2026-11-06 11:48:15
ᠼᠠᠢ ᠸᠠᠩ ᠵᠠᠢ《ᠨᠡᠢᠭᠡᠮ᠎ᠦᠨ ᠰᠢᠨᠵᠢᠯᠡᠬᠦ ᠤᠬᠠᠭᠠᠨᠲᠠᠨ》᠎ᠤ᠋ 2026 ᠣᠨ᠎ᠤ 2 ᠳ᠋ᠤᠭᠠᠷ ᠬᠤᠭᠤᠴᠠᠭᠠᠨ᠎ᠳᠤ ᠦᠬᠦᠯᠡᠯ ᠨᠡᠢᠲᠡᠯᠡᠵᠤ᠂ ᠪᠤᠳᠤᠯᠲᠠ᠎ᠶᠢᠨ ᠬᠦᠴᠦᠨ᠎ᠢᠶᠡᠷ ᠰᠢᠨ᠎ᠡ ᠦᠨᠳᠦᠰᠦᠨ ᠪᠦᠲᠦᠭᠡᠨ ᠪᠠᠢᠭᠤᠯᠤᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠭᠤᠷᠪᠠᠨ ᠬᠡᠮᠵᠢᠯ᠎ᠦᠨ ᠢᠯᠡᠷᠡᠯ᠎ᠢ ᠵᠢᠭᠠᠵᠤ ᠭᠠᠷᠭᠠᠪᠠ᠄ ᠨᠢᠭᠡᠳᠦᠭᠡᠷ᠎ᠲᠦ᠂ ᠪᠣᠳᠣᠯᠲᠠ᠎ᠶᠢᠨ ᠬᠦᠴᠦᠨ ᠪᠣᠯ ᠰᠢᠨ᠎ᠡ ᠦᠨᠳᠦᠰᠦᠨ ᠪᠦᠲᠦᠭᠡᠨ ᠪᠠᠢᠭᠤᠯᠤᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢᠨ ᠴᠢᠬᠤᠯᠠ ᠰᠠᠭᠤᠷᠢ ᠪᠠᠲᠤᠯᠠᠭ᠎ᠠ ᠮᠥᠨ᠃ ᠪᠣᠳᠣᠯᠲᠠ ᠵᠢᠨ ᠬᠦᠴᠦᠨ ᠨᠢ ᠪᠣᠳᠣᠯᠲᠠ᠎ᠶᠢᠨ ᠴᠢᠳᠠᠪᠤᠷᠢ ᠪᠣᠯᠬᠤ᠎ᠪᠠᠷ ᠪᠠᠷᠠᠬᠤ ᠦᠭᠡᠢ ᠪᠠᠰᠠ ᠦᠢᠯᠡᠳᠪᠦᠷᠢᠯᠡᠯ᠎ᠦᠨ ᠡᠯᠧᠮᠧᠨ᠋ᠲ᠂ ᠰᠠᠭᠤᠷᠢ ᠲᠥᠬᠦᠭᠡᠷᠦᠮᠵᠢ᠂ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋ ᠪᠣᠯᠣᠨ᠎ᠠ᠂ ᠡᠨᠡ ᠬᠦ᠌ ᠤᠯᠠᠨ ᠲᠠᠯ᠎ᠠ᠎ᠶᠢᠨ ᠠᠭᠤᠯᠤᠭᠳᠠᠬᠤᠨ ᠨᠢ ᠲᠡᠭᠦᠨ᠎ᠢ ᠰᠢᠨ᠎ᠡ ᠦᠨᠳᠦᠰᠦᠨ ᠪᠦᠲᠦᠭᠡᠨ ᠪᠠᠢᠭᠤᠯᠤᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢᠨ ᠳᠤᠮᠳᠠ ᠴᠢᠬᠤᠯᠠ ᠪᠠᠢᠷᠢ ᠰᠠᠭᠤᠷᠢ᠎ᠲᠠᠢ ᠪᠣᠯᠭᠠᠵᠠᠢ᠃ ᠪᠣᠳᠣᠯᠲᠠ ᠵᠢᠨ ᠬᠦᠴᠦᠨ᠎ᠦ ᠡᠬᠢ ᠪᠠᠶᠠᠯᠢᠭ᠋᠎ᠢ ᠵᠦᠢ ᠵᠣᠬᠢᠰᠲᠠᠢ ᠲᠣᠬᠢᠷᠠᠭᠤᠯᠬᠤ ᠦᠷ᠎ᠡ ᠪᠦᠲᠦᠮᠵᠢ ᠪᠣᠯᠣᠨ ᠬᠡᠷᠡᠭᠯᠡᠭᠡᠨ᠎ᠦ ᠴᠢᠳᠠᠪᠤᠷᠢ᠎ᠶᠢᠨ ᠬᠢᠷᠢ ᠬᠡᠮᠵᠢᠶ᠎ᠡ ᠨᠢ ᠰᠢᠨ᠎ᠡ ᠦᠨᠳᠦᠰᠦᠨ ᠪᠦᠲᠦᠭᠡᠨ ᠪᠠᠢᠭᠤᠯᠤᠯᠲᠠ᠎ᠶᠢᠨ ᠰᠢᠰᠲᠧᠮ᠎ᠦᠨ ᠵᠢᠱ᠌ᠢᠭᠰᠡᠨ ᠦᠢᠯᠡᠳᠦᠯ ᠴᠢᠳᠠᠪᠤᠷᠢ᠎ᠪᠠᠨ ᠭᠦᠢᠴᠡᠳ ᠪᠠᠳᠠᠷᠠᠭᠤᠯᠵᠤ ᠴᠢᠳᠠᠬᠤ ᠡᠰᠡᠬᠦ᠎ᠶᠢ ᠰᠢᠭᠤᠳ ᠲᠣᠭᠲᠠᠭᠠᠬᠤ ᠪᠣᠯᠣᠨ᠎ᠠ᠃ ᠬᠣᠶᠠᠳᠤᠭᠠᠷ᠎ᠲᠤ᠂ ᠪᠣᠳᠣᠯᠲᠠ᠎ᠶᠢᠨ ᠬᠦᠴᠦᠨ ᠪᠣᠯ ᠰᠢᠨ᠎ᠡ ᠦᠨᠳᠦᠰᠦᠨ ᠪᠦᠲᠦᠭᠡᠨ ᠪᠠᠢᠭᠤᠯᠤᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢᠨ ᠭᠣᠣᠯᠯᠠᠭ᠍ᠴᠢ ᠬᠥᠳᠡᠯᠭᠡᠬᠦ ᠬᠦᠴᠦᠨ ᠮᠥᠨ᠃ ᠬᠡᠲᠦ ᠴᠢᠩᠭ᠎ᠠ ᠪᠤᠳᠤᠯᠲᠠ ᠵᠢᠨ ᠴᠢᠳᠠᠪᠤᠷᠢ ᠨᠢ ᠲᠣᠭ᠎ᠠ ᠪᠠᠷᠢᠮᠲᠠ᠎ᠶᠢ ᠰᠢᠢᠳᠪᠦᠷᠢᠯᠡᠬᠦ ᠪᠠ ᠵᠠᠳᠠᠯᠬᠤ ᠦᠷ᠎ᠡ ᠪᠦᠲᠦᠮᠵᠢ᠎ᠶᠢ ᠢᠯᠡᠳᠲᠡ ᠳᠡᠭᠡᠭᠰᠢᠯᠡᠭᠦᠯᠵᠦ᠂ ᠮᠡᠳᠡᠭᠡ ᠵᠠᠩᠭᠢ᠎ᠶᠢᠨ ᠰᠢᠰᠲᠧᠮ᠎ᠦᠨ ᠠᠵᠢᠯᠯᠠᠭᠠᠨ᠎ᠤ ᠴᠢᠳᠠᠪᠤᠷᠢ᠎ᠶᠢ ᠰᠢᠯᠢᠳᠡᠭᠵᠢᠭᠦᠯᠬᠦ᠎ᠶᠢᠨ ᠤᠯᠠᠮ᠎ᠠᠴᠠ ᠰᠢᠨ᠎ᠡ ᠦᠨᠳᠦᠰᠦᠨ ᠪᠦᠲᠦᠭᠡᠨ ᠪᠠᠢᠭᠤᠯᠤᠯᠲᠠ᠎ᠶᠢᠨ ᠡᠯ᠎ᠡ ᠬᠦᠷᠢᠶᠡᠨ᠎ᠳᠡᠬᠢ ᠲᠥᠷᠥᠯ ᠵᠦᠢᠯ᠎ᠢ ᠨᠠᠢᠳᠠᠪᠤᠷᠢᠵᠢᠭᠤᠯᠬᠤ ᠪᠠ ᠴᠢᠨᠠᠷ ᠰᠠᠢᠲᠠᠢ ᠬᠥᠭᠵᠢᠭᠦᠯᠬᠦ᠎ᠶᠢ ᠲᠠᠰᠤᠷᠠᠯᠲᠠ ᠦᠭᠡᠢ ᠲᠦᠷᠭᠡᠳᠬᠡᠵᠦ ᠴᠢᠳᠠᠨ᠎ᠠ᠃ ᠭᠤᠷᠪᠠᠳᠤᠭᠠᠷ᠎ᠲᠤ᠂ ᠪᠣᠳᠣᠯᠲᠠ᠎ᠶᠢᠨ ᠬᠦᠴᠦᠨ᠎ᠦ ᠦᠷᠭᠦᠯᠵᠢᠯᠡᠭᠰᠡᠨ ᠬᠤᠪᠢᠰᠤᠯᠲᠠ ᠨᠢ ᠰᠢᠨ᠎ᠡ ᠦᠨᠳᠦᠰᠦᠨ ᠪᠦᠲᠦᠭᠡᠨ ᠪᠠᠢᠭᠤᠯᠤᠯᠲᠠ᠎ᠶᠢᠨ ᠰᠢᠨ᠎ᠡ᠎ᠶᠢ ᠡᠭᠦᠳᠬᠦ ᠬᠥᠭᠵᠢᠯᠲᠡ᠎ᠶᠢ ᠠᠬᠢᠭᠤᠯᠵᠠᠢ᠃ ᠪᠣᠳᠣᠯᠲᠠ᠎ᠶᠢᠨ ᠬᠦᠴᠦᠨ᠎ᠦ ᠮᠡᠷᠭᠡᠵᠢᠯ᠎ᠦᠨ ᠦᠷᠭᠦᠯᠵᠢᠯᠡᠨ ᠲᠠᠪᠰᠢᠬᠤ ᠪᠠ ᠰᠢᠨ᠎ᠡ᠎ᠶᠢ ᠡᠭᠦᠳᠬᠦ ᠨᠢ ᠰᠢᠨ᠎ᠡ ᠬᠡᠯᠪᠡᠷᠢ᠎ᠶᠢᠨ ᠪᠣᠳᠣᠯᠲᠠ᠎ᠶᠢᠨ ᠵᠠᠭᠪᠤᠷ᠂ ᠲᠡᠷᠢᠭᠦᠨ᠎ᠦ ᠪᠣᠳᠣᠯᠲᠠ᠎ᠶᠢᠨ ᠠᠷᠭ᠎ᠠ ᠵᠢᠴᠢ ᠪᠦᠲᠦᠴᠡ᠎ᠶᠢ ᠥᠨᠳᠥᠷ ᠪᠦᠲᠦᠮᠵᠢᠲᠡᠢ ᠪᠡᠷ ᠪᠤᠢ ᠪᠣᠯᠭᠠᠬᠤ ᠪᠣᠯᠣᠨ᠎ᠠ᠂ ᠡᠨᠡ ᠨᠢ ᠰᠢᠨ᠎ᠡ ᠦᠨᠳᠦᠰᠦᠨ ᠪᠦᠲᠦᠭᠡᠨ ᠪᠠᠢᠭᠤᠯᠤᠯᠲᠠ᠎ᠶᠢᠨ ᠰᠢᠨ᠎ᠡ᠎ᠶᠢ ᠡᠭᠦᠳᠬᠦ ᠬᠥᠭᠵᠢᠯᠲᠡ᠎ᠳᠦ ᠭᠣᠣᠯᠯᠠᠭ᠍ᠴᠢ ᠬᠥᠳᠡᠯᠭᠡᠬᠦ ᠬᠦᠴᠦᠨ᠎ᠦ ᠡᠬᠢ ᠰᠤᠷᠪᠤᠯᠵᠢ᠎ᠶᠢ ᠬᠠᠨᠭᠭᠠᠬᠤ ᠪᠣᠯᠣᠨ᠎ᠠ᠃ ᠶᠠᠷᠢᠶᠠᠨ ᠦᠭᠡᠢ᠂ ᠡᠳᠡᠭᠡᠷ ᠰᠢᠨ᠎ᠡ ᠡᠭᠦᠳᠦᠯᠲᠡ ᠨᠢ ᠲᠣᠭ᠎ᠠ ᠪᠠᠷᠢᠮᠲᠠ᠎ᠶᠢ ᠰᠢᠢᠳᠪᠦᠷᠢᠯᠡᠬᠦ ᠦᠷ᠎ᠡ ᠪᠦᠲᠦᠮᠵᠢ᠂ ᠠᠮᠢᠳᠤᠯᠢᠭ᠋ ᠴᠢᠨᠠᠷ ᠪᠠ ᠨᠠᠢᠳᠠᠪᠤᠷᠢᠲᠤ ᠴᠢᠨᠠᠷ᠎ᠢ ᠢᠯᠡᠳᠲᠡ ᠳᠡᠭᠡᠭᠰᠢᠯᠡᠭᠦᠯᠵᠦ ᠴᠢᠳᠠᠨ᠎ᠠ; ᠬᠠᠷᠢᠨ ᠡᠳ᠋ ᠪᠠᠷᠠᠭᠠᠨ᠎ᠤ ᠮᠡᠳᠡᠭᠡ ᠵᠠᠩᠭᠢ᠎ᠶᠢᠨ ᠰᠦᠯᠵᠢᠶ᠎ᠡ ᠵᠡᠷᠭᠡ ᠮᠡᠷᠭᠡᠵᠢᠯ ᠬᠢᠭᠡᠳ ᠰᠢᠨ᠎ᠡ ᠦᠨᠳᠦᠰᠦᠨ ᠪᠦᠲᠦᠭᠡᠨ ᠪᠠᠢᠭᠤᠯᠤᠯᠲᠠ᠎ᠶᠢᠨ ᠭᠦᠨᠵᠡᠭᠡᠢ ᠠᠭᠤᠰᠤᠯᠴᠠᠨ ᠬᠡᠷᠡᠭᠯᠡᠯᠲᠡ ᠨᠢ ᠣᠶᠤᠨᠴᠢ ᠦᠢᠯᠡᠳᠭᠡᠯ ᠵᠡᠷᠭᠡ ᠬᠣᠯᠪᠣᠭᠳᠠᠯ ᠪᠦᠬᠦᠢ ᠬᠦᠷᠢᠶᠡᠨ᠎ᠳᠡᠬᠢ ᠰᠢᠪᠲᠤᠯᠤᠯᠲᠠ᠎ᠶᠢᠨ ᠴᠢᠨᠠᠷᠲᠠᠢ ᠠᠬᠢᠴᠠ᠎ᠶᠢ ᠬᠦᠴᠦᠲᠡᠢ ᠠᠬᠢᠭᠤᠯᠬᠤ ᠪᠣᠯᠣᠨ᠎ᠠ᠃
— 《ᠰᠢᠨᠬᠤᠸᠠ ᠵᠤᠬᠢᠶᠠᠯ᠎ᠤᠨ ᠱᠦᠬᠦᠮᠡᠭ》 ᠡᠴᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃