ᠲᠡᠷᠢᠭᠦᠨ ᠨᠢᠭᠤᠷ>ᠣᠨᠣᠯ ᠱᠢᠭᠦᠮᠵᠢ>ᠰᠢᠭᠦᠮᠵᠢ

2026-11-10 09:01:53

ᠵᠣᠬᠢᠶᠠᠭ᠍ᠴᠢ᠄ ​ᠬᠠᠰᠪᠣᠯᠣᠳ ᠣᠩᠱᠢᠭ᠍ᠰᠠᠨ ᠣᠳᠠᠭ᠎ᠠ᠄ 3

ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠴᠢᠨᠠᠷ ᠰᠠᠢᠲᠠᠢ ᠬᠥᠭᠵᠢᠯᠲᠡ ᠪᠣᠯ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠵᠤ ᠬᠥᠳᠡᠭᠡ ᠲᠣᠰᠬᠤᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ ᠴᠢᠬᠤᠯᠠ ᠲᠤᠯᠭᠠᠭᠤᠷᠢᠯᠠᠯ ᠮᠥᠨ᠃ ᠱᠠᠨᠳᠦ᠋ᠩ ᠮᠤᠵᠢ ᠨᠢ ᠪᠦᠭᠦ ᠤᠯᠤᠰ᠎ᠤᠨ ᠲᠠᠷᠢᠶᠠᠯᠠᠩ ᠮᠠᠯ ᠠᠵᠤ ᠠᠬᠤᠢ᠎ᠶᠢᠨ ᠬᠦᠴᠦᠷᠬᠡᠭ ᠮᠤᠵᠢ ᠪᠣᠯᠤᠭᠰᠠᠨ᠎ᠤ ᠬᠤᠪᠢ᠎ᠳᠤ᠂ 2024 ᠣᠨ᠎ᠳᠤ ᠬᠡᠪᠴᠢᠶᠡᠵᠢᠯ᠎ᠠᠴᠠ ᠳᠡᠭᠡᠭᠰᠢᠬᠢ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠬᠦ ᠠᠵᠤ ᠠᠬᠤᠢᠯᠠᠯ 1.1 ᠲᠦᠮᠡᠨ ᠡᠷᠦᠭᠡ᠎ᠶᠢ ᠳᠠᠪᠠᠵᠤ᠂ ᠡᠵᠡᠩᠨᠡᠯᠲᠡ᠎ᠶᠢᠨ ᠣᠷᠤᠯᠭ᠎ᠠ ᠨᠢ 2.3 ᠲᠦᠮᠡᠨ ᠳ᠋ᠦᠩᠰᠢᠭᠤᠷ ᠲᠥᠭᠥᠷᠢᠭ᠎ᠲᠤ ᠬᠦᠷᠴᠦ᠂ ᠴᠥᠮ ᠪᠦᠭᠦ ᠤᠯᠤᠰ᠎ᠤᠨ ᠲᠦᠷᠦᠭᠦᠨ᠎ᠳᠤ ᠪᠠᠢᠷᠢᠯᠠᠵᠤ᠂ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠭᠠᠳᠠᠭᠠᠳᠤ᠎ᠳᠤ ᠭᠠᠷᠭᠠᠬᠤ ᠬᠡᠮᠵᠢᠶ᠎ᠡ 26 ᠵᠢᠯ ᠳᠠᠷᠠᠭᠠᠯᠠᠨ ᠪᠦᠭᠦ ᠤᠯᠤᠰ᠎ᠤᠨ ᠨᠢᠭᠡᠳᠦᠭᠡᠷ᠎ᠲᠤ ᠵᠢᠭ᠍ᠰᠠᠭᠠᠭᠳᠠᠵᠤ᠂ ᠬᠥᠭᠵᠢᠯᠲᠡ᠎ᠶᠢᠨ ᠲᠤᠷᠰᠢᠯᠭ᠎ᠠ ᠨᠢ ᠪᠤᠰᠤᠳ ᠭᠠᠵᠠᠷ᠎ᠤᠨ ᠮᠠᠯ ᠠᠵᠤ ᠠᠬᠤᠢ ᠲᠠᠷᠢᠶᠠᠯᠠᠩ ᠎ᠦᠨ ᠬᠥᠭᠵᠢᠯᠲᠡ ᠳ᠋ᠤ᠌ ᠴᠢᠬᠤᠯᠠ ᠯᠠᠪᠯᠠᠯᠲᠠ ᠬᠠᠩᠭᠠᠭᠰᠠᠨ ᠪᠠᠢᠨ᠎ᠠ᠃ ᠥᠪᠥᠷ ᠮᠣᠩᠭᠣᠯ ᠨᠢ ᠤᠯᠤᠰ᠎ᠤᠨ ᠴᠢᠬᠤᠯᠠ 《ᠠᠮᠤ ᠪᠤᠳᠠᠭ᠎ᠠ᠂ ᠮᠢᠬ᠎ᠠ᠂ ᠰᠦ᠂ ᠨᠣᠣᠯᠣᠭᠤᠷ》᠎ᠤᠨ ᠭᠠᠷᠤᠯᠲᠠ ᠵᠢᠨ ᠣᠷᠣᠨ ᠪᠤᠯᠪᠠᠴᠤ ᠱᠠᠨᠳᠦ᠋ᠩ ᠮᠤᠵᠢ᠎ᠲᠠᠢ ᠬᠠᠷᠢᠴᠠᠭᠤᠯᠪᠠᠯ᠂ ᠠᠵᠤ ᠦᠢᠯᠡᠰ᠎ᠤᠨ ᠬᠡᠯᠬᠢᠶ᠎ᠡ ᠵᠢ ᠤᠷᠲᠤᠳᠬᠠᠬᠤ᠂ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠬᠡᠷᠡᠭᠯᠡᠯᠲᠡ ᠪᠠ ᠨᠠᠷᠠᠲᠤ ᠲᠦᠷᠦᠯ ᠲᠡᠮᠳᠡᠭᠲᠦ᠎ᠶᠢᠨ ᠪᠦᠲᠦᠭᠡᠨ ᠪᠠᠢᠭᠤᠯᠤᠯᠲᠠ ᠵᠡᠷᠭᠡ ᠲᠠᠯ᠎ᠠ᠎ᠪᠠᠷ ᠮᠥᠨ ᠯᠡ ᠨᠡᠯᠢᠶᠡᠳ ᠶᠡᠬᠡ ᠳᠡᠭᠡᠭᠰᠢᠯᠡᠬᠦ ᠣᠷᠣᠨ ᠵᠠᠢ᠎ᠲᠠᠢ ᠪᠠᠢᠨ᠎ᠠ᠃ ᠱᠠᠨᠳᠦ᠋ᠩ᠎ᠤᠨ ᠲᠤᠷᠰᠢᠯᠭ᠎ᠠ᠎ᠶᠢ ᠰᠢᠰᠲᠧᠮ᠎ᠲᠠᠢ ᠳ᠋ᠦᠩᠨᠡᠬᠦ᠎ᠶᠢᠨ ᠬᠠᠮᠲᠤ ᠥᠪᠥᠷ ᠮᠣᠩᠭᠣᠯ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠤᠨ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠬᠤ ᠨᠢ ᠪᠦᠭᠦ ᠣᠷᠣᠨ᠎ᠤ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠴᠢᠬᠤᠯᠠ ᠪᠣᠳᠠᠲᠤ ᠠᠴᠢ ᠬᠣᠯᠪᠣᠭᠳᠠᠯ᠎ᠲᠠᠢ ᠶᠤᠮ᠃

ᠨᠢᠭᠡ᠂ ᠱᠠᠨᠳᠦ᠋ᠩ᠎ᠦᠨ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠴᠢᠨᠠᠷ ᠰᠠᠢᠲᠠᠢ ᠬᠥᠭᠵᠢᠯᠲᠡ᠎ᠶᠢᠨ ᠠᠮᠵᠢᠯᠲᠠᠲᠠᠢ ᠲᠤᠷᠰᠢᠯᠭ᠎ᠠ

( ᠨᠢᠭᠡ) ᠮᠠᠯ ᠠᠵᠤ ᠠᠬᠤᠢ ᠲᠠᠷᠢᠶᠠᠯᠠᠩ ᠎ᠦᠨ ᠲᠠᠯ᠎ᠠ ᠪᠠᠷ᠂ 《ᠲᠣᠯᠣᠭᠠᠢᠯᠠᠭ᠍ᠴᠢ ᠠᠵᠤ ᠠᠬᠤᠢᠯᠠᠯ + ᠲᠣᠰᠬᠤᠨ᠎ᠤ ᠬᠠᠮᠲᠤ ᠨᠡᠢᠲᠡ + ᠲᠤᠰᠬᠠᠢ ᠬᠤᠷᠰᠢᠶ᠎ᠠ + ᠲᠠᠷᠢᠶᠠᠴᠢᠨ ᠡᠷᠦᠭᠡ》᠎ᠵᠢᠨ ᠠᠰᠢᠭ᠋ ᠲᠤᠰᠠ ᠵᠢᠨ ᠬᠡᠯᠬᠢᠶ᠎ᠠ ᠵᠢᠨ ᠲᠣᠭᠲᠠᠴᠠ᠎ᠶᠢ ᠪᠠᠢᠭᠤᠯᠵᠤ᠂ ᠶᠠᠨ ᠲᠠᠢ ᠵᠢᠨ ᠠᠯᠮᠤᠷᠠᠳ᠂ ᠱᠧᠦ ᠭᠤᠸᠠᠩ᠎ᠤᠨ ᠢᠳᠡᠰᠢᠨ ᠨᠣᠭᠣᠭ᠎ᠠ ᠵᠡᠷᠭᠡ ᠤᠯᠤᠰ᠎ᠤᠨ 10 ᠳᠠᠪᠠᠭᠤᠯᠢᠭ᠋ ᠣᠨᠴᠠᠯᠢᠭ᠍ᠲᠤ ᠠᠵᠤ ᠦᠢᠯᠡᠰ᠎ᠤᠨ ᠪᠦᠯᠦᠭᠵᠢᠯ ᠲᠠᠢ ᠪᠠᠢᠵᠤ᠂ ᠳᠠᠷᠢᠵᠤ ᠲᠡᠵᠢᠭᠡᠬᠦ᠎ᠠᠴᠠ ᠨᠠᠷᠢᠯᠢᠭ᠋ ᠡᠳ᠋ᠰᠢᠭᠦᠯᠬᠦ᠂ ᠲᠤᠰᠠᠯᠠᠬᠤ ᠪᠦᠲᠦᠭᠡᠭᠳᠡᠬᠦᠨ᠎ᠢ ᠠᠰᠢᠭ᠍ᠯᠠᠬᠤ ᠪᠦᠷᠢᠨ ᠪᠦᠲᠦᠨ ᠬᠡᠯᠬᠢᠶ᠎ᠡ᠎ᠶᠢ ᠪᠦᠷᠢᠯᠳᠦᠭᠦᠯᠵᠦ᠂ ᠬᠡᠯᠬᠢᠶ᠎ᠠ᠎ᠶᠢ ᠤᠷᠲᠤᠳᠬᠠᠨ ᠬᠡᠯᠬᠢᠶ᠎ᠠ᠎ᠶᠢ ᠨᠥᠬᠥᠪᠦᠷᠢᠯᠡᠵᠦ ᠬᠡᠯᠬᠢᠶ᠎ᠠ᠎ᠶᠢ ᠬᠦᠴᠦᠷᠬᠡᠭᠵᠢᠭᠦᠯᠬᠦ᠎ᠪᠠᠷ ᠳᠠᠮᠵᠢᠨ ᠠᠵᠤ ᠦᠢᠯᠡᠰ᠎ᠤᠨ ᠲᠥᠪᠯᠡᠷᠡᠯ ᠪᠠ ᠦᠷᠳᠡᠭ᠎ᠢ ᠳᠠᠭᠢᠨ᠎ᠢᠶᠠᠷ ᠨᠡᠮᠡᠭᠳᠡᠭᠦᠯᠵᠦ᠂ ᠬᠡᠪᠴᠢᠶᠡᠵᠢᠯ᠎ᠠᠴᠠ ᠳᠡᠭᠡᠭᠰᠢᠬᠢ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠬᠦ ᠠᠵᠤ ᠠᠬᠤᠢᠯᠠᠯ᠎ᠤᠨ ᠲᠣᠭ᠎ᠠ ᠬᠡᠮᠵᠢᠶ᠎ᠡ ᠪᠠ ᠡᠵᠡᠩᠨᠡᠯᠲᠡ᠎ᠶᠢᠨ ᠣᠷᠤᠯᠭ᠎ᠠ ᠨᠢ ᠴᠥᠮ ᠪᠦᠭᠦ ᠤᠯᠤᠰ᠎ᠤᠨ ᠲᠦᠷᠦᠭᠦᠨ ᠪᠠᠢᠷᠢᠨ᠎ᠳᠤ ᠪᠤᠢ᠃

(ᠬᠣᠶᠠᠷ) ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠢᠶᠠᠷ ᠠᠵᠤ ᠦᠢᠯᠡᠰ᠎ᠤᠨ ᠳᠡᠰ ᠲᠡᠪᠰᠢᠯᠳᠠ᠎ᠶᠢ ᠠᠬᠢᠭᠤᠯᠬᠤ ᠲᠠᠯ᠎ᠠ ᠪᠠᠷ᠂ ᠱᠠᠨᠳᠦ᠋ᠩ ᠨᠢ ᠮᠠᠯ ᠠᠵᠤ ᠠᠬᠤᠢ ᠲᠠᠷᠢᠶᠠᠯᠠᠩ ᠎ᠦᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠰᠤᠳᠤᠯᠭᠠᠨ᠎ᠤ ᠪᠦᠯᠭᠦᠮ᠎ᠢ ᠵᠣᠬᠢᠶᠠᠨ ᠪᠠᠢᠭᠤᠯᠵᠤ ᠦᠢᠯᠡᠳᠪᠦᠷᠢᠯᠡᠵᠦ ᠡᠳ᠋ᠰᠢᠭᠦᠯᠬᠦ ᠮᠡᠷᠭᠡᠵᠢᠯ ᠳᠡᠭᠡᠷ᠎ᠡ ᠬᠦᠴᠦ ᠪᠠᠨ ᠲᠥᠪᠯᠡᠷᠡᠭᠦᠯᠦᠨ᠂ ᠣᠶᠤᠨᠴᠢ᠎ᠪᠠᠷ ᠢᠯᠭᠠᠬᠤ᠂ 5G ᠮᠡᠷᠭᠡᠵᠢᠯ᠂ ᠲᠣᠭᠠᠴᠢᠯᠠᠭᠰᠠᠨ ᠦᠢᠯᠡᠳᠪᠦᠷᠢᠯᠡᠯ᠎ᠤᠨ ᠱᠤᠭᠤᠮ ᠵᠡᠷᠭᠡ᠎ᠶᠢ ᠳᠡᠯᠭᠡᠷᠡᠭᠦᠯᠵᠦ᠂ ᠵᠠᠰᠠᠭ᠎ᠤᠨ ᠣᠷᠳᠣᠨ᠎ᠠᠴᠠ 40%᠎ᠶᠢᠨ ᠲᠥᠬᠦᠭᠡᠷᠦᠮᠵᠢ᠎ᠶᠢᠨ ᠥᠪᠡᠷ᠎ᠤᠨ ᠦᠷᠳᠡᠭ᠎ᠢ ᠨᠥᠬᠥᠪᠦᠷᠢᠯᠡᠵᠦ᠂ ᠦᠢᠯᠡᠳᠬᠦᠨ᠎ᠤ 《ᠲᠣᠭ᠎ᠠ ᠤᠯᠠᠨ᠂ ᠦᠨ᠎ᠡ ᠳᠣᠣᠷ᠎ᠠ》᠎ᠡᠴᠡ 《ᠴᠢᠨᠠᠷ ᠰᠠᠢᠲᠠᠢ ᠪᠣᠷᠤᠯᠠᠭᠤᠯᠭ᠎ᠠ ᠰᠠᠢᠲᠠᠢ》 ᠲᠡᠢᠰᠢ ᠭᠡᠯᠪᠡᠷᠢ᠎ᠪᠠᠨ ᠬᠤᠪᠢᠷᠠᠭᠤᠯᠬᠤ᠎ᠶᠢ ᠠᠬᠢᠭᠤᠯᠪᠠ᠃

(ᠭᠤᠷᠪᠠ) ᠨᠠᠷᠠᠲᠤ ᠲᠦᠷᠦᠯ ᠲᠡᠮᠳᠡᠭᠲᠦ᠎ᠶᠢᠨ ᠪᠣᠷᠤᠯᠠᠭᠤᠯᠭ᠎ᠠ᠎ᠶᠢᠨ ᠲᠠᠯ᠎ᠠ ᠪᠠᠷ᠂ ᠱᠠᠨᠳᠦ᠋ᠩ ᠮᠤᠵᠢ ᠣᠷᠣᠨ ᠪᠦᠰᠡ᠎ᠶᠢᠨ ᠨᠡᠢᠲᠡ᠎ᠶᠢᠨ ᠬᠡᠷᠡᠭᠯᠡᠭᠡᠨ᠎ᠤ ᠨᠠᠷᠠᠲᠤ ᠲᠦᠷᠦᠯ ᠲᠡᠮᠳᠡᠭᠲᠦ᠎ᠶᠢ ᠪᠣᠢᠵᠢᠭᠤᠯᠬᠤ᠎ᠶᠢ ᠴᠢᠩᠭᠠᠳᠬᠠᠵᠤ᠂ ᠲᠦᠷᠭᠡᠨ᠎ᠤ ᠭᠠᠯᠲᠤ ᠲᠡᠷᠭᠡᠨ ᠳᠡᠭᠡᠷ᠎ᠡ ᠵᠠᠷ ᠲᠠᠯᠪᠢᠬᠤ᠂ ᠬᠢᠯᠢ᠎ᠶᠢᠨ ᠭᠠᠳᠠᠨᠠᠬᠢ ᠠᠷᠠᠯᠵᠢᠶᠠᠨ᠎ᠤ ᠦᠵᠡᠭᠦᠯᠭᠡ ᠳ᠋ᠤ᠌ ᠣᠷᠤᠯᠴᠠᠬᠤ᠂ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠭᠡ ᠬᠢᠬᠦ ᠵᠡᠷᠭᠡ ᠣᠯᠠᠨ ᠵᠦᠢᠯ᠎ᠤᠨ ᠠᠷᠭ᠎ᠠ ᠵᠠᠮ᠎ᠢᠶᠠᠷ ᠳᠠᠮᠵᠢᠭᠤᠯᠤᠨ᠂ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠳᠠᠭᠠᠳᠤ᠎ᠳᠤ ᠭᠠᠷᠭᠠᠬᠤ ᠬᠡᠮᠵᠢᠶ᠎ᠡ 26 ᠵᠢᠯ ᠳᠠᠷᠠᠭᠠᠯᠠᠨ ᠪᠦᠭᠦ ᠤᠯᠤᠰ᠎ᠲᠤ ᠲᠦᠷᠦᠭᠦᠯᠡᠵᠦ᠂ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠨᠠᠷᠡᠳᠦ ᠲᠦᠷᠦᠯ ᠲᠡᠮᠳᠡᠭᠲᠦ᠎ᠶᠢᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ᠎ᠢ ᠴᠢᠩᠭᠠᠳᠬᠠᠪᠠ᠃

(ᠳᠥᠷᠪᠡ) ᠲᠥᠷᠦ᠎ᠶᠢᠨ ᠪᠣᠳᠣᠯᠭ᠎ᠠ ᠵᠢᠨ ᠣᠨᠣᠴᠠᠲᠠᠢ ᠲᠡᠳᠬᠦᠨ ᠳᠡᠮᠵᠢᠬᠦ᠎ᠶᠢ ᠪᠠᠲᠤᠯᠠᠬᠤ ᠲᠠᠯ᠎ᠠ ᠪᠠᠷ᠂ ᠱᠠᠨᠳᠦ᠋ᠩ ᠮᠤᠵᠢ ᠨᠢ ᠮᠠᠯ ᠠᠵᠤ ᠠᠬᠤᠢ ᠲᠠᠷᠢᠶᠠᠯᠠᠩ᠎ᠦᠨ 30 ᠣᠨᠴᠠᠯᠢᠭ᠍ᠲᠤ ᠠᠵᠤ ᠦᠢᠯᠡᠰ᠎ᠤᠨ ᠲᠥᠯᠦᠪᠵᠢᠭᠦᠯᠭᠡ᠎ᠶᠢ ᠲᠣᠭᠲᠠᠭᠠᠵᠤ᠂ ᠲᠥᠬᠥᠭᠡᠷᠦᠮᠵᠢᠲᠦ ᠲᠠᠷᠢᠶᠠᠯᠠᠩ ᠵᠡᠷᠭᠡ ᠲᠤᠰᠬᠠᠢ ᠳᠡᠮᠵᠢᠯᠭᠡ᠎ᠶᠢᠨ ᠲᠦᠷᠦ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠵᠤ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠤᠯᠠᠨ ᠡᠰᠢᠲᠦ ᠲᠣᠭᠲᠠᠴᠠ᠎ᠶᠢ ᠪᠠᠢᠭᠤᠯᠤᠨ᠂ ᠡᠳ᠋᠎ᠤᠨ ᠵᠠᠰᠠᠭ᠂ ᠮᠥᠩᠭᠥᠨ ᠭᠦᠢᠯᠭᠡᠭᠡ᠂ ᠨᠡᠢᠭᠡᠮ᠎ᠤᠨ ᠬᠥᠷᠥᠩᠭᠡ᠎ᠶᠢᠨ ᠠᠵᠤ ᠦᠢᠯᠡᠰ᠎ᠤᠨ ᠬᠦᠷᠢᠶᠡᠯᠡᠩ ᠲᠣᠭᠣᠷᠢᠭ᠋᠎ᠤᠨ ᠪᠦᠲᠦᠭᠡᠨ ᠪᠠᠢᠭᠤᠯᠤᠯᠲᠠ ᠪᠠ ᠠᠵᠤ ᠠᠬᠤᠢᠯᠠᠯ᠎ᠤᠨ ᠲᠡᠰ ᠳᠡᠪᠰᠢᠬᠦ᠎ᠶᠢ ᠨᠢᠭᠡᠳᠦᠯᠲᠡᠢ ᠲᠥᠯᠥᠪᠵᠢᠭᠦᠯᠵᠦ᠂ ᠠᠵᠤ ᠦᠢᠯᠡᠰ᠎ᠤᠨ ᠬᠥᠭᠵᠢᠯᠲᠡ᠎ᠳᠤ ᠪᠠᠲᠤ ᠪᠡᠬᠢ ᠲᠦᠷᠦ ᠵᠢᠨ ᠪᠤᠳᠤᠯᠭ᠎ᠠ ᠵᠢᠨ ᠪᠠᠲᠤᠯᠠᠭ᠎ᠠ᠎ᠶᠢ ᠬᠠᠩᠭᠠᠪᠠ᠃

ᠬᠣᠶᠠᠷ᠂ ᠥᠪᠥᠷ ᠮᠣᠩᠭᠣᠯ᠎ᠤᠨ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠬᠥᠭᠵᠢᠯᠲᠡ᠎ᠶᠢᠨ ᠳᠤᠮᠳᠠ ᠣᠷᠣᠰᠢᠵᠤ ᠪᠠᠢᠭ᠎ᠠ ᠠᠰᠠᠭᠤᠳᠠᠯ

(ᠨᠢᠭᠡ ) ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠲᠤᠯᠭᠠᠭᠤᠷᠢᠯᠠᠯ ᠪᠠᠭᠤᠷᠠᠢ᠃ 2024 ᠣᠨ᠎ᠳᠤ ᠮᠠᠯ ᠠᠵᠤ ᠠᠬᠤᠢ᠎ᠲᠠᠷᠢᠶᠠᠯᠠᠩ ᠎ᠦᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ ᠵᠠᠷᠤᠳᠠᠯ ᠨᠢ GDP ᠵᠢᠨ 0.75%᠎ᠶᠢ ᠡᠵᠡᠯᠡᠵᠦ᠂ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠤᠯᠠᠷᠢᠭᠤᠯᠤᠯᠳᠠ᠎ᠶᠢᠨ ᠨᠣᠷᠮ᠎ᠠ ᠨᠢ ᠵᠥᠪᠭᠡᠨ 28%᠂ ᠣᠶᠤᠨᠴᠢ ᠲᠠᠷᠢᠶᠠᠯᠠᠩ᠎ᠤᠨ ᠮᠡᠷᠭᠡᠵᠢᠯ᠎ᠤᠨ ᠪᠦᠷᠬᠦᠴᠡ᠎ᠶᠢᠨ ᠨᠣᠷᠮ᠎ᠠ 35%᠂ ᠣᠶᠤᠨᠴᠢ ᠲᠣᠨᠣᠭᠯᠠᠯ᠎ᠢ ᠲᠦᠭᠡᠮᠡᠯᠵᠢᠭᠦᠯᠦᠭᠰᠡᠨ ᠨᠣᠷᠮ᠎ᠠ 18% ᠪᠠᠢᠵᠤ᠂ ᠱᠠᠨᠳᠦ᠋ᠩ ᠮᠤᠵᠢ ᠵᠢᠨ ᠬᠠᠭᠠᠰ᠎ᠲᠤ ᠴᠤ᠌ ᠬᠦᠷᠬᠦ ᠦᠭᠡᠢ ᠪᠠᠢᠵᠤ᠂ ᠨᠠᠷᠢᠯᠢᠭ᠋ ᠪᠤᠯᠪᠠᠰᠤᠷᠠᠭᠤᠯᠬᠤ ᠴᠢᠳᠠᠪᠤᠷᠢ ᠵᠢᠨ ᠲᠠᠯ᠎ᠠ᠎ᠪᠠᠷ ᠴᠤ᠌ ᠭᠡᠰᠡᠨ ᠬᠦᠷᠦᠯᠴᠡᠬᠦ ᠦᠭᠡᠢ ᠪᠠᠢᠭᠰᠠᠭᠠᠷ᠃

( ᠬᠣᠶᠠᠷ) ᠠᠮᠢ ᠠᠬᠤᠢ᠎ᠶᠢᠨ ᠥᠷᠲᠡᠭ᠎ᠤᠨ ᠤᠯᠠᠷᠢᠯᠲᠠ ᠭᠦᠢᠴᠡᠳ ᠪᠤᠰᠤ᠃ ᠪᠣᠬᠢᠷᠳᠤᠯ ᠦᠭᠡᠢ ᠣᠷᠭᠠᠨᠢᠭ᠋ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠭᠡᠷᠡᠴᠢᠯᠡᠯᠲᠡ ᠵᠢᠨ ᠲᠠᠯᠠᠪᠠᠢ ᠨᠢ ᠵᠥᠪᠭᠡᠨ ᠲᠠᠷᠢᠶᠠᠨ ᠭᠠᠵᠠᠷ᠎ᠤᠨ ᠶᠡᠷᠦᠩᠬᠡᠢ ᠲᠠᠯᠠᠪᠠᠢ᠎ᠶᠢᠨ 9.5%᠎ᠶᠢ ᠡᠵᠡᠯᠡᠵᠦ᠂ ᠪᠦᠭᠦ ᠤᠯᠤᠰ᠎ᠤᠨ 11.8%᠎ᠶᠢᠨ ᠳᠤᠮᠳᠠᠴᠢ ᠬᠢᠷᠢ ᠬᠡᠮᠵᠢᠶ᠎ᠡ᠎ᠠᠴᠠ ᠳᠣᠣᠷ᠎ᠠ ᠪᠠᠢᠵᠤ᠂ ᠪᠣᠬᠢᠷᠳᠤᠯ ᠦᠭᠡᠢ ᠢᠳᠡᠭᠡᠨ᠎ᠤ ᠪᠣᠷᠤᠯᠠᠭᠤᠯᠭ᠎ᠠ᠎ᠶᠢᠨ ᠬᠡᠮᠵᠢᠶ᠎ᠡ ᠮᠥᠨ ᠨᠡᠯᠢᠶᠡᠳ ᠶᠡᠬᠡ ᠲᠡᠭᠡᠭᠰᠢᠯᠡᠭᠦᠯᠭᠦ ᠣᠷᠣᠨ ᠵᠠᠢ ᠲᠡᠢ ᠪᠠᠢᠵᠤ᠂ ᠵᠠᠬ᠎ᠠ ᠳᠡᠯᠭᠡᠭᠦᠷ᠎ᠤᠨ ᠮᠡᠳᠡᠷᠡᠮᠵᠢ᠎ᠶᠢᠨ ᠬᠡᠮᠵᠢᠶ᠎ᠡ ᠬᠠᠷᠠᠬᠠᠨ ᠬᠦᠷᠦᠯᠴᠡᠬᠦ ᠦᠭᠡᠢ ᠪᠠᠢᠭᠰᠠᠭᠠᠷ᠃

(ᠭᠤᠷᠪᠠ ) ᠨᠠᠷᠠᠲᠤ ᠲᠦᠷᠦᠯ ᠲᠡᠮᠳᠡᠭᠲᠦ᠎ᠶᠢᠨ ᠰᠣᠶᠣᠯ᠎ᠤᠨ ᠠᠴᠢᠶᠠᠯᠠᠬᠤ ᠴᠢᠳᠠᠪᠤᠷᠢ ᠭᠦᠢᠴᠡᠳ ᠪᠤᠰᠤ᠃ ᠥᠪᠥᠷ ᠮᠣᠩᠭᠣᠯ᠎ᠤᠨ ᠰᠣᠶᠣᠯ᠎ᠤᠨ ᠡᠯᠧᠮᠧᠨ᠋ᠲ ᠠᠭᠤᠰᠤᠭᠰᠠᠨ ᠦᠢᠯᠡᠳᠬᠦᠨ᠎ᠤ ᠬᠠᠷᠢᠴᠠᠯ ᠵᠥᠪᠭᠡᠨ 22% ᠪᠠᠢᠵᠤ᠂ ᠰᠣᠶᠣᠯ᠎ᠤᠨ ᠨᠡᠮᠡᠯᠲᠡ ᠥᠷᠲᠡᠭ᠎ᠤᠨ ᠬᠤᠪᠢ ᠨᠡᠮᠡᠷᠢ ᠦᠵᠡᠭᠦᠯᠭᠦ ᠨᠣᠷᠮ᠎ᠠ 12% ᠪᠠᠢᠵᠤ᠂ ᠬᠡᠷᠡᠭᠯᠡᠭᠴᠢᠳ᠎ᠤᠨ ᠰᠣᠶᠣᠯ᠎ᠤᠨ ᠠᠭᠤᠯᠤᠭᠳᠠᠬᠤᠨ᠎ᠢ ᠲᠠᠨᠢᠨ ᠮᠡᠳᠡᠷᠡᠬᠦ ᠬᠡᠮᠵᠢᠶ᠎ᠡ ᠨᠢ ᠵᠥᠪᠭᠡᠨ 38% ᠪᠠᠢᠵᠤ᠂ ᠬᠥᠬᠡᠮᠥ᠋ᠷᠡᠨ᠎ᠤ ᠭᠤᠷᠪᠠᠯᠵᠢᠨ ᠬᠣᠢᠭ᠋᠂ ᠵᠦᠵᠢᠶᠠᠩ ᠮᠥᠷᠡᠨ᠎ᠤ ᠭᠤᠷᠪᠠᠯᠵᠢᠨ ᠬᠣᠢᠭ᠋ ᠵᠡᠷᠭᠡ ᠭᠣᠣᠯᠳᠠᠯᠭ᠎ᠠ᠎ᠲᠠᠢ ᠵᠠᠬ᠎ᠠ ᠳᠡᠯᠭᠡᠭᠦᠷ᠎ᠲᠤ ᠡᠵᠡᠯᠡᠬᠦ ᠨᠣᠷᠮ᠎ᠠ ᠨᠢ 4% ᠬᠦᠷᠬᠦ ᠦᠭᠡᠢ ᠪᠠᠢᠵᠤ᠂ ᠨᠠᠷᠠᠲᠤ ᠲᠦᠷᠦᠯ ᠲᠡᠮᠳᠡᠭᠲᠦ᠎ᠶᠢᠨ ᠲᠣᠭ᠎ᠠ ᠬᠡᠮᠵᠢᠶ᠎ᠡ ᠮᠥᠨ ᠴᠥᠭᠡᠨ ᠪᠠᠢᠭᠰᠠᠭᠠᠷ᠃

(ᠳᠥᠷᠪᠡ) ᠠᠵᠤ ᠦᠢᠯᠡᠰ᠎ᠤᠨ ᠬᠡᠯᠬᠢᠶ᠎ᠡ ᠵᠢᠨ ᠬᠠᠮᠵᠢᠯᠴᠠᠬᠤ ᠴᠢᠨᠠᠷ᠎ᠢᠶᠠᠷ ᠴᠢᠩᠭ᠎ᠠ ᠪᠢᠰᠢ᠃ ᠪᠤᠯᠪᠠᠰᠤᠷᠠᠭᠤᠯᠬᠤ ᠠᠵᠤ ᠠᠬᠤᠢᠯᠠᠯ᠎ᠤᠨ ᠣᠯᠠᠩᠬᠢ ᠨᠢ ᠠᠩᠬ᠎ᠠ ᠵᠡᠷᠭᠡ᠎ᠶᠢᠨ᠂ ᠳᠤᠮᠳᠠ ᠵᠡᠷᠭᠡ᠎ᠶᠢᠨ ᠱᠠᠲᠤᠨ᠎ᠳᠤ ᠲᠥᠪᠯᠡᠷᠡᠵᠦ᠂ ᠰᠡᠯᠡᠭᠦᠴᠡᠯ᠎ᠤᠨ ᠢᠳᠡᠭᠡᠨ᠂ ᠴᠢᠳᠠᠮᠵᠢᠲᠤ ᠢᠳᠡᠭᠡᠨ ᠵᠡᠷᠭᠡ ᠤᠯᠠᠨ ᠡᠰᠢᠵᠢᠭᠰᠡᠨ ᠦᠢᠯᠡᠳᠬᠦᠨ᠎ᠤ ᠬᠠᠩᠭᠠᠯᠭ᠎ᠠ ᠬᠦᠷᠦᠯᠴᠡᠬᠦ ᠦᠭᠡᠢ ᠪᠠᠢᠵᠤ᠂ ᠠᠵᠤ ᠦᠢᠯᠡᠰ᠎ᠤᠨ ᠪᠥᠭᠡᠮᠨᠡᠷᠡᠯ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ ᠴᠢᠳᠠᠬᠤ ᠦᠭᠡᠢ ᠪᠠᠢᠵᠤ᠂ ᠠᠰᠢᠭ᠋ ᠲᠤᠰᠠ᠎ᠶᠢᠨ ᠬᠣᠯᠪᠣᠭᠠᠨ᠎ᠤ ᠲᠣᠭᠲᠠᠴᠠ᠎ᠶᠢ ᠲᠡᠭᠦᠯᠳᠡᠷᠵᠢᠭᠦᠯᠬᠦ ᠴᠢᠬᠤᠯᠠᠲᠠᠢ ᠪᠠᠢᠭᠰᠠᠭᠠᠷ᠃

ᠭᠤᠷᠪᠠ᠂ ᠱᠠᠨᠳᠦ᠋ᠩ᠎ᠤᠨ ᠲᠤᠷᠰᠢᠯᠭ᠎ᠠ᠎ᠪᠠᠷ ᠥᠪᠥᠷ ᠮᠣᠩᠭᠣᠯ᠎ᠤᠨ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠠᠪᠬᠤ ᠠᠷᠭ᠎ᠠ ᠬᠡᠮᠵᠢᠶ᠎ᠡ

(ᠨᠢᠭᠡ) ᠪᠦᠭᠦ ᠬᠡᠯᠬᠢᠶᠡᠨ᠎ᠤ ᠪᠦᠯᠦᠭᠵᠢᠯ᠎ᠤᠨ ᠬᠥᠭᠵᠢᠯᠲᠡ᠎ᠶᠢᠨ ᠰᠢᠰᠲᠸᠮ᠎ᠢ ᠪᠠᠢᠭᠤᠯᠤᠨ᠎ᠠ᠃ ᠱᠠᠨᠳᠦ᠋ᠩ᠎ᠤᠨ ᠠᠵᠤ ᠦᠢᠯᠡᠰ᠎ᠤᠨ ᠪᠦᠯᠦᠭᠵᠢᠯ᠎ᠢ ᠪᠣᠢᠵᠢᠭᠤᠯᠬᠤ ᠵᠠᠭᠪᠤᠷ᠎ᠢᠶᠠᠷ ᠲᠣᠯᠢ ᠪᠤᠯᠭᠠᠵᠤ᠂ ᠰᠦ᠎ᠶᠢᠨ ᠦᠢᠯᠡᠰ᠂ ᠠᠯᠠᠰᠢᠨ ᠦᠬᠡᠷ᠂ ᠠᠯᠠᠰᠢᠨ ᠬᠣᠨᠢ ᠪᠡᠷ ᠭᠣᠣᠯᠳᠠᠯᠭ᠎ᠠ ᠪᠤᠯᠭᠠᠬ᠍ᠰᠠᠨ ᠠᠵᠤ ᠦᠢᠯᠡᠰ᠎ᠤᠨ ᠬᠡᠯᠬᠢᠶ᠎ᠡ ᠵᠢ ᠪᠠᠢᠭᠤᠯᠵᠤ᠂ ᠪᠡᠭᠡᠵᠢᠩ ᠥᠪᠥᠷ ᠮᠣᠩᠭᠣᠯ᠎ᠤᠨ ᠬᠠᠮᠲᠤᠪᠠᠷ ᠪᠠᠢᠭᠤᠯᠤᠭᠰᠠᠨ 72 ᠠᠵᠤ ᠦᠢᠯᠡᠰ᠎ᠤᠨ ᠬᠦᠷᠢᠶᠡᠯᠡᠩ ᠲᠣᠭᠣᠷᠢᠭ᠋᠎ᠤᠨ ᠲᠠᠰ ᠲᠡᠪᠰᠢᠯᠳᠡ᠎ᠶᠢ ᠠᠬᠢᠭᠤᠯᠵᠤ᠂ ᠨᠠᠷᠢᠯᠢᠭ᠋ ᠭᠦᠨᠵᠡᠭᠡᠢ ᠡᠳ᠋ᠰᠢᠭᠦᠯᠬᠦ᠂ ᠪᠣᠭᠣᠳᠠᠯᠯᠠᠬᠤ ᠵᠢᠷᠤᠭ ᠲᠥᠯᠥᠪᠯᠡᠭᠡ ᠬᠢᠬᠦ ᠲᠤᠰᠠᠯᠠᠬᠤ ᠲᠥᠷᠦᠯ ᠵᠦᠢᠯ᠎ᠢ ᠣᠨᠣᠴᠠᠲᠠᠢ ᠣᠷᠣᠭᠤᠯᠤᠨ ᠠᠪᠴᠢᠷᠠᠨ᠎ᠠ᠃ 《ᠭᠡᠯᠭᠢᠶ᠎ᠠ ᠵᠢᠨ ᠠᠵᠤ ᠠᠬᠤᠢᠯᠠᠯ + ᠲᠤᠰᠬᠠᠢ ᠬᠤᠷᠰᠢᠶ᠎ᠠ + ᠮᠠᠯᠴᠢᠨ ᠲᠠᠷᠢᠶᠠᠴᠢᠨ ᠡᠷᠦᠭᠡ》᠎ᠵᠢᠨ ᠵᠠᠭᠪᠤᠷ᠎ᠢ ᠳᠡᠯᠭᠡᠷᠡᠭᠦᠯᠵᠦ᠂ ᠵᠠᠭᠤᠨ ᠳ᠋ᠦᠩᠰᠢᠭᠤᠷ ᠲᠡᠰ᠎ᠤᠨ ᠣᠨᠴᠠᠯᠢᠭ᠍ᠲᠤ ᠠᠵᠤ ᠦᠢᠯᠡᠰ᠎ᠤᠨ ᠪᠦᠯᠦᠭᠵᠢᠯ᠎ᠢ ᠪᠣᠢᠵᠢᠭᠤᠯᠵᠤ᠂ 2027 ᠣᠨ᠎ᠳᠤ ᠨᠢᠭᠡ ᠪᠦᠯᠦᠭ ᠠᠷᠪᠠᠨ ᠳ᠋ᠦᠩᠰᠢᠭᠤᠷ ᠲᠡᠰ᠎ᠤᠨ᠂ ᠵᠠᠭᠤᠨ ᠳ᠋ᠦᠩᠰᠢᠭᠤᠷ ᠲᠡᠰ᠎ᠤᠨ ᠠᠵᠤ ᠦᠢᠯᠡᠰ᠎ᠤᠨ ᠬᠡᠯᠬᠢᠶ᠎ᠠ᠎ᠲᠠᠢ ᠪᠤᠯᠬᠤ᠎ᠪᠠᠷ ᠴᠢᠷᠮᠠᠢᠵᠤ᠂ ᠠᠵᠤ ᠦᠢᠯᠡᠰ᠎ᠤᠨ ᠬᠥᠭᠵᠢᠯᠲᠡ᠎ᠶᠢ 《ᠲᠠᠩ ᠴᠡᠭ᠎ᠢᠶᠠᠷ ᠲᠠᠷᠢᠵᠤ ᠲᠡᠵᠢᠭᠡᠨ ᠦᠷᠡᠵᠢᠭᠦᠯᠬᠦ》᠎ᠡᠴᠠ 《ᠪᠦᠭᠦ ᠬᠡᠯᠬᠢᠶ᠎ᠡ᠎ᠶᠢᠨ ᠪᠦᠯᠦᠭᠵᠢᠯ᠎ᠤᠨ ᠦᠷᠳᠡᠭ ᠨᠡᠮᠡᠭᠳᠡᠭᠦᠯᠬᠦ》 ᠲᠡᠢᠰᠢ ᠬᠤᠪᠢᠷᠠᠭᠤᠯᠬᠤ᠎ᠶᠢ ᠠᠬᠢᠭᠤᠯᠤᠨ᠎ᠠ᠃

(ᠬᠣᠶᠠᠷ) ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠴᠢᠳᠠᠪᠤᠷᠢ ᠣᠯᠭᠣᠬᠤ᠎ᠶᠢ ᠴᠢᠩᠭᠠᠷᠠᠭᠤᠯᠤᠨ᠎ᠠ᠃ ᠤᠯᠤᠰ᠎ᠤᠨ ᠰᠦ᠎ᠶᠢᠨ ᠦᠢᠯᠡᠰ᠎ᠤᠨ ᠮᠡᠷᠭᠡᠵᠢᠯ᠎ᠤᠨ ᠰᠢᠨ᠎ᠡ᠎ᠶᠢ ᠡᠭᠦᠳᠬᠦ ᠲᠥᠪ᠂ ᠡᠪᠡᠰᠦᠨ᠎ᠤ ᠦᠢᠯᠡᠰ᠎ᠤᠨ ᠮᠡᠷᠭᠡᠵᠢᠯ᠎ᠤᠨ ᠰᠢᠨ᠎ᠡ᠎ᠶᠢ ᠡᠭᠦᠳᠬᠦ ᠲᠥᠪ᠎ᠤᠨ ᠪᠠᠢᠭᠤᠯᠤᠯᠲᠠ᠎ᠶᠢ ᠲᠦᠷᠭᠡᠳᠬᠡᠵᠦ᠂ ᠠᠵᠤ ᠦᠢᠯᠡᠰ᠎ᠤᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠰᠢᠨ᠎ᠡ᠎ᠶᠢ ᠡᠭᠦᠳᠬᠦ ᠬᠣᠯᠪᠣᠭᠠᠲᠤ ᠴᠣᠭᠴᠠ᠎ᠶᠢ ᠵᠣᠬᠢᠶᠠᠨ ᠪᠠᠢᠭᠤᠯᠬᠤ᠂ ᠪᠣᠬᠢᠷᠳᠤᠯ  ᠦᠭᠡᠢ ᠲᠠᠷᠢᠵᠤ ᠲᠡᠵᠢᠭᠡᠬᠦ᠂ ᠨᠠᠷᠢᠯᠢᠭ᠋ ᠡᠳ᠋ᠰᠢᠭᠦᠯᠬᠦ ᠵᠡᠷᠭᠡ ᠵᠠᠩᠭᠢᠯᠠᠭ᠎ᠠ᠎ᠶᠢᠨ ᠭᠣᠭᠴᠣᠭᠠᠨ᠎ᠤ ᠮᠡᠷᠭᠡᠵᠢᠯ᠎ᠤᠨ ᠪᠣᠭᠣᠮᠲᠠ ᠰᠢᠪᠲᠤᠯᠤᠨ᠎ᠠ᠃ ᠱᠠᠨᠳᠦ᠋ᠩ᠎ᠤᠨ ᠲᠥᠬᠦᠭᠡᠷᠦᠮᠵᠢ᠎ᠳᠤ ᠨᠥᠬᠥᠪᠦᠷᠢ ᠥᠭᠬᠦ ᠲᠥᠷᠦ᠎ᠶᠢᠨ ᠪᠣᠳᠣᠯᠭ᠎ᠠ᠎ᠪᠠᠷ ᠯᠠᠪᠯᠠᠯᠲᠠ ᠪᠤᠯᠭᠠᠵᠤ᠂ ᠠᠵᠤ ᠠᠬᠤᠢᠯᠠᠯ᠎ᠤᠨ ᠣᠶᠤᠨᠴᠢ᠎ᠪᠠᠷ ᠢᠯᠭᠠᠬᠤ᠂ ᠲᠣᠭᠠᠴᠢᠯᠠᠭᠰᠠᠨ ᠪᠤᠯᠪᠠᠰᠤᠷᠠᠭᠤᠯᠬᠤ ᠲᠣᠨᠣᠭᠯᠠᠯ᠎ᠢ ᠣᠷᠣᠭᠤᠯᠤᠨ ᠠᠪᠴᠢᠷᠠᠬᠤ᠎ᠶᠢ ᠳᠡᠮᠵᠢᠵᠦ᠂ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠵᠢᠵᠢᠭ ᠬᠦᠷᠢᠶᠡᠯᠡᠩ᠎ᠤᠨ ᠬᠠᠮᠤᠷᠬᠤ ᠬᠡᠪᠴᠢᠶ᠎ᠡ᠎ᠶᠢ ᠥᠷᠭᠡᠳᠬᠡᠵᠦ᠂ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠰᠢᠨ᠎ᠡ᠎ᠶᠢ ᠡᠭᠦᠳᠬᠦ᠎ᠪᠠᠷ ᠬᠥᠳᠡᠯᠭᠡᠭᠦᠷ ᠪᠤᠯᠭᠠᠬᠤ ᠶᠠᠰᠤ ᠴᠢᠨᠠᠷ᠎ᠢ ᠲᠡᠰ ᠳᠡᠪᠰᠢᠭᠦᠯᠦᠨ᠎ᠡ᠃

(ᠭᠤᠷᠪᠠ) ᠨᠡᠷᠡᠲᠦ ᠲᠦᠷᠦᠯ ᠲᠡᠮᠳᠡᠭᠲᠦ᠎ᠶᠢᠨ ᠥᠷᠲᠡᠭ᠎ᠢ ᠪᠦᠲᠦᠭᠡᠬᠦ᠎ᠶᠢ ᠭᠦᠨᠵᠡᠭᠡᠢᠷᠡᠭᠦᠯᠦᠨ᠎ᠡ᠃ ᠱᠠᠨᠳᠦ᠋ᠩ᠎ᠤᠨ ᠨᠠᠷᠠᠲᠤ ᠲᠦᠷᠦᠯ ᠲᠡᠮᠳᠡᠭᠲᠦ᠎ᠶᠢᠨ ᠪᠣᠷᠤᠯᠠᠭᠤᠯᠭ᠎ᠠ᠎ᠶᠢᠨ ᠲᠤᠷᠰᠢᠯᠭ᠎ᠠ᠎ᠲᠠᠢ ᠬᠠᠷᠢᠴᠠᠭᠤᠯᠵᠤ᠂ 《ᠥᠪᠥᠷ ᠮᠣᠩᠭᠣᠯ》 ᠥᠰᠦᠭ᠎ᠤᠨ ᠭᠡᠷᠡᠴᠢᠯᠡᠯ᠎ᠢ ᠦᠷᠭᠦᠯᠵᠢᠯᠡᠨ ᠴᠢᠩᠭᠠᠳᠬᠠᠵᠤ᠂ ᠪᠣᠬᠢᠷᠳᠤᠯ ᠦᠭᠡᠢ ᠣᠷᠭᠠᠨᠢᠭ᠋ ᠪᠦᠲᠦᠭᠡᠭᠳᠡᠬᠦᠨ᠎ᠤ ᠭᠡᠷᠡᠴᠢᠯᠡᠯ᠎ᠤᠨ ᠬᠡᠪᠴᠢᠶ᠎ᠡ᠎ᠶᠢ ᠥᠷᠭᠡᠳᠬᠡᠨ᠎ᠡ᠃ ᠲᠠᠯ᠎ᠠ ᠨᠤᠲᠤᠭ᠎ᠤᠨ ᠰᠣᠶᠣᠯ᠂ ᠬᠠᠲᠤᠨ ᠭᠣᠣᠯ᠎ᠤᠨ ᠰᠣᠶᠣᠯ᠎ᠤᠨ ᠠᠭᠤᠯᠤᠭᠳᠠᠬᠤᠨ᠎ᠢ ᠠᠭᠤᠳᠠᠯᠵᠤ᠂ ᠥᠪᠥᠷ ᠮᠣᠩᠭᠣᠯ᠎ᠤᠨ ᠣᠨᠴᠠᠯᠢᠭ᠋᠎ᠢ ᠦᠢᠯᠡᠳᠬᠦᠨ᠎ᠤ ᠪᠣᠭᠣᠳᠠᠯ ᠪᠠᠭᠯᠠᠭ᠎ᠠ ᠬᠢᠭᠡᠳ ᠨᠠᠷᠠᠲᠤ ᠲᠦᠷᠦᠯ ᠲᠡᠮᠳᠡᠭ᠎ᠤᠨ ᠦᠯᠢᠭᠡᠷ᠎ᠲᠤ ᠠᠭᠤᠰᠤᠯᠴᠠᠭᠤᠯᠵᠤ᠂ ᠰᠣᠶᠣᠯ᠎ᠤᠨ ᠨᠡᠮᠡᠯᠲᠡ ᠥᠷᠲᠡᠭ᠎ᠢ ᠳᠡᠭᠡᠭᠰᠢᠯᠡᠭᠦᠯᠦᠨ᠎ᠡ᠃ ᠲᠦᠷᠭᠡᠨ᠎ᠤ ᠭᠠᠯᠲᠤ ᠲᠡᠷᠭᠡᠨ ᠳᠡᠭᠡᠷ᠎ᠡ ᠵᠠᠷ ᠲᠠᠯᠪᠢᠬᠤ᠂ ᠪᠦᠭᠦ ᠤᠯᠤᠰ᠎ᠤᠨ ᠳᠡᠯᠭᠡᠨ ᠪᠣᠷᠤᠯᠠᠭᠤᠯᠭ᠎ᠠ᠂ ᠰᠢᠭᠤᠳ ᠨᠡᠪᠲᠡᠷᠡᠭᠦᠯᠭᠡ᠎ᠪᠠᠷ ᠡᠬᠢ ᠡᠭᠦᠰᠦᠯ᠎ᠢ ᠨᠢ ᠮᠥᠷᠳᠡᠬᠦ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ᠂ 《ᠠᠮᠢ ᠠᠬᠤᠢ ᠵᠢᠨ ᠥᠪᠥᠷ ᠮᠣᠩᠭᠣᠯ᠂ ᠪᠣᠬᠢᠷᠳᠤᠯ ᠦᠭᠡᠢ ᠰᠠᠢᠨ ᠦᠨᠦᠷ ᠠᠮᠲᠠ》 ᠵᠢᠨ ᠨᠠᠷᠠᠲᠤ ᠲᠦᠷᠦᠯ ᠲᠡᠮᠳᠡᠭᠲᠦ᠎ᠶᠢᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠵᠦ᠂ ᠬᠥᠬᠡᠮᠥ᠋ᠷᠡᠨ᠎ᠤ ᠭᠤᠷᠪᠠᠯᠵᠢᠨ ᠬᠣᠢᠭ᠋᠂ ᠵᠦᠵᠢᠶᠠᠩ ᠮᠥᠷᠡᠨ᠎ᠤ ᠭᠤᠷᠪᠠᠯᠵᠢᠨ ᠬᠣᠢᠭ᠋ ᠵᠡᠷᠭᠡ ᠭᠣᠣᠯᠳᠠᠯᠭ᠎ᠠ᠎ᠲᠠᠢ ᠵᠠᠬ᠎ᠠ ᠳᠡᠯᠭᠡᠭᠦᠷ᠎ᠲᠠᠬᠢ ᠡᠵᠡᠯᠡᠬᠦ ᠨᠣᠷᠮ᠎ᠠ᠎ᠶᠢ ᠨᠡᠮᠡᠭᠳᠡᠭᠦᠯᠦᠨ᠎ᠡ᠃

(ᠳᠥᠷᠪᠡ) ᠲᠥᠷᠦ᠎ᠶᠢᠨ ᠪᠣᠳᠣᠯᠭ᠎ᠠ᠎ᠶᠢᠨ ᠪᠠᠲᠤᠯᠠᠭ᠎ᠠ᠎ᠶᠢᠨ ᠲᠣᠭᠲᠠᠴᠠ᠎ᠶᠢ ᠲᠡᠭᠦᠯᠳᠡᠷᠵᠢᠭᠦᠯᠦᠨ᠎ᠡ᠃ 《ᠮᠥᠩᠭᠥᠨ ᠭᠦᠢᠯᠭᠡᠭᠡᠨ᠎ᠤ ᠳᠡᠳ᠋ ᠲᠣᠰᠬᠤᠨ᠎ᠤ ᠳᠠᠷᠤᠭ᠎ᠠ》᠎ᠵᠢᠨ ᠦᠢᠯᠡᠴᠢᠯᠡᠭᠡᠨ᠎ᠤ ᠵᠠᠭᠪᠤᠷ᠎ᠢ ᠰᠢᠯᠢᠳᠡᠭᠵᠢᠭᠦᠯᠵᠦ᠂ ᠠᠮᠢᠳᠤ ᠮᠠᠯ᠂ ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ ᠵᠡᠷᠭᠡ᠎ᠪᠠᠷ ᠲᠡᠨᠵᠢᠯᠡᠬᠤ ᠵᠢᠭᠡᠯᠡᠯᠭᠡ᠎ᠶᠢ ᠳᠡᠯᠭᠡᠷᠡᠭᠦᠯᠦᠨ᠂ ᠳᠠᠪᠠᠭᠤᠯᠢᠭ᠋ ᠣᠨᠴᠠᠯᠢᠭ᠋᠎ᠲᠠᠢ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠳᠠᠭᠠᠳᠬᠠᠯ᠎ᠤᠨ ᠬᠠᠮᠤᠷᠬᠤ ᠬᠡᠪᠴᠢᠶ᠎ᠡ᠎ᠶᠢ ᠥᠷᠭᠡᠳᠬᠡᠨ᠎ᠡ᠃ ᠡᠳ᠋᠎ᠤᠨ ᠵᠠᠰᠠᠭ᠎ᠤᠨ ᠪᠡᠯᠡ ᠣᠷᠤᠭᠤᠯᠤᠯᠲᠠ᠎ᠪᠠᠨ ᠨᠡᠮᠡᠭᠳᠡᠭᠦᠯᠵᠦ᠂ ᠮᠠᠯ ᠠᠵᠤ ᠠᠬᠤᠢ ᠲᠠᠷᠢᠶᠠᠯᠠᠩ  ᠎ᠢ ᠳᠡᠮᠵᠢᠬᠦ ᠤᠷᠲᠤ ᠬᠤᠭᠤᠴᠠᠭᠠᠨ᠎ᠤ  ᠤᠨᠴᠠᠭᠠᠢ ᠤᠯᠤᠰ᠎ᠤᠨ ᠵᠢᠭᠡᠯᠡᠯᠭᠡ᠎ᠵᠢᠨ ᠲᠦᠷᠦᠯ ᠵᠦᠢᠯ᠎ᠢ ᠣᠯᠬᠤ ᠪᠠᠷ ᠴᠢᠷᠮᠠᠢᠨ᠎ᠠ᠃ ᠰᠢᠨᠵᠢᠯᠡᠬᠦ ᠤᠬᠠᠭᠠᠨ᠎ᠤ ᠰᠤᠳᠤᠯᠭᠠᠨ᠎ᠤ ᠳᠡᠭᠡᠳᠦ ᠰᠤᠷᠭᠠᠭᠤᠯᠢ ᠯᠤᠭ᠎ᠠ ᠵᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠳ᠋ᠰᠢᠭᠦᠯᠦᠨ ᠪᠤᠯᠪᠠᠰᠤᠷᠠᠭᠤᠯᠬᠤ ᠮᠡᠷᠭᠡᠵᠢᠯ᠂ ᠨᠠᠷᠠᠲᠤ ᠲᠦᠷᠦᠯ ᠲᠡᠮᠳᠡᠭᠲᠦ᠎ᠶᠢ ᠡᠵᠡᠩᠨᠡᠬᠦ ᠵᠡᠷᠭᠡ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠬᠠᠨᠳᠤᠯᠭ᠎ᠠ᠎ᠲᠠᠢ᠎ᠪᠠᠷ ᠬᠥᠮᠥᠵᠢᠭᠦᠯᠵᠦ᠂ 《ᠲᠥᠷᠦ᠎ᠶᠢᠨ ᠪᠣᠳᠣᠯᠭ᠎ᠠ + ᠬᠦᠴᠦᠨ ᠵᠦᠢᠯ + ᠦᠢᠯᠡᠴᠢᠯᠡᠭᠡ》᠎ᠵᠢ ᠬᠠᠮᠵᠢᠯᠴᠠᠨ ᠪᠠᠲᠤᠯᠠᠬᠤ ᠰᠢᠰᠲᠸᠮ᠎ᠢ ᠪᠠᠢᠭᠤᠯᠤᠨ᠎ᠠ᠃

     (ᠵᠣᠬᠢᠶᠠᠬᠴᠢ ᠵᠢᠨ ᠬᠠᠶᠢᠬ᠄ ᠦᠦᠰᠢᠨ ᠬᠣᠰᠢᠭᠣᠨ᠎ᠦ ᠨᠠᠮ᠎ᠦᠨ ᠰᠣᠷᠭᠠᠭᠣᠯᠢ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面