ᠲᠡᠷᠢᠭᠦᠨ ᠨᠢᠭᠤᠷ>ᠣᠨᠣᠯ ᠱᠢᠭᠦᠮᠵᠢ>ᠰᠢᠭᠦᠮᠵᠢ

2026-10-23 12:36:00

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠸᠠᠩ ᠲᠢᠶᠠᠨ ᠹᠦ 2026 ᠣᠨ ᠎ᠤ 5 ᠰᠠᠷ᠎ᠠ᠎ᠶᠢᠨ 20᠎ᠤ᠋ ᠡᠳᠦᠷ 《ᠳᠤᠮᠳᠠᠳᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠰᠣᠨᠢᠨ》 ᠎ᠳ᠋ᠤ ᠦᠬᠦᠯᠡᠯ ᠨᠡᠢᠲᠡᠯᠡᠵᠤ᠂ ᠲᠣᠭᠠᠴᠢᠯᠠᠭᠰᠠᠨ ᠴᠢᠮᠡᠭᠡ  ᠬᠣᠯᠪᠣᠭᠠᠨ᠎ᠤ ᠮᠡᠷᠭᠡᠵᠢᠯ ᠪᠣᠯᠣᠨ ᠵᠣᠬᠢᠶᠠᠮᠠᠯ ᠤᠶᠤᠨ ᠴᠢᠳᠠᠪᠤᠷᠢ᠎ᠶᠢᠨ ᠮᠡᠷᠭᠡᠵᠢᠯ ᠨᠢ ᠲᠣᠭᠠᠴᠢᠯᠠᠭᠰᠠᠨ ᠨᠡᠢᠭᠡᠮ᠎ᠦᠨ ᠡᠯ᠎ᠡ ᠲᠠᠯ᠎ᠠ᠎ᠶᠢ ᠬᠤᠪᠢᠷᠠᠭᠤᠯᠵᠤ᠂ ᠲᠡᠭᠦᠨ᠎ᠦ ᠨᠥᠯᠥᠭᠡ ᠨᠢ ᠡᠳᠦᠷ ᠲᠤᠳᠤᠮ᠎ᠤᠨ ᠠᠮᠢᠳᠤᠷᠠᠯ᠂ ᠠᠵᠤ ᠠᠬᠤᠢ᠎ᠶᠢᠨ ᠠᠮᠢᠳᠤᠷᠠᠯ᠂ ᠤᠯᠠᠨ ᠨᠡᠶ᠋ᠢᠲᠡ᠎ᠶᠢᠨ ᠦᠢᠯᠡᠴᠢᠯᠡᠭᠡ᠂ ᠰᠣᠶᠣᠯ᠎ᠤᠨ ᠦᠢᠯᠡᠳᠪᠦᠷᠢᠯᠡᠯ ᠵᠡᠷᠭᠡ ᠡᠯ᠎ᠡ ᠬᠦᠷᠢᠶᠡᠨ᠎ᠳᠦ ᠨᠡᠪᠴᠢᠵᠦ᠂ ᠨᠡᠢᠭᠡᠮ᠎ᠦᠨ ᠰᠤᠳᠤᠯᠭᠠᠨ᠎ᠤ ᠡᠲᠡᠭᠡᠳ᠎ᠲᠤ ᠦᠨᠳᠦᠰᠦᠨ ᠴᠢᠨᠠᠷᠲᠠᠢ ᠬᠤᠪᠢᠷᠠᠯᠲᠠ ᠭᠠᠷᠭᠠᠵᠠᠢ ᠭᠡᠵᠦ ᠵᠢᠭᠠᠵᠤ ᠭᠠᠷᠭᠠᠪᠠ᠃ ᠨᠡᠢᠭᠡᠮ ᠎ᠦᠨ ᠰᠤᠳᠤᠯᠤᠭᠠᠴᠢᠳ ᠲᠣᠭᠠᠴᠢᠯᠠᠭᠰᠠᠨ ᠨᠡᠢᠭᠡᠮ᠎ᠦᠨ ᠦᠨᠳᠦᠰᠦᠨ ᠣᠨᠴᠠᠯᠢᠭ᠋᠂ ᠠᠵᠢᠯᠯᠠᠭᠠᠨ ᠎ᠤ ᠲᠣᠭᠲᠠᠴᠠ᠂ ᠤᠨᠤᠯ᠎ᠤᠨ ᠬᠠᠷᠢᠭᠤ ᠲᠤᠰᠬᠠᠯ ᠵᠡᠷᠭᠡ ᠵᠥᠪᠯᠡᠬᠦ ᠰᠡᠳᠦᠪ᠎ᠦᠨ ᠲᠣᠭᠣᠷᠢᠨ᠎ᠳᠤ ᠰᠢᠰᠲᠧᠮ ᠎ᠲᠠᠢ ᠰᠤᠳᠤᠯᠭᠠᠨ ᠥᠷᠨᠢᠭᠦᠯᠵᠦ᠂ ᠰᠤᠳᠤᠯᠭᠠᠨ᠎ᠤ ᠲᠥᠪᠯᠡᠷᠡᠯ᠎ᠦᠨ ᠴᠡᠭ᠎ᠦᠳ ᠎ᠢ ᠪᠦᠷᠢᠯᠳᠦᠭᠦᠯᠪᠡ᠃ ᠣᠳᠣᠬᠠᠨ᠎ᠳᠤ᠂ ᠵᠣᠬᠢᠶᠠᠮᠠᠯ ᠤᠶᠤᠨ ᠴᠢᠳᠠᠪᠤᠷᠢ ᠨᠢ ᠬᠥᠮᠥᠨ ᠲᠥᠷᠥᠯᠬᠢᠲᠡᠨ᠎ᠲᠠᠢ ᠪᠠᠢᠭᠠᠯᠢᠯᠢᠭ ᠬᠡᠯᠡᠨ ᠎ᠦ ᠦᠢᠯᠡᠳᠦᠯᠴᠡᠯ ᠬᠢᠵᠦ᠂ ᠠᠭᠤᠯᠭ᠎ᠠ᠎ᠶᠢ ᠵᠣᠬᠢᠶᠠᠨ ᠪᠦᠲᠦᠭᠡᠬᠦ᠂ ᠠᠰᠠᠭᠤᠳᠠᠯ᠎ᠢ ᠬᠠᠷᠢᠭᠤᠯᠬᠤ᠂ ᠰᠢᠢᠳᠪᠦᠷᠢᠲᠦ ᠪᠣᠳᠣᠯᠭ᠎ᠠ᠎ᠶᠢᠨ ᠬᠠᠪᠰᠤᠷᠤᠮᠵᠢ ᠦᠭᠬᠦ ᠵᠡᠷᠭᠡ ᠡᠭᠦᠷᠭᠡ᠎ᠶᠢ ᠪᠡᠶᠡᠯᠡᠭᠦᠯᠵᠦ᠂ ᠨᠢᠭᠡᠨᠲᠡ ᠬᠥᠮᠥᠨ ᠲᠥᠷᠥᠯᠬᠢᠲᠡᠨ᠎ᠦ ᠠᠵᠢᠯᠯᠠᠭ᠎ᠠ ᠎ᠶᠢ ᠨᠥᠯᠥᠭᠡᠯᠡᠬᠦ ᠭᠣᠣᠯ ᠴᠣᠭᠴᠠ᠎ᠶᠢᠨ ᠪᠤᠰᠤ ᠴᠢᠨᠠᠷᠲᠠᠢ ᠨᠡᠢᠭᠡᠮ ᠎ᠦᠨ ᠠᠵᠢᠯᠯᠠᠭ᠍ᠴᠢ ᠪᠣᠯᠤᠭᠰᠠᠨ ᠪᠠᠢᠨ᠎ᠠ᠃ ᠡᠢᠮᠦ᠎ᠡᠴᠡ ᠬᠥᠮᠥᠨ ᠮᠠᠰᠢᠨ ᠬᠠᠮᠲᠤ ᠣᠷᠣᠰᠢᠬᠤ᠎ᠶᠢ ᠤᠯᠠᠮ ᠨᠢᠭᠡ ᠠᠯᠬᠤᠮ ᠰᠤᠳᠤᠯᠤᠨ ᠰᠦᠪᠡᠭᠴᠢᠯᠡᠵᠦ᠂ ᠬᠥᠮᠥᠨ ᠮᠠᠰᠢᠨ ᠎ᠤ ᠵᠠᠭᠠᠭ ᠬᠢᠵᠠᠭᠠᠷ᠎ᠢ ᠵᠠᠭᠠᠭᠯᠠᠨ ᠲᠣᠭᠲᠠᠭᠠᠬᠤ ᠨᠢ ᠨᠢᠭᠡᠨᠲᠡ ᠵᠦᠢ ᠵᠣᠬᠢᠰᠲᠠᠢ ᠵᠥᠪᠯᠡᠬᠦ ᠰᠡᠳᠦᠪ ᠪᠣᠯᠤᠭᠰᠠᠨ ᠪᠠᠢᠨ᠎ᠠ᠃ ᠢᠷᠡᠭᠡᠳᠦᠢ᠎ᠳᠦ᠂ ᠬᠥᠮᠥᠨ ᠲᠥᠷᠥᠯᠬᠢᠲᠡᠨ ᠪᠠᠰᠠ ᠯᠠᠪᠲᠠᠢ ᠣᠶᠤᠨᠲᠤ ᠮᠠᠰᠢᠨ᠎ᠲᠠᠢ ᠨᠡᠢᠭᠡᠮ᠎ᠦᠨ ᠨᠢᠭᠡᠳᠦᠯᠲᠡᠢ ᠣᠷᠣᠨ ᠵᠠᠢ᠎ᠳᠤ ᠤᠷᠳᠤ ᠬᠤᠭᠤᠴᠠᠭ᠎ᠠ ᠎ᠪᠠᠷ ᠵᠡᠷᠭᠡᠴᠡᠨ ᠣᠷᠣᠰᠢᠬᠤ ᠪᠣᠯᠣᠨ᠎ᠠ᠂ ᠣᠶᠤᠨᠲᠤ ᠮᠠᠰᠢᠨ ᠨᠢ ᠪᠠᠭᠠᠵᠢ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠵᠣᠬᠢᠬᠤ ᠬᠡᠮᠵᠢᠶᠡᠨ ᠎ᠦ ᠪᠡᠶ᠎ᠡ ᠎ᠪᠡᠨ ᠳᠠᠭᠠᠭᠠᠭᠰᠠᠨ ᠴᠢᠨᠠᠷᠲᠠᠢ ᠬᠠᠷᠢᠯᠴᠠᠨ ᠦᠢᠯᠡᠳᠦᠯᠴᠡᠬᠦ ᠬᠠᠨᠢᠲᠠᠨ ᠪᠣᠯᠵᠤ᠂ ᠬᠥᠮᠥᠨ ᠮᠠᠰᠢᠨ ᠬᠠᠮᠲᠤ ᠪᠠᠷ ᠣᠷᠣᠰᠢᠬᠤ ᠨᠢ ᠲᠣᠭᠠᠴᠢᠯᠠᠭᠰᠠᠨ ᠨᠡᠢᠭᠡᠮ᠎ᠦᠨ ᠦᠨᠳᠦᠰᠦᠨ ᠬᠡᠯᠪᠡᠷᠢ ᠪᠣᠯᠣᠨ᠎ᠠ᠃ ᠡᠨᠡ ᠨᠢ ᠨᠢᠭᠡᠨ ᠦᠨᠳᠦᠰᠦᠨ ᠴᠢᠨᠠᠷᠲᠠᠢ ᠠᠰᠠᠭᠤᠳᠠᠯ᠎ᠢ ᠳᠤᠷᠠᠳᠴᠠᠢ᠄ ᠬᠥᠮᠥᠨ ᠮᠠᠰᠢᠨ ᠎ᠤ ᠬᠣᠭᠣᠷᠣᠨᠳᠣᠬᠢ ᠵᠠᠭᠠᠭ ᠬᠢᠵᠠᠭᠠᠷ ᠨᠢ ᠬᠠᠮᠢᠭ᠎ᠠ ᠪᠠᠢᠬᠤ ᠪᠤᠢ? ᠶᠠᠷᠢᠶᠠᠨ ᠦᠭᠡᠢ᠂ ᠲᠣᠭᠠᠴᠢᠯᠠᠭᠰᠠᠨ ᠨᠡᠢᠭᠡᠮ ᠬᠦᠷᠴᠦ ᠢᠷᠡᠭᠰᠡᠨ ᠨᠢ ᠡᠨᠡ ᠬᠦ᠌ ᠠᠰᠠᠭᠤᠯᠲᠠ᠎ᠶᠢ ᠬᠠᠷᠢᠭᠤᠯᠬᠤ᠎ᠳᠤ ᠡᠯᠪᠡᠭ ᠪᠠᠶᠠᠯᠢᠭ᠋ ᠲᠤᠷᠰᠢᠯᠭ᠎ᠠ ᠬᠠᠩᠭᠠᠭᠰᠠᠨ ᠪᠣᠯᠬᠣᠷ ᠨᠡᠢᠭᠡᠮ᠎ᠦᠨ ᠬᠤᠪᠢᠷᠠᠯᠲᠠ᠎ᠶᠢ ᠬᠤᠷᠴᠠ ᠰᠡᠷᠭᠡᠭ᠎ᠢᠶᠡᠷ ᠠᠵᠢᠭ᠍ᠯᠠᠵᠤ᠂ ᠨᠡᠢᠭᠡᠮ ᠎ᠦᠨ ᠣᠨᠣᠯ ᠎ᠤᠨ ᠠᠵᠤ ᠦᠢᠯᠡᠳᠪᠦᠷᠢ ᠎ᠶᠢᠨ ᠨᠡᠢᠭᠡᠮ ᠎ᠦᠨ ᠪᠣᠷᠣ᠌ ᠲᠥᠯᠥᠪ᠎ᠡᠴᠡ ᠲᠣᠭᠠᠴᠢᠯᠠᠭᠰᠠᠨ ᠨᠡᠢᠭᠡᠮ ᠎ᠦᠨ ᠪᠣᠷᠣ᠌ ᠲᠥᠯᠥᠪ ᠳᠠᠢᠰᠢ ᠰᠢᠯᠵᠢᠬᠦ᠎ᠶᠢ ᠢᠳᠡᠪᠬᠢᠲᠡᠢ᠎ᠪᠡᠷ ᠠᠬᠢᠭᠤᠯᠬᠤ ᠬᠡᠷᠡᠭᠲᠡᠢ᠃ ᠲᠣᠭᠠᠴᠢᠯᠠᠭᠰᠠᠨ ᠨᠡᠢᠭᠡᠮ ᠎ᠦᠨ ᠬᠥᠭᠵᠢᠯᠲᠡ ᠪᠣᠯ ᠬᠥᠮᠥᠨ ᠲᠥᠷᠥᠯᠬᠢᠲᠡᠨ᠎ᠦ ᠨᠡᠢᠭᠡᠮ᠎ᠦᠨ ᠬᠥᠭᠵᠢᠯᠲᠡ᠎ᠶᠢᠨ ᠵᠠᠢᠯᠠᠰᠢ ᠦᠭᠡᠢ ᠬᠠᠨᠳᠤᠰᠢ ᠮᠥᠨ᠂ ᠲᠡᠷᠡ ᠨᠢ ᠰᠢᠨ᠎ᠡ ᠠᠵᠠ ᠲᠣᠬᠢᠶᠠᠯ᠎ᠢ ᠠᠪᠴᠢᠷᠠᠬᠤ᠎ᠪᠠᠷ ᠪᠠᠷᠠᠬᠤ ᠦᠭᠡᠢ ᠪᠠᠰᠠ ᠰᠢᠨ᠎ᠡ ᠥᠷᠢᠰᠦᠯᠳᠦᠭᠡᠨ᠎ᠢ ᠠᠪᠴᠢᠷᠠᠳᠠᠭ᠃ ᠲᠣᠭᠠᠴᠢᠯᠠᠬᠰᠠᠨ ᠮᠡᠷᠭᠡᠵᠢᠯ᠎ᠦᠨ ᠠᠪᠴᠢᠷᠠᠭᠰᠠᠨ ᠭᠦᠨᠵᠡᠭᠡᠢ ᠬᠤᠪᠢᠷᠠᠯᠲᠠ᠎ᠶᠢᠨ ᠡᠮᠦᠨ᠎ᠡ᠂ ᠨᠡᠢᠭᠡᠮ᠎ᠦᠨ ᠤᠬᠠᠭᠠᠨ ᠡᠷᠬᠡᠪᠰᠢ ᠲᠣᠭᠠᠴᠢᠯᠠᠬᠰᠠᠨ ᠨᠡᠢᠭᠡᠮ᠎ᠦᠨ ᠦᠨᠳᠦᠰᠦᠨ ᠬᠡᠯᠪᠡᠷᠢ ᠪᠠ ᠣᠨᠴᠠᠯᠢᠭ᠋ ᠎ᠢ ᠳᠦᠷᠰᠦᠯᠡᠨ ᠲᠣᠭᠠᠴᠢᠬᠤ ᠎ᠶᠢᠨ ᠬᠠᠮᠲᠤ ᠨᠡᠢᠭᠡᠮ᠎ᠦᠨ ᠠᠵᠢᠯᠯᠠᠭᠠᠨ᠎ᠤ ᠵᠢᠮ᠎ᠡ ᠶᠣᠰᠣ᠌ ᠪᠠ ᠬᠤᠪᠢᠷᠠᠯᠲᠠ᠎ᠶᠢᠨ ᠯᠣᠭᠢᠭ᠋᠎ᠢ ᠤᠯᠠᠮ ᠨᠢᠭᠡ ᠠᠯᠬᠤᠮ ᠲᠠᠢᠯᠪᠤᠷᠢᠯᠠᠬᠤ ᠬᠡᠷᠡᠭᠲᠡᠢ᠃ ᠡᠨᠡ ᠪᠣᠯ ᠰᠢᠨᠵᠢᠯᠡᠭᠡᠨ᠎ᠦ ᠰᠠᠯᠠᠭ᠎ᠠ᠎ᠶᠢᠨ ᠬᠥᠭᠵᠢᠯᠲᠡ᠎ᠶᠢ ᠪᠡᠶᠡᠯᠡᠭᠦᠯᠬᠦ ᠴᠢᠬᠤᠯᠠ ᠠᠵᠠ ᠲᠣᠬᠢᠶᠠᠯ ᠮᠥᠨ᠃ ᠴᠠᠭ ᠦᠶ᠎ᠡ᠎ᠶᠢᠨ ᠥᠷᠢᠰᠦᠯᠳᠦᠭᠡᠨ᠎ᠳᠦ ᠬᠠᠷᠢᠭᠤ ᠥᠭᠬᠦ ᠶᠠᠪᠤᠴᠠ᠎ᠳᠤ᠂ ᠨᠡᠢᠭᠡᠮ᠎ᠦᠨ ᠤᠬᠠᠭᠠᠨ ᠎ᠤ ᠰᠤᠳᠤᠯᠭᠠᠨ  ᠨᠢ ᠲᠤᠰ ᠪᠡᠶ᠎ᠡ᠎ᠶᠢᠨ᠎ᠢᠶᠡᠨ ᠰᠢᠨᠵᠢᠯᠡᠭᠡᠨ᠎ᠦ ᠰᠠᠯᠠᠭ᠎ᠠ ᠵᠢᠨ  ᠬᠡᠯᠪᠡᠷᠢ᠎ᠪᠡᠨ ᠬᠤᠪᠢᠷᠠᠭᠤᠯᠬᠤ  ᠪᠠ ᠬᠥᠭᠵᠢᠭᠦᠯᠬᠦ᠎ᠶᠢ ᠪᠡᠶᠡᠯᠡᠭᠦᠯᠵᠦ᠂ ᠰᠢᠨ᠎ᠡ ᠠᠮᠢᠵᠢᠷᠠᠯ ᠎ᠤᠨ ᠬᠦᠴᠦᠨ᠎ᠲᠠᠢ ᠪᠣᠯᠬᠤ᠎ᠪᠠᠷ ᠪᠠᠷᠠᠬᠤ ᠦᠭᠡᠢ ᠪᠠᠰᠠ ᠬᠥᠮᠥᠨ ᠲᠥᠷᠥᠯᠬᠢᠲᠡᠨ ᠎ᠦ ᠨᠡᠢᠭᠡᠮ ᠎ᠦᠨ ᠲᠣᠭᠠᠴᠢᠯᠠᠭᠰᠠᠨ ᠲᠠᠢᠰᠢ ᠬᠡᠯᠪᠡᠷᠢ᠎ᠪᠡᠨ ᠬᠤᠪᠢᠷᠠᠭᠤᠯᠬᠤ᠎ᠳᠤ ᠤᠶᠤᠨ ᠤᠬᠠᠭᠠᠨ  ᠨᠡᠮᠡᠷᠢᠯᠡᠵᠦ ᠴᠢᠳᠠᠬᠤ ᠶᠤᠮ᠃

                             — 《ᠰᠢᠨᠬᠤᠸᠠ ᠵᠤᠬᠢᠶᠠᠯ᠎ᠤᠨ ᠱᠦᠬᠦᠮᠡᠭ》 ᠡᠴᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面