ᠲᠡᠷᠢᠭᠦᠨ ᠨᠢᠭᠤᠷ>ᠣᠨᠣᠯ ᠱᠢᠭᠦᠮᠵᠢ>ᠰᠢᠭᠦᠮᠵᠢ

2026-10-27 09:04:44

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

2026 ᠣᠨ᠎ᠤ 10 ᠰᠠᠷ᠎ᠠ᠎ᠶᠢᠨ 17 ᠎ᠤ ᠡᠳᠦᠷ ᠪᠣᠯ ᠭᠤᠴᠢᠨ ᠳᠥᠷᠪᠡᠳᠡᠬᠢ ᠳᠡᠯᠡᠬᠡᠢ᠎ᠶᠢᠨ ᠶᠠᠳᠠᠭᠤ ᠡᠴᠡ ᠠᠩᠬᠢᠵᠢᠷᠠᠭᠤᠯᠬᠤ ᠡᠳᠦᠷ ᠪᠣᠯᠣᠨ᠎ᠠ᠃ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠎ᠤ ᠣᠢᠷ᠎ᠠ᠎ᠳᠤ ᠨᠡᠢᠲᠡᠯᠡᠭᠰᠡᠨ ᠮᠡᠳᠡᠭᠡ᠎ᠡᠴᠡ ᠦᠵᠡᠪᠡᠯ᠂ ᠡᠨᠡ ᠵᠢᠯ ᠮᠠᠨ᠎ᠤ ᠤᠯᠤᠰ ᠳᠠᠬᠢᠨ ᠶᠠᠳᠠᠭᠤᠷᠠᠬᠤ᠎ᠠᠴᠠ ᠰᠡᠷᠭᠡᠢᠯᠡᠵᠦ ᠶᠠᠳᠠᠭᠤᠷᠠᠬᠤ ᠵᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠬᠠᠮᠢᠶᠠᠷᠤᠯᠲᠠ᠎ᠶᠢᠨ ᠶᠠᠪᠤᠴᠠ᠎ᠶᠢ 《 ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠢᠯᠭᠠᠨ ᠲᠠᠨᠢᠵᠤ ᠮᠠᠭᠠᠳᠯᠠᠨ ᠲᠣᠭᠲᠠᠭᠠᠬᠤ᠂ ᠨᠠᠷᠢᠯᠢᠭ᠋ ᠣᠨᠣᠴᠠᠲᠠᠢ ᠬᠠᠪᠰᠤᠷᠤᠨ ᠲᠡᠳᠬᠦᠬᠦ᠂ ᠤᠬᠤᠷᠢᠨ ᠭᠠᠷᠬᠤ᠎ᠶᠢ ᠵᠢᠷᠤᠮᠵᠢᠭᠤᠯᠬᠤ᠂ ᠮᠥᠷᠳᠡᠨ ᠦᠨᠡᠯᠡᠬᠦ 》 ᠬᠠᠮᠢᠶᠠᠷᠤᠯᠲᠠ ᠪᠣᠯᠭᠠᠨ ᠲᠡᠰ ᠳᠡᠪᠰᠢᠭᠦᠯᠵᠦ ᠂ ᠡᠷᠲᠡ ᠢᠯᠡᠷᠡᠭᠦᠯᠬᠦ᠂ ᠡᠷᠲᠡ ᠭᠠᠷ ᠲᠦᠷᠦᠭᠦ᠂ ᠡᠷᠲᠡ ᠬᠠᠪᠰᠤᠷᠤᠨ ᠲᠡᠳᠬᠦᠬᠦ᠎ᠶᠢ ᠪᠡᠶᠡᠯᠡᠭᠦᠯᠦᠨ᠎ᠡ᠃ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠳᠤ ᠬᠢᠨᠠᠨ ᠬᠡᠮᠵᠢᠯᠲᠡ᠎ᠶᠢᠨ ᠲᠠᠯ᠎ᠠ᠎ᠪᠠᠷ ᠪᠦᠬᠦᠨ᠎ᠢ ᠪᠦᠷᠬᠦᠭᠦᠯᠬᠦ᠎ᠶᠢ ᠪᠡᠶᠡᠯᠡᠭᠦᠯᠵᠦ᠂ ᠬᠠᠮᠢᠶᠠᠷᠤᠯᠲᠠ᠎ᠶᠢᠨ ᠲᠠᠯ᠎ᠠ᠎ᠪᠠᠷ ᠬᠥᠳᠡᠯᠦᠩᠭᠦᠢ ᠪᠠᠢᠬᠤ᠎ᠶᠢ ᠪᠡᠶᠡᠯᠡᠭᠦᠯᠵᠦ᠂  ᠨᠡᠮᠡᠭᠳᠡᠬᠦ ᠬᠠᠰᠣᠬᠳᠠᠬᠣ ᠬᠥᠳᠡᠯᠦᠩᠭᠦᠢ ᠬᠠᠮᠢᠶᠠᠷᠤᠯᠲᠠ᠎ᠶᠢ ᠬᠡᠷᠡᠭᠵᠢᠭᠦᠯᠵᠦ᠂ ᠬᠠᠪᠰᠤᠷᠤᠨ ᠲᠡᠳᠬᠦᠬᠦ ᠲᠠᠯ᠎ᠠ᠎ᠪᠠᠷ ᠦᠷᠭᠦᠯᠵᠢᠯᠡᠬᠦ᠎ᠶᠢ ᠲᠤᠪᠤᠢ᠍ᠢᠯᠭᠠᠨ᠎ᠠ ᠭᠡᠵᠦ ᠢᠯᠡᠷᠭᠡᠢᠯᠡᠪᠡ᠃

ᠦᠨᠡᠯᠡᠯᠳᠠ᠄ ᠳᠠᠬᠢᠨ ᠶᠠᠳᠠᠭᠤᠷᠠᠬᠤ᠎ᠶᠢ ᠰᠡᠷᠭᠡᠢᠯᠡᠬᠦ ᠨᠢ ᠨᠢᠭᠡ ᠯᠡ ᠤᠳᠠᠭ᠎ᠠ᠎ᠶᠢᠨ ᠴᠢᠨᠠᠷᠲᠠᠢ 《ᠶᠠᠳᠠᠭᠤ᠎ᠠᠴᠠ ᠠᠩᠭᠢᠵᠢᠷᠠᠭᠤᠯᠬᠤ》 ᠶᠠᠪᠤᠳᠠᠯ ᠪᠢᠰᠢ ᠂ ᠬᠠᠷᠢᠨ ᠨᠢᠭᠡᠨ ᠢᠵᠢ ᠦᠷᠭᠦᠯᠵᠢᠯᠡᠭᠰᠡᠨ ᠤᠷᠢᠳᠴᠢᠯᠠᠨ ᠰᠡᠷᠡᠮᠵᠢᠯᠡᠭᠦᠯᠬᠦ ᠰᠢᠰᠲᠧᠮ ᠮᠥᠨ᠃ ᠦᠷᠭᠦᠯᠵᠢᠯᠡᠨ ᠬᠠᠪᠰᠤᠷᠤᠨ ᠲᠡᠳᠬᠦᠬᠦ᠎ᠳᠦ ᠡᠩ ᠲᠡᠷᠢᠭᠦᠨ᠎ᠳᠦ ᠲᠣᠭᠲᠠᠴᠠ᠎ᠶᠢᠨ ᠦᠷᠭᠦᠯᠵᠢᠯᠡᠬᠰᠡᠨ ᠴᠢᠨᠠᠷ ᠲᠠᠢ ᠪᠠᠢᠬᠣ᠎ᠶᠢ ᠱᠠᠭᠠᠷᠳᠠᠨ᠎ᠠ᠃

                         — 《 ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠰᠣᠨᠢᠨ》 ᠡᠴᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面