᠯ ᠱᠢᠭᠦᠮᠵᠢ>ᠰᠢᠭᠦᠮᠵᠢ

2026-10-09 11:16:49

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠶᠠᠨ ᠺᠦᠸᠸ ᠮᠢᠩ 《ᠭᠦᠨ ᠤᠬᠠᠭᠠᠨ᠎ᠤ ᠰᠤᠳᠤᠯᠤᠯ》᠎ᠤ᠋ᠨ 2026 ᠣᠨ᠎ᠤ 4 ᠳ᠋ᠤᠭᠡᠷ ᠬᠤᠭᠤᠴᠠᠭᠠᠨ᠎ᠳᠤ ᠦᠬᠦᠯᠡᠯ ᠨᠡᠢᠲᠡᠯᠡᠵᠤ᠂ ᠮᠠᠷᠺᠰ᠎ᠤᠨ ᠬᠠᠮᠲᠤ᠎ᠶᠢᠨ ᠴᠣᠭᠴᠠ᠎ᠶᠢᠨ ᠦᠵᠡᠯ ᠰᠠᠨᠠᠭ᠎ᠠ ᠨᠢ ᠤᠳᠤ ᠦᠶ᠎ᠡ᠎ᠶᠢᠨ ᠴᠢᠨᠠᠷ᠎ᠤᠨ ᠲᠤᠬᠠᠢ ᠲᠤᠩᠭᠠᠨ ᠪᠣᠳᠣᠯᠬᠢᠯᠠᠯ᠎ᠲᠠᠢ ᠬᠣᠯᠪᠣᠭᠳᠠᠬᠤ᠎ᠪᠠᠷ ᠪᠠᠷᠠᠬᠤ ᠦᠭᠡᠢ ᠪᠠᠰᠠ ᠨᠡᠢᠭᠡᠮ ᠳ᠋ᠤ ᠬᠡᠷᠬᠢᠨ ᠦᠨᠡᠨ ᠪᠣᠳᠠᠲᠠᠢ ᠬᠣᠯᠪᠣᠭᠠᠯᠠᠬᠤ ᠬᠠᠷᠢᠴᠠᠭ᠎ᠠ᠎ᠶᠢ ᠪᠦᠷᠢᠯᠳᠦᠭᠦᠯᠬᠦ ᠲᠤᠬᠠᠢ ᠦᠨᠳᠦᠰᠦᠨ ᠠᠰᠠᠭᠤᠯᠲᠠ᠎ᠶᠢ ᠳᠤᠷᠠᠳᠤᠨ ᠭᠠᠷᠭᠠᠵᠠᠢ᠃ ᠲᠦᠷᠦᠯ᠎ᠦᠨ ᠮᠥᠨ ᠴᠢᠨᠠᠷ᠂ ᠨᠡᠢᠭᠡᠮ᠎ᠦᠨ ᠬᠥᠳᠡᠯᠮᠦᠷᠢ ᠪᠣᠯᠣᠨ ᠴᠢᠯᠦᠭᠡᠲᠦ ᠬᠣᠯᠪᠣᠭᠠᠯᠠᠯ ᠵᠡᠷᠭᠡ ᠵᠠᠩᠭᠢᠯᠠᠭ᠎ᠠ᠎ᠶᠢᠨ ᠤᠬᠠᠭᠳᠠᠬᠤᠨ ᠨᠢ ᠮᠠᠷᠺᠰ᠎ᠤᠨ ᠬᠠᠮᠲᠤ᠎ᠶᠢᠨ ᠴᠣᠭᠴᠠ᠎ᠶᠢᠨ ᠦᠵᠡᠯ ᠰᠠᠨᠠᠭᠠᠨ᠎ᠤ ᠭᠣᠣᠯᠯᠠᠭ᠍ᠴᠢ ᠬᠡᠯᠡᠨ᠎ᠦ ᠣᠷᠴᠢᠨ᠎ᠢ ᠪᠦᠷᠢᠯᠳᠦᠭᠦᠯᠵᠤ ᠦᠭᠴᠡᠢ᠃ ᠮᠠᠷᠺᠰ᠎ᠤᠨ 《ᠬᠠᠮᠲᠤ᠎ᠶᠢᠨ ᠴᠣᠭᠴᠠ》 ᠨᠢ ᠬᠠᠮᠳᠤ ᠵᠢᠨ ᠳᠠᠨᠢᠯᠳᠠ᠂ ᠬᠠᠷᠢᠶᠠᠯᠠᠯ᠂ ᠰᠣᠶᠣᠯ ᠵᠡᠷᠭᠡ ᠤᠳᠬ᠎ᠠ ᠠᠭᠤᠯᠭ᠎ᠠ᠎ᠶᠢᠨ ᠲᠠᠯ᠎ᠠ᠎ᠪᠠᠷ ᠬᠢ ᠬᠠᠮᠲᠤ ᠵᠢᠨ ᠴᠢᠨᠠᠷᠲᠠᠢ ᠨᠡᠷᠡᠢᠳᠦᠯ᠎ᠳᠦ ᠬᠢᠵᠠᠭᠠᠷᠯᠠᠭᠳᠠᠬᠤ ᠦᠭᠡᠢ ᠮᠥᠷᠲᠡᠭᠡᠨ ᠪᠠᠰᠠ ᠵᠥᠪᠬᠡᠨ ᠶᠠᠮᠠᠷ ᠨᠢᠭᠡᠨ ᠵᠢᠱ᠌ᠢᠯᠲᠡ᠎ᠶᠢᠨ ᠡᠰᠢ ᠶᠣᠰᠣᠨ᠎ᠤ ᠨᠡᠢᠲᠡᠯᠢᠭ ᠴᠢᠨᠠᠷ ᠢ᠋ ᠬᠡᠷᠡᠭᠵᠢᠬᠦᠯᠬᠦ ᠪᠢᠰᠢ᠂ ᠬᠠᠷᠢᠨ ᠨᠡᠢᠭᠡᠮ᠎ᠦᠨ ᠬᠠᠮᠲᠤ᠎ᠶᠢᠨ ᠣᠷᠣᠰᠢᠬᠤᠢ᠎ᠶᠢᠨ ᠪᠦᠲᠦᠴᠡ᠎ᠶᠢ ᠬᠡᠷᠬᠢᠨ ᠪᠦᠷᠢᠯᠳᠦᠭᠦᠯᠬᠦ ᠵᠢᠴᠢ ᠣᠨᠴᠠᠭᠠᠢ ᠲᠡᠦᠬᠡᠨ ᠨᠥᠬᠥᠴᠡᠯ ᠳᠣᠣᠷ᠎ᠠ ᠬᠥᠮᠥᠨ ᠬᠥᠮᠥᠨ᠎ᠦ ᠬᠣᠭᠣᠷᠣᠨᠳᠣᠬᠢ ᠣᠨᠳᠣᠣᠰᠢᠯ᠎ᠤᠨ ᠪᠤᠰᠤ ᠶᠠᠪᠤᠯᠴᠠᠭ᠎ᠠ᠎ᠶᠢ ᠪᠡᠶᠡᠯᠡᠭᠦᠯᠬᠦ ᠨᠢᠭᠡ ᠵᠦᠢᠯ᠎ᠦᠨ ᠬᠡᠯᠪᠡᠷᠢ᠎ᠳᠦ ᠴᠢᠭᠯᠡᠭᠰᠡᠨ ᠪᠠᠢᠳᠠᠭ᠃ 21 ᠳ᠋ᠤᠭᠡᠷ ᠵᠠᠭᠤᠨ᠎ᠤ ᠮᠠᠷᠺᠰ᠎ᠤᠨ ᠦᠵᠡᠯ᠎ᠦᠨ ᠤᠯᠤᠰ ᠲᠦᠷᠦ᠎ᠶᠢᠨ ᠭᠦᠨ ᠤᠬᠠᠭᠠᠨ᠎ᠤ ᠬᠥᠭᠵᠢᠯᠲᠡ᠎ᠶᠢ ᠳᠠᠭᠠᠯᠳᠤᠨ᠂ ᠬᠠᠮᠲᠤ᠎ᠶᠢᠨ ᠴᠣᠭᠴᠠ᠎ᠶᠢᠨ ᠤᠬᠠᠭᠳᠠᠬᠤᠨ ᠨᠢ ᠤᠨᠤᠯ᠎ᠤᠨ ᠰᠢᠨ᠎ᠡ ᠠᠭᠤᠯᠤᠭᠳᠠᠬᠤᠨ᠎ᠲᠠᠢ ᠪᠣᠯᠪᠠ᠃ ᠢᠯᠠᠩᠭᠤᠶ᠎ᠠ ᠤᠳᠤ ᠦᠶ᠎ᠡ᠎ᠶᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ᠎ᠦᠨ ᠰᠤᠳᠤᠯᠭᠠᠨ ᠨᠢ 《ᠬᠣᠶᠠᠷ᠎ᠢ ᠤᠶᠠᠯᠳᠤᠭᠤᠯᠬᠤ》 ᠪᠡᠷ ᠠᠷᠭ᠎ᠠ ᠪᠣᠯᠭᠠᠵᠤ᠂ ᠠᠯᠬᠤᠮ ᠠᠯᠬᠤᠮ᠎ᠢᠶᠠᠷ ᠬᠠᠮᠲᠤ᠎ᠶᠢᠨ ᠴᠣᠭᠴᠠ᠎ᠶᠢ ᠳᠦᠷᠢᠮ᠎ᠦᠨ ᠬᠡᠯᠪᠡᠷᠢ᠎ᠶᠢᠨ ᠬᠤᠪᠢᠷᠠᠯᠲᠠ᠂ ᠨᠡᠢᠭᠡᠮ᠎ᠦᠨ ᠨᠡᠢᠳᠬᠡᠯ ᠪᠣᠯᠣᠨ ᠢᠷᠡᠭᠡᠳᠦᠢ᠎ᠶᠢᠨ ᠬᠣᠯᠪᠣᠭᠠᠯᠠᠯ᠎ᠤᠨ ᠯᠣᠭᠢᠭ᠋᠎ᠢ ᠣᠢᠯᠠᠭᠠᠬᠤ ᠦᠨᠳᠦᠰᠦᠨ ᠤᠬᠠᠭᠳᠠᠬᠤᠨ ᠪᠣᠯᠭᠠᠨ ᠪᠦᠲᠦᠭᠡᠵᠡᠢ᠃ ᠮᠠᠷᠺᠰ᠎ᠤᠨ ᠬᠠᠮᠲᠤ᠎ᠶᠢᠨ ᠴᠣᠭᠴᠠ᠎ᠶᠢᠨ ᠦᠵᠡᠯ ᠰᠠᠨᠠᠭ᠎ᠠ᠎ᠳᠤ ᠠᠭᠤᠯᠤᠭᠳᠠᠵᠤ ᠪᠠᠢᠭ᠎ᠠ 《ᠨᠡᠢᠲᠡᠯᠢᠭ ᠴᠢᠨᠠᠷ》 ᠪᠠ 《ᠬᠠᠮᠲᠤ ᠣᠷᠣᠰᠢᠬᠤᠢ ᠴᠢᠨᠠᠷ》᠎ᠤ᠋ᠨ ᠪᠣᠳᠣᠯᠬᠢᠯᠠᠯ ᠨᠢ ᠬᠥᠮᠥᠨ᠎ᠦ ᠤᠯᠤᠰ ᠲᠦᠷᠦ᠎ᠶᠢᠨ ᠣᠷᠣᠰᠢᠬᠤᠢ᠂ ᠨᠡᠢᠭᠡᠮ᠎ᠦᠨ ᠬᠠᠮᠵᠢᠯᠴᠠᠨ ᠬᠥᠭᠵᠢᠬᠦ ᠪᠠ ᠢᠷᠡᠭᠡᠳᠦᠢ᠎ᠶᠢᠨ ᠪᠠᠢᠭᠤᠯᠤᠯ᠎ᠤᠨ ᠪᠠᠢᠭᠤᠯᠤᠯᠲᠠ᠎ᠶᠢ ᠣᠢᠯᠠᠭᠠᠬᠤ ᠤᠨᠤᠯ᠎ᠤᠨ ᠡᠭᠦᠰᠦᠯᠲᠡ ᠪᠣᠯᠵᠥ᠂ 《ᠬᠠᠮᠲᠤ᠎ᠶᠢᠨ ᠴᠣᠭᠴᠠ ᠶᠠᠭᠤ ᠪᠤᠢ》 ᠭᠡᠳᠡᠭ ᠨᠢ 21 ᠳ᠋ᠤᠭᠡᠷ ᠵᠠᠭᠤᠨ᠎ᠤ ᠮᠠᠷᠺᠰ᠎ᠤᠨ ᠦᠵᠡᠯ᠎ᠦᠨ ᠤᠯᠤᠰ ᠲᠦᠷᠦ᠎ᠶᠢᠨ ᠭᠦᠨ ᠤᠬᠠᠭᠠᠨ᠎ᠤ ᠡᠷᠬᠡᠪᠰᠢ ᠰᠢᠭᠤᠳ ᠬᠠᠨᠳᠤᠬᠤ ᠴᠢᠬᠤᠯᠠ ᠶᠡᠬᠡ ᠠᠬᠤᠢᠴᠢ ᠠᠰᠠᠭᠤᠳᠠᠯ ᠪᠣᠯᠪᠠ — 21 ᠳ᠋ᠤᠭᠡᠷ ᠵᠠᠭᠤᠨ᠎ᠤ ᠮᠠᠷᠺᠰ᠎ᠤᠨ ᠦᠵᠡᠯ᠎ᠦᠨ ᠤᠯᠤᠰ ᠲᠦᠷᠦ᠎ᠶᠢᠨ ᠭᠦᠨ ᠤᠬᠠᠭᠠᠨ᠎ᠤ ᠠᠬᠤᠢᠴᠢ ᠲᠠᠢᠯᠪᠤᠷᠢᠯᠠᠬᠤ ᠬᠦᠴᠦᠨ ᠪᠠ ᠴᠠᠭ ᠦᠶ᠎ᠡ᠎ᠶᠢᠨ ᠠᠮᠢᠵᠢᠷᠠᠯ᠎ᠤᠨ ᠬᠦᠴᠦᠨ᠎ᠢ ᠪᠠᠲᠤᠯᠠᠬᠤ᠎ᠳᠤ ᠤᠨᠤᠯ᠎ᠤᠨ ᠴᠢᠭᠯᠡᠯ᠎ᠢ ᠲᠣᠳᠣᠷᠬᠠᠢᠯᠠᠭᠰᠠᠨ᠎ᠤ ᠬᠠᠮᠲᠤ 21 ᠳ᠋ᠤᠭᠡᠷ ᠵᠠᠭᠤᠨ᠎ᠤ ᠮᠠᠷᠺᠰ᠎ᠤᠨ ᠦᠵᠡᠯ᠎ᠦᠨ ᠤᠯᠤᠰ ᠲᠦᠷᠦ᠎ᠶᠢᠨ ᠭᠦᠨ ᠤᠬᠠᠭᠠᠨ᠎ᠤ ᠲᠤᠰ ᠪᠡᠶ᠎ᠡ᠎ᠶᠢᠨ ᠠᠰᠠᠭᠤᠳᠠᠯ᠎ᠤᠨ ᠲᠤᠬᠠᠢ ᠦᠵᠡᠯ ᠤᠬᠠᠮᠰᠠᠷ ᠪᠠ ᠤᠨᠤᠯ᠎ᠤᠨ ᠪᠣᠷᠣ᠌ ᠲᠥᠯᠥᠪ᠎ᠢ ᠰᠢᠨ᠎ᠡ᠎ᠪᠡᠷ ᠪᠠᠶ᠋ᠢᠭᠤᠯᠬᠤ ᠵᠠᠩᠭᠢᠯᠠᠭ᠎ᠠ᠎ᠶᠢᠨ ᠰᠦᠪᠡᠭᠴᠢ᠎ᠶᠢ ᠪᠦᠷᠢᠯᠳᠦᠭᠦᠯᠵᠡᠢ᠃

— 《ᠰᠢᠨᠬᠤᠸᠠ ᠵᠤᠬᠢᠶᠠᠯ᠎ᠤᠨ ᠱᠦᠬᠦᠮᠡᠭ》 ᠡᠴᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面