2026-11-06 11:49:20
ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠪᠣᠬᠢᠷᠲᠤᠯ ᠦᠭᠡᠢ ᠪᠣᠯᠭᠠᠬᠤ᠂ ᠨᠡᠭᠦᠷᠡᠰᠦᠲᠥ᠋ᠷᠥᠭᠴᠢ ᠪᠠᠭ᠎ᠠ ᠪᠣᠯᠭᠠᠬᠤ᠎ᠶᠢ ᠠᠬᠢᠭᠤᠯᠬᠤ ᠪᠣᠯ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ᠎ᠶᠢᠨ ᠵᠠᠩᠭᠢᠯᠠᠭ᠎ᠠ᠎ᠶᠢᠨ ᠭᠣᠭᠴᠣᠭ᠎ᠠ ᠪᠣᠯᠣᠨ᠎ᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠠ ᠬᠤᠷᠠᠯ᠎ᠠᠴᠠ ᠰᠢᠨ᠎ᠡ ᠬᠡᠯᠪᠡᠷᠢ᠎ᠶᠢᠨ ᠡᠨᠧᠷᠭᠢ᠎ᠶᠢᠨ ᠰᠢᠰᠲ᠋ᠸᠮ᠎ᠢ ᠲᠦᠷᠭᠡᠳᠭᠡᠨ ᠪᠠᠢᠭᠤᠯᠵᠤ᠂ ᠨᠡᠭᠦᠷᠡᠰᠦᠲᠥ᠋ᠷᠥᠭᠴᠢ᠎ᠶᠢᠨ ᠭᠠᠳᠠᠬᠰᠢᠯᠠᠭᠤᠯᠤᠯᠲᠠ ᠤᠷᠬᠢᠯ ᠬᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭᠴᠢ᠎ᠶᠢ ᠰᠠᠭᠠᠷᠮᠠᠭᠵᠢᠭᠤᠯᠬᠤ᠎ᠪᠠᠷ ᠬᠥᠲᠥᠯᠥᠮᠵᠢ ᠪᠣᠯᠭᠠᠵᠤ᠂ ᠨᠡᠭᠦᠷᠡᠰᠦᠲᠥ᠋ᠷᠥᠭᠴᠢ᠎ᠵᠢᠨ ᠭᠠᠳᠠᠬᠰᠢᠯᠠᠭᠤᠯᠤᠯᠲᠠ ᠵᠢ ᠪᠠᠭᠠᠰᠬᠠᠬᠤ᠂ ᠪᠣᠬᠢᠷᠲᠤᠯ᠎ᠢ ᠪᠠᠭᠠᠰᠬᠠᠬᠤ᠂ ᠨᠣᠭᠣᠭᠠᠷᠠᠭᠤᠯᠤᠯᠲᠠ᠎ᠶᠢ ᠥᠷᠭᠡᠳᠬᠡᠬᠦ᠂ ᠨᠡᠮᠡᠭᠳᠡᠯ᠎ᠢ ᠪᠡᠶᠡᠯᠡᠭᠦᠯᠬᠦ ᠵᠢ ᠬᠠᠮᠵᠢᠯᠴᠠᠨ ᠠᠬᠢᠭᠤᠯᠵᠤ᠂ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠵᠦ᠂ ᠪᠣᠬᠢᠷᠲᠤᠯ ᠦᠭᠡᠢ ᠬᠥᠭᠵᠢᠯᠲᠡ᠎ᠶᠢᠨ ᠬᠥᠳᠡᠯᠭᠡᠬᠦ ᠬᠦᠴᠦᠨ᠎ᠢ ᠨᠡᠮᠡᠭᠳᠡᠭᠦᠯᠦᠨ᠎ᠡ ᠭᠡᠵᠦ ᠲᠣᠳᠣᠷᠬᠠᠢ ᠳᠤᠷᠠᠳᠴᠠᠢ᠃ ᠥᠪᠥᠷ ᠮᠣᠩᠭᠣᠯ ᠪᠣᠯ ᠤᠯᠤᠰ᠎ᠤᠨ ᠴᠢᠬᠤᠯᠠ ᠡᠨ᠋ᠸᠷᠬᠢ ᠪᠣᠯᠣᠨ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ ᠭᠠᠵᠠᠷ ᠪᠣᠯᠣᠨ᠎ᠠ᠂ ᠡᠨ᠋ᠸᠷᠬᠢ ᠵᠢᠨ ᠠᠵᠤ ᠦᠢᠯᠡᠰ ᠪᠣᠯ ᠪᠥᠬᠥ ᠣᠷᠣᠨ᠎ᠤ ᠠᠵᠤ ᠠᠬᠤᠢ ᠨᠡᠢᠭᠡᠮ᠎ᠤᠨ ᠬᠥᠭᠵᠢᠯᠲᠡ᠎ᠶᠢᠨ ᠲᠤᠯᠭᠠᠭᠤᠷᠢᠯᠠᠬᠤ ᠰᠠᠭᠤᠷᠢ ᠴᠢᠨᠠᠷᠲᠠᠢ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠲᠤᠯᠭᠠᠭᠤᠷᠢ ᠠᠵᠤ ᠦᠢᠯᠡᠰ ᠪᠣᠯᠣᠨ᠎ᠠ᠃ ᠰᠢᠨ᠎ᠡ ᠬᠡᠯᠪᠡᠷᠢ᠎ᠶᠢᠨ ᠡᠨᠧᠷᠭᠢ᠎ᠶᠢᠨ ᠰᠢᠰᠲ᠋ᠸᠮ᠎ᠢ ᠲᠦᠷᠭᠡᠳᠬᠡᠨ ᠪᠠᠶ᠋ᠢᠭᠤᠯᠬᠤ ᠪᠣᠯ ᠥᠪᠥᠷ ᠮᠣᠩᠭᠣᠯ᠎ᠤᠨ ᠤᠯᠤᠰ᠎ᠤᠨ ᠡᠨᠧᠷᠭᠢ᠎ᠶᠢᠨ ᠠᠮᠤᠷ ᠲᠦᠪᠰᠢᠨ᠎ᠳᠦ ᠦᠢᠯᠡᠴᠢᠯᠡᠬᠦ ᠪᠠᠢᠯᠳᠤᠬᠤ ᠪᠣᠳᠣᠯᠭ᠎ᠠ᠎ᠶᠢᠨ ᠴᠢᠬᠤᠯᠠ ᠬᠠᠷᠢᠭᠤᠴᠠᠯᠭ᠎ᠠ ᠪᠣᠯᠬᠤ᠎ᠪᠠᠷ ᠪᠠᠷᠠᠬᠤ ᠦᠭᠡᠢ ᠪᠠᠰᠠ ᠪᠦᠬᠦ ᠣᠷᠣᠨ᠎ᠤ ᠠᠵᠤ ᠠᠬᠤᠢ᠎ᠶᠢᠨ ᠪᠦᠲᠦᠴᠡ᠎ᠶᠢᠨ ᠬᠡᠯᠪᠡᠷᠢ᠎ᠶᠢ ᠬᠤᠪᠢᠷᠠᠭᠤᠯᠬᠤ᠂ ᠪᠣᠬᠢᠷᠲᠤᠯ ᠦᠭᠡᠢ ᠬᠥᠭᠵᠢᠯᠲᠡ᠎ᠶᠢᠨ ᠰᠢᠨ᠎ᠡ ᠬᠥᠳᠡᠯᠭᠡᠭᠴᠢ ᠬᠦᠴᠦᠨ᠎ᠢ ᠪᠣᠢᠵᠢᠭᠤᠯᠬᠤ᠎ᠶᠢᠨ ᠭᠣᠣᠯ ᠭᠠᠷᠳᠠᠴᠠ ᠪᠣᠯᠣᠨ᠎ᠠ᠃ ᠴᠢᠨᠠᠷ ᠰᠠᠢᠲᠠᠢ ᠬᠥᠭᠵᠢᠯᠲᠡ᠎ᠶᠢᠨ ᠪᠦᠬᠦ ᠲᠠᠯ᠎ᠠ᠎ᠳᠤ ᠰᠠᠭᠤᠷᠢᠯᠠᠵᠤ᠂ ᠥᠪᠥᠷ ᠮᠣᠩᠭᠣᠯ ᠡᠷᠬᠡᠪᠰᠢ ᠡᠬᠢ ᠪᠠᠶᠠᠯᠢᠭ᠋᠎ᠤᠨ ᠳᠠᠪᠠᠭᠤᠯᠢᠭ᠋᠎ᠢᠶᠠᠨ ᠭᠦᠢᠴᠡᠳ ᠪᠠᠳᠠᠷᠠᠭᠤᠯᠵᠤ᠂ ᠡᠨᠧᠷᠭᠢ᠎ᠶᠢᠨ ᠰᠢᠰᠲ᠋ᠸᠮ᠎ᠤᠨ ᠬᠤᠪᠢᠰᠤᠯᠲᠠ᠎ᠪᠠᠷ ᠠᠵᠤ ᠦᠢᠯᠡᠰ᠎ᠦᠨ ᠪᠦᠲᠦᠴᠡ᠎ᠶᠢ ᠰᠢᠯᠢᠳᠡᠭᠵᠢᠭᠦᠯᠬᠦ᠎ᠶᠢ ᠳᠠᠢ᠍ᠢᠴᠢᠯᠠᠵᠤ᠂ ᠣᠷᠣᠨ ᠪᠦᠰᠡ᠎ᠶᠢᠨ ᠬᠥᠭᠵᠢᠯᠲᠡ᠎ᠶᠢᠨ ᠳᠣᠲᠣᠭᠠᠳᠤ ᠬᠥᠳᠡᠯᠭᠡᠭᠴᠢ ᠬᠦᠴᠦᠨ᠎ᠢ ᠬᠥᠭᠵᠢᠭᠡᠬᠦ ᠬᠡᠷᠡᠭᠲᠡᠢ᠃
ᠰᠢᠨ᠎ᠡ ᠬᠡᠯᠪᠡᠷᠢ᠎ᠶᠢᠨ ᠡᠨᠧᠷᠭᠢ᠎ᠶᠢᠨ ᠰᠢᠰᠲᠧᠮ᠎ᠦᠨ ᠪᠠᠢᠭᠤᠯᠤᠯᠲᠠ᠎ᠶᠢᠨ ᠴᠢᠬᠤᠯᠠ ᠠᠴᠢ ᠬᠣᠯᠪᠣᠭᠳᠠᠯ᠎ᠢ ᠣᠨᠣᠪᠴᠢᠲᠠᠶ ᠡᠵᠡᠮᠳᠡᠬᠦ ᠬᠡᠷᠡᠭᠲᠡᠢ
ᠣᠳᠣᠬᠠᠨ᠎ᠳᠤ᠂ ᠪᠥᠬᠥ ᠪᠥᠮᠪᠥᠷᠴᠡᠭ᠎ᠦᠨ ᠡᠨᠧᠷᠭᠢ᠎ᠶᠢᠨ ᠪᠠᠢᠷᠢᠰᠢᠯ ᠭᠦᠨᠵᠡᠭᠡᠢ ᠲᠣᠬᠢᠷᠠᠭᠤᠯᠤᠯᠲᠠ᠎ᠳᠦ ᠤᠴᠠᠷᠠᠵᠤ᠂ ᠰᠢᠨ᠎ᠡ ᠨᠢᠭᠡ ᠡᠭᠡᠯᠵᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠬᠠᠯ ᠪᠠ ᠠᠵᠤ ᠦᠢᠯᠡᠰ᠎ᠦᠨ ᠬᠤᠪᠢᠰᠤᠯᠲᠠ᠎ᠶᠢᠨ ᠤᠯᠠᠷᠢᠯᠲᠠ᠎ᠶᠢ ᠲᠦᠷᠭᠡᠳᠬᠡᠵᠦ᠂ ᠪᠤᠳᠤᠯᠲᠠ ᠵᠢᠨ ᠬᠦᠴᠦᠨ᠎ᠦ ᠬᠡᠷᠡᠭᠴᠡᠭᠡ᠎ᠶᠢᠨ ᠳᠤᠨᠭᠰᠤᠯᠲᠠᠶᠢᠨ ᠮᠠᠶᠢᠭ᠋᠎ᠤᠨ ᠨᠡᠮᠡᠭᠳᠡᠯ ᠨᠢ ᠡᠨᠧᠷᠭᠢ᠎ᠶᠢᠨ ᠬᠠᠩᠭᠠᠯᠭ᠎ᠠ᠎ᠶᠢᠨ ᠠᠷᠢᠭᠤᠨ ᠴᠡᠪᠡᠷ ᠴᠢᠨᠠᠷ᠂ ᠲᠣᠭᠲᠠᠪᠤᠷᠢᠲᠤ ᠴᠢᠨᠠᠷ᠎ᠲᠤ ᠨᠠᠩ ᠥᠨᠳᠥᠷ ᠱᠠᠭᠠᠷᠳᠠᠯᠭ᠎ᠠ ᠳᠤᠷᠠᠳᠪᠠ᠃ ᠥᠪᠥᠷ ᠮᠣᠩᠭᠣᠯ ᠤᠯᠤᠰ᠎ᠤᠨ ᠴᠢᠬᠤᠯᠠ ᠡᠨᠧᠷᠭᠢ᠎ᠶᠢᠨ ᠰᠤᠷᠪᠤᠯᠵᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ ᠪᠣᠯᠤᠭᠰᠠᠨ᠎ᠤ ᠬᠤᠪᠢ᠎ᠳᠤ᠂ ᠰᠠᠯᠬᠢᠨ᠎ᠤ ᠡᠨᠧᠷᠭᠢ᠂ ᠨᠡᠷᠡᠨ᠎ᠦ ᠡᠨᠧᠷᠭᠢ᠎ᠶᠢᠨ ᠮᠡᠷᠭᠡᠵᠢᠯ᠎ᠦᠨ ᠨᠡᠭᠡᠭᠡᠨ ᠠᠰᠢᠭ᠍ᠯᠠᠵᠤ ᠪᠣᠯᠬᠤ ᠬᠡᠮᠵᠢᠶ᠎ᠡ ᠪᠦᠬᠦ ᠤᠯᠤᠰ᠎ᠤᠨ ᠡᠮᠦᠨ᠎ᠡ ᠡᠩᠨᠡᠭᠡᠨ᠎ᠳᠦ ᠣᠷᠣᠵᠤ᠂ ᠰᠢᠨ᠎ᠡ ᠡᠨᠧᠷᠭᠢ᠎ᠶᠢᠨ ᠰᠤᠷᠪᠤᠯᠵᠢ᠎ᠶᠢᠨ ᠶᠡᠷᠦᠩᠬᠡᠢ ᠮᠠᠰᠢᠨ ᠴᠣᠭᠴᠠᠯᠠᠪᠤᠷᠢ ᠨᠢᠭᠡᠨᠲᠡ 1.7 ᠳ᠋ᠦᠩᠰᠢᠭᠤᠷ ᠺᠢᠯᠣᠸᠠᠲ᠎ᠢ ᠳᠠᠪᠠᠵᠤ᠂ ᠡᠨᠧᠷᠭᠢ ᠬᠠᠳᠠᠭᠠᠯᠠᠬᠤ ᠪᠠ ᠪᠤᠬᠢᠷᠳᠤᠯ ᠦᠭᠡᠢ ᠤᠰᠤᠲᠥ᠋ᠷᠥᠭᠴᠢ᠎ᠶᠢᠨ ᠦᠢᠯᠡᠳᠪᠦᠷᠢᠯᠡᠯ᠎ᠦᠨ ᠴᠢᠳᠠᠪᠤᠷᠢ ᠵᠡᠷᠭᠡ ᠤᠯᠠᠨ ᠵᠦᠢᠯ᠎ᠦᠨ ᠭᠦᠢᠴᠡᠳᠬᠡᠯ ᠲᠣᠭ᠎ᠠ ᠪᠦᠬᠦ ᠤᠯᠤᠰ᠎ᠤᠨ ᠲᠡᠷᠢᠭᠦᠨ᠎ᠦ ᠲᠦᠪᠰᠢᠨ᠎ᠢ ᠪᠠᠲᠤᠯᠠᠪᠠ᠃ ᠰᠢᠨ᠎ᠡ ᠬᠡᠯᠪᠡᠷᠢ᠎ᠶᠢᠨ ᠡᠨᠧᠷᠭᠢ᠎ᠶᠢᠨ ᠰᠢᠰᠲ᠋ᠸᠮ᠎ᠢ ᠲᠦᠷᠭᠡᠳᠬᠡᠨ ᠪᠠᠶ᠋ᠢᠭᠤᠯᠬᠤ ᠪᠣᠯ ᠥᠪᠥᠷ ᠮᠣᠩᠭᠣᠯ᠎ᠤᠨ ᠤᠯᠤᠰ᠎ᠤᠨ ᠡᠨᠧᠷᠭᠢ᠎ᠶᠢᠨ ᠠᠮᠤᠷ ᠲᠦᠪᠰᠢᠨ᠎ᠦ ᠪᠠᠢᠯᠳᠤᠬᠤ ᠪᠣᠳᠣᠯᠭ᠎ᠠ᠎ᠶᠢᠨ ᠶᠡᠬᠡ ᠲᠠᠯ᠎ᠠ᠎ᠳᠤ ᠦᠢᠯᠡᠴᠢᠯᠡᠬᠦ ᠤᠯᠤᠰ ᠲᠦᠷᠦ᠎ᠶᠢᠨ ᠬᠠᠷᠢᠭᠤᠴᠠᠯᠭ᠎ᠠ ᠪᠣᠯᠣᠨ᠎ᠠ᠃ ᠦᠪᠦᠷ ᠮᠤᠩᠭᠤᠯ ᠣᠷᠣᠨ ᠪᠦᠰᠡ ᠠᠯᠤᠰᠯᠠᠭᠰᠠᠨ ᠴᠠᠬᠢᠯᠭᠠᠨ ᠬᠦᠴᠦᠨ᠎ᠢ ᠭᠠᠳᠠᠭ᠍ᠰᠢ ᠬᠦᠷᠭᠡᠬᠦ ᠨᠡᠪᠲᠡᠷᠡᠬᠦ ᠵᠠᠮ᠎ᠤᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠬᠤ ᠪᠠ ᠪᠤᠬᠢᠷᠳᠤᠯ ᠦᠭᠡᠢ ᠴᠠᠬᠢᠯᠭᠠᠨ᠎ᠤ ᠠᠷᠠᠯᠵᠢᠶᠠᠨ᠎ᠤ ᠲᠣᠭᠲᠠᠴᠠ᠎ᠶᠢ ᠲᠡᠭᠦᠯᠳᠡᠷᠵᠢᠭᠦᠯᠬᠦ᠎ᠪᠡᠷ ᠳᠡᠮᠵᠢᠨ᠂ ᠠᠷᠢᠭᠤᠨ ᠴᠡᠪᠡᠷ ᠴᠠᠬᠢᠯᠭᠠᠨ ᠬᠦᠴᠦᠨ᠎ᠢ ᠦᠷᠭᠦᠯᠵᠢᠯᠡᠨ ᠵᠡᠭᠦᠨ ᠳᠤᠮᠳᠠ ᠬᠡᠰᠡᠭ᠎ᠦᠨ ᠭᠠᠵᠠᠷ ᠣᠷᠣᠨ᠎ᠤ ᠳᠠᠭᠠᠭᠠᠴᠠ᠎ᠶᠢᠨ ᠲᠥᠪ᠎ᠲᠦ ᠬᠦᠷᠭᠡᠵᠤ᠂ ᠡᠳᠡᠭᠡᠷ ᠮᠤᠵᠢ ᠣᠷᠣᠨ᠎ᠤ ᠭᠠᠵᠠᠷ ᠰᠢᠷᠣᠢ᠂ ᠡᠨᠧᠷᠭᠢ᠎ᠶᠢᠨ ᠬᠣᠷᠣᠭᠳᠠᠯ᠂ ᠣᠷᠴᠢᠨ ᠠᠬᠤᠢ᠎ᠶᠢᠨ ᠪᠠᠭᠲᠠᠭᠠᠮᠵᠢ ᠵᠡᠷᠭᠡ ᠲᠠᠯ᠎ᠠ᠎ᠶᠢᠨ ᠬᠢᠵᠠᠭᠠᠷᠯᠠᠯ᠎ᠢ ᠪᠦᠲᠦᠮᠵᠢᠲᠡᠶ ᠨᠠᠮᠳᠠᠭᠤᠯᠵᠤ᠂ ᠤᠯᠤᠰ᠎ᠤᠨ ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠬᠤ ᠪᠠ 《ᠵᠡᠬᠦᠨᠳᠡᠬᠢ ᠳ᠋ᠠᠢᠲ᠋ᠠ ᠵᠢ ᠪᠠᠷᠠᠭᠤᠨᠳᠡᠬᠢ ᠪᠤᠳᠤᠯᠲᠠ ᠵᠢᠨ ᠬᠦᠴᠦᠨ ᠵᠢᠨᠷ ᠲᠤᠯᠭᠠᠭᠤᠷᠢᠯᠠᠬᠤ》 ᠵᠡᠷᠭᠡ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠬᠡᠷᠡᠭᠵᠢᠭᠦᠯᠦᠯᠲᠡ᠎ᠳᠦ ᠲᠣᠭᠲᠠᠭᠤᠨ ᠪᠥᠭᠡᠳ ᠨᠠᠢᠳᠠᠪᠤᠷᠢᠲᠠᠢ ᠪᠣᠬᠢᠷᠲᠤᠯ ᠦᠭᠡᠢ ᠡᠨᠧᠷᠭᠢ᠎ᠶᠢᠨ ᠰᠠᠭᠤᠷᠢ᠎ᠶᠢ ᠬᠠᠩᠭᠠᠵᠤ ᠪᠠᠢᠨ᠎ᠠ; ᠡᠭᠦᠨ᠎ᠦ ᠬᠠᠮᠲᠤ᠂ ᠡᠨᠧᠷᠭᠢ ᠬᠠᠳᠠᠭᠠᠯᠠᠬᠤ᠂ ᠤᠰᠤᠲᠥ᠋ᠷᠥᠭᠴᠢ ᠡᠨᠧᠷᠭᠢ ᠵᠡᠷᠭᠡ ᠰᠢᠨ᠎ᠡ᠎ᠪᠡᠷ ᠮᠠᠨᠳᠤᠭᠰᠠᠨ ᠡᠵᠡᠩᠨᠡᠯᠲᠡ᠎ᠶᠢᠨ ᠬᠡᠯᠪᠡᠷᠢ ᠪᠠᠢᠳᠠᠯ ᠲᠦᠷᠭᠡᠨ ᠪᠣᠢᠵᠢᠵᠤ᠂ ᠡᠨᠧᠷᠭᠢ᠎ᠶᠢᠨ ᠰᠢᠰᠲᠧᠮ᠎ᠦᠨ ᠠᠮᠢᠳᠤᠯᠢᠭ᠋ ᠲᠣᠬᠢᠷᠠᠭᠤᠯᠭ᠎ᠠ᠎ᠶᠢᠨ ᠴᠢᠳᠠᠪᠤᠷᠢ ᠪᠣᠯᠣᠨ ᠠᠮᠤᠷ ᠲᠦᠪᠰᠢᠨ᠎ᠦ ᠤᠶᠠᠨ ᠬᠠᠳᠠᠨ ᠴᠢᠨᠠᠷ᠎ᠢ ᠬᠦᠴᠦᠲᠡᠢ ᠴᠢᠩᠭᠠᠳᠬᠠᠵᠤ᠂ ᠤᠯᠤᠰ᠎ᠤᠨ ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠬᠤ᠎ᠳᠤ ᠨᠡᠩ ᠨᠠᠢᠳᠠᠪᠤᠷᠢᠲᠠᠢ ᠲᠣᠬᠢᠷᠠᠭᠤᠯᠭ᠎ᠠ᠎ᠶᠢᠨ ᠲᠤᠯᠭᠠᠭᠤᠷᠢᠯᠠᠯ ᠬᠠᠩᠭᠠᠵᠠᠢ᠃
ᠰᠢᠨ᠎ᠡ ᠬᠡᠯᠪᠡᠷᠢ᠎ᠶᠢᠨ ᠡᠨᠧᠷᠭᠢ᠎ᠶᠢᠨ ᠰᠢᠰᠲᠧᠮ᠎ᠦᠨ ᠪᠠᠢᠭᠤᠯᠤᠯᠲᠠ᠎ᠶᠢ ᠰᠢᠰᠲᠸᠮ ᠲᠠᠢ ᠠᠬᠢᠭᠤᠯᠤᠨ᠎ᠠ
ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠤ ᠡᠨᠧᠷᠭᠢ᠎ᠶᠢᠨ ᠰᠤᠷᠪᠤᠯᠵᠢ᠎ᠶᠢᠨ ᠬᠠᠩᠭᠠᠯᠭ᠎ᠠ᠎ᠶᠢᠨ ᠰᠢᠰᠲᠧᠮ᠎ᠢ ᠪᠠᠶ᠋ᠢᠭᠤᠯᠬᠤ ᠪᠣᠯ ᠰᠢᠨ᠎ᠡ ᠬᠡᠯᠪᠡᠷᠢ᠎ᠶᠢᠨ ᠡᠨᠧᠷᠭᠢ᠎ᠶᠢᠨ ᠰᠤᠷᠪᠤᠯᠵᠢ᠎ᠶᠢᠨ ᠰᠢᠰᠲᠧᠮ᠎ᠢ ᠪᠠᠶ᠋ᠢᠭᠤᠯᠬᠤ᠎ᠶᠢᠨ ᠭᠣᠣᠯ ᠲᠤᠯᠭᠠᠭᠤᠷᠢ ᠮᠥᠨ᠃ ᠠᠷᠢᠭᠤᠨ ᠴᠡᠪᠡᠷ ᠡᠨᠧᠷᠭᠢ᠎ᠶᠢᠨ ᠬᠠᠩᠭᠠᠯᠭ᠎ᠠ᠎ᠶᠢ ᠲᠡᠰ ᠳᠡᠪᠰᠢᠭᠦᠯᠬᠦ᠎ᠪᠡᠷ ᠰᠢᠨ᠎ᠡ ᠠᠵᠤ ᠦᠢᠯᠡᠰ᠂ ᠰᠢᠨ᠎ᠡ ᠪᠡᠯᠡ ᠣᠷᠣᠭᠤᠯᠤᠯᠲᠠ᠂ ᠰᠢᠨ᠎ᠡ ᠠᠵᠢᠯ ᠣᠯᠭᠣᠯᠲᠠ᠎ᠶᠢ ᠪᠤᠢ ᠪᠣᠯᠭᠠᠵᠤ᠂ ᠠᠵᠤ ᠠᠬᠤᠢ᠎ᠶᠢᠨ ᠨᠡᠮᠡᠭᠳᠡᠯ᠎ᠦᠨ ᠰᠢᠨ᠎ᠡ ᠳᠠᠪᠠᠭᠤᠯᠢᠭ᠋᠎ᠢ ᠪᠤᠢ ᠪᠣᠯᠭᠠᠵᠤ᠂ ᠪᠠᠭ᠎ᠠ ᠨᠡᠭᠦᠷᠡᠰᠦᠲᠥ᠋ᠷᠥᠭᠴᠢᠲᠤ ᠥᠨᠳᠥᠷ ᠦᠷ᠎ᠡ ᠠᠰᠢᠭ᠎ᠲᠤ᠂ ᠴᠢᠨᠠᠷ ᠰᠠᠢᠲᠠᠢ ᠬᠥᠭᠵᠢᠯᠲᠡ᠎ᠳᠦ ᠲᠣᠬᠢᠷᠠᠬᠤ ᠣᠳᠣᠬᠢᠴᠢᠯᠠᠭᠰᠠᠨ ᠡᠨᠧᠷᠭᠢ᠎ᠶᠢᠨ ᠬᠠᠩᠭᠠᠯᠭ᠎ᠠ᠎ᠶᠢᠨ ᠪᠠᠢᠷᠢᠰᠢᠯ᠎ᠢ ᠬᠦᠴᠦᠯᠡᠨ ᠪᠤᠢ ᠪᠣᠯᠭᠠᠬᠤ ᠬᠡᠷᠡᠭᠲᠡᠢ᠃ ᠴᠡᠪᠡᠷ ᠡᠨᠧᠷᠭᠢ᠎ᠶᠢᠨ ᠠᠵᠤ ᠦᠢᠯᠡᠰ᠎ᠦᠨ ᠪᠠᠢᠷᠢᠰᠢᠯ᠎ᠤᠨ ᠲᠠᠯ᠎ᠠ᠎ᠪᠠᠷ᠂ ᠲᠥᠪᠯᠡᠷᠡᠩᠭᠦᠢ ᠮᠠᠶᠢᠭ᠋᠎ᠤᠨ ᠪᠠ ᠲᠠᠷᠬᠠᠮᠠᠯ ᠮᠠᠶᠢᠭ᠋᠎ᠤᠨ ᠰᠢᠨ᠎ᠡ ᠡᠨᠧᠷᠭᠢ᠎ᠶᠢᠨ ᠬᠥᠭᠵᠢᠯᠲᠡ᠎ᠶᠢ ᠨᠢᠭᠡᠳᠦᠯᠲᠡᠢ ᠲᠥᠯᠥᠪᠯᠡᠨ᠎ᠡ᠃ ᠥᠪᠥᠷ ᠮᠣᠩᠭᠣᠯ᠎ᠤᠨ ᠰᠠᠯᠬᠢᠨ᠎ᠤ ᠡᠨᠧᠷᠭᠢ᠂ ᠨᠡᠷᠡᠨ ᠡᠨᠧᠷᠭᠢ᠎ᠶᠢᠨ ᠡᠬᠢ ᠪᠠᠶᠠᠯᠢᠭ᠋᠎ᠤᠨ ᠳᠠᠪᠠᠭᠤᠯᠢᠭ᠋᠎ᠢ ᠭᠦᠢᠴᠡᠳ ᠪᠠᠳᠠᠷᠠᠭᠤᠯᠵᠤ᠂ ᠬᠥᠪᠴᠢ᠂ ᠤᠯᠠᠭᠠᠨᠪᠤᠬ᠎ᠠ᠂ ᠲᠡᠭᠷᠢ ᠡᠯᠡᠰᠦ ᠵᠡᠷᠭᠡ ᠲᠣᠮᠣ᠌ ᠬᠡᠯᠪᠡᠷᠢ᠎ᠶᠢᠨ ᠰᠠᠯᠬᠢ ᠬᠡᠷᠡᠯ᠎ᠤᠨ ᠡᠨ᠋ᠸᠷᠬᠢ ᠵᠢᠨ ᠰᠠᠭᠤᠷᠢᠨ ᠭᠠᠵᠠᠷ᠎ᠢ ᠡᠷᠴᠢᠮᠵᠢᠭᠦᠯᠦᠨ ᠨᠡᠭᠡᠭᠡᠨ ᠬᠥᠭᠵᠢᠭᠦᠯᠬᠦ᠎ᠶᠢ ᠡᠮᠬᠢ ᠵᠢᠷᠤᠮ᠎ᠲᠠᠢ ᠠᠬᠢᠭᠤᠯᠵᠤ᠂ ᠰᠢᠨ᠎ᠡ ᠡᠨᠧᠷᠭᠢ᠎ᠶᠢᠨ ᠲᠥᠷᠥᠯ ᠵᠦᠢᠯ᠂ ᠴᠠᠬᠢᠯᠭᠠᠨ ᠬᠦᠷᠭᠡᠬᠦ ᠵᠠᠮ ᠱᠤᠭᠤᠮ᠂ ᠡᠨᠧᠷᠭᠢ ᠬᠠᠳᠠᠭᠠᠯᠠᠬᠤ ᠪᠡᠯᠡᠳᠬᠡᠮᠵᠢ᠎ᠶᠢ ᠵᠡᠷᠭᠡ ᠳ᠋ᠤᠨᠢ ᠪᠦᠲᠦᠭᠡᠨ ᠪᠠᠶ᠋ᠢᠭᠤᠯᠬᠤ ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠤᠨ᠂ ᠰᠢᠩᠭᠡᠬᠡᠨ ᠠᠪᠬᠤ ᠬᠦᠴᠢᠷ ᠠᠰᠠᠭᠤᠳᠠᠯ᠎ᠢ ᠰᠢᠢᠳᠪᠦᠷᠢᠯᠡᠨ᠂ ᠡᠬᠢ ᠪᠠᠶᠠᠯᠢᠭ᠋᠎ᠤᠨ ᠳᠠᠪᠠᠭᠤᠯᠢᠭ᠋᠎ᠢ ᠠᠵᠤ ᠠᠬᠤᠢ᠎ᠶᠢᠨ ᠨᠡᠮᠡᠭᠳᠡᠯ᠎ᠤᠨ ᠬᠡᠮᠵᠢᠶ᠎ᠡ ᠬᠢᠭᠡᠳ ᠠᠵᠤ ᠦᠢᠯᠡᠰ᠎ᠤᠨ ᠬᠥᠳᠡᠯᠭᠡᠭᠴᠢ ᠡᠨᠧᠷᠭᠢ ᠪᠣᠯᠭᠠᠨ ᠬᠤᠪᠢᠷᠠᠭᠤᠯᠵᠤ᠂ ᠲᠤᠨᠤᠭ ᠲᠥᠬᠦᠭᠡᠷᠦᠮᠵᠢ ᠦᠢᠯᠡᠳᠬᠦ᠂ ᠪᠠᠷᠢᠯᠭ᠎ᠠ᠎ᠶᠢᠨ ᠪᠦᠲᠦᠭᠡᠨ ᠪᠠᠢᠭᠤᠯᠤᠯᠲᠠ᠂ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡ ᠵᠡᠷᠭᠡ ᠳᠡᠭᠡᠳᠦ ᠳᠣᠣᠷᠠᠳᠤ ᠤᠷᠤᠰᠬᠠᠯ᠎ᠤᠨ ᠠᠵᠤ ᠦᠢᠯᠡᠰ᠎ᠤᠨ ᠲᠥᠪᠯᠡᠷᠡᠯ᠎ᠢ ᠲᠠᠢ᠍ᠢᠴᠢᠯᠠᠨᠠ᠃ ᠠᠵᠤ ᠦᠢᠯᠡᠰ᠎ᠦᠨ ᠠᠵᠢᠯᠯᠠᠭᠠᠨ᠎ᠤ ᠪᠠᠲᠤᠯᠠᠭ᠎ᠠ᠎ᠶᠢᠨ ᠴᠢᠳᠠᠪᠤᠷᠢ᠎ᠶᠢᠨ ᠪᠠᠢᠭᠤᠯᠤᠯᠲᠠ᠎ᠶᠢᠨ ᠲᠠᠯ᠎ᠠ᠎ᠪᠠᠷ᠂ ᠴᠠᠬᠢᠯᠭᠠᠨ ᠬᠦᠴᠦᠨ᠎ᠦ ᠠᠮᠤᠷ ᠲᠦᠪᠰᠢᠨ᠎ᠦ ᠪᠠᠲᠤᠯᠠᠭ᠎ᠠ ᠬᠢᠭᠡᠳ ᠵᠥᠭᠡᠯᠡᠨ ᠲᠣᠬᠢᠷᠠᠭᠤᠯᠤᠯᠲᠠ᠎ᠶᠢᠨ ᠲᠤᠯᠭᠠᠭᠤᠷᠢᠯᠠᠬᠤ ᠰᠢᠰᠲᠧᠮ᠎ᠢ ᠪᠦᠷᠢᠨᠰᠢᠭᠦᠯᠦᠨ᠎ᠡ᠃ ᠰᠠᠯᠬᠢ ᠭᠡᠷᠡᠯ᠎ᠤᠨ ᠬᠦᠴᠦᠨ᠎ᠤ ᠰᠡᠯᠭᠦᠭᠡ ᠴᠢᠨᠠᠷ᠂ ᠬᠡᠯᠪᠡᠯᠵᠡᠯ᠎ᠳᠦ ᠴᠢᠨᠠᠷ᠎ᠤᠨ ᠣᠨᠴᠠᠯᠢᠭ᠋᠎ᠲᠤ ᠴᠢᠭᠯᠡᠭᠦᠯᠦᠨ᠂ ᠤᠰᠤ ᠲᠠᠲᠠᠵᠤ ᠡᠨᠧᠷᠭᠢ ᠬᠠᠳᠠᠭᠠᠯᠠᠬᠤ᠂ ᠰᠢᠨ᠎ᠡ ᠬᠡᠯᠪᠡᠷᠢ᠎ᠶᠢᠨ ᠡᠨᠧᠷᠭᠢ ᠬᠠᠳᠠᠭᠠᠯᠠᠬᠤ ᠲᠥᠷᠥᠯ ᠵᠦᠢᠯ᠎ᠢ ᠨᠢᠭᠡᠳᠦᠯᠲᠡᠢ ᠲᠥᠯᠥᠪᠯᠡᠨ ᠪᠠᠢᠷᠢᠰᠢᠭᠤᠯᠵᠤ᠂ ᠴᠠᠬᠢᠯᠭᠠᠨ ᠬᠦᠴᠦᠨ᠎ᠦ ᠰᠢᠰᠲᠧᠮ᠎ᠦᠨ ᠲᠣᠭᠲᠠᠭᠤᠨ᠎ᠢᠶᠠᠷ ᠠᠵᠢᠯᠯᠠᠬᠤ᠎ᠶᠢ ᠪᠠᠲᠤᠯᠠᠵᠤ᠂ ᠰᠢᠨ᠎ᠡ ᠡᠨᠧᠷᠭᠢ᠎ᠶᠢᠨ ᠬᠡᠪᠴᠢᠶᠡᠵᠢᠭᠰᠡᠨ ᠬᠥᠭᠵᠢᠯᠲᠡ᠎ᠶᠢᠨ ᠲᠦᠭᠵᠢᠷᠡᠯ᠎ᠢ ᠠᠷᠢᠯᠭᠠᠵᠤ᠂ ᠠᠵᠤ ᠦᠢᠯᠡᠰ᠎ᠦᠨ ᠠᠵᠢᠯᠯᠠᠭᠠᠨ᠎ᠤ ᠠᠮᠤᠷ ᠲᠦᠪᠰᠢᠨ᠎ᠦ ᠰᠠᠭᠤᠷᠢ᠎ᠶᠢ ᠪᠡᠬᠢᠵᠢᠭᠦᠯᠦᠨ᠎ᠡ᠃ ᠰᠢᠨ᠎ᠡ ᠬᠠᠭᠤᠴᠢᠨ ᠬᠥᠳᠡᠯᠭᠡᠬᠦ ᠡᠨᠧᠷᠭᠢ᠎ᠶᠢᠨ ᠦᠷᠭᠦᠯᠵᠢᠯᠡᠯ ᠰᠣᠯᠢᠭ᠍ᠳᠠᠯ᠎ᠤᠨ ᠲᠠᠯ᠎ᠠ᠎ᠪᠠᠷ᠂ 《ᠤᠷᠢᠳ᠎ᠢᠶᠠᠷ ᠪᠠᠢᠭᠤᠯᠵᠤ ᠲᠠᠷᠠᠭ᠎ᠠ ᠨᠢ ᠡᠪᠳᠡᠬᠦ》 ᠵᠠᠷᠴᠢᠮ᠎ᠢ ᠴᠢᠩᠭ᠎ᠠ ᠰᠠᠬᠢᠵᠤ᠂ ᠡᠨᠧᠷᠭᠢ᠎ᠶᠢᠨ ᠰᠤᠷᠪᠤᠯᠵᠢ᠎ᠶᠢᠨ ᠠᠮᠤᠷ ᠲᠦᠪᠰᠢᠨ᠎ᠦ ᠪᠠᠷᠢᠮᠵᠢᠶ᠎ᠠ᠎ᠶᠢ ᠪᠠᠲᠤ ᠰᠠᠬᠢᠨ᠎ᠠ᠃ ᠬᠡᠯᠪᠡᠷᠢ᠎ᠪᠡᠨ ᠬᠤᠪᠢᠷᠠᠭᠤᠯᠬᠤ ᠰᠢᠯᠵᠢᠯᠲᠡ᠎ᠶᠢᠨ ᠬᠤᠭᠤᠴᠠᠭᠠᠨ᠎ᠳᠤ ᠬᠠᠳᠠᠭᠠᠯᠠᠭᠳᠠᠵᠤ ᠪᠠᠢᠭ᠎ᠠ ᠨᠡᠭᠦᠷᠡᠰᠦ ᠴᠠᠬᠢᠯᠭᠠᠨ᠎ᠤ ᠠᠮᠢᠳᠤᠯᠢᠭ᠋ ᠴᠢᠨᠠᠷ᠎ᠤᠨ ᠥᠭᠡᠷᠡᠴᠢᠯᠡᠯᠲᠡ᠎ᠶᠢ ᠠᠬᠢᠭᠤᠯᠵᠤ᠂ ᠨᠡᠭᠦᠷᠡᠰᠦᠲᠥ᠋ᠷᠥᠭᠴᠢ᠎ᠶᠢ ᠬᠤᠷᠢᠶᠠᠵᠤ ᠴᠤᠭᠯᠠᠭᠤᠯᠬᠤ ᠮᠡᠷᠭᠡᠵᠢᠯ᠎ᠢ ᠳᠡᠯᠭᠡᠷᠡᠭᠦᠯᠦᠨ᠂ ᠤᠯᠠᠮᠵᠢᠯᠠᠯᠲᠤ ᠡᠨᠧᠷᠭᠢ᠎ᠶᠢᠨ ᠰᠤᠷᠪᠤᠯᠵᠢ᠎ᠶᠢᠨ ᠰᠠᠭᠤᠷᠢ᠎ᠶᠢ ᠪᠠᠲᠤᠯᠠᠬᠤ ᠪᠠᠲᠤᠯᠠᠭ᠎ᠠ᠎ᠶᠢᠨ ᠦᠢᠯᠡᠳᠦᠯ᠎ᠢ ᠴᠢᠩᠭᠠᠷᠠᠭᠤᠯᠤᠨ᠎ᠠ᠃ ᠪᠣᠬᠢᠷᠲᠤᠯ ᠦᠭᠡᠢ ᠤᠰᠤᠲᠥ᠋ᠷᠥᠭᠴᠢ᠂ ᠨᠡᠷᠡᠨ ᠡᠨᠧᠷᠭᠢ᠎ᠪᠡᠷ ᠢᠯᠴᠢ ᠬᠠᠩᠭᠠᠬᠤ ᠵᠡᠷᠭᠡ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠶᠡᠬᠡ ᠪᠡᠷ ᠥᠷᠭᠡᠳᠬᠡᠨ᠂ ᠴᠡᠪᠡᠷ ᠡᠨᠧᠷᠭᠢ᠎ᠶᠢᠨ ᠠᠵᠤ ᠦᠢᠯᠡᠰ᠎ᠦᠨ ᠬᠡᠯᠬᠢᠶᠡᠵᠢᠯ᠎ᠢ ᠤᠷᠲᠤᠳᠬᠠᠵᠤ᠂ ᠦᠢᠯᠡᠳᠪᠦᠷᠢᠯᠡᠯ ᠵᠢᠭᠠᠨ ᠰᠤᠳᠤᠯᠬᠤ᠎ᠶᠢᠨ ᠬᠠᠮᠵᠢᠯᠴᠠᠨ ᠰᠢᠨ᠎ᠡ᠎ᠶᠢ ᠡᠭᠦᠳᠬᠦ᠎ᠳᠦ ᠲᠦᠰᠢᠭᠯᠡᠨ ᠡᠨᠧᠷᠭᠢ ᠬᠠᠳᠠᠭᠠᠯᠠᠬᠤ ᠪᠠ ᠴᠠᠬᠢᠯᠭᠠᠨ ᠬᠦᠴᠦᠨ᠎ᠦ ᠲᠣᠨᠣᠭᠯᠠᠯ᠎ᠤᠨ ᠮᠡᠷᠭᠡᠵᠢᠯ᠎ᠦᠨ ᠳᠤᠲᠠᠭᠤᠳᠠᠯ᠎ᠢ ᠨᠥᠬᠥᠪᠦᠷᠢᠯᠡᠵᠦ᠂ ᠪᠣᠬᠢᠷᠲᠤᠯ ᠦᠭᠡᠢ ᠠᠵᠤ ᠦᠢᠯᠡᠰ᠎ᠦᠨ ᠶᠡᠷᠦᠩᠬᠡᠢᠯᠡᠭᠰᠡᠨ ᠥᠪᠡᠷ᠎ᠦᠨ ᠥᠷᠲᠡᠭ᠎ᠢ ᠪᠠᠭᠤᠷᠠᠭᠤᠯᠤᠨ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠤ᠂ ᠠᠮᠤᠷ ᠲᠦᠪᠰᠢᠨ ᠪᠥᠭᠡᠳ ᠡᠵᠡᠮᠳᠡᠵᠦ ᠪᠣᠯᠬᠤ ᠣᠳᠣᠬᠢᠴᠢᠯᠠᠭᠰᠠᠨ ᠡᠨᠧᠷᠭᠢ᠎ᠶᠢᠨ ᠬᠠᠩᠭᠠᠯᠭ᠎ᠠ᠎ᠶᠢᠨ ᠰᠢᠰᠲᠧᠮ᠎ᠢ ᠪᠠᠢᠭᠤᠯᠤᠨ᠎ᠠ᠃
ᠡᠨᠧᠷᠭᠢ ᠠᠷᠪᠢᠯᠠᠬᠤ ᠪᠠᠭ᠎ᠠ ᠨᠡᠭᠦᠷᠡᠰᠦᠲᠥ᠋ᠷᠥᠭᠴᠢᠲᠤ ᠡᠨᠧᠷᠭᠢ᠎ᠶᠢᠨ ᠰᠤᠷᠪᠤᠯᠵᠢ᠎ᠶᠢᠨ ᠬᠡᠷᠡᠭᠯᠡᠭᠡᠨ᠎ᠦ ᠰᠢᠰᠲᠧᠮ᠎ᠢ ᠲᠡᠭᠦᠯᠳᠡᠷᠵᠢᠭᠦᠯᠬᠦ ᠪᠣᠯ ᠰᠢᠨ᠎ᠡ ᠬᠡᠯᠪᠡᠷᠢ᠎ᠶᠢᠨ ᠡᠨᠧᠷᠭᠢ᠎ᠶᠢᠨ ᠰᠤᠷᠪᠤᠯᠵᠢ᠎ᠶᠢᠨ ᠰᠢᠰᠲᠧᠮ᠎ᠢ ᠪᠠᠶ᠋ᠢᠭᠤᠯᠬᠤ᠎ᠶᠢᠨ ᠵᠠᠩᠭᠢᠯᠠᠭ᠎ᠠ᠎ᠶᠢᠨ ᠭᠣᠭᠴᠣᠭ᠎ᠠ ᠮᠥᠨ᠃ ᠬᠡᠷᠡᠭᠴᠡᠭᠡ ᠵᠢᠨ ᠲᠠᠯ᠎ᠠ᠎ᠶᠢᠨ ᠬᠠᠵᠠᠭᠤ ᠡᠴᠡ ᠲᠠᠳᠠᠬᠤ ᠦᠢᠯᠡᠳᠦᠯ᠎ᠢ ᠪᠠᠳᠠᠷᠠᠭᠤᠯᠵᠤ᠂ ᠬᠡᠷᠡᠭᠯᠡᠭᠡ ᠵᠢᠨ ᠦᠵᠦᠬᠦᠷᠯᠢᠭ᠎ᠤᠨ ᠲᠡᠰ ᠳᠡᠪᠰᠢᠭᠦᠯᠬᠦ᠎ᠪᠡᠷ ᠬᠠᠩᠭᠠᠯᠭ᠎ᠠ᠎ᠶᠢᠨ ᠦᠵᠦᠭᠦᠷᠯᠢᠭ᠎ᠤᠨ ᠠᠵᠤ ᠦᠢᠯᠡᠰ᠎ᠤᠨ ᠤᠷᠤᠯᠠᠯᠳᠠ ᠰᠢᠨᠡᠴᠢᠯᠡᠯᠳᠡ ᠶᠢ ᠲᠠᠢ᠍ᠢᠴᠢᠯᠠᠵᠤ᠂ ᠬᠠᠩᠭᠠᠯᠭ᠎ᠠ ᠬᠡᠷᠡᠭᠴᠡᠭᠡ ᠬᠠᠷᠢᠯᠴᠠᠨ ᠠᠬᠢᠭᠤᠯᠤᠭᠰᠠᠨ ᠪᠣᠬᠢᠷᠲᠤᠯ ᠦᠭᠡᠢ ᠠᠵᠤ ᠠᠬᠤᠢ᠎ᠶᠢᠨ ᠬᠥᠭᠵᠢᠯᠲᠡ᠎ᠶᠢᠨ ᠪᠠᠢᠷᠢᠰᠢᠯ᠎ᠢ ᠪᠤᠢ ᠪᠣᠯᠭᠠᠬᠤ ᠬᠡᠷᠡᠭᠲᠡᠢ᠃ ᠥᠪᠥᠷ ᠮᠣᠩᠭᠣᠯ ᠠᠷᠪᠢᠯᠠᠨ ᠭᠠᠮᠨᠠᠬᠤ᠎ᠶᠢ ᠤᠷᠢᠳ ᠵᠢᠨᠷ ᠪᠤᠳᠤᠯᠬᠢᠯᠠᠬᠤ᠂ ᠦᠷ᠎ᠡ ᠪᠦᠲᠦᠮᠵᠢ᠎ᠪᠡᠷ ᠦᠨᠳᠦᠰᠦ ᠪᠣᠯᠭᠠᠬᠤ᠎ᠶᠢ ᠪᠠᠷᠢᠮᠲᠠᠯᠠᠵᠤ᠂ ᠡᠨᠧᠷᠭᠢ᠎ᠶᠢᠨ ᠬᠣᠷᠣᠭᠳᠠᠯ᠎ᠤᠨ ᠬᠣᠶᠠᠷ᠎ᠢ ᠬᠢᠵᠠᠭᠠᠷᠯᠠᠬᠤ᠎ᠶᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ᠎ᠶᠢ ᠬᠣᠶᠠᠷ᠎ᠢ ᠬᠢᠵᠠᠭᠠᠷᠯᠠᠬᠤ ᠳᠠᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠲᠣᠭᠲᠠᠭᠤᠨ᠎ᠢᠶᠠᠷ ᠠᠬᠢᠭᠤᠯᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢ ᠪᠠᠭᠤᠷᠠᠭᠤᠯᠬᠤ᠂ ᠥᠨᠳᠥᠷ ᠪᠦᠲᠦᠮᠵᠢᠲᠡᠶ᠎ᠪᠡᠷ ᠡᠨᠧᠷᠭᠢ ᠬᠡᠷᠡᠭᠯᠡᠬᠦ᠎ᠶᠢ ᠡᠯ᠎ᠡ ᠲᠥᠷᠥᠯ᠎ᠦᠨ ᠦᠢᠯᠡᠳᠪᠦᠷᠢᠯᠡᠯ᠎ᠦᠨ ᠠᠵᠢᠯᠯᠠᠭ᠎ᠠ ᠪᠠ ᠠᠷᠠᠳ᠎ᠤᠨ ᠠᠮᠢᠳᠤᠷᠠᠯ᠎ᠤᠨ ᠬᠡᠷᠡᠭᠯᠡᠭᠡᠨ᠎ᠦ ᠠᠬᠤᠢ ᠪᠠᠢᠳᠠᠯ᠎ᠳᠤ ᠠᠭᠤᠰᠤᠯᠴᠠᠭᠤᠯᠪᠠᠯ ᠵᠣᠬᠢᠨ᠎ᠠ᠃
ᠡᠨᠧᠷᠭᠢ᠎ᠶᠢᠨ ᠠᠵᠤ ᠦᠢᠯᠡᠰ᠎ᠦᠨ ᠰᠢᠨ᠎ᠡ᠎ᠶᠢ ᠡᠭᠦᠳᠬᠦ ᠰᠢᠰᠲᠧᠮ᠎ᠢ ᠪᠠᠶ᠋ᠢᠭᠤᠯᠬᠤ ᠪᠣᠯ ᠰᠢᠨ᠎ᠡ ᠬᠡᠯᠪᠡᠷᠢ᠎ᠶᠢᠨ ᠡᠨᠧᠷᠭᠢ᠎ᠶᠢᠨ ᠰᠢᠰᠲᠧᠮ᠎ᠢ ᠪᠠᠶ᠋ᠢᠭᠤᠯᠬᠤ᠎ᠶᠢᠨ ᠭᠣᠣᠯᠯᠠᠬᠤ ᠬᠥᠳᠡᠯᠭᠡᠭᠴᠢ ᠬᠦᠴᠦᠨ ᠮᠥᠨ᠃ ᠥᠪᠥᠷ ᠮᠣᠩᠭᠣᠯ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠪᠡᠷ ᠭᠣᠣᠯ ᠰᠢᠪᠲᠤᠯᠤᠯᠲᠠ᠎ᠶᠢᠨ ᠴᠢᠭᠯᠡᠯ ᠪᠣᠯᠭᠠᠵᠤ᠂ ᠠᠵᠤ ᠦᠢᠯᠡᠰ᠎ᠦᠨ ᠬᠡᠯᠬᠢᠶ᠎ᠡ᠎ᠪᠡᠷ ᠰᠢᠨ᠎ᠡ᠎ᠶᠢ ᠡᠭᠦᠳᠬᠦ ᠬᠡᠯᠬᠢᠶ᠎ᠡ᠎ᠶᠢ ᠪᠠᠢᠷᠢᠯᠠᠭᠤᠯᠵᠤ᠂ ᠰᠢᠨ᠎ᠡ᠎ᠶᠢ ᠡᠭᠦᠳᠬᠦ ᠬᠡᠯᠬᠢᠶ᠎ᠡ᠎ᠪᠡᠷ ᠠᠵᠤ ᠦᠢᠯᠡᠰ᠎ᠦᠨ ᠬᠡᠯᠬᠢᠶ᠎ᠡ᠎ᠶᠢ ᠪᠠᠢᠷᠢᠰᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠲᠡᠰ ᠳᠡᠪᠰᠢᠬᠦ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠮᠡᠷᠭᠡᠵᠢᠯ᠎ᠦᠨ ᠪᠣᠭᠣᠮᠲᠠ ᠰᠢᠪᠲᠤᠯᠬᠤ᠂ ᠲᠣᠨᠣᠭᠯᠠᠯ ᠦᠢᠯᠡᠳᠬᠦ᠂ ᠠᠬᠤᠢ ᠲᠠᠯᠠᠪᠠᠢ᠎ᠶᠢᠨ ᠬᠡᠷᠡᠭᠯᠡᠯᠲᠡ᠎ᠶᠢ ᠨᠢᠭᠡ ᠴᠣᠭᠴᠠᠵᠢᠭᠤᠯᠤᠨ ᠠᠬᠢᠭᠤᠯᠤᠭᠰᠠᠨ ᠡᠨᠧᠷᠭᠢ᠎ᠶᠢᠨ ᠰᠢᠨ᠎ᠡ᠎ᠶᠢ ᠡᠭᠦᠳᠬᠦ ᠬᠥᠭᠵᠢᠯᠲᠡ᠎ᠶᠢᠨ ᠪᠠᠢᠷᠢᠰᠢᠯ᠎ᠢ ᠬᠦᠴᠦᠯᠡᠨ ᠪᠠᠶ᠋ᠢᠭᠤᠯᠬᠤ ᠬᠡᠷᠡᠭᠲᠡᠢ᠃ ᠨᠢᠭᠡ ᠲᠠᠯ᠎ᠠ᠎ᠪᠠᠷ᠂ ᠵᠠᠩᠭᠢᠯᠠᠭ᠎ᠠ᠎ᠶᠢᠨ ᠭᠣᠣᠯᠯᠠᠭ᠍ᠴᠢ ᠮᠡᠷᠭᠡᠵᠢᠯ᠎ᠦᠨ ᠪᠣᠭᠣᠮᠲᠠ ᠰᠢᠪᠲᠤᠯᠬᠤ᠎ᠳᠤ ᠬᠦᠴᠦ᠎ᠪᠡᠨ ᠲᠥᠪᠯᠡᠷᠡᠭᠦᠯᠦᠨ᠎ᠡ᠃ ᠶᠡᠬᠡ ᠬᠡᠪᠴᠢᠶ᠎ᠡ᠎ᠪᠡᠷ ᠤᠷᠲᠤ ᠬᠤᠭᠤᠴᠠᠭ᠎ᠠ᠎ᠪᠠᠷ ᠡᠨᠧᠷᠭᠢ ᠬᠠᠳᠠᠭᠠᠯᠠᠬᠤ᠂ ᠪᠤᠬᠢᠷᠳᠤᠯ ᠦᠭᠡᠢ ᠤᠰᠤᠲᠥ᠋ᠷᠥᠭᠴᠢ᠎ᠶᠢ ᠦᠢᠯᠡᠳᠴᠦ ᠬᠠᠳᠠᠭᠠᠯᠠᠬᠤ ᠲᠡᠭᠡᠭᠡᠪᠦᠷᠢᠯᠡᠬᠦ᠂ ᠣᠶᠤᠨᠲᠤ ᠴᠠᠬᠢᠯᠭᠠᠨ ᠲᠣᠣᠷ᠎ᠤᠨ ᠲᠣᠬᠢᠷᠠᠭᠤᠯᠤᠯᠲᠠ᠂ ᠨᠡᠭᠦᠷᠡᠰᠦ ᠴᠠᠬᠢᠯᠭᠠᠨ᠎ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢ ᠪᠠᠭᠤᠷᠠᠭᠤᠯᠬᠤ ᠥᠭᠡᠷᠡᠴᠢᠯᠡᠯᠲᠡ ᠵᠡᠷᠭᠡ ᠭᠣᠣᠯᠳᠠᠯᠭ᠎ᠠ᠎ᠲᠠᠢ ᠴᠢᠭᠯᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠨᠢᠭᠡ ᠪᠦᠯᠦᠭ ᠴᠢᠬᠤᠯᠠ ᠶᠡᠬᠡ ᠰᠢᠨᠵᠢᠯᠡᠬᠦ ᠤᠬᠠᠭᠠᠨ ᠮᠡᠷᠭᠡᠵᠢᠯ᠎ᠦᠨ ᠲᠤᠰᠬᠠᠢ ᠵᠦᠢᠯᠡᠰ᠎ᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠤᠯᠤᠰ᠎ᠤᠨ ᠡᠨᠧᠷᠭᠢ᠎ᠶᠢᠨ ᠰᠤᠷᠪᠤᠯᠵᠢ᠎ᠶᠢ ᠰᠤᠳᠤᠯᠤᠨ ᠨᠡᠭᠡᠭᠡᠵᠦ ᠰᠢᠨ᠎ᠡ᠎ᠶᠢ ᠡᠭᠦᠳᠬᠦ ᠲᠠᠪᠴᠠᠩ ᠪᠠ ᠭᠣᠣᠯᠳᠠᠯᠭ᠎ᠠ᠎ᠲᠠᠢ ᠲᠤᠷᠰᠢᠯᠲᠠ᠎ᠶᠢᠨ ᠲᠠᠰᠤᠭ᠎ᠢ ᠪᠠᠢᠭᠤᠯᠵᠤ᠂ ᠰᠢᠨ᠎ᠡ ᠡᠨᠧᠷᠭᠢ᠎ᠶᠢᠨ ᠰᠤᠷᠪᠤᠯᠵᠢ᠎ᠶᠢ ᠰᠠᠨᠠᠭᠠᠴᠢᠯᠠᠭ᠎ᠠ᠎ᠠᠴᠠ᠎ᠪᠠᠨ ᠲᠤᠯᠭᠠᠭᠤᠷᠢᠯᠠᠬᠤ᠂ ᠤᠷᠳᠤ ᠬᠤᠭᠤᠴᠠᠭ᠎ᠠ᠎ᠪᠠᠷ ᠡᠨᠧᠷᠭᠢ ᠬᠠᠳᠠᠭᠠᠯᠠᠬᠤ᠂ ᠥᠨᠳᠥᠷ ᠪᠦᠲᠦᠮᠵᠢᠲᠡᠶ ᠴᠠᠬᠢᠯᠭᠠᠨ ᠵᠠᠳᠠᠯᠤᠯᠲᠠ᠎ᠪᠠᠷ ᠤᠰᠤᠲᠥ᠋ᠷᠥᠭᠴᠢ ᠦᠢᠯᠡᠳᠬᠦ ᠵᠡᠷᠭᠡ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠢ ᠲᠥᠪᠯᠡᠷᠡᠭᠦᠯᠦᠨ ᠰᠢᠪᠲᠤᠯᠵᠤ᠂ ᠰᠢᠨ᠎ᠡ ᠬᠡᠯᠪᠡᠷᠢ᠎ᠶᠢᠨ ᠡᠨᠧᠷᠭᠢ᠎ᠶᠢᠨ ᠰᠤᠷᠪᠤᠯᠵᠢ᠎ᠶᠢᠨ ᠰᠢᠰᠲᠧᠮ᠎ᠦᠨ ᠪᠠᠢᠭᠤᠯᠤᠯᠲᠠ᠎ᠳᠤ ᠴᠢᠬᠤᠯᠠ ᠮᠡᠷᠭᠡᠵᠢᠯ᠎ᠦᠨ ᠲᠤᠯᠭᠠᠭᠤᠷᠢᠯᠠᠯ ᠬᠠᠩᠭᠠᠬᠤ ᠬᠡᠷᠡᠭᠳᠡᠢ᠃ ᠨᠥᠭᠥᠭᠡ ᠲᠠᠯ᠎ᠠ᠎ᠪᠠᠷ᠂ ᠰᠢᠨ᠎ᠡ ᠡᠨᠧᠷᠭᠢ᠎ᠶᠢᠨ ᠲᠣᠨᠣᠭᠯᠠᠯ᠎ᠢ ᠦᠢᠯᠡᠳᠬᠦ ᠠᠵᠤ ᠦᠢᠯᠡᠰ᠎ᠢ ᠪᠣᠢᠵᠢᠭᠤᠯᠬᠤ ᠡᠷᠴᠢᠮ᠎ᠢ ᠴᠢᠩᠭᠠᠷᠠᠭᠤᠯᠤᠨ᠎ᠠ᠃ ᠰᠠᠯᠬᠢᠨ ᠬᠦᠴᠦᠨ᠎ᠦ ᠴᠠᠬᠢᠯᠭᠠᠨ᠂ ᠭᠡᠷᠡᠯ ᠸᠣᠯᠲ᠂ ᠡᠨᠧᠷᠭᠢ ᠬᠠᠳᠠᠭᠠᠯᠠᠬᠤ᠂ ᠤᠰᠤᠲᠥ᠋ᠷᠥᠭᠴᠢ ᠡᠨᠧᠷᠭᠢ ᠵᠡᠷᠭᠡ ᠠᠵᠤ ᠦᠢᠯᠡᠰ᠎ᠦᠨ ᠬᠡᠯᠬᠢᠶ᠎ᠡ᠎ᠶᠢᠨ ᠲᠣᠭᠣᠷᠢᠨ᠎ᠳᠤ᠂ ᠪᠤᠭᠤᠲᠤ᠂ ᠲᠦᠩᠯᠢᠶᠣᠣ᠂ ᠣᠷᠳᠣᠰ ᠵᠡᠷᠭᠡ ᠲᠣᠨᠣᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ᠎ᠲᠤ ᠰᠠᠭᠤᠷᠢᠯᠠᠵᠤ᠂ ᠨᠢᠭᠡ ᠪᠦᠯᠦᠭ ᠲᠠᠭᠠᠭᠤᠯᠤᠬᠴᠢ ᠠᠵᠤ ᠠᠬᠤᠢᠯᠠᠯ᠎ᠢ ᠣᠷᠣᠭᠤᠯᠤᠨ ᠠᠪᠴᠢᠷᠠᠬᠤ ᠪᠠ ᠪᠣᠢᠵᠢᠭᠤᠯᠵᠤ᠂ ᠰᠠᠯᠬᠢᠨ ᠬᠦᠴᠦᠨ᠎ᠢᠶᠡᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ᠂ ᠬᠡᠷᠡᠯ ᠴᠡᠨᠡᠭ᠎ᠦᠨ ᠰᠡᠯᠪᠢᠭ ᠲᠣᠨᠣᠭ᠂ ᠡᠨᠧᠷᠭᠢ ᠬᠠᠳᠠᠭᠠᠯᠠᠬᠤ ᠳ᠋ᠢᠶᠠᠨ ᡂᠢ᠂ ᠴᠠᠬᠢᠯᠭᠠᠨ ᠵᠠᠳᠠᠯᠤᠯᠲᠠ᠎ᠶᠢᠨ ᠣᠩᠭᠣᠴᠠ ᠵᠡᠷᠭᠡ ᠭᠣᠣᠯᠯᠠᠬᠤ ᠲᠣᠨᠣᠭ ᠲᠥᠬᠦᠭᠡᠷᠦᠮᠵᠢ᠎ᠶᠢ ᠲᠣᠰ ᠭᠠᠵᠠᠷ ᠲᠤᠨᠢ ᠦᠢᠯᠡᠳᠬᠦ᠎ᠶᠢ ᠠᠬᠢᠭᠤᠯᠵᠤ᠂ ᠰᠢᠨ᠎ᠡ ᠡᠨᠧᠷᠭᠢ᠎ᠶᠢᠨ ᠲᠣᠨᠣᠭ ᠲᠥᠬᠦᠭᠡᠷᠦᠮᠵᠢ ᠦᠢᠯᠡᠳᠬᠦ ᠠᠵᠤ ᠦᠢᠯᠡᠰ᠎ᠦᠨ ᠰᠦᠷᠦᠭᠵᠢᠯ᠎ᠢ ᠪᠣᠶ ᠪᠣᠯᠭᠠᠵᠤ᠂ 《ᠡᠬᠢ ᠪᠠᠶᠠᠯᠢᠭ᠋᠎ᠢ ᠨᠡᠭᠡᠭᠡᠨ ᠬᠥᠭᠵᠢᠭᠦᠯᠬᠦ ︱ ᠲᠣᠨᠣᠭ ᠲᠥᠬᠦᠭᠡᠷᠦᠮᠵᠢ ᠦᠢᠯᠡᠳᠬᠦ ︱ ᠠᠵᠢᠯᠯᠠᠭᠤᠯᠵᠤ ᠪᠠᠲᠤᠯᠠᠬᠤ ᠦᠢᠯᠡᠴᠢᠯᠡᠭᠡ》 ᠵᠢᠨ ᠪᠥᠬᠥ ᠠᠵᠤ ᠦᠢᠯᠡᠰ᠎ᠦᠨ ᠬᠡᠯᠬᠢᠶᠡᠨ᠎ᠦ ᠪᠠᠢᠷᠢᠰᠢᠯ᠎ᠢ ᠲᠦᠷᠭᠡᠳᠬᠡᠨ ᠪᠠᠢᠭᠤᠯᠵᠤ᠂ ᠮᠡᠷᠭᠡᠵᠢᠯ᠎ᠦᠨ ᠳᠠᠪᠠᠭᠤᠯᠢᠭ᠋᠎ᠢ ᠦᠨᠡᠨ ᠬᠦ᠌ ᠠᠵᠤ ᠦᠢᠯᠡᠰ᠎ᠦᠨ ᠳᠠᠪᠠᠭᠤᠯᠢᠭ᠋ ᠪᠣᠯᠭᠠᠨ ᠬᠤᠪᠢᠷᠠᠭᠤᠯᠬᠤ ᠬᠡᠷᠡᠭᠳᠡᠢ᠃ ᠡᠭᠦᠨ᠎ᠡᠴᠡ ᠭᠠᠳᠠᠨ᠎ᠠ᠂ ᠰᠠᠯᠬᠢᠨ᠎ᠤ ᠬᠦᠴᠦᠨ ᠭᠡᠷᠡᠯᠴᠢ ᠴᠡᠨᠡᠭ ᠤᠰᠤᠲᠥ᠋ᠷᠥᠭᠴᠢ ᠨᠥᠭᠡᠴᠡᠯᠡᠬᠦ᠎ᠶᠢ ᠨᠢᠭᠡ ᠴᠣᠭᠴᠠᠵᠢᠭᠤᠯᠬᠤ᠂ ᠡᠨ᠋ᠸᠷᠬᠢ ᠲᠣᠣᠷ ᠳᠠᠭᠠᠭᠠᠴᠠ ᠨᠦᠬᠡᠴᠡ᠎ᠶᠢ ᠨᠢᠭᠡ ᠴᠣᠭᠴᠠᠵᠢᠭᠤᠯᠬᠤ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠨᠢᠭᠡ ᠴᠣᠭᠴᠠᠵᠢᠭᠤᠯᠬᠤ ᠲᠥᠷᠥᠯ ᠵᠦᠢᠯ᠎ᠢᠶᠡᠷ ᠬᠥᠲᠥᠯᠥᠮᠵᠢ ᠪᠣᠯᠭᠠᠵᠤ᠂ ᠰᠢᠨ᠎ᠡ ᠡᠨᠧᠷᠭᠢ᠎ᠶᠢᠨ ᠰᠤᠷᠪᠤᠯᠵᠢ᠎ᠶᠢ 《ᠴᠠᠬᠢᠯᠭᠠᠨ ᠭᠠᠷᠭᠠᠬᠤ》 ᠠ᠋ᠴᠠ 《ᠡᠨᠧᠷᠭᠢ ᠬᠡᠷᠡᠭᠯᠡᠬᠦ 》 ᠳᠠᠢᠰᠢ ᠥᠷᠭᠡᠳᠬᠡᠬᠦ᠎ᠶᠢ ᠠᠬᠢᠭᠤᠯᠬᠤ ᠬᠡᠷᠡᠭᠳᠡᠢ᠃
ᠰᠢᠨ᠎ᠡ ᠬᠡᠯᠪᠡᠷᠢ᠎ᠶᠢᠨ ᠡᠨᠧᠷᠭᠢ᠎ᠶᠢᠨ ᠰᠢᠰᠲᠧᠮ᠎ᠦᠨ ᠪᠠᠢᠭᠤᠯᠤᠯᠲᠠ᠎ᠶᠢᠨ ᠲᠦᠷᠦ᠎ᠶᠢᠨ ᠪᠣᠳᠣᠯᠭ᠎ᠠ᠎ᠶᠢᠨ ᠪᠠᠳᠤᠯᠠᠭ᠎ᠠ
ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠦᠷᠦ᠎ᠶᠢᠨ ᠪᠣᠳᠣᠯᠭ᠎ᠠ᠎ᠶᠢᠨ ᠢᠵᠢ ᠪᠦᠷᠢᠳᠦᠭᠦᠯᠬᠦ ᠪᠠᠲᠤᠯᠠᠭ᠎ᠠ᠎ᠶᠢᠨ ᠰᠢᠰᠲᠧᠮ᠎ᠢ ᠪᠦᠷᠢᠨᠰᠢᠭᠦᠯᠵᠦ᠂ ᠰᠢᠨ᠎ᠡ ᠬᠡᠯᠪᠡᠷᠢ᠎ᠶᠢᠨ ᠡᠨᠧᠷᠭᠢ᠎ᠶᠢᠨ ᠰᠤᠷᠪᠤᠯᠵᠢ᠎ᠶᠢᠨ ᠰᠢᠰᠲᠧᠮ᠎ᠦᠨ ᠪᠠᠢᠭᠤᠯᠤᠯᠲᠠ᠎ᠳᠤ ᠳᠦᠷᠢᠮ᠎ᠦᠨ ᠰᠠᠭᠤᠷᠢ᠎ᠶᠢ ᠪᠠᠲᠤ ᠪᠡᠬᠢ ᠲᠠᠯᠪᠢᠵᠤ ᠦᠭᠭᠦᠨ᠎ᠡ᠃ ᠥᠪᠥᠷ ᠮᠣᠩᠭᠣᠯ ᠢᠵᠢ ᠪᠦᠷᠢᠳᠦᠭᠦᠯᠬᠦ ᠳᠦᠷᠢᠮ᠎ᠢ ᠲᠡᠭᠦᠯᠳᠡᠷᠵᠢᠭᠦᠯᠬᠦ ᠪᠠ ᠨᠠᠢᠳᠠᠪᠤᠷᠢᠵᠢᠭᠤᠯᠤᠨ ᠬᠡᠷᠡᠭᠵᠢᠭᠦᠯᠬᠦ᠎ᠶᠢ ᠴᠢᠩᠭᠠᠳᠬᠠᠬᠤ᠎ᠪᠠᠷ ᠳᠠᠮᠵᠢᠭᠤᠯᠤᠨ᠂ ᠡᠨᠧᠷᠭᠢ᠎ᠶᠢᠨ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ ᠪᠠ ᠠᠵᠤ ᠠᠬᠤᠢ᠎ᠶᠢᠨ ᠲᠣᠭᠲᠠᠭᠤᠨ᠎ᠢᠶᠠᠷ ᠠᠵᠢᠯᠯᠠᠬᠤ᠎ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠳᠦᠷᠢᠮ᠎ᠢᠶᠡᠷ ᠰᠢᠨ᠎ᠡ ᠬᠡᠯᠪᠡᠷᠢ᠎ᠶᠢᠨ ᠡᠨᠧᠷᠭᠢ᠎ᠶᠢᠨ ᠰᠢᠰᠲᠧᠮ᠎ᠦᠨ ᠪᠠᠢᠭᠤᠯᠤᠯᠲᠠ᠎ᠶᠢ ᠲᠤᠯᠭᠠᠭᠤᠷᠢᠯᠠᠵᠤ᠂ ᠡᠨᠧᠷᠭᠢ᠎ᠶᠢᠨ ᠰᠤᠷᠪᠤᠯᠵᠢ᠎ᠶᠢᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠬᠦᠳᠡᠯᠭᠡᠬᠦ ᠬᠦᠴᠦᠨ ᠬᠠᠩᠭᠠᠬᠤ ᠬᠡᠷᠡᠭᠲᠡᠢ᠃ ᠨᠢᠭᠡ ᠲᠠᠯ᠎ᠠ᠎ᠪᠠᠷ᠂ ᠤᠯᠠᠨ ᠡᠰᠢᠵᠢᠭᠰᠡᠨ ᠤᠷᠮᠠᠰᠢᠭᠤᠯᠬᠤ ᠲᠦᠷᠦ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠬᠦ ᠬᠡᠷᠡᠭᠳᠡᠢ᠃ ᠰᠢᠨ᠎ᠡ ᠡᠨᠧᠷᠭᠢ᠎ᠶᠢᠨ ᠰᠤᠷᠪᠤᠯᠵᠢ᠎ᠶᠢᠨ ᠠᠵᠤ ᠦᠢᠯᠡᠰ᠎ᠢ ᠪᠣᠢᠵᠢᠭᠤᠯᠬᠤ᠂ ᠡᠨᠧᠷᠭᠢ ᠬᠠᠳᠠᠭᠠᠯᠠᠬᠤ ᠠᠵᠤ ᠦᠢᠯᠡᠰ᠎ᠢ ᠬᠥᠭᠵᠢᠭᠦᠯᠬᠦ᠂ ᠴᠠᠬᠢᠯᠭᠠᠨ᠎ᠤ ᠲᠣᠣᠷ᠎ᠢ ᠲᠡᠰ ᠳᠡᠪᠰᠢᠭᠦᠯᠦᠨ ᠥᠭᠡᠷᠡᠴᠢᠯᠡᠬᠦ᠂ ᠠᠵᠤ ᠦᠢᠯᠡᠳᠪᠦᠷᠢ᠎ᠶᠢ ᠪᠣᠬᠢᠷᠲᠤᠯ ᠦᠭᠡᠢ ᠪᠣᠯᠭᠠᠨ ᠥᠭᠡᠷᠡᠴᠢᠯᠡᠬᠦ ᠵᠡᠷᠭᠡ ᠭᠣᠣᠯᠳᠠᠯᠭ᠎ᠠ᠎ᠲᠠᠢ ᠴᠢᠭᠯᠡᠯ᠎ᠦᠨ ᠲᠣᠭᠣᠷᠢᠨ᠎ᠳᠤ ᠢᠵᠢ ᠪᠦᠷᠢᠳᠦᠭᠦᠯᠬᠦ ᠲᠡᠳᠬᠦᠨ ᠳᠡᠮᠵᠢᠬᠦ ᠠᠷᠭ᠎ᠠ ᠬᠡᠮᠵᠢᠶ᠎ᠡ᠎ᠶᠢ ᠨᠡᠢᠲᠡᠯᠡᠬᠦ ᠬᠡᠷᠡᠭᠳᠡᠢ; ᠨᠥᠭᠥᠭᠡ ᠲᠠᠯ᠎ᠠ᠎ᠪᠠᠷ᠂ ᠪᠠᠢᠩᠭᠤ᠎ᠶᠢᠨ ᠬᠢᠨᠠᠨ ᠬᠠᠮᠢᠶᠠᠷᠤᠨ ᠡᠵᠡᠮᠳᠡᠬᠦ ᠲᠥᠷᠥ᠎ᠶᠢᠨ ᠪᠣᠳᠣᠯᠭ᠎ᠠ᠎ᠶᠢ ᠨᠠᠷᠢᠯᠢᠭ᠍ᠵᠢᠭᠤᠯᠬᠤ ᠬᠡᠷᠡᠭᠳᠡᠢ᠃ 《ᠤᠷᠢᠳ ᠵᠢᠨᠷ ᠪᠠᠢᠭᠤᠯᠵᠤ ᠳᠠᠷᠠᠭ᠎ᠠ ᠨᠢ ᠡᠪᠳᠡᠬᠦ》 ᠬᠡᠯᠪᠡᠷᠢ᠎ᠪᠡᠨ ᠬᠤᠪᠢᠷᠠᠭᠤᠯᠬᠤ ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ ᠡᠯ᠎ᠡ ᠠᠢᠮᠠᠭ ᠬᠣᠲᠠ᠎ᠶᠢᠨ ᠠᠵᠤ ᠦᠢᠯᠡᠰ᠎ᠦᠨ ᠰᠠᠭᠤᠷᠢ᠂ ᠡᠬᠢ ᠪᠠᠶᠠᠯᠢᠭ᠋᠎ᠤᠨ ᠨᠥᠬᠥᠴᠡᠯ᠎ᠲᠠᠢ ᠤᠶᠠᠯᠳᠤᠭᠤᠯᠤᠨ᠂ ᠲᠥᠷᠥᠯ ᠬᠤᠪᠢᠶᠠᠨ ᠪᠠᠷᠢᠮᠵᠢᠶ᠎ᠠ ᠲᠣᠭᠲᠠᠭᠠᠬᠤ᠂ ᠵᠦᠷᠢᠶᠡᠵᠢᠬᠦᠯᠦᠨ ᠰᠢᠯᠭᠠᠨ ᠬᠢᠨᠠᠬᠤ᠎ᠶᠢ ᠬᠡᠷᠡᠭᠵᠢᠭᠦᠯᠵᠦ᠂ 《ᠨᠢᠭᠡ ᠯᠡ ᠠᠳᠠᠯᠢ᠎ᠪᠠᠷ ᠱᠠᠭᠠᠷᠳᠠᠬᠤ》 ᠬᠡᠯᠪᠡᠷᠢ᠎ᠪᠡᠨ ᠬᠤᠪᠢᠷᠠᠭᠤᠯᠬᠤ ᠠᠷᠭ᠎ᠠ ᠬᠢᠳᠡᠯ᠎ᠢ ᠡᠷᠡᠰ ᠲᠠᠶᠠᠭᠳᠠᠬᠤ ᠬᠡᠷᠡᠭᠲᠡᠢ᠃
ᠡᠨᠧᠷᠭᠢ᠎ᠶᠢᠨ ᠬᠣᠷᠣᠭᠳᠠᠯ᠎ᠤᠨ ᠬᠣᠣᠰ ᠡᠵᠡᠮᠳᠡᠯ᠎ᠢ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢᠨ ᠬᠣᠣᠰ ᠡᠵᠡᠮᠳᠡᠯ ᠲᠡᠢᠰᠢ ᠬᠤᠪᠢᠷᠠᠭᠤᠯᠬᠤ᠎ᠶᠢ ᠡᠮᠬᠢ ᠵᠢᠷᠤᠮ᠎ᠲᠠᠢ᠎ᠪᠠᠷ ᠠᠬᠢᠭᠤᠯᠵᠤ᠂ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ ᠪᠦᠷᠢᠳᠬᠡᠨ ᠲᠣᠭᠠᠴᠠᠬᠤ᠂ ᠬᠢᠨᠠᠨ ᠪᠠᠢᠴᠠᠭᠠᠵᠤ ᠬᠢᠨᠠᠨ ᠬᠠᠮᠢᠶᠠᠷᠬᠤ ᠲᠣᠭᠲᠠᠴᠠ᠎ᠶᠢ ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢᠨ ᠦᠨᠡᠯᠡᠯᠲᠡ᠎ᠶᠢ ᠲᠣᠭᠲᠠᠮᠠᠯ ᠬᠥᠷᠥᠩᠭᠡ᠎ᠶᠢᠨ ᠪᠡᠯᠡ ᠣᠷᠣᠭᠤᠯᠤᠯᠲᠠ᠎ᠶᠢᠨ ᠵᠦᠢᠯᠡᠰ᠎ᠦᠨ ᠬᠢᠨᠠᠨ ᠵᠥᠪᠰᠢᠶᠡᠷᠡᠬᠦ ᠶᠠᠪᠤᠴᠠ᠎ᠳᠤ ᠣᠷᠣᠭᠤᠯᠵᠤ᠂ ᠣᠷᠣᠨ ᠨᠤᠲᠤᠭ ᠬᠢᠭᠡᠳ ᠭᠣᠣᠯᠳᠠᠯᠭ᠎ᠠ᠎ᠲᠠᠢ ᠠᠵᠤ ᠠᠬᠤᠢᠯᠠᠯ᠎ᠤᠨ ᠨᠡᠭᠦᠷᠡᠰᠦᠲᠥ᠋ᠷᠥᠭᠴᠢ᠎ᠶᠢ ᠪᠠᠭᠤᠷᠠᠭᠤᠯᠬᠤ ᠭᠤᠤᠯ ᠴᠣᠭᠴᠠ᠎ᠶᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠬᠤ ᠬᠡᠷᠡᠭᠳᠡᠢ᠃ ᠪᠥᠬᠥ ᠶᠠᠪᠤᠴᠠ᠎ᠶᠢᠨ ᠬᠢᠨᠠᠯᠲᠠ ᠬᠠᠮᠢᠶᠠᠷᠤᠯᠲᠠ᠎ᠶᠢᠨ ᠲᠣᠭᠲᠠᠴᠠ᠎ᠶᠢ ᠲᠡᠭᠦᠯᠳᠡᠷᠵᠢᠭᠦᠯᠵᠦ᠂ ᠰᠢᠨ᠎ᠡ ᠡᠨᠧᠷᠭᠢ᠎ᠶᠢᠨ ᠲᠥᠷᠥᠯ ᠵᠦᠢᠯ᠎ᠢ ᠨᠠᠢᠳᠠᠪᠤᠷᠢᠵᠢᠭᠤᠯᠬᠤ᠂ ᠠᠵᠤ ᠦᠢᠯᠡᠳᠪᠦᠷᠢ᠎ᠶᠢᠨ ᠪᠣᠬᠢᠷᠲᠤᠯ ᠦᠭᠡᠢ ᠥᠭᠡᠷᠡᠴᠢᠯᠡᠯᠲᠡ᠂ ᠡᠨᠧᠷᠭᠢ᠎ᠶᠢᠨ ᠬᠣᠷᠣᠭᠳᠠᠭᠤᠯᠤᠯ᠎ᠢ ᠬᠠᠮᠢᠶᠠᠷᠤᠨ ᠡᠵᠡᠮᠳᠡᠵᠦ ᠬᠡᠷᠡᠭᠵᠢᠭᠦᠯᠬᠦ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠶᠢᠨ ᠲᠣᠭᠣᠷᠢᠨ᠎ᠳᠤ ᠪᠠᠢᠩᠭᠤ᠎ᠶᠢᠨ ᠪᠠᠢᠴᠠᠭᠠᠯᠲᠠ ᠥᠷᠨᠢᠭᠦᠯᠬᠦ ᠬᠡᠷᠡᠭᠳᠡᠢ᠃ ᠰᠢᠯᠭᠠᠨ ᠬᠢᠨᠠᠭᠰᠠᠨ ᠦᠷ᠎ᠡ ᠳ᠋ᠦᠩ᠎ᠦᠨ ᠬᠡᠷᠡᠭᠯᠡᠯᠲᠡ᠎ᠶᠢ ᠴᠢᠩᠭᠠᠳᠬᠠᠵᠤ᠂ ᠦᠨᠡᠯᠡᠭᠰᠡᠨ ᠦᠷ᠎ᠡ ᠳ᠋ᠦᠩ᠎ᠢ ᠲᠥᠷᠥ᠎ᠶᠢᠨ ᠪᠣᠳᠣᠯᠭ᠎ᠠ᠎ᠶᠢᠨ ᠬᠡᠯᠪᠡᠶ᠋ᠢᠯᠲᠡ᠂ ᠲᠥᠷᠥᠯ ᠵᠦᠢᠯ᠎ᠦᠨ ᠡᠯᠸᠮᠸᠨ᠋ᠲ᠎ᠤᠨ ᠲᠣᠬᠢᠷᠠᠭᠤᠯᠤᠯᠲᠠ ᠯᠤᠭ᠎ᠠ ᠰᠢᠭᠤᠳ ᠬᠣᠯᠪᠣᠭᠳᠠᠭᠤᠯᠵᠤ᠂ ᠡᠯ᠎ᠡ ᠭᠠᠵᠠᠷ ᠣᠷᠣᠨ᠎ᠤ ᠰᠠᠨᠠᠭᠠᠴᠢᠯᠠᠭ᠎ᠠ ᠠ᠋ᠴᠠ᠎ᠪᠠᠨ ᠠᠵᠢᠯ ᠬᠢᠬᠦ᠂ ᠦᠨᠡᠨ ᠬᠦ᠌ ᠪᠣᠳᠠᠲᠠᠢ᠎ᠪᠠᠷ ᠠᠵᠢᠯᠯᠠᠬᠤ᠎ᠶᠢ ᠵᠣᠷᠢᠭ᠍ᠵᠢᠭᠤᠯᠤᠨ᠂ ᠰᠢᠨ᠎ᠡ ᠬᠡᠯᠪᠡᠷᠢ᠎ᠶᠢᠨ ᠡᠨᠧᠷᠭᠢ᠎ᠶᠢᠨ ᠰᠢᠰᠲᠧᠮ᠎ᠤᠨ ᠡᠯ᠎ᠡ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠡᠭᠦᠷᠭᠡ᠎ᠶᠢ ᠪᠣᠳᠠᠲᠠᠢ᠎ᠪᠠᠷ ᠨᠠᠢᠳᠠᠪᠤᠷᠢᠵᠢᠭᠤᠯᠤᠨ ᠨᠠᠷᠢᠯᠢᠭ᠋ ᠨᠠᠢᠳᠠᠪᠤᠷᠢᠵᠢᠭᠤᠯᠬᠤ᠎ᠶᠢ ᠪᠠᠲᠤᠯᠠᠵᠤ᠂ ᠡᠨᠧᠷᠭᠢ᠎ᠶᠢᠨ ᠬᠡᠯᠪᠡᠷᠢ᠎ᠶᠢᠨ ᠬᠤᠪᠢᠷᠠᠭᠤᠯᠤᠯᠲᠠ ᠠ᠋ᠴᠠ ᠠᠪᠴᠢᠷᠠᠬᠰᠠᠨ ᠠᠵᠤ ᠠᠬᠤᠢ᠎ᠶᠢᠨ ᠦᠷ᠎ᠡ ᠠᠰᠢᠭ᠋᠂ ᠨᠡᠢᠭᠡᠮ᠎ᠦᠨ ᠦᠷ᠎ᠡ ᠠᠰᠢᠭ᠋᠎ᠢ ᠭᠦᠢᠴᠡᠳ ᠪᠠᠳᠠᠷᠠᠭᠤᠯᠬᠤ ᠬᠡᠷᠡᠭᠳᠡᠢ᠃
(ᠵᠣᠬᠢᠶᠠᠭ᠍ᠴᠢ᠄ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠠᠵᠤ ᠠᠬᠤᠢ᠎ᠶᠢᠨ ᠬᠠᠮᠢᠶᠠᠷᠤᠯᠲᠠ᠎ᠶᠢᠨ ᠳᠡᠭᠡᠳᠦ ᠰᠤᠷᠭᠠᠭᠤᠯᠢ᠎ᠶᠢᠨ ᠵᠠᠬᠢᠷᠤᠯ᠂ ᠫᠷᠤᠹᠸᠰᠰᠤᠷ᠂ ᠳ᠋ᠣᠺᠲ᠋ᠣᠷᠠᠨᠲ᠎ᠤᠨ ᠵᠢᠯᠣᠭᠣᠳᠤᠭ᠍ᠴᠢ ᠪᠠᠭ᠍ᠰᠢ)
— 《ᠦᠪᠦᠷ ᠮᠤᠨᠭᠭᠤᠯ᠎ᠤᠨ ᠡᠳᠦᠷ᠎ᠤᠨ ᠰᠤᠨᠢᠨ》 (ᠬᠢᠲᠠᠳ ᠬᠡᠪᠯᠡᠯ) ᠡᠴᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃