2026-10-09 10:52:23
ᠬᠥᠬᠡᠬᠣᠲᠠ᠎ᠶᠢᠨ ᠰᠢᠨ᠎ᠡ ᠬᠣᠲᠠ ᠲᠣᠭᠣᠷᠢᠭ᠎ᠤᠨ ᠪᠤᠷᠤᠬᠤᠰᠢᠭᠤ ᠪᠠᠯᠭᠠᠰᠤᠨ᠎ᠤ ᠣᠪᠣᠭ᠎ᠠ ᠲᠣᠰᠬᠣᠨ ᠳᠠᠯᠠᠨ ᠬᠠᠷ᠎ᠠ ᠠᠭᠤᠯᠠ᠎ᠶᠢᠨ ᠡᠮᠦᠨ᠎ᠡ ᠪᠠᠯ᠎ᠳᠤ ᠪᠠᠶ᠋ᠢᠷᠢᠯᠠᠵᠤ᠂ ᠥᠩᠭᠡᠷᠡᠭᠰᠡᠨ᠎ᠳᠤ ᠠᠮᠢ ᠠᠬᠤᠢ ᠬᠡᠪᠡᠷᠡᠭ᠂ ᠬᠥᠭᠵᠢᠯᠲᠡ᠎ᠨᠢ ᠨᠡᠯᠢᠶᠡᠳ ᠬᠣᠴᠣᠷᠤᠩᠭᠤᠢ ᠭᠠᠵᠠᠷ ᠤᠷᠤᠨ ᠪᠠᠶ᠋ᠢᠵᠠᠢ᠃ ᠣᠳᠣᠬᠠᠨᠳᠤᠡᠨᠡ ᠲᠤᠰᠬᠤᠨ ᠲᠠᠷᠢᠶᠠᠯᠠᠩ ᠰᠤᠶᠤᠯ ᠵᠢᠭᠤᠯᠴᠢᠯᠠᠯ᠎ᠢ ᠪᠦᠬᠦ ᠲᠠᠯ᠎ᠠ ᠪᠡᠷ ᠠᠭᠤᠰᠤᠯᠴᠠᠭᠤᠯᠤᠬᠰᠠᠨ ᠪᠦᠬᠦ ᠤᠯᠤᠰ᠎ᠤᠨ ᠨᠡᠢᠳᠡᠯᠢᠭ ᠵᠢᠱ᠌ᠢᠶ᠎ᠠ ᠪᠤᠯᠵᠤ᠂ 《ᠪᠤᠭᠤᠮᠳᠠ ᠵᠢᠨ ᠭᠠᠳᠠᠨᠠᠬᠢ ᠵᠢᠶᠠᠩᠨᠠᠨ》 ᠬᠡᠮᠡᠬᠦ ᠠᠯᠳᠠᠨ ᠲᠢᠳᠢᠮ ᠵᠢᠡᠷ ᠮᠢᠯᠢᠶᠠᠬᠳᠠᠨ᠂ ᠪᠦᠬᠦ᠌ ᠤᠯᠤᠰ᠎ᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠭᠣᠣᠯᠳᠠᠯᠭ᠎ᠠ᠎ᠲᠠᠢ ᠲᠣᠰᠬᠣᠨ᠂ ᠤᠯᠤᠰ᠎ᠤᠨ ᠳᠡᠰ᠎ᠤᠨ ᠰᠥᠨᠢ᠎ᠶᠢᠨ ᠵᠠᠬ᠎ᠠ ᠲᠡᠯᠭᠡᠬᠦᠷ ᠪᠠ ᠵᠢᠭᠤᠯᠴᠢᠯᠠᠯ᠎ᠤᠨ ᠬᠡᠷᠡᠭᠯᠡᠭᠡᠨ᠎ᠤ ᠲᠥᠪᠯᠡᠷᠡᠭᠰᠡᠨ ᠣᠷᠣᠨ ᠪᠣᠯᠵᠤ᠂ ᠵᠢᠯ ᠲᠤᠮᠳᠠᠴᠢ ᠪᠡᠷ 200 ᠲᠦᠮᠡᠨ ᠬᠦᠮᠦᠨ ᠤᠳᠠᠭ᠎ᠠ ᠵᠢᠨ ᠵᠢᠭᠤᠯᠴᠢᠯᠠᠭᠴᠢ ᠵᠢ ᠬᠦᠯᠢᠶᠡᠨ ᠠᠪᠴᠤ᠌᠂ ᠡᠷᠬᠢᠨ ᠲᠤᠭᠤᠷᠢᠨ᠎ᠤ 6000 ᠭᠠᠷᠤᠢ ᠲᠠᠷᠢᠶᠠᠴᠢᠨ ᠤᠯᠠᠨ ᠲᠦᠮᠡᠨ᠎ᠳᠦ ᠠᠵᠢᠯ ᠤᠯᠭᠤᠵᠦ᠂ ᠵᠢᠯ᠎ᠤᠨ ᠵᠢᠭᠤᠯᠴᠢᠯᠠᠯ᠎ᠤᠨ ᠶᠡᠷᠦᠩᠬᠡᠢ ᠤᠷᠤᠯᠭ᠎ᠠ 8000 ᠲᠦᠮᠡᠨ ᠲᠦᠭᠦᠷᠢᠭ ᠲᠤ᠌ᠬᠦᠷᠴᠦ᠍᠂ ᠠᠷᠠᠳ᠎ᠢ ᠲᠠᠭᠠᠭᠤᠯᠤᠨ ᠪᠠᠶᠠᠵᠢᠨ ᠴᠢᠨᠡᠭᠡᠯᠢᠬᠵᠢᠭᠦᠯᠬᠦ᠂ ᠭᠤᠤᠯᠳᠠᠯᠭ᠎ᠠ ᠲᠠᠢ ᠬᠤᠳᠠ᠎ᠶᠢᠨ ᠲᠡᠭᠦᠷᠭᠡ᠎ᠶᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠡᠪ ᠳᠠᠭᠤᠷᠢᠶᠠᠯ ᠪᠣᠯᠤᠭᠰᠠᠨ ᠪᠠᠶ᠋ᠢᠨ᠎ᠠ᠃ ᠲᠤᠰ ᠲᠤᠰᠬᠤᠨ ᠨᠢ ᠬᠤᠳᠠ᠎ᠶᠢᠨ ᠠᠷᠠᠳ᠎ᠤᠨ ᠰᠡᠯᠡᠭᠦᠴᠡᠵᠦ᠍ ᠵᠢᠭᠤᠯᠴᠢᠯᠠᠬᠤ᠂ ᠪᠡᠶ᠎ᠡ ᠰᠤᠪᠢᠯᠠᠯᠳᠠ ᠬᠢᠬᠦ᠌᠎ᠳᠤ ᠲᠣᠬᠢᠷᠠᠭᠰᠠᠨ ᠪᠦᠭᠡᠳ ᠨᠠᠭᠤᠷ ᠴᠦᠬᠦᠷᠦᠮ ᠮᠡᠯᠮᠡᠷᠡᠨ᠂ ᠤᠨᠢᠶᠠᠷ ᠬᠦᠳᠡᠩ ᠬᠦᠳᠡᠩᠳᠦᠭᠰᠡᠨ᠂ ᠰᠤᠯᠤᠩᠭᠠᠨ ᠳ᠋ᠧᠩ ᠮᠢᠷᠠᠯᠵᠠᠨ ᠬᠡᠷᠡᠯᠳᠦᠭᠰᠡᠨ ᠰᠦᠨᠢ᠎ᠶᠢᠨ ᠦᠵᠡᠮᠵᠢ ᠶᠢᠨ ᠷᠤᠮᠠᠨᠲ᠋ᠢᠭ ᠤᠷᠴᠢᠨ ᠨᠢ ᠬᠦᠮᠦᠰ ᠲᠤ᠌ ᠦᠪᠦᠷ ᠮᠤᠩᠭᠤᠯ᠎ᠳᠤ ᠪᠠᠶ᠋ᠢᠭᠰᠠᠨ ᠴᠦ᠍ ᠶᠠᠭ ᠵᠢᠶᠠᠩᠨᠠᠨ ᠤᠷᠤᠨ᠎ᠳᠤ ᠬᠦᠷᠴᠢᠬᠡᠭᠰᠡᠨ ᠮᠡᠳᠦ ᠭᠤᠶᠤ ᠰᠠᠢᠬᠠᠨ ᠲᠦᠷᠦᠭᠳᠡᠯ ᠤᠯᠭᠤᠵᠦ᠍᠂ ᠨᠡᠩ ᠤᠯᠠᠨ ᠵᠢᠭᠤᠯᠴᠢᠯᠠᠭᠰᠠᠳ᠎ᠢ ᠳᠠᠲᠠᠬᠤ ᠪᠤᠯᠪᠠ᠃
ᠤᠪᠤᠭ᠎ᠠ ᠲᠤᠰᠬᠤᠨ ᠵᠢᠭᠤᠯᠴᠢᠯᠠᠭᠰᠠᠳ ᠲᠤ᠌ ᠵᠢᠭᠤᠯᠴᠢᠯᠠᠬᠤ ᠲᠠᠭᠠᠯᠠᠮᠵᠢᠳᠠᠢ ᠤᠷᠴᠢᠨ ᠢ ᠱᠤᠭᠤᠬᠤ᠂ ᠤᠨᠴᠠᠯᠢᠬᠳᠦ ᠵᠢᠭᠤᠯᠴᠢᠯᠠᠯ᠎ᠢ ᠬᠦᠭᠵᠢᠭᠦᠯᠬᠦ᠌ ᠲᠠᠯ᠎ᠠ ᠪᠡᠷ ᠬᠦᠴᠦᠯᠡᠵᠦ᠍᠂ ᠪᠡᠶᠡᠴᠢᠯᠡᠨ ᠤᠶ᠋ᠢᠯᠠᠭᠠᠬᠤ ᠬᠡᠯᠪᠡᠷᠢ᠎ᠶᠢᠨ ᠬᠦᠭᠵᠢᠯᠳᠡ ᠶᠢᠨ ᠰᠡᠳᠬᠢᠭᠦᠢ ᠪᠡᠷ ᠵᠢᠭᠤᠯᠴᠢᠯᠠᠭᠰᠠᠳ᠎ᠲᠤ᠌ ᠵᠢᠭᠤᠯᠴᠢᠯᠠᠬᠤ ᠪᠡᠷ ᠲᠠᠮᠵᠢᠨ ᠦᠨᠡᠨ ᠬᠦ᠌ ᠪᠤᠳᠠᠳᠠᠢ ᠤᠷᠴᠢᠨ᠎ᠳᠤ ᠨᠢ ᠠᠭᠤᠰᠤᠯᠴᠠᠵᠦ᠍ ᠴᠢᠳᠠᠬᠤ ᠬᠡᠪ ᠵᠠᠬᠪᠤᠷ᠎ᠢ ᠪᠤᠢ ᠪᠤᠯᠭᠠᠵᠠᠢ᠃ ᠤᠪᠤᠭ᠎ᠠ ᠲᠤᠰᠬᠤᠨ ᠬᠦᠬᠡᠬᠤᠳᠠ ᠵᠢᠨ ᠲᠡᠭᠦᠷᠭᠡ᠎ᠳᠦ ᠪᠠᠶ᠋ᠢᠷᠢᠰᠢᠭᠠ ᠪᠤᠯᠬᠤᠷ ᠨᠢᠭᠡ ᠡᠳᠦᠷ᠎ᠦᠨ ᠵᠢᠭᠤᠯᠴᠢᠯᠠᠯ᠎ᠳᠤ ᠲᠤᠶ᠋ᠢᠯ᠎ᠤᠨ ᠲᠤᠬᠢᠷᠠᠮᠵᠢᠳᠠᠢ ᠪᠦᠭᠡᠳ ᠬᠤᠭᠤᠯᠠ ᠤᠮᠳᠠ ᠨᠢ ᠤᠯᠠᠨ ᠲᠦᠷᠦᠯ᠎ᠦᠨ᠂ ᠦᠨ᠎ᠡ ᠬᠠᠩᠰᠢ ᠲᠤᠬᠢᠷᠠᠮᠵᠢᠳᠠᠢ᠂ ᠲᠡᠷᠭᠡᠨ ᠵᠤᠭᠰᠤᠭᠠᠯ ᠤᠯᠠᠨ ᠵᠡᠷᠭᠡ ᠦᠢᠯᠡᠴᠢᠯᠡᠭᠡ ᠨᠢ ᠵᠢᠭᠤᠯᠴᠢᠯᠠᠭᠰᠠᠳ᠎ᠤᠨ ᠲᠠᠭᠠᠰᠢᠶᠠᠯ᠎ᠢ ᠶᠡᠭᠡ ᠪᠡᠷ ᠤᠯᠵᠠᠢ᠃ ᠤᠪᠤᠭ᠎ᠠ ᠲᠤᠰᠬᠤᠨ ᠵᠢᠡᠷ ᠵᠢᠭᠤᠯᠴᠢᠯᠠᠵᠦ᠍ ᠪᠠᠶ᠋ᠢᠭ᠎ᠠ ᠵᠢᠭᠤᠯᠴᠢᠯᠠᠭᠰᠠᠳ ᠵᠦᠪᠬᠡᠨ ᠦᠵᠡᠮᠵᠢ ᠰᠤᠨᠢᠷᠬᠠᠬᠤ ᠲᠡᠳᠦᠢ ᠪᠢᠰᠢ᠂ ᠬᠠᠷᠢᠨ ᠲᠡᠨᠳᠡᠬᠢ ᠵᠢᠭᠤᠯᠴᠢᠯᠠᠭᠰᠠᠳ᠎ᠲᠤ᠌ ᠬᠠᠨᠳᠤᠭᠤᠯᠤᠭᠰᠠᠨ ᠭᠠᠯᠳᠦ ᠲᠡᠷᠭᠡ᠂ ᠤᠩᠭᠤᠴᠡ᠂ ᠤᠰᠤᠨ ᠲᠡᠭᠡᠷᠡᠬᠢ ᠨᠠᠭᠠᠳᠤᠮ ᠵᠡᠷᠭᠡ ᠤᠯᠠᠨ ᠤᠯᠠᠨ ᠨᠠᠭᠠᠳᠤᠮ ᠲᠤᠭᠯᠠᠭᠠᠮ᠎ᠤᠨ ᠦᠢᠯᠡᠴᠢᠯᠡᠭᠡᠨ᠎ᠦ ᠲᠦᠷᠦᠯ ᠵᠦᠢᠯ ᠨᠢ ᠭᠡᠷ ᠪᠦᠯᠢ ᠪᠡᠷ ᠵᠢᠡᠨ ᠬᠠᠮᠳᠤ ᠪᠡᠷ ᠵᠤᠭᠠᠯᠠᠵᠤ ᠲᠡᠶ᠋ᠢᠯᠬᠦ᠌ ᠵᠢ ᠪᠡᠶᠡᠯᠡᠭᠦᠯᠦᠭᠰᠡᠨ ᠪᠦᠭᠡᠳ ᠢᠳᠡᠵᠦ᠍ ᠨᠠᠭᠠᠳᠬᠤ᠂ ᠬᠤᠨᠤᠭᠯᠠᠬᠤ᠂ ᠵᠢᠭᠤᠯᠴᠢᠯᠠᠬᠤ ᠵᠢ ᠨᠢᠭᠡ ᠴᠤᠭᠴᠠᠵᠢᠭᠤᠯᠵᠠᠢ᠃
ᠣᠪᠣᠭ᠎ᠠ ᠲᠣᠰᠬᠣᠨ ᠬᠥᠬᠡᠬᠣᠲᠠ᠎ᠶᠢᠨ ᠲᠡᠭᠦᠷᠭᠡ᠎ᠳᠠᠬᠢ ᠪᠠᠶ᠋ᠢᠷᠢᠰᠢᠯ᠎ᠤᠨ ᠳᠠᠪᠠᠭᠤᠯᠢᠭ ᠪᠤᠯᠤᠨ ᠳᠠᠯᠠᠨ ᠬᠠᠷ᠎ᠠ ᠠᠭᠤᠯᠠ᠎ᠶᠢᠨ ᠠᠮᠢ ᠠᠬᠤᠢ᠎ᠶᠢᠨ ᠳᠠᠪᠠᠭᠤᠯᠢᠭ᠎ᠲᠠᠭᠠᠨ ᠲᠦᠰᠢᠭᠯᠡᠨ᠂ ᠨᠠᠮ᠎ᠤᠨ ᠪᠠᠶ᠋ᠢᠭᠤᠯᠤᠯᠲᠠ᠎ᠪᠠᠷ ᠤᠳᠤᠷᠢᠳᠤᠨ ᠳᠠᠭᠠᠭᠤᠯᠬᠤ᠂ ᠠᠮᠢ ᠠᠬᠤᠢ᠎ᠶᠢ ᠤᠷᠢᠳ ᠵᠢᠨᠷ ᠪᠤᠳᠤᠯᠬᠢᠯᠠᠬᠤ᠂ ᠰᠣᠶᠣᠯ ᠵᠢᠭᠤᠯᠴᠢᠯᠠᠯ᠎ᠢ ᠠᠭᠤᠰᠤᠯᠴᠠᠭᠤᠯᠬᠤ ᠵᠢ ᠪᠡᠶᠡᠯᠡᠬᠦᠯᠵᠦ᠍᠂ ᠴᠢᠳᠠᠮᠠᠭᠠᠢ ᠵᠠᠰᠠᠵᠤ ᠦᠨᠳᠦᠰᠦᠨ᠎ᠡᠴᠡ ᠨᠢ ᠵᠠᠰᠠᠬᠤ᠎ᠶᠢ ᠪᠠᠷᠢᠮᠲᠠᠯᠠᠵᠤ᠂ ᠬᠦᠬᠡᠬᠤᠳᠠ ᠵᠢᠨ ᠬᠤᠳᠠ᠎ᠶᠢᠨ ᠲᠡᠭᠦᠷᠭᠡ ᠵᠢᠨ ᠬᠦᠳᠡᠭᠡ ᠲᠤᠰᠬᠤᠨ᠎ᠤ ᠣᠨᠴᠠᠯᠢᠭ᠂ ᠰᠢᠨ᠎ᠡ ᠴᠠᠭ ᠦᠶ᠎ᠡ᠎ᠶᠢᠨ ᠵᠢᠭᠤᠯᠴᠢᠯᠡᠯ ᠢ ᠤᠶᠠᠯᠳᠤᠭᠤᠯᠤᠭᠰᠠᠨ ᠲᠤᠭᠤᠷᠢᠨ ᠵᠢᠭᠤᠯᠴᠢᠯᠠᠬᠤ᠎ᠳᠤ ᠲᠠᠭᠠᠯᠠᠮᠵᠢᠲᠠᠢ ᠦᠵᠡᠰᠬᠦᠯᠡᠩᠲᠦ᠍ ᠰᠠᠶ᠋ᠢᠬᠠᠨ ᠬᠥᠳᠡᠭᠡ ᠲᠣᠰᠬᠣᠨ᠎ᠤ ᠬᠥᠭᠵᠢᠯᠲᠡ᠎ᠶᠢᠨ ᠵᠠᠮ᠎ᠢ ᠨᠡᠭᠡᠭᠡᠭᠰᠡᠨ ᠪᠠᠶ᠋ᠢᠨ᠎ᠠ᠃ ᠣᠪᠣᠭ᠎ᠠ ᠲᠣᠰᠬᠣᠨ᠎ᠤ ᠬᠥᠭᠵᠢᠯᠲᠡ᠎ᠶᠢᠨ ᠦᠢᠯᠡᠳᠦᠯᠭᠡ᠎ᠶᠢ ᠭᠦᠨᠵᠡᠭᠡᠢ ᠵᠠᠳᠠᠯᠬᠤ᠎ᠨᠢ ᠥᠪᠥᠷ ᠮᠣᠩᠭᠣᠯ᠎ᠤᠨ ᠬᠣᠲᠠ᠎ᠶᠢᠨ ᠲᠡᠭᠦᠷᠭᠡ᠎ᠶᠢᠨ ᠬᠥᠳᠡᠭᠡ ᠲᠣᠰᠬᠣᠨ᠎ᠤ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠬᠦ᠌᠎ᠶᠢ ᠠᠬᠢᠭᠤᠯᠬᠤ᠂ ᠬᠠᠮᠲᠤ᠎ᠶᠢᠨ ᠠᠵᠤ ᠠᠬᠤᠢ᠎ᠶᠢ ᠪᠤᠵᠠᠭᠠᠶ᠋ᠢᠷᠠᠭᠤᠯᠬᠤ᠂ ᠬᠠᠮᠲᠤ᠎ᠪᠠᠷ ᠴᠢᠨᠡᠭᠡᠯᠢᠭᠵᠢᠬᠦ᠌ᠶᠢ ᠪᠡᠶᠡᠯᠡᠭᠦᠯᠬᠦ᠌᠎ᠳᠤ ᠴᠢᠬᠤᠯᠠ ᠣᠨᠣᠯ᠎ᠤᠨ ᠦᠨ᠎ᠡ ᠥᠷᠲᠡᠭ ᠪᠣᠯᠤᠨ ᠪᠣᠳᠠᠲᠤ᠌ ᠵᠢᠯᠣᠭᠣᠳᠬᠤ ᠠᠴᠢ ᠬᠣᠯᠪᠣᠭᠳᠠᠯ᠎ᠲᠠᠢ ᠶᠤᠮ᠃
ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢᠨ ᠬᠠᠮᠤᠭ᠎ᠤᠨ ᠶᠡᠬᠡ ᠰᠠᠭᠤᠷᠢ ᠥᠩᠭᠡ ᠪᠣᠯ ᠠᠮᠢ ᠠᠬᠤᠢ ᠪᠣᠯᠤᠨ᠎ᠠ᠂ ᠬᠠᠮᠤᠭ᠎ᠤᠨ ᠶᠡᠬᠡ ᠳᠠᠯᠳᠠ ᠬᠦᠴᠦᠨ ᠪᠣᠯ ᠪᠣᠬᠢᠷᠲᠤᠯ ᠦᠭᠡᠢ ᠬᠦᠭᠵᠢᠬᠦᠯᠦᠯᠳᠡ ᠪᠤᠯᠤᠨ᠎ᠠ᠃ ᠭᠠᠩ ᠬᠠᠭᠤᠷᠠᠢ ᠵᠠᠷᠢᠮᠳᠤᠭ ᠬᠠᠭᠤᠷᠠᠢ ᠭᠠᠵᠠᠷ ᠣᠷᠣᠨ ᠪᠣᠯᠤᠭᠰᠠᠨ᠎ᠤ ᠬᠤᠪᠢ᠎ᠳᠤ ᠥᠪᠥᠷ ᠮᠣᠩᠭᠣᠯ᠎ᠤᠨ ᠣᠯᠠᠩᠬᠢ ᠬᠥᠳᠡᠭᠡ ᠲᠣᠰᠬᠣᠨ᠎ᠤ ᠠᠮᠢ ᠠᠬᠤᠢ᠎ᠶᠢᠨ ᠰᠠᠭᠤᠷᠢ ᠨᠢᠮᠭᠡᠨ᠂ ᠠᠵᠤ ᠦᠢᠯᠡᠰ᠎ᠤᠨ ᠡᠵᠡᠩᠨᠡᠯᠲᠡ᠎ᠶᠢᠨ ᠪᠠᠶ᠋ᠢᠳᠠᠯ ᠲᠠᠨᠭ᠌ ᠴᠤᠯᠭᠤᠢ ᠪᠠᠶ᠋ᠢᠳᠠᠭ᠃ ᠬᠥᠳᠡᠭᠡ ᠲᠣᠰᠬᠣᠨ᠎ᠤ ᠲᠠᠷᠢᠵᠤ ᠲᠡᠵᠢᠭᠡᠬᠦ᠌ ᠤᠯᠠᠮᠵᠢᠯᠠᠯᠲᠤ᠌ ᠦᠢᠯᠡᠳᠪᠦᠷᠢᠯᠡᠯ᠎ᠦᠨ ᠵᠠᠭᠪᠤᠷ᠎ᠲᠠᠢ ᠠᠳᠠᠯᠢ ᠦᠭᠡᠢ ᠲᠠᠯ᠎ᠠ ᠭᠡᠪᠡᠯ ᠣᠪᠣᠭ᠎ᠠ ᠲᠣᠰᠬᠣᠨ᠎ᠨᠢ 《ᠬᠦᠬᠡᠮᠳᠦᠭ ᠠᠭᠤᠯᠠ ᠨᠤᠮᠢᠨ ᠤᠰᠤ ᠪᠣᠯ ᠳᠠᠷᠤᠢ ᠠᠯᠲᠠᠨ ᠠᠭᠤᠯᠠ ᠮᠥᠩᠭᠥᠨ ᠬᠠᠶ᠋ᠢᠷᠬᠠᠨ ᠮᠦᠨ》 ᠭᠡᠬᠦ᠌ ᠠᠮᠢ ᠠᠬᠤᠢ᠎ᠶᠢᠨ ᠬᠦᠭᠵᠢᠯᠳᠡ᠎ᠶᠢᠨ ᠣᠶ᠋ᠢᠯᠠᠭᠠᠭᠳᠠᠬᠤᠨ᠎ᠢ ᠢᠮᠠᠭᠲᠠ ᠦᠢᠯᠡᠳᠦᠯᠭᠡᠵᠢᠭᠦᠯᠵᠦ᠍᠂ ᠠᠮᠢ ᠠᠬᠤᠢ᠎ᠶᠢ ᠤᠷᠢᠳ ᠵᠢᠨᠷ ᠪᠤᠳᠤᠯᠬᠢᠯᠠᠬᠤ᠂ ᠪᠤᠬᠢᠷᠳᠤᠯ ᠦᠭᠡᠢ ᠬᠦᠭᠵᠢᠬᠦᠯᠬᠦ᠌᠎ᠶᠢ ᠬᠥᠳᠡᠭᠡ ᠲᠣᠰᠬᠣᠨ ᠢ ᠬᠦᠭᠵᠢᠭᠦᠯᠦᠨ ᠮᠠᠨᠳᠤᠭᠤᠯᠬᠤ ᠤᠷᠢᠳᠠᠴᠢ ᠢᠨᠵᠧᠨᠧᠷᠢᠩ᠂ ᠰᠠᠭᠤᠷᠢ ᠦᠩᠭᠡ ᠪᠤᠯᠭᠠᠵᠦ᠍ ᠴᠢᠳᠠᠵᠠᠢ᠃ ᠤᠪᠤᠭ᠎ᠠ ᠲᠤᠰᠬᠤᠨ ᠳᠠᠯᠠᠨ ᠬᠠᠷ᠎ᠠ ᠠᠭᠤᠯᠠ᠎ᠶᠢᠨ ᠡᠮᠦᠨ᠎ᠡ ᠪᠠᠯ᠎ᠤᠨ ᠠᠮᠢ ᠠᠬᠤᠢ᠎ᠶᠢ ᠶᠡᠷᠦᠩᠬᠡᠶ᠋ᠢᠯᠡᠨ ᠵᠠᠰᠠᠬᠤ ᠲᠥᠷᠥ᠎ᠶᠢᠨ ᠪᠣᠳᠣᠯᠭ᠎ᠠ᠎ᠶᠢᠨ ᠠᠵᠠ ᠲᠣᠬᠢᠶᠠᠯ᠎ᠢ ᠠᠰᠢᠭᠯᠠᠨ᠂ ᠲᠠᠷᠢᠶᠠᠯᠠᠬᠤ᠎ᠶᠢ ᠵᠣᠭᠰᠣᠭᠠᠵᠤ ᠣᠢ ᠰᠢᠭᠤᠢ᠎ᠶᠢ ᠰᠡᠷᠭᠦᠭᠡᠬᠦ᠌ ᠵᠡᠷᠭᠡ ᠠᠮᠢ ᠠᠬᠤᠢ ᠵᠢᠨ ᠵᠠᠰᠠᠯᠳᠠ᠎ᠶᠢᠨ ᠢᠨᠵᠧᠨᠧᠷᠢᠩ᠎ᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠦ᠍᠂ ᠪᠦᠬᠦ᠌ ᠬᠦᠴᠦᠨ᠎ᠢᠶᠡᠷ᠎ᠢᠶᠡᠨ ᠠᠮᠢ ᠠᠬᠤᠢ᠎ᠶᠢ ᠰᠠᠶ᠋ᠢᠵᠢᠷᠠᠭᠤᠯᠤᠭᠰᠠᠨ᠎ᠠᠴᠠ ᠥᠩᠭᠡᠷᠡᠭᠰᠡᠨ᠎ᠤ ᠬᠠᠯᠴᠠᠭᠠᠢ ᠠᠭᠤᠯᠠ ᠬᠤᠪᠠᠬᠠᠢ ᠭᠠᠵᠠᠷ᠎ᠢ ᠠᠭᠤᠯᠠ ᠤᠰᠤ ᠠᠯᠠᠭᠯᠠᠨ ᠴᠡᠩᠬᠡᠷᠳᠦᠭᠰᠡᠨ ᠵᠢᠭᠤᠯᠴᠢᠯᠠᠯ᠎ᠤᠨ ᠦᠵᠡᠮᠵᠢᠲᠦ᠍ ᠤᠷᠤᠨ ᠪᠤᠯᠭᠠᠵᠦ ᠴᠢᠳᠠᠪᠠ᠃
ᠡᠨᠡ ᠬᠦ᠌ ᠦᠢᠯᠡᠳᠦᠯᠭᠡ᠎ᠨᠢ ᠦᠪᠦᠷ ᠮᠤᠩᠭᠤᠯ᠎ᠤᠨ ᠬᠥᠳᠡᠭᠡ ᠲᠣᠰᠬᠣᠨ᠎ᠤ ᠬᠥᠭᠵᠢᠯᠲᠡ᠎ᠶᠢᠨ ᠪᠤᠳᠠᠳᠤ ᠪᠠᠶ᠋ᠢᠳᠠᠯ᠎ᠢ ᠬᠠᠷᠠᠭᠤᠯᠵᠦ᠍ ᠴᠢᠳᠠᠭᠰᠠᠨ ᠪᠠᠶ᠋ᠢᠨ᠎ᠠ᠃ ᠠᠮᠢ ᠠᠬᠤᠢ᠎ᠶᠢᠨ ᠬᠠᠮᠠᠭᠠᠯᠠᠯᠲᠠ᠎ᠨᠢ ᠬᠥᠭᠵᠢᠯᠲᠡ᠎ᠶᠢᠨ ᠳᠠᠷᠤᠭᠠᠰᠤ ᠪᠢᠰᠢ᠂ ᠬᠠᠷᠢᠨ ᠡᠷᠬᠡᠪᠰᠢ ᠪᠠᠷᠢᠮᠳᠠᠯᠠᠬᠤ ᠶᠠᠪᠤᠳᠠᠯ ᠪᠣᠯᠤᠨ᠎ᠠ᠃ ᠵᠦᠪᠭᠡᠨ ᠠᠮᠢ ᠠᠬᠤᠢ᠎ᠶᠢᠨ ᠰᠠᠭᠤᠷᠢ᠎ᠶᠢ ᠳᠠᠬᠢᠨ ᠴᠣᠭᠴᠠᠯᠠᠬᠤ᠂ ᠠᠮᠢ ᠠᠬᠤᠢ᠎ᠶᠢᠨ ᠡᠬᠢ ᠪᠠᠶᠠᠯᠢᠭ᠎ᠢ ᠠᠮᠢᠳᠤᠯᠢᠭ ᠢᠶᠡᠷ ᠠᠰᠢᠬᠯᠠᠪᠠᠯ ᠰᠠᠶᠢ ᠠᠵᠤ ᠦᠢᠯᠡᠰ᠎ᠤᠨ ᠬᠥᠭᠵᠢᠯᠲᠡ᠎ᠶᠢᠨ ᠦᠨᠳᠦᠰᠦᠨ ᠠᠴᠢᠶᠠᠯᠠᠪᠤᠷᠢ᠎ᠶᠢ ᠪᠠᠶ᠋ᠢᠭᠤᠯᠵᠤ᠂ ᠠᠮᠢ ᠠᠬᠤᠢ᠎ᠶᠢᠨ ᠳᠠᠪᠠᠭᠤᠯᠢᠭ᠎ᠢ ᠠᠵᠤ ᠠᠬᠤᠢ᠎ᠶᠢᠨ ᠳᠠᠪᠠᠭᠤᠯᠢᠭ᠂ ᠬᠥᠭᠵᠢᠯᠲᠡ᠎ᠶᠢᠨ ᠳᠠᠪᠠᠭᠤᠯᠢᠭ ᠪᠣᠯᠭᠠᠨ ᠦᠨᠳᠦᠰᠦᠨ ᠴᠢᠨᠠᠷᠲᠠᠢ ᠬᠤᠪᠢᠷᠠᠭᠤᠯᠬᠤ᠎ᠶᠢ ᠪᠡᠶᠡᠯᠡᠭᠦᠯᠵᠦ᠍᠂ ᠰᠣᠶᠣᠯ ᠵᠢᠭᠤᠯᠴᠢᠯᠠᠯ ᠠᠭᠤᠰᠤᠯᠴᠠᠬᠤ᠂ ᠡᠵᠡᠩᠨᠡᠯᠲᠡ᠎ᠶᠢᠨ ᠪᠠᠶ᠋ᠢᠳᠠᠯ ᠲᠥᠪᠯᠡᠷᠡᠬᠦ᠂ ᠪᠠᠶᠠᠵᠢᠨ ᠴᠢᠨᠡᠭᠡᠯᠢᠭᠵᠢᠬᠦ᠌ᠳᠤ ᠪᠠᠲᠤ᠌ ᠪᠡᠬᠢ ᠰᠠᠭᠤᠷᠢ᠎ᠶᠢ ᠲᠠᠯᠪᠢᠵᠤ ᠴᠢᠳᠠᠨ᠎ᠠ᠃
ᠣᠪᠣᠭ᠎ᠠ ᠲᠣᠰᠬᠣᠨ᠎ᠤ ᠠᠮᠵᠢᠯᠲᠠ᠎ᠲᠠᠢ ᠦᠢᠯᠡᠳᠦᠯᠭᠡ᠎ᠨᠢ ᠦᠪᠦᠷ ᠮᠤᠩᠭᠤᠯ᠎ᠤᠨ ᠬᠣᠲᠠ᠎ᠶᠢᠨ ᠲᠡᠭᠦᠷᠭᠡ᠎ᠶᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ᠍ ᠪᠣᠯᠬᠤ ᠨᠠᠨᠳᠢᠨ ᠲᠤᠷᠰᠢᠯᠭ᠎ᠠ ᠬᠠᠩᠭᠠᠪᠠ᠃ ᠡᠨᠡ ᠬᠦ᠌ ᠲᠤᠷᠰᠢᠯᠭ᠎ᠠ ᠨᠢ᠄ ᠨᠢᠭᠡ᠎ᠳᠤ᠂ ᠨᠠᠮ᠎ᠤᠨ ᠪᠠᠢᠭᠤᠯᠤᠯᠳᠠ ᠪᠡᠷ ᠬᠦᠳᠦᠯᠦᠨ ᠲᠠᠭᠠᠭᠤᠯᠪᠠ; ᠪᠦᠬᠦ ᠲᠤᠰᠬᠤᠨ᠎ᠤ ᠪᠦᠳᠦᠭᠡᠨ ᠪᠠᠢᠭᠤᠯᠤᠯᠳᠠ᠂ ᠲᠦᠷᠦᠯ ᠵᠦᠢᠯ᠎ᠤᠨ ᠪᠡᠯᠡ ᠤᠷᠤᠭᠤᠯᠤᠯᠳᠠ᠂ ᠤᠷᠤᠯᠭ᠎ᠠ ᠵᠢᠨ ᠬᠤᠪᠢᠶᠠᠷᠢᠯᠠᠯᠳᠠ ᠵᠡᠷᠭᠡ ᠵᠢ ᠪᠦᠬᠦᠨ᠎ᠢ ᠨᠠᠮ᠎ᠤᠨ ᠵᠤᠬᠢᠶᠠᠨ ᠪᠠᠢᠭᠤᠯᠤᠯᠳᠠ ᠡᠴᠡ ᠤᠳᠤᠷᠢᠳᠦᠨ ᠲᠠᠭᠠᠭᠤᠯᠵᠤ ᠵᠤᠬᠢᠶᠠᠨ ᠪᠠᠢᠭᠤᠯᠤᠨ ᠰᠠᠨᠠᠯ ᠲᠤᠷᠠᠳᠤᠯᠭ᠎ᠠ ᠭᠠᠷᠭᠠᠵᠦ᠂ ᠨᠠᠮ᠎ᠤᠨ ᠬᠡᠰᠢᠭᠦᠨ ᠪᠠ ᠤᠯᠠᠨ ᠲᠦᠮᠡᠨ ᠠᠷᠠᠳᠴᠢᠯᠠᠯ ᠵᠢᠡᠷ ᠤᠷᠤᠯᠴᠠᠨ᠂ ᠪᠦᠬᠦ ᠠᠷᠠᠳ᠎ᠤᠨ 《ᠮᠡᠳᠡᠬᠦ ᠡᠷᠬᠡ᠂ ᠤᠷᠤᠯᠴᠠᠬᠤ ᠡᠷᠬᠡ᠂ ᠬᠢᠨᠠᠯᠳᠠ ᠲᠠᠯᠪᠢᠬᠤ ᠡᠷᠬᠡ》 ᠵᠢ ᠪᠠᠳᠤᠯᠠᠪᠠ; ᠬᠤᠶᠠᠷ ᠲᠤ᠌᠂ ᠨᠠᠭᠡᠭᠡᠯᠳᠡ᠎ᠳᠦ ᠰᠡᠳᠬᠢᠬᠦᠢ᠎ᠶᠢ ᠪᠠᠷᠢᠮᠲᠠᠯᠠᠨ᠂ ᠠᠮᠢ ᠠᠬᠤᠢ᠎ᠶᠢᠨ ᠬᠠᠮᠠᠭᠠᠯᠠᠯᠲᠠ ᠪᠠ ᠥᠷᠲᠡᠭ᠎ᠤᠨ ᠬᠤᠪᠢᠷᠠᠯᠲᠠ᠎ᠶᠢ ᠨᠢᠭᠡᠳᠦᠯᠲᠡᠢ ᠲᠦᠯᠦᠪᠵᠢᠭᠦᠯᠪᠡ᠃ ᠡᠨᠡ ᠨᠢ ᠦᠪᠦᠷ ᠮᠤᠩᠭᠤᠯ᠎ᠤᠨ ᠪᠦᠬᠦᠢᠯᠡ ᠮᠠᠯᠵᠢᠬᠤ ᠲᠠᠷᠢᠶᠠᠯᠠᠬᠤ ᠤᠷᠤᠨ᠎ᠳᠦ ᠠᠮᠢ ᠠᠬᠤᠢ᠎ᠶᠢ ᠤᠷᠢᠳ ᠵᠢᠨᠷ ᠪᠤᠳᠤᠯᠬᠢᠯᠠᠬᠤ ᠪᠠᠶ᠋ᠢᠯᠳᠤᠬᠤ ᠪᠣᠳᠣᠯᠭ᠎ᠠ᠎ᠶᠢ ᠪᠠᠷᠢᠮᠲᠠᠯᠠᠵᠤ᠂ ᠠᠮᠢ ᠠᠬᠤᠢ ᠵᠢ ᠬᠤᠬᠢᠷᠠᠭᠤᠯᠤᠭᠠᠳ ᠳᠠᠬᠢᠨ ᠵᠠᠰᠠᠬᠤ᠂ ᠠᠵᠤ ᠦᠢᠯᠡᠰ᠎ᠢ ᠴᠢᠬᠤᠯᠠᠴᠢᠯᠠᠭᠠᠳ ᠠᠮᠢ ᠠᠬᠤᠢ᠎ᠶᠢ ᠬᠥᠩᠭᠡᠪᠴᠢᠯᠡᠬᠦ᠌ ᠣᠬᠣᠷᠬᠠᠨ ᠬᠤᠭᠤᠴᠠᠭᠠᠨ᠎ᠤ ᠰᠡᠳᠬᠢᠴᠡ᠎ᠪᠠᠨ ᠬᠤᠪᠢᠷᠠᠭᠤᠯᠤᠨ᠂ 《ᠠᠮᠢ ᠠᠬᠤᠢ᠎ᠶᠢ ᠰᠡᠷᠭᠦᠭᠡᠬᠦ᠌ — ᠣᠷᠣᠨ ᠵᠠᠢ᠎ᠶᠢ ᠠᠮᠢᠳᠤᠯᠢᠭ ᠪᠣᠯᠭᠠᠬᠤ — ᠠᠵᠤ ᠦᠢᠯᠡᠰ᠎ᠢ ᠪᠣᠶ᠋ᠢᠵᠢᠭᠤᠯᠬᠤ — ᠠᠰᠢᠭ ᠣᠷᠣᠯᠭ᠎ᠠ᠎ᠶᠢ ᠬᠠᠮᠳᠤ ᠪᠡᠷ ᠡᠳ᠋ᠯᠡᠬᠦ᠌》 ᠪᠦᠷᠢᠨ ᠪᠦᠲᠦᠨ ᠥᠷᠲᠡᠭ᠎ᠤᠨ ᠬᠡᠯᠬᠢᠶ᠎ᠡ᠎ᠶᠢ ᠪᠠᠶ᠋ᠢᠭᠤᠯᠵᠤ᠂ ᠠᠮᠢ ᠠᠬᠤᠢ᠎ᠶᠢᠨ ᠡᠬᠢ ᠪᠠᠶᠠᠯᠢᠭ᠎ᠢ ᠦᠨᠡᠨ ᠬᠦ᠌ ᠠᠷᠠᠳ᠎ᠢ ᠪᠠᠶᠠᠵᠢᠭᠤᠯᠤᠨ ᠬᠦᠳᠡᠭᠡ ᠲᠣᠰᠬᠣᠨ᠎ᠢ ᠬᠦᠭᠵᠢᠭᠦᠯᠦᠨ ᠮᠠᠨᠳᠤᠭᠤᠯᠬᠤ ᠥᠨᠢᠳᠡ᠎ᠶᠢᠨ ᠬᠥᠷᠥᠩᠭᠡ ᠪᠣᠯᠭᠠᠨ ᠬᠤᠪᠢᠷᠠᠭᠤᠯᠬᠤ᠎ᠳᠦ ᠦᠨᠳᠦᠰᠦᠨ ᠲᠤᠷᠰᠢᠯᠭ᠎ᠠ ᠬᠠᠩᠭᠠᠪᠠ; ᠭᠤᠷᠪᠠ᠎ᠳᠦ᠂ ᠬᠠᠮᠲᠤ᠎ᠶᠢᠨ ᠠᠵᠤ ᠠᠬᠤᠢ᠎ᠶᠢᠨ ᠬᠥᠭᠵᠢᠯᠲᠡ᠎ᠶᠢᠨ ᠰᠠᠭᠤᠷᠢ᠎ᠶᠢ ᠪᠠᠲᠤ᠌ ᠪᠡᠬᠢ ᠴᠣᠭᠴᠠᠯᠠᠪᠠ᠃ ᠡᠷᠬᠡᠪᠰᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ ᠬᠦᠲᠦᠯᠦᠨ ᠲᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠵᠦ᠍᠂ ᠲᠠᠷᠠᠬᠠᠢ ᠪᠤᠲᠠᠷᠬᠠᠢ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠍᠂ ᠬᠥᠳᠡᠭᠡ ᠲᠣᠰᠬᠣᠨ᠎ᠤ ᠬᠥᠭᠵᠢᠯᠲᠡ᠎ᠶᠢᠨ ᠰᠠᠨᠠᠭᠠᠴᠢᠯᠠᠭᠠᠲᠤ᠌ ᠡᠷᠬᠡ᠎ᠶᠢ ᠡᠵᠡᠮᠰᠢᠨ᠂ ᠬᠠᠮᠲᠤ᠎ᠶᠢᠨ ᠠᠵᠤ ᠠᠬᠤᠢ᠎ᠵᠢᠨ ᠣᠯᠠᠨ ᠲᠦᠮᠡᠨ᠎ᠢ ᠨᠢᠭᠲᠠᠷᠠᠭᠤᠯᠬᠤ᠂ ᠣᠯᠠᠨ ᠲᠦᠮᠡᠨ᠎ᠳᠤ ᠦᠢᠯᠡᠴᠢᠯᠡᠬᠦ᠂ ᠲᠤᠰᠬᠤᠨ᠎ᠤ ᠬᠥᠭᠵᠢᠯᠲᠡ᠎ᠶᠢ ᠲᠠᠶ᠋ᠢᠴᠢᠯᠠᠬᠤ ᠵᠢ ᠭᠦᠢᠴᠡᠳᠭᠡᠵᠦ ᠴᠢᠳᠠᠪᠠ; ᠲᠦᠷᠪᠡ᠎ᠳᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠤᠨᠴᠠᠯᠢᠭᠳᠤ ᠳᠠᠪᠠᠭᠤᠯᠢᠬᠲᠦ᠍ ᠠᠵᠤ ᠦᠢᠯᠡᠰ᠎ᠤᠨ ᠰᠢᠰᠲ᠋ᠧᠮ᠎ᠢ ᠬᠦᠭᠵᠢᠭᠦᠯᠪᠡ᠃ ᠬᠣᠲᠠ᠎ᠶᠢᠨ ᠲᠡᠭᠦᠷᠭᠡ᠎ᠶᠢᠨ ᠬᠥᠳᠡᠭᠡ ᠲᠣᠰᠬᠣᠨ᠎ᠨᠢ ᠬᠣᠲᠠ᠎ᠶᠢᠨ ᠬᠦᠭᠵᠢᠶᠡᠨᠳᠡᠢ ᠵᠠᠬ᠎ᠠ ᠳᠡᠯᠭᠡᠭᠦᠷ᠎ᠤᠨ ᠲᠠᠪᠠᠭᠤᠯᠢᠭ ᠲᠦ᠍ ᠲᠦᠰᠢᠭᠯᠡᠨ᠂ ᠰᠣᠶᠣᠯ ᠵᠢᠭᠤᠯᠴᠢᠯᠠᠯ᠎ᠤᠨ ᠦᠢᠯᠡᠰ ᠪᠠ ᠬᠤᠳᠠᠯᠳᠤᠭ᠎ᠠ ᠪᠤᠷᠤᠯᠠᠭᠤᠯᠭ᠎ᠠ᠎ᠶᠢ ᠠᠭᠤᠰᠤᠯᠴᠠᠭᠤᠯᠤᠨ ᠬᠥᠭᠵᠢᠭᠦᠯᠵᠦ᠍᠂ ᠲᠠᠩ ᠴᠤᠯᠭᠤᠢ ᠡᠵᠡᠩᠨᠡᠯᠲᠡ᠎ᠶᠢᠨ ᠬᠡᠯᠪᠡᠷᠢ ᠵᠢ ᠲᠠᠶᠠᠭᠳᠠᠵᠤ᠂ ᠲᠦᠭᠰᠢᠭᠦᠷᠢ᠎ᠶᠢ ᠲᠠᠭᠠᠭᠠᠵᠦ᠍ ᠲᠡᠶ᠋ᠢᠯᠬᠦ᠌᠂ ᠦᠷᠬᠦᠯᠵᠢᠯᠡᠨ ᠬᠦᠭᠵᠢᠵᠦ᠍ ᠲᠡᠶ᠋ᠢᠯᠬᠦ᠌ ᠬᠥᠳᠡᠭᠡ ᠲᠣᠰᠬᠣᠨ᠎ᠤ ᠠᠵᠤ ᠦᠢᠯᠡᠰ᠎ᠤᠨ ᠠᠮᠢ ᠠᠬᠤᠢ᠎ᠶᠢ ᠪᠣᠢ ᠪᠣᠯᠭᠠᠬᠤ ᠲᠠᠪᠠᠭᠤᠯᠢᠭ ᠲᠠᠢ ᠪᠠᠢᠳᠠᠭ᠂ ᠡᠨᠡ ᠪᠦᠬᠦᠨ᠎ᠢ ᠤᠪᠤᠭ᠎ᠠ ᠲᠤᠰᠬᠤᠨ ᠪᠦᠷᠢᠨ ᠡᠵᠡᠮᠳᠡᠵᠦ ᠴᠢᠳᠠᠬᠰᠠᠨ ᠪᠠᠢᠨ᠎ᠠ; ᠲᠠᠪᠤ᠎ᠳᠤ᠂ ᠭᠠᠵᠠᠷ ᠤᠷᠤᠨ᠎ᠤ ᠣᠨᠴᠠᠯᠢᠭᠲᠤ᠌ ᠰᠣᠶᠣᠯ᠎ᠤᠨ ᠡᠬᠢ ᠪᠠᠶᠠᠯᠢᠭ᠎ᠢ ᠭᠦᠨ ᠠᠭᠤᠳᠠᠯᠵᠤ᠂ ᠴᠢᠳᠠᠪᠤᠷᠢᠳᠠᠨ᠎ᠢ ᠬᠦᠮᠦᠵᠢᠭᠦᠯᠵᠦ᠍᠂ ᠰᠣᠶᠣᠯ᠎ᠢᠶᠠᠷ ᠡᠨᠧᠷᠭᠢ ᠣᠯᠭᠣᠬᠤ ᠠᠵᠤ ᠦᠢᠯᠡᠰ᠎ᠢ ᠬᠦᠭᠵᠢᠭᠦᠯᠵᠦ᠍᠂ ᠨᠤᠲᠤᠭ᠎ᠤᠨ ᠬᠡᠪ ᠰᠤᠷᠲᠠᠯ᠎ᠢ ᠬᠠᠳᠠᠭᠠᠯᠠᠵᠤ᠂ ᠬᠥᠮᠦᠰ᠎ᠤᠨ ᠰᠡᠳᠬᠢᠯ᠎ᠢ ᠨᠢᠭᠲᠠᠷᠠᠭᠤᠯᠵᠤ᠂ ᠦᠷᠭᠡᠨ ᠠᠭᠤᠳᠠᠮ ᠬᠥᠳᠡᠭᠡ ᠲᠣᠰᠬᠣᠨ ᠢ ᠦᠵᠡᠰᠬᠦᠯᠡᠩᠲᠦ᠍ ᠰᠠᠶ᠋ᠢᠬᠠᠨ ᠥᠩᠭᠡ ᠦᠵᠡᠮᠵᠢ᠎ᠲᠠᠢ ᠪᠣᠯᠭᠠᠪᠠ᠃ ᠤᠪᠤᠭ᠎ᠠ ᠲᠤᠰᠬᠤᠨ ᠦᠪᠦᠷ ᠮᠤᠩᠭᠤᠯ᠎ᠤᠨ ᠰᠢᠯᠢᠳᠡᠭ ᠤᠯᠠᠮᠵᠢᠯᠠᠯᠳᠤ ᠰᠤᠶᠤᠯ᠎ᠢ ᠪᠠᠳᠠᠷᠠᠭᠤᠯᠤᠨ ᠬᠦᠭᠵᠢᠭᠦᠯᠵᠦ᠂ ᠪᠡᠶᠡᠴᠢᠯᠠᠨ ᠤᠢᠯᠠᠭᠠᠬᠤ ᠬᠡᠯᠪᠡᠷᠢ ᠵᠢᠨ ᠬᠡᠪ ᠵᠠᠬᠪᠤᠷ᠎ᠢ ᠡᠭᠦᠳᠴᠦ᠂ ᠵᠢᠭᠤᠯᠴᠢᠯᠠᠬᠰᠠᠳ ᠲᠤ᠌ ᠨᠤᠳᠤᠭ ᠤᠷᠤᠨ᠂ ᠰᠤᠶᠤᠯ ᠢᠷᠭᠡᠨᠰᠢᠯ᠂ ᠰᠠᠨᠠᠭ᠎ᠠ ᠠᠬᠤᠢ ᠵᠡᠷᠭᠡ ᠲᠠᠯ᠎ᠠ ᠪᠡᠷ ᠬᠠᠮᠤᠭ ᠨᠦᠬᠦᠷᠰᠡᠭ ᠲᠤᠳᠤᠨᠤ ᠤᠢᠯᠠᠭᠠᠯᠳᠠ ᠲᠦᠷᠦᠭᠳᠡᠯ ᠦᠭᠬᠦ ᠲᠠᠯ᠎ᠠ ᠪᠡᠷ ᠨᠡᠯᠢᠶᠡᠳ ᠭᠦᠨᠵᠡᠭᠡᠢ ᠴᠢᠷᠮᠠᠢᠯᠳᠠ ᠭᠠᠷᠭᠠᠬᠰᠠᠨ ᠪᠠᠢᠨ᠎ᠠ᠃
ᠤᠪᠤᠭ᠎ᠠ ᠲᠤᠰᠬᠤᠨ᠎ᠤ ᠦᠨᠦᠳᠦᠷ᠎ᠤᠨ ᠠᠮᠵᠢᠯᠳᠠ ᠪᠦᠳᠦᠮᠵᠢ ᠵᠢ ᠦᠨᠡᠯᠡᠭᠦᠰᠢᠳᠠᠢ ᠶᠤᠮ᠃ ᠲᠤᠰ ᠲᠤᠰᠬᠤᠨ ᠨᠢ ᠬᠤᠶ᠋ᠢᠰᠢᠳᠠ᠎ᠶᠢᠨ ᠬᠦᠭᠵᠢᠯᠳᠡ ᠵᠢᠨ ᠶᠠᠪᠤᠴᠠ᠎ᠳᠠᠭᠠᠨ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠶ᠋ᠢᠷᠢᠯᠠᠭᠤᠯᠤᠯᠳᠠ ᠵᠢ ᠪᠦᠬᠦ᠌ ᠲᠠᠯ᠎ᠠ ᠪᠡᠷ ᠨᠠᠶ᠋ᠢᠳᠠᠪᠤᠷᠢᠵᠢᠭᠤᠯᠵᠦ᠍᠂ ᠲᠤᠮᠳᠠᠳᠤ᠎ᠶᠢᠨ ᠦᠨᠳᠦᠰᠦᠳᠡᠨ᠎ᠦ ᠬᠠᠮᠳᠤ᠎ᠶᠢᠨ ᠴᠤᠭᠴᠠ᠎ᠶᠢᠨ ᠤᠬᠠᠮᠰᠠᠷ ᠢ ᠪᠠᠳᠤ ᠴᠤᠭᠴᠠᠯᠠᠬᠤ ᠪᠡᠷ ᠭᠤᠤᠯ ᠰᠢᠵᠢᠮ ᠪᠤᠯᠭᠠᠬᠤ᠎ᠶᠢ ᠡᠷᠡᠰ ᠪᠠᠷᠢᠮᠳᠠᠯᠠᠵᠦ᠍᠂ ᠰᠤᠶᠤᠯ ᠵᠢᠭᠤᠯᠴᠢᠯᠠᠯ᠎ᠤᠨ ᠦᠢᠯᠡᠰ᠎ᠦᠨ ᠴᠢᠨᠡᠷ ᠰᠠᠶ᠋ᠢᠳᠠᠢ ᠬᠦᠭᠵᠢᠯᠲᠡ ᠵᠢ ᠠᠬᠢᠭᠤᠯᠵᠦ᠍᠂ ᠦᠪᠦᠷ ᠮᠤᠩᠭᠤᠯ᠎ᠤᠨ ᠬᠦᠳᠡᠭᠡ ᠲᠤᠰᠬᠤᠨ ᠬᠦᠭᠵᠢᠨ ᠮᠠᠨᠳᠤᠭᠰᠠᠨ ᠵᠢᠭᠤᠯᠴᠢᠯᠠᠯ᠎ᠤᠨ ᠬᠦᠴᠦᠷᠬᠡᠭ ᠤᠷᠤᠨ ᠪᠤᠯᠭᠠᠨ ᠪᠦᠳᠦᠭᠡᠨ ᠪᠠᠶ᠋ᠢᠭᠤᠯᠬᠤ ᠬᠠᠷᠠᠯᠳᠠ ᠵᠢ ᠤᠨᠢᠯᠠᠵᠦ᠍᠂ ᠰᠤᠶᠤᠯ ᠵᠢᠭᠤᠯᠴᠢᠯᠠᠯ᠎ᠤᠨ ᠡᠬᠢ ᠪᠠᠶᠠᠯᠢᠭ᠎ᠢ ᠨᠡᠬᠡᠬᠡᠨ ᠬᠦᠭᠵᠢᠬᠦᠯᠬᠦ᠂ ᠠᠬᠤᠢ ᠦᠵᠡᠭᠳᠡᠯ᠎ᠤᠨ ᠰᠢᠨ᠎ᠠ ᠵᠢ ᠡᠭᠦᠳᠬᠦ᠂ ᠡᠵᠡᠩᠨᠡᠯᠳᠡ᠎ᠶᠢᠨ ᠬᠡᠯᠪᠡᠷᠢ ᠵᠢ ᠪᠤᠶ᠋ᠢᠵᠢᠭᠤᠯᠬᠤ᠂ ᠵᠠᠬ᠎ᠠ ᠲᠡᠯᠭᠡᠭᠦᠷ᠎ᠦᠨ ᠵᠠᠰᠠᠯᠳᠠ ᠵᠢ ᠨᠢᠭᠡᠳᠦᠯᠳᠡᠢ ᠲᠦᠯᠦᠪᠵᠢᠭᠦᠯᠦᠨ ᠠᠬᠢᠭᠤᠯᠬᠤ᠂ ᠦᠢᠯᠡᠳᠭᠦᠨ᠎ᠦ ᠬᠠᠩᠭᠠᠯᠭ᠎ᠠ ᠵᠢ ᠪᠠᠶᠠᠯᠢᠬᠵᠢᠭᠤᠯᠬᠤ᠂ ᠦᠢᠯᠡᠴᠢᠯᠡᠭᠡᠨ᠎ᠦ ᠴᠢᠨᠠᠷ ᠴᠢᠨᠰᠠᠭ᠎ᠠ ᠵᠢ ᠲᠡᠭᠡᠭᠰᠢᠯᠡᠬᠦᠯᠬᠦ᠌ ᠵᠡᠷᠭᠡ ᠦᠢᠯᠡᠴᠢᠯᠡᠭᠡ᠎ᠶᠢ ᠲᠡᠭᠦᠯᠳᠡᠷᠵᠢᠭᠦᠯᠵᠦ᠍᠂ᠠᠮᠢ ᠠᠬᠤᠢ ᠨᠡᠩ ᠭᠣᠶᠣ ᠰᠠᠶ᠋ᠢᠬᠠᠨ᠂ ᠠᠵᠤ ᠦᠢᠯᠡᠰ ᠤᠯᠠᠮ ᠬᠥᠭᠵᠢᠩᠭᠦᠢ᠂ ᠠᠮᠢᠳᠤᠷᠠᠯ ᠨᠡᠩ ᠪᠠᠶᠠᠨ ᠴᠢᠨᠡᠭᠡᠯᠢᠭ᠂ ᠵᠠᠰᠠᠯᠲᠠ ᠨᠡᠨᠭ ᠪᠦᠲᠦᠮᠵᠢᠲᠡᠢ ᠲᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠳᠠ᠎ᠶᠢᠨ ᠰᠢᠨ᠎ᠠ ᠬᠠᠭᠤᠳᠠᠰᠤ᠎ᠶᠢ ᠪᠢᠴᠢᠭᠯᠡᠬᠦ᠌ ᠪᠡᠷ ᠮᠡᠷᠡᠢᠨ ᠲᠡᠮᠡᠴᠡᠵᠦ ᠪᠠᠢᠨ᠎ᠠ᠃
(ᠵᠤᠬᠢᠶᠠᠬᠴᠢ ᠵᠢᠨ ᠬᠠᠶᠢᠭ᠄ ᠦᠪᠦᠷ ᠮᠤᠩᠭᠤᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ᠎ᠶᠢᠨ ᠵᠢᠭᠤᠯᠴᠢᠯᠠᠯ᠎ᠤᠨ ᠲᠡᠭᠡᠳᠦ ᠰᠤᠷᠭᠠᠭᠤᠯᠢ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃