2026-11-16 17:09:06
ᠪᠣᠳᠠᠲᠤ ᠴᠣᠭᠴᠠ᠎ᠶᠢᠨ ᠠᠵᠤ ᠠᠬᠤᠢ᠎ᠳᠤ ᠦᠢᠯᠡᠴᠢᠯᠡᠬᠦ ᠪᠣᠯ ᠮᠥᠩᠭᠥᠨ ᠭᠦᠢᠯᠭᠡᠭᠡᠨ᠎ᠦ ᠦᠨᠳᠦᠰᠦᠨ ᠵᠣᠷᠢᠯᠲᠠ ᠮᠥᠨ᠃ ᠮᠠᠯᠵᠢᠬᠤ ᠣᠷᠣᠨ᠎ᠳᠤ ᠠᠪᠴᠤ ᠬᠡᠯᠡᠪᠡᠯ ᠲᠣᠭᠠᠴᠢᠯᠠᠭᠰᠠᠨ ᠮᠥᠩᠭᠥᠨ ᠭᠦᠢᠯᠭᠡᠭᠡᠨ᠎ᠢ ᠬᠥᠭᠵᠢᠭᠦᠯᠬᠦ ᠳ᠋ᠦ᠂ ᠮᠠᠯᠴᠢᠳ᠎ᠤᠨ ᠠᠵᠢᠯ ᠶᠠᠪᠤᠳᠠᠯ ᠭᠦᠢᠴᠡᠳᠬᠡᠬᠦ᠎ᠳᠦ ᠨᠡᠩ ᠲᠦᠬᠦᠮ ᠦᠵᠡᠭᠦᠯᠬᠦ᠎ᠪᠡᠷ ᠪᠠᠷᠠᠬᠤ ᠦᠭᠡᠢ ᠪᠠᠰᠠ ᠮᠥᠩᠭᠥᠨ ᠭᠦᠢᠯᠭᠡᠭᠡᠨ᠎ᠢᠶᠠᠷ ᠦᠢᠯᠡᠳᠪᠦᠷᠢᠯᠡᠯ ᠡᠵᠡᠩᠨᠡᠯᠲᠡ᠎ᠶᠢ ᠨᠡᠩ ᠪᠦᠲᠦᠮᠵᠢᠲᠡᠢ ᠳᠡᠮᠵᠢᠬᠦ ᠶᠠᠪᠣᠳᠠᠯ ᠪᠣᠯᠣᠨ᠎ᠠ᠃ ᠲᠣᠭᠠᠴᠢᠯᠠᠭᠰᠠᠨ ᠮᠡᠷᠭᠡᠵᠢᠯ᠎ᠦᠨ ᠬᠡᠷᠡᠭᠯᠡᠭᠡ᠎ᠶᠢ ᠮᠠᠯ ᠠᠵᠤ ᠠᠬᠤᠢ᠎ᠶᠢᠨ ᠦᠢᠯᠡᠳᠪᠦᠷᠢᠯᠡᠯ᠎ᠦᠨ ᠦᠶᠡᠯᠡᠯ᠂ ᠠᠵᠤ ᠦᠢᠯᠡᠰ᠎ᠦᠨ ᠬᠥᠭᠵᠢᠯᠲᠡ᠎ᠶᠢᠨ ᠬᠡᠷᠡᠭᠴᠡᠭᠡ ᠱᠠᠭᠠᠷᠳᠠᠯᠭ᠎ᠠ ᠪᠣᠯᠣᠨ ᠭᠡᠷ ᠪᠦᠯᠢ᠎ᠶᠢᠨ ᠣᠷᠣᠯᠭ᠎ᠠ ᠵᠠᠷᠤᠯᠭ᠎ᠠ᠎ᠶᠢᠨ ᠣᠨᠴᠠᠯᠢᠭ᠋᠎ᠲᠠᠢ ᠤᠶᠠᠯᠳᠤᠭᠤᠯᠪᠠᠯ ᠰᠠᠶᠢ ᠦᠢᠯᠡᠴᠢᠯᠡᠭᠡᠨ᠎ᠦ ᠠᠷᠭ᠎ᠠ ᠵᠠᠮ ᠲᠥᠬᠥᠮ ᠲᠦᠳᠡ ᠪᠤᠯᠬᠤ ᠵᠢᠨ ᠲᠠᠭᠠᠣ ᠥᠪᠡᠷ᠎ᠦᠨ ᠥᠷᠲᠡᠭ᠎ᠢ ᠪᠠᠭᠤᠷᠠᠭᠤᠯᠵᠤ᠂ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠣᠷᠣᠯᠭ᠎ᠠ᠎ᠶᠢ ᠲᠣᠭᠲᠠᠭᠤᠨ᠎ᠢᠶᠠᠷ ᠨᠡᠮᠡᠭᠳᠡᠭᠦᠯᠵᠦ ᠴᠢᠳᠠᠨ᠎ᠠ᠃
2025 ᠣᠨ ᠡᠴᠡ 2026 ᠣᠨ ᠪᠣᠯᠲᠠᠯ᠎ᠠ᠂ ᠪᠢ ᠰᠢᠯᠢ᠎ᠶᠢᠨ ᠭᠣᠣᠯ ᠠᠢᠮᠠᠭ᠎ᠤᠨ ᠰᠥᠨᠢᠳ ᠪᠠᠷᠠᠭᠤᠨ ᠬᠣᠰᠢᠭᠤ᠂ ᠠᠪᠠᠭ᠎ᠠ ᠬᠣᠰᠢᠭᠤ ᠪᠣᠯᠣᠨ ᠤᠯᠠᠭᠠᠨᠬᠠᠳᠠ ᠬᠤᠳᠠ᠎ᠶᠢᠨ ᠬᠡᠰᠢᠭᠲᠡᠨ ᠬᠣᠰᠢᠭᠤ᠂ ᠣᠩᠨᠢᠭᠤᠳ ᠬᠣᠰᠢᠭᠤᠨ᠎ᠳᠤ 200 ᠰᠢᠬᠠᠮ ᠮᠠᠯᠴᠢᠨ ᠡᠷᠦᠬᠡ᠎ᠪᠡᠷ ᠲᠤᠭᠤᠷᠢᠨ ᠰᠤᠷᠪᠤᠯᠵᠢᠯᠠᠪᠠ᠃ ᠰᠣᠷᠪᠤᠯᠵᠢᠯᠠᠭ᠎ᠠ ᠳᠤᠮᠳᠠ ᠰᠣᠷᠪᠤᠯᠵᠢᠯᠠᠭ᠎ᠠ ᠬᠦᠯᠢᠶᠡᠭᠰᠡᠨ ᠭᠡᠷ ᠪᠦᠯᠢ᠎ᠶᠢᠨ ᠠᠮᠢᠳᠤᠷᠠᠯ᠎ᠤᠨ ᠬᠢᠷᠢ ᠲᠦᠪᠰᠢᠨ ᠪᠠᠬᠠᠨ ᠳᠡᠭᠡᠭᠰᠢᠯᠡᠵᠦ᠂ ᠲᠡᠷᠭᠡ ᠬᠥᠰᠬᠡ᠂ ᠣᠷᠣᠨ ᠰᠠᠭᠤᠴᠠ᠂ ᠭᠡᠷ᠎ᠦᠨ ᠬᠡᠷᠡᠭᠰᠡᠯ ᠵᠢᠴᠢ ᠲᠠᠷᠢᠶᠠᠯᠠᠩ᠎ᠤᠨ ᠮᠠᠰᠢᠨ ᠵᠡᠷᠭᠡ ᠦᠢᠯᠡᠳᠪᠦᠷᠢᠯᠡᠯ ᠠᠮᠢᠳᠤᠷᠠᠯ᠎ᠤᠨ ᠲᠣᠨᠣᠭ ᠲᠥᠬᠦᠭᠡᠷᠦᠮᠵᠢ᠎ᠶᠢᠨ ᠣᠳᠣᠬᠢᠴᠢᠯᠠᠬᠰᠠᠨ ᠣᠨᠴᠠᠯᠢᠭ᠋ ᠨᠢ ᠨᠠᠩ ᠢᠯᠡᠷᠬᠡᠢ ᠪᠣᠯᠵᠠᠢ᠃ ᠡᠭᠦᠨ᠎ᠦ ᠵᠡᠷᠭᠡ ᠪᠡᠷ ᠬᠡᠰᠡᠭ ᠭᠡᠷ ᠪᠦᠯᠢ᠎ᠶᠢᠨ ᠬᠡᠷᠡᠭᠯᠡᠭᠡᠨ᠎ᠦ ᠵᠠᠷᠤᠯᠭ᠎ᠠ᠎ᠪᠡᠨ ᠲᠣᠬᠢᠷᠠᠭᠣᠯᠣᠬᠰᠠᠨ ᠵᠢᠡᠷ ᠲᠣᠬᠢᠳᠠᠢ ᠪᠢᠰᠢ ᠡᠴᠡ ᠪᠣᠯᠵᠦ᠂ ᠥᠷᠢ ᠥᠭᠴᠡᠭᠡ᠎ᠶᠢᠨ ᠳᠠᠷᠤᠭᠠᠰᠤ ᠨᠡᠮᠡᠭᠳᠡᠵᠦ ᠪᠠᠢᠭ᠎ᠠ ᠪᠠᠢᠳᠠᠯ ᠢᠯᠡᠷᠡᠵᠦ ᠪᠠᠢᠭ᠎ᠠ ᠵᠢ ᠣᠯᠵᠦ ᠬᠠᠷᠠᠯ᠎ᠠ᠃ ᠡᠳᠡᠭᠡᠷ ᠬᠣᠪᠢᠷᠠᠯᠳᠠ ᠨᠢ ᠦᠢᠯᠡᠳᠪᠦᠷᠢᠯᠡᠯ ᠠᠮᠢᠳᠤᠷᠠᠯ᠎ᠤᠨ ᠬᠡᠷᠡᠭᠴᠡᠭᠡᠨ᠎ᠦ ᠬᠤᠪᠢᠷᠠᠯᠲᠠ ᠨᠢ ᠮᠥᠩᠭᠥᠨ ᠭᠦᠢᠯᠭᠡᠭᠡᠨ᠎ᠦ ᠦᠢᠯᠡᠴᠢᠯᠡᠭᠡ᠎ᠶᠢᠨ ᠵᠣᠬᠢᠴᠠᠬᠤ ᠴᠢᠨᠠᠷ᠎ᠲᠤ ᠨᠡᠩ ᠥᠨᠳᠥᠷ ᠱᠠᠭᠠᠷᠳᠠᠯᠭ᠎ᠠ ᠲᠠᠯᠪᠢᠬᠰᠠᠨᠢ ᠰᠡᠷᠡᠵᠦ ᠮᠡᠳᠡᠵᠦ ᠪᠣᠯᠣᠨ᠎ᠠ᠃ ᠲᠤᠭᠠᠴᠢᠯᠠᠬᠰᠠᠨ ᠮᠥᠩᠭᠥᠨ ᠭᠦᠢᠯᠭᠡᠭᠡᠨ᠎ᠢᠶᠡᠷ ᠮᠠᠯᠵᠢᠬᠤ ᠣᠷᠣᠨ᠎ᠦ ᠬᠥᠭᠵᠢᠯᠲᠡ᠎ᠳᠦ ᠦᠢᠯᠡᠴᠢᠯᠡᠭᠦ᠎ᠳᠦ ᠵᠣᠬᠢᠰᠲᠠᠢ ᠪᠡᠯᠡ ᠴᠤᠭᠯᠠᠭᠤᠯᠬᠤ᠂ ᠠᠮᠢᠳᠤᠷᠠᠯ᠎ᠢ ᠳᠡᠮᠵᠢᠬᠦ᠎ᠶᠢ ᠪᠠᠳᠤᠯᠠᠬᠤ ᠵᠡᠷᠭᠡ ᠪᠡᠷ ᠪᠡᠯᠡ ᠮᠥᠩᠭᠥ᠎ᠶᠢᠨ ᠬᠡᠷᠡᠭᠯᠡᠯᠲᠡ᠎ᠶᠢᠨ ᠦᠷ᠎ᠡ ᠠᠰᠢᠭ᠋ ᠪᠣᠯᠣᠨ ᠭᠡᠷ ᠪᠦᠯᠢ᠎ᠶᠢᠨ ᠦᠷᠭᠦᠯᠵᠢᠯᠡᠨ ᠡᠵᠡᠩᠨᠡᠬᠦ ᠴᠢᠳᠠᠪᠤᠷᠢ᠎ᠶᠢ ᠨᠡᠩ ᠢᠯᠡᠭᠦᠦ ᠠᠩᠬᠠᠷᠬᠤ ᠬᠡᠷᠡᠭᠲᠡᠢ᠃
ᠨᠢᠬᠡ᠂ ᠮᠠᠯ ᠠᠵᠤ ᠠᠬᠤᠢ᠎ᠶᠢᠨ ᠡᠵᠡᠩᠨᠡᠯᠲᠡ᠎ᠶᠢᠨ ᠣᠨᠴᠠᠯᠢᠭ᠋᠎ᠲᠤ ᠰᠠᠭᠤᠷᠢᠯᠠᠨ ᠮᠥᠩᠭᠥᠨ ᠭᠦᠢᠯᠭᠡᠭᠡᠨ᠎ᠦ ᠬᠠᠩᠭᠠᠯᠭ᠎ᠠ᠎ᠶᠢᠨ ᠵᠣᠬᠢᠴᠠᠯᠳᠤᠬᠤ ᠴᠢᠨᠠᠷ᠎ᠢ ᠳᠡᠭᠡᠭᠰᠢᠯᠡᠭᠦᠯᠬᠦ ᠬᠡᠷᠡᠭᠳᠡᠢ
ᠮᠠᠯᠵᠢᠬᠤ ᠤᠷᠤᠨ᠎ᠦ ᠦᠢᠯᠡᠳᠪᠦᠷᠢᠯᠡᠯ ᠡᠵᠡᠩᠨᠡᠯᠲᠡ᠎ᠶᠢᠨ ᠪᠦᠬᠦ ᠶᠠᠪᠤᠴᠠ᠎ᠳᠤ ᠮᠥᠩᠭᠥᠨ ᠭᠦᠢᠯᠭᠡᠭᠡᠨ᠎ᠦ ᠦᠢᠯᠡᠴᠢᠯᠡᠬᠡ ᠱᠠᠭᠠᠷᠳᠠᠬᠳᠠᠳᠠᠭ᠃ ᠡᠪᠡᠰᠦ ᠪᠣᠷᠳᠣᠭ᠎ᠠ ᠨᠥᠭᠡᠴᠡᠯᠡᠬᠦ᠂ ᠮᠠᠯ ᠤᠨᠤᠭ᠎ᠠ᠎ᠶᠢᠨ ᠭᠡᠮ ᠬᠢᠵᠢᠭ᠎ᠢ ᠰᠡᠷᠭᠡᠢᠯᠡᠬᠦ᠂ ᠬᠠᠰᠢᠶ᠎ᠠ ᠰᠠᠷᠠᠪᠴᠢ ᠵᠠᠰᠠᠨ ᠥᠭᠡᠷᠡᠴᠢᠯᠡᠬᠦ᠂ ᠲᠥᠬᠦᠭᠡᠷᠦᠮᠵᠢ ᠬᠤᠳᠠᠯᠳᠤᠨ ᠠᠪᠬᠤ᠎ᠳᠤ ᠪᠡᠯᠡ ᠮᠥᠩᠭᠥ ᠬᠡᠷᠡᠭᠳᠡᠢ᠃ ᠮᠠᠯ᠎ᠤᠨ ᠠᠰᠢᠭ᠋ ᠰᠢᠮ᠎ᠡ ᠪᠠᠨ ᠪᠣᠷᠣᠯᠠᠭᠤᠯᠬᠤ᠂ ᠡᠳ᠋ ᠪᠠᠷᠠᠭᠠᠨ᠎ᠦ ᠵᠣᠭᠣᠰ ᠵᠢᠡᠨ ᠳ᠋ᠥᠩᠨᠡᠨ ᠪᠣᠳᠣᠬᠤ᠎ᠳᠤ ᠳᠥᠭᠥᠮ ᠳᠥᠲᠡ ᠮᠦᠩᠭᠦᠨ ᠬᠦᠢᠯᠭᠡᠭᠡᠨᠦ ᠦᠢᠯᠡᠴᠢᠯᠡᠭᠡ ᠬᠡᠷᠡᠭᠲᠡᠢ᠃ ᠮᠥᠩᠭᠥᠨ ᠭᠦᠢᠯᠭᠡᠭᠡᠨ᠎ᠦ ᠦᠢᠯᠡᠳᠬᠦᠨ᠎ᠢ ᠪᠣᠳᠠᠲᠠᠢ ᠡᠵᠡᠩᠨᠡᠯᠲᠡ᠎ᠶᠢᠨ ᠭᠣᠭᠴᠣᠭ᠎ᠠ᠎ᠳᠤ ᠣᠷᠣᠭᠤᠯᠪᠡᠯ ᠰᠠᠶᠢ ᠲᠣᠭᠠᠴᠢᠯᠠᠭᠰᠠᠨ ᠦᠢᠯᠡᠴᠢᠯᠡᠭᠡᠨᠢ ᠮᠠᠯᠴᠢᠳ᠎ᠤᠨ ᠬᠡᠷᠡᠭᠴᠡᠭᠡ ᠵᠢ ᠦᠨᠡᠨ ᠬᠦ᠌ ᠬᠠᠩᠭᠠᠵᠦ ᠴᠢᠳᠠᠨ᠎ᠠ᠃
ᠮᠠᠯ ᠠᠵᠤ ᠠᠬᠤᠢ᠎ᠶᠢᠨ ᠦᠢᠯᠡᠳᠪᠦᠷᠢᠯᠡᠯ᠎ᠳᠦ ᠪᠡᠯᠡ ᠣᠷᠣᠭᠤᠯᠬᠤ ᠪᠠ ᠠᠴᠢ ᠬᠠᠷᠢᠭᠤᠯᠳᠠ ᠤᠯᠬᠤ᠎ᠨᠢ ᠶᠡᠷᠦ᠎ᠨᠢ ᠴᠠᠭ᠎ᠤᠨ ᠵᠥᠷᠢᠶ᠎ᠡ ᠲᠠᠢ ᠪᠠᠢᠳᠠᠭ᠃ ᠬᠡᠰᠡᠭ ᠵᠠᠷᠤᠯᠭ᠎ᠠ᠎ᠶᠢ ᠤᠷᠢᠳᠴᠢᠯᠠᠨ ᠲᠣᠬᠢᠷᠠᠭᠤᠯᠬᠤ ᠴᠢᠬᠤᠯᠠᠳᠠᠢ ᠪᠠᠢᠳᠠᠭ᠃ ᠮᠠᠯᠵᠢᠡᠨ ᠬᠣᠳᠠᠯᠳᠣᠬᠣ᠂ ᠮᠠᠯ᠎ᠦᠨ ᠠᠰᠢᠬ ᠰᠢᠮ᠎ᠡ ᠪᠡᠨ ᠪᠣᠷᠣᠯᠠᠭᠣᠯᠬᠣ ᠦᠶᠡᠰ ᠰᠠᠶᠢ ᠣᠷᠣᠯᠭ᠎ᠠ ᠣᠷᠣᠵᠦ ᠢᠷᠡᠳᠡᠭ᠃ ᠵᠢᠭᠡᠯᠡᠯᠭᠡ᠎ᠶᠢᠨ ᠬᠤᠭᠤᠴᠠᠭ᠎ᠠ ᠨᠢ ᠡᠨᠡ ᠬᠦ᠌ ᠦᠶᠡᠯᠡᠯ᠎ᠦᠨ ᠬᠤᠭᠤᠴᠠᠭ᠎ᠠ ᠲᠠᠢ ᠰᠠᠢᠬᠠᠨ ᠵᠤᠯᠭᠠᠵᠤ ᠴᠢᠳᠠᠬᠣ ᠦᠭᠡᠢ ᠪᠣᠯ ᠪᠡᠯᠡ ᠪᠡᠨ ᠣᠯᠵᠦ ᠲᠡᠢᠯᠦᠬᠡ ᠦᠬᠡᠢ᠂ ᠵᠢᠭᠡᠯᠡᠯᠭᠡ᠎ᠶᠢᠨ ᠬᠤᠭᠤᠴᠠᠭ᠎ᠠ ᠨᠢᠴᠤ ᠲᠣᠯᠴᠢᠬᠠᠨᠠ᠃ ᠡᠢᠮᠦ᠎ᠡᠴᠡ ᠦᠢᠯᠡᠴᠢᠯᠡᠭᠡᠨ᠎ᠦ ᠰᠢᠨ᠎ᠡ ᠡᠭᠦᠳᠦᠯᠲᠡ ᠨᠢ ᠭᠤᠶᠤᠴᠢᠯᠠᠬᠤ ᠶᠠᠪᠤᠴᠠ᠎ᠶᠢ ᠭᠠᠷ ᠤᠲᠠᠰᠤᠨ ᠳᠡᠭᠡᠷ᠎ᠡ ᠬᠦᠢᠴᠡᠳᠬᠡᠬᠦ ᠪᠣᠯᠭᠠᠬᠰᠠᠨ ᠵᠢᠡᠷ ᠵᠣᠬᠰᠣᠬᠣ ᠲᠡᠳᠦᠢ ᠪᠢᠰᠢ ᠪᠠᠰᠠ ᠵᠢᠬᠡᠯᠡᠯᠭᠡ ᠵᠢᠨ ᠲᠣᠭ᠎ᠠ ᠬᠡᠮᠵᠢᠶ᠎ᠡ ᠵᠢ ᠦᠨᠡᠯᠡᠨ ᠵᠢᠱ᠌ᠢᠬᠦ᠂ ᠬᠡᠵᠢᠶ᠎ᠡ ᠪᠣᠴᠠᠭᠠᠬᠣ ᠵᠢ ᠲᠣᠬᠢᠷᠠᠭᠣᠯᠬᠣ᠎ᠳᠦ ᠪᠦᠷ ᠪᠣᠳᠠᠳᠠᠢ ᠡᠴᠡ ᠡᠬᠦᠰᠦᠭᠰᠡᠨ ᠪᠠᠢᠬᠣ ᠬᠡᠷᠡᠭᠳᠡᠢ᠃
ᠮᠥᠩᠭᠥᠨ ᠭᠦᠢᠯᠭᠡᠭᠡᠨ᠎ᠦ ᠪᠠᠢᠭᠤᠯᠤᠮᠵᠢ ᠨᠢ ᠰᠦᠯᠵᠢᠶᠡᠨ ᠳᠡᠭᠡᠷ᠎ᠡ ᠠᠰᠠᠭᠤᠨ ᠯᠠᠪᠯᠠᠬᠤ ᠪᠠ ᠡᠷᠦᠬᠡ᠎ᠳᠦ ᠣᠷᠣᠵᠤ ᠰᠤᠷᠪᠤᠯᠵᠢᠯᠠᠬᠤ᠎ᠶᠢ ᠤᠶᠠᠯᠳᠤᠭᠤᠯᠬᠤ ᠠᠷᠭ᠎ᠠ ᠮᠠᠶᠢᠭ᠋᠎ᠢᠶᠠᠷ ᠳᠠᠮᠵᠢᠨ ᠡᠵᠡᠩᠨᠡᠯᠲᠡ᠎ᠶᠢᠨ ᠣᠷᠣᠯᠭ᠎ᠠ᠂ ᠦᠢᠯᠡᠳᠪᠦᠷᠢᠯᠡᠯ᠎ᠦᠨ ᠥᠪᠡᠷ᠎ᠦᠨ ᠥᠷᠲᠡᠭ᠂ ᠴᠢᠬᠤᠯᠠ ᠪᠦᠬᠦᠢ ᠠᠮᠢᠳᠤᠷᠠᠯ᠎ᠤᠨ ᠵᠠᠷᠤᠯᠭ᠎ᠠ ᠪᠠ ᠥᠷᠢ ᠥᠭᠴᠡᠭᠡ᠎ᠶᠢ ᠣᠢᠯᠠᠭᠠᠬᠰᠠᠨ ᠰᠠᠭᠣᠷᠢᠨ ᠲᠡᠭᠡᠷ᠎ᠡ ᠨᠢᠬᠡᠳᠦᠯᠳᠡᠢ ᠲᠦᠯᠦᠪᠯᠡᠨ᠎ᠡ᠃ ᠡᠳᠦᠷ ᠲᠣᠳᠣᠮ᠎ᠦᠨ ᠦᠢᠯᠡᠳᠪᠦᠷᠢᠯᠡᠯ᠎ᠦᠨ ᠡᠷᠬᠢᠯᠳᠡᠳᠦ᠂ ᠪᠣᠷᠣᠯᠠᠭᠣᠯᠣᠬᠰᠠᠨᠦ ᠲᠠᠷᠠᠭᠠᠬᠢ ᠣᠷᠣᠯᠭ᠎ᠠ ᠲᠠᠢ ᠨᠢ ᠵᠣᠯᠭᠠᠭᠣᠯᠬᠣ ᠵᠢᠬᠡᠯᠡᠯᠭᠡ ᠪᠣᠴᠠᠭᠠᠬᠣ ᠲᠦᠯᠦᠪᠯᠡᠭᠡ ᠵᠢ ᠬᠠᠢᠨ ᠰᠦᠪᠡᠭᠴᠢᠯᠡᠵᠦ ᠪᠣᠯᠣᠨ᠎ᠠ᠃ᠬᠠᠰᠢᠶ᠎ᠠ ᠰᠠᠷᠠᠪᠴᠢ ᠵᠢᠨ ᠵᠠᠰᠠᠨ ᠦᠬᠡᠷᠡᠴᠢᠯᠡᠯᠳᠡ᠂ ᠦᠢᠯᠡᠳᠪᠦᠷᠢᠯᠡᠯ᠎ᠦᠨ ᠲᠣᠨᠣᠭ ᠲᠦᠬᠦᠬᠡᠷᠦᠮᠵᠢ ᠵᠢ ᠰᠢᠨᠡᠴᠢᠯᠡᠬᠦ ᠵᠡᠷᠭᠡ ᠪᠡᠯᠡ ᠣᠷᠣᠭᠣᠯᠣᠯᠳᠠ ᠨᠢ ᠦᠶᠡᠯᠡᠯ ᠪᠣᠯᠣᠨ ᠠᠰᠢᠬ ᠣᠷᠣᠯᠭ᠎ᠠ ᠣᠯᠬᠣ ᠴᠠᠭ ᠲᠠᠢ ᠣᠶᠠᠯᠳᠣᠭᠣᠯᠣᠨ ᠵᠣᠬᠢᠰᠳᠠᠢ ᠬᠢᠵᠠᠭᠠᠷ ᠲᠣᠭᠳᠠᠭᠠᠪᠠᠯ ᠵᠣᠬᠢᠨ᠎ᠠ᠃
ᠮᠦᠩᠬᠦᠨ ᠬᠦᠢᠯᠬᠡᠬᠡᠨ᠎ᠦ ᠲᠡᠮᠵᠢᠯᠬᠡ ᠵᠢ ᠪᠠᠰᠠ ᠮᠠᠯ ᠪᠡᠯᠴᠢᠬᠡᠷ᠎ᠢ ᠲᠡᠩᠴᠡᠬᠦᠷᠢᠰᠢᠬᠦᠯᠬᠦ ᠪᠡ ᠡᠬᠢ ᠪᠠᠶᠠᠯᠢᠬ᠎ᠦᠨ ᠨᠦᠬᠦᠴᠡᠯ ᠲᠠᠢ ᠬᠠᠷᠢᠯᠴᠠᠨ ᠵᠣᠬᠢᠴᠠᠭᠣᠯᠣᠨᠠ᠃ ᠪᠡᠯᠡ ᠣᠷᠣᠭᠣᠯᠬᠣ ᠵᠢ ᠬᠦᠳᠦᠯᠵᠦ ᠪᠠᠢᠭᠠᠳ ᠶᠠᠰᠣ ᠴᠢᠨᠠᠷ᠎ᠢ ᠨᠡᠮᠡᠭᠳᠡᠬᠦᠯᠦᠨ ᠦᠷ᠎ᠡ ᠠᠰᠢᠬ᠎ᠢ ᠲᠡᠭᠡᠭᠰᠢᠯᠡᠬᠦᠯᠬᠦ ᠳᠦ ᠦᠢᠯᠡᠴᠢᠯᠡᠬᠦᠯᠵᠦ᠂ ᠡᠵᠡᠩᠨᠡᠯᠳᠡ ᠵᠢᠨ ᠠᠰᠢᠬ ᠣᠷᠣᠯᠭ᠎ᠠ ᠪᠣᠯᠣᠨ ᠠᠮᠢ ᠠᠬᠣᠢ ᠵᠢᠨ ᠬᠠᠮᠠᠭᠠᠯᠠᠯᠳᠠ ᠵᠢ ᠨᠡᠩ ᠰᠠᠢᠳᠣᠷ ᠣᠶᠠᠯᠳᠣᠭᠣᠯᠬᠤ ᠬᠡᠷᠡᠭᠳᠡᠢ᠃
ᠬᠣᠶᠡᠷ᠂ ᠢᠲᠡᠭᠡᠮᠵᠢ᠎ᠶᠢᠨ ᠮᠡᠳᠡᠭᠡ ᠵᠠᠩᠭᠢ᠎ᠶᠢᠨ ᠦᠢᠯᠡᠴᠢᠯᠡᠭᠡ᠎ᠶᠢ ᠲᠡᠭᠦᠯᠳᠡᠷᠵᠢᠭᠦᠯᠬᠦ ᠬᠡᠷᠡᠭᠳᠡᠢ
ᠮᠠᠯ ᠠᠵᠤ ᠠᠬᠤᠢ᠎ᠶᠢᠨ ᠦᠢᠯᠡᠳᠪᠦᠷᠢᠯᠡᠯ᠎ᠳᠦ ᠦᠪᠡᠷᠮᠢᠴᠡ ᠣᠨᠴᠠᠯᠢᠭ᠋᠎ᠲᠠᠢ᠂ ᠮᠠᠯ ᠤᠨᠤᠭ᠎ᠠ ᠵᠡᠷᠭᠡ ᠦᠢᠯᠡᠳᠪᠦᠷᠢᠯᠡᠯ᠎ᠦᠨ ᠴᠢᠨᠠᠷᠲᠠᠢ ᠡᠳ᠋ ᠬᠥᠷᠥᠩᠭᠡ᠎ᠶᠢᠨ ᠥᠷᠲᠡᠭ᠂ ᠪᠣᠷᠣᠯᠠᠭᠤᠯᠤᠨ ᠬᠤᠳᠠᠯᠳᠤᠭᠰᠠᠨ ᠣᠷᠣᠯᠭ᠎ᠠ᠎ᠶᠢᠨ ᠤᠯᠠᠷᠢᠯ᠎ᠤᠨ ᠴᠢᠨᠠᠷᠲᠠᠢ ᠵᠢᠴᠢ ᠥᠪᠡᠷ᠎ᠦᠨ ᠥᠷᠲᠡᠭ᠎ᠦᠨ ᠬᠡᠯᠪᠡᠯᠵᠡᠯ᠎ᠢ ᠴᠥᠮ ᠢᠲᠡᠭᠡᠮᠵᠢ᠎ᠶᠢᠨ ᠦᠨᠡᠯᠡᠯᠲᠡ᠎ᠳᠦ ᠵᠣᠬᠢᠰᠲᠠᠢ ᠢᠯᠡᠷᠡᠭᠦᠯᠬᠦ ᠴᠢᠬᠤᠯᠠᠲᠠᠢ ᠶᠤᠮ᠃ ᠡᠳ᠋ ᠬᠥᠷᠥᠩᠭᠡ᠎ᠶᠢᠨ ᠬᠡᠪᠴᠢᠶ᠎ᠡ᠎ᠨᠢ ᠯᠠᠪᠯᠠᠯᠳᠠ ᠪᠣᠯᠵᠦ ᠪᠣᠯᠣᠨ᠎ᠠ᠂ ᠭᠡᠪᠡᠴᠦ ᠲᠡᠭᠦᠨ᠎ᠢ ᠰᠢᠭᠤᠳ ᠥᠷᠢ ᠲᠥᠯᠥᠬᠦ ᠴᠢᠳᠠᠪᠤᠷᠢ᠎ᠲᠠᠢ ᠲᠡᠩᠴᠡᠬᠦᠦ ᠪᠡᠷ ᠦᠵᠡᠵᠦ ᠪᠣᠯᠬᠤ ᠦᠭᠡᠢ᠂ᠰᠦᠯᠵᠢᠶᠡᠨ ᠳᠡᠭᠡᠷᠡᠬᠢ ᠠᠷᠠᠯᠵᠢᠶᠠᠨ᠎ᠤ ᠲᠡᠮᠳᠡᠭᠯᠡᠯ᠎ᠢ ᠴᠦ᠍ ᠪᠣᠳᠠᠲᠠᠢ ᠦᠢᠯᠡᠳᠪᠦᠷᠢᠯᠡᠯ᠎ᠦᠨ ᠪᠠᠢᠳᠠᠯ᠎ᠲᠠᠢ ᠤᠶᠠᠯᠳᠤᠭᠤᠯᠤᠨ ᠵᠠᠳᠠᠯᠬᠤ ᠴᠢᠬᠤᠯᠠᠲᠠᠢ᠃
ᠬᠠᠤᠯᠢ ᠲᠣᠭᠲᠠᠭᠠᠯ᠎ᠳᠦ ᠨᠡᠢᠴᠡᠭᠦᠯᠦᠨ᠂ ᠴᠢᠬᠤᠯᠠ ᠪᠦᠬᠦᠢ ᠡᠷᠬᠡ ᠣᠯᠭᠣᠬᠰᠠᠨ ᠰᠠᠭᠤᠷᠢᠨ ᠳᠡᠭᠡᠷ᠎ᠡ᠂ ᠪᠣᠳᠠᠲᠠᠢ ᠲᠤᠬᠠᠢᠯᠠᠭᠰᠠᠨ ᠠᠵᠢᠯ᠎ᠦᠨ ᠬᠡᠷᠡᠭᠴᠡᠭᠡ᠎ᠵᠢᠨ ᠲᠣᠭᠣᠷᠢᠨ᠎ᠳᠦ ᠦᠢᠯᠡᠳᠪᠦᠷᠢᠯᠡᠯ᠎ᠦᠨ ᠲᠡᠮᠳᠡᠭᠯᠡᠯ᠂ ᠬᠤᠳᠠᠯᠳᠤᠨ ᠠᠪᠣᠬᠰᠠᠨ ᠪᠠ ᠪᠣᠷᠣᠯᠠᠭᠤᠯᠣᠬᠰᠠᠨ ᠭᠡᠷᠡᠴᠢ ᠪᠠᠷᠢᠮᠲᠠ᠂ ᠳᠠᠭᠠᠳᠬᠠᠯ ᠵᠡᠷᠭᠡ ᠮᠡᠳᠡᠭᠡ ᠵᠠᠩᠭᠢ᠎ᠶᠢ ᠠᠰᠢᠬᠯᠠᠵᠦ᠂ ᠮᠠᠯ ᠠᠵᠤ ᠠᠬᠤᠢ᠎ᠶᠢᠨ ᠣᠨᠴᠠᠯᠢᠭ᠋᠎ᠲᠤ ᠲᠣᠬᠢᠷᠠᠭᠰᠠᠨ ᠢᠲᠡᠭᠡᠮᠵᠢ᠎ᠶᠢᠨ ᠦᠨᠡᠯᠡᠯᠲᠡ᠎ᠶᠢ ᠲᠡᠭᠦᠯᠳᠡᠷᠵᠢᠭᠦᠯᠬᠦ ᠬᠡᠷᠡᠭᠲᠡᠢ᠃ ᠡᠵᠡᠩᠨᠡᠯᠲᠡ᠎ᠶᠢᠨ ᠪᠠᠢᠳᠠᠯ᠎ᠢ ᠮᠠᠭᠠᠳᠯᠠᠬᠤ᠎ᠳᠤ᠂ ᠲᠣᠭᠠᠴᠢᠯᠠᠭᠰᠠᠨ ᠮᠡᠳᠡᠭᠡ ᠵᠠᠩᠭᠢ᠎ᠶᠢ ᠴᠢᠬᠤᠯᠠ ᠪᠦᠬᠦᠢ ᠪᠣᠳᠠᠲᠠᠢ ᠭᠠᠵᠠᠷ ᠲᠤᠨᠢ ᠬᠢᠨᠠᠨ ᠬᠠᠷᠭᠤᠭᠤᠯᠬᠤ᠎ᠲᠠᠢ ᠤᠶᠠᠯᠳᠤᠭᠤᠯᠵᠤ᠂ ᠦᠩᠬᠡᠷᠡᠭᠰᠡᠨᠦ ᠭᠡᠷ᠎ᠡ ᠪᠡᠨ ᠭᠦᠢᠴᠡᠳᠬᠡᠬᠰᠡᠨᠢ ᠪᠠᠢᠴᠠᠭᠠᠬᠣ ᠪᠡᠷ ᠪᠠᠷᠠᠬᠣ ᠦᠬᠡᠢ ᠪᠠᠰᠠ ᠪᠣᠳᠠᠲᠤ ᠠᠰᠢᠭ᠋ ᠣᠷᠣᠯᠭ᠎ᠠ ᠪᠠ ᠵᠠᠯᠭᠠᠵᠦ ᠪᠡᠯᠡ ᠮᠥᠩᠭᠥ ᠲᠣᠬᠢᠷᠠᠭᠤᠯᠬᠣ ᠵᠢ ᠠᠩᠬᠠᠷᠴᠤ᠂ ᠢᠲᠡᠭᠡᠮᠵᠢ ᠣᠯᠭᠣᠬᠤ ᠣᠨᠣᠪᠴᠢᠲᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ᠃
ᠢᠳᠡᠭᠡᠮᠵᠢ ᠵᠢᠨ ᠦᠢᠯᠡᠴᠢᠯᠡᠬᠡ ᠵᠢᠨ ᠰᠠᠢᠵᠢᠷᠠᠭᠣᠯᠣᠯᠳᠠ ᠨᠢ ᠪᠡᠯᠡ ᠴᠣᠭᠯᠠᠭᠣᠯᠬᠣ ᠨᠦᠬᠦᠴᠡᠯ ᠪᠣᠯᠣᠨ ᠪᠣᠳᠠᠳᠠᠢ ᠣᠷᠣᠰᠢᠵᠦ ᠪᠦᠬᠦᠢ ᠠᠶᠣᠯ ᠲᠦᠭᠰᠢᠬᠦᠷᠢ ᠲᠠᠢ ᠨᠡᠩ ᠲᠣᠬᠢᠷᠠᠯᠴᠠᠭᠰᠠᠨ ᠪᠠᠢᠪᠠᠯ ᠵᠣᠬᠢᠨ᠎ᠠ᠃ ᠮᠥᠩᠭᠥᠨ ᠭᠦᠢᠯᠭᠡᠭᠡᠨ᠎ᠦ ᠪᠠᠢᠭᠤᠯᠤᠮᠵᠢ ᠨᠢ ᠮᠠᠯᠵᠢᠬᠤ ᠣᠷᠣᠨ᠎ᠤ ᠡᠵᠡᠩᠨᠡᠯᠲᠡ᠎ᠶᠢᠨ ᠬᠤᠪᠢᠷᠠᠯᠲᠠ᠎ᠲᠠᠢ ᠤᠶᠠᠯᠳᠤᠭᠤᠯᠤᠨ ᠰᠢᠯᠭᠠᠨ ᠪᠠᠢᠴᠠᠭᠠᠵᠤ ᠦᠨᠡᠯᠡᠬᠦ ᠠᠷᠭ᠎ᠠ ᠮᠠᠶᠢᠭ᠋᠎ᠢ ᠦᠷᠭᠦᠯᠵᠢᠯᠡᠨ ᠬᠡᠷᠡᠭᠯᠡᠵᠦ ᠂ ᠵᠥᠪᠬᠡᠨ ᠢᠲᠡᠭᠡᠮᠵᠢ ᠣᠯᠭᠣᠬᠤ ᠬᠤᠷᠳᠤᠴᠠ ᠪᠠ ᠵᠢᠭᠡᠯᠡᠯᠭᠡ᠎ᠶᠢᠨ ᠬᠡᠪᠴᠢᠶ᠎ᠡ᠎ᠵᠢ ᠬᠦᠨᠳᠦᠳᠬᠡᠬᠦ ᠡᠴᠡ ᠵᠠᠢᠯᠠᠰᠬᠢᠬᠦ ᠬᠡᠷᠡᠭᠳᠡᠢ᠂ ᠲᠣᠭᠠᠴᠢᠯᠠᠭᠰᠠᠨ ᠮᠡᠷᠭᠡᠵᠢᠯ᠎ᠢ ᠪᠡᠯᠡ ᠲᠣᠬᠢᠷᠠᠭᠤᠯᠭ᠎ᠠ᠎ᠶᠢᠨ ᠵᠦᠢ ᠵᠣᠬᠢᠰᠲᠠᠢ ᠬᠡᠷᠡᠭᠴᠡᠭᠡ ᠱᠠᠭᠠᠷᠳᠠᠯᠭ᠎ᠠ᠎ᠳᠤ ᠨᠠᠩ ᠪᠦᠲᠦᠮᠵᠢᠲᠡᠶ ᠦᠢᠯᠡᠴᠢᠯᠡᠭᠦᠯᠬᠦ ᠬᠡᠷᠡᠭᠲᠡᠢ᠃
ᠭᠣᠷᠪᠠ᠂ ᠠᠵᠤ ᠦᠢᠯᠡᠰ᠎ᠦᠨ ᠦᠢᠯᠡᠴᠢᠯᠡᠭᠡᠨ᠎ᠦ ᠭᠣᠭᠴᠣᠭ᠎ᠠ ᠵᠢ ᠤᠷᠲᠤᠳᠬᠠᠵᠤ ᠦᠢᠯᠡᠳᠪᠦᠷᠢᠯᠡᠯ ᠪᠡ ᠭᠦᠢᠯᠭᠡᠭᠡᠨ᠎ᠢ ᠵᠣᠯᠭᠠᠭᠣᠯᠬᠣ ᠵᠢ ᠠᠬᠢᠭᠤᠯᠬᠤ ᠬᠡᠷᠡᠭᠲᠡᠢ
ᠮᠠᠯᠴᠢᠳ᠎ᠤᠨ ᠣᠷᠣᠯᠭ᠎ᠠ᠎ᠶᠢ ᠨᠡᠮᠡᠭᠳᠡᠭᠦᠯᠬᠦ ᠨᠢ ᠲᠡᠵᠢᠬᠡᠵᠦ ᠠᠷᠠᠴᠢᠯᠠᠬᠣ ᠭᠣᠭᠴᠣᠭ᠎ᠠ᠎ᠪᠠᠷ ᠲᠣᠭᠲᠠᠭᠠᠭᠳᠠᠬᠤ᠎ᠪᠠᠷ ᠪᠠᠷᠠᠬᠤ ᠦᠭᠡᠢ᠂ ᠪᠠᠰᠠ ᠮᠠᠯ᠎ᠤᠨ ᠠᠰᠢᠭ᠋ ᠰᠢᠮ᠎ᠡ᠎ᠶᠢ ᠪᠣᠯᠪᠠᠰᠤᠷᠠᠭᠤᠯᠬᠤ᠂ ᠬᠥᠮᠥᠷᠭᠡᠯᠡᠬᠦ᠂ᠲᠡᠭᠡᠭᠡᠪᠦᠷᠢᠯᠡᠬᠦ ᠪᠠ ᠵᠠᠬ᠎ᠠ ᠳᠡᠯᠭᠡᠭᠦᠷ᠎ᠲᠦ ᠪᠣᠷᠣᠯᠠᠭᠤᠯᠬᠤ᠎ᠲᠠᠢ ᠨᠢᠭ᠍ᠲᠠ ᠬᠣᠯᠪᠣᠭ᠎ᠠ᠎ᠲᠠᠢ ᠶᠤᠮ᠃ ᠲᠣᠭᠠᠴᠢᠯᠠᠭᠰᠠᠨ ᠮᠥᠩᠭᠥᠨ ᠭᠦᠢᠯᠭᠡᠭᠡᠨ ᠨᠢ ᠡᠲᠡᠭᠡᠷ ᠪᠣᠳᠠᠲᠠᠢ ᠲᠤᠬᠠᠢᠯᠠᠭᠰᠠᠨ ᠠᠵᠢᠯ᠎ᠤᠨ ᠲᠣᠭᠣᠷᠢᠨ᠎ᠳᠤ᠂ ᠲᠣᠭᠠᠴᠠᠭ᠎ᠠ ᠬᠢᠵᠦ ᠳ᠋ᠦᠩᠨᠡᠨ ᠪᠤᠳᠤᠬᠤ᠂ ᠡᠵᠡᠩᠨᠡᠯᠲᠡ ᠬᠢᠵᠦ ᠪᠡᠯᠡ ᠣᠷᠣᠭᠣᠯᠬᠣ ᠪᠠ ᠳᠠᠭᠠᠳᠬᠠᠯ᠎ᠤᠨ ᠦᠢᠯᠡᠴᠢᠯᠡᠭᠡ᠎ᠶᠢ ᠵᠣᠯᠭᠠᠭᠤᠯᠵᠤ᠂ ᠡᠵᠡᠩᠨᠡᠯᠲᠡ᠎ᠶᠢᠨ ᠭᠣᠣᠯ ᠴᠣᠭᠴᠠ᠎ᠶᠢ ᠬᠠᠪᠰᠤᠷᠤᠨ ᠪᠡᠯᠡ ᠮᠥᠩᠭᠥ᠎ᠶᠢᠨ ᠡᠷᠭᠢᠯᠲᠡ᠎ᠶᠢᠨ ᠴᠠᠭ᠎ᠢ ᠪᠣᠭᠣᠨᠢᠰᠬᠠᠵᠤ᠂ ᠠᠷᠠᠯᠵᠢᠶᠠᠨ᠎ᠤ ᠦᠷ᠎ᠡ ᠪᠦᠲᠦᠮᠵᠢ᠎ᠶᠢ ᠳᠡᠭᠡᠭᠰᠢᠯᠡᠭᠦᠯᠬᠦ ᠬᠡᠷᠡᠭᠲᠡᠢ᠃
ᠦᠢᠯᠡᠳᠪᠦᠷᠢᠯᠡᠯ᠎ᠦᠨ ᠨᠡᠢᠬᠡᠮᠴᠢᠯᠡᠭᠰᠡᠨ ᠦᠢᠯᠡᠴᠢᠯᠡᠭᠡ ᠨᠢ ᠲᠣᠭᠠᠴᠢᠯᠠᠬᠰᠠᠨ ᠮᠦᠩᠬᠦᠨ ᠬᠦᠢᠯᠬᠡᠬᠡᠨ᠎ᠳᠦ ᠬᠡᠷᠡᠭᠯᠡᠭᠡᠨ᠎ᠦ ᠣᠷᠣᠨ ᠵᠠᠢ ᠬᠠᠩᠭᠠᠪᠠ᠃ ᠣᠯᠠᠷᠢᠯ᠎ᠦᠨ ᠴᠢᠨᠠᠷᠳᠠᠢ ᠬᠡᠷᠡᠭᠯᠡᠬᠦ᠂ ᠬᠣᠪᠢ ᠡᠷᠦᠬᠡ ᠬᠣᠳᠠᠯᠳᠣᠨ ᠠᠪᠬᠣ᠎ᠳᠦ ᠦᠷᠳᠡᠭ ᠨᠢ ᠨᠡᠯᠢᠶᠡᠳ ᠦᠨᠳᠣᠷ ᠮᠠᠰᠢᠨ ᠲᠦᠬᠦᠬᠡᠷᠦᠮᠵᠢ ᠵᠢ ᠬᠣᠷᠰᠢᠶ᠎ᠠ ᠪᠣᠯᠣᠨ ᠦᠢᠯᠡᠴᠢᠯᠡᠬᠡᠨ᠎ᠦ ᠵᠣᠬᠢᠶᠠᠨ ᠪᠠᠢᠭᠣᠯᠣᠯᠳᠠ ᠵᠢ ᠬᠠᠮᠳᠣ ᠪᠡᠷ ᠬᠡᠷᠡᠭᠯᠡᠬᠦ ᠵᠢ ᠲᠡᠮᠵᠢᠨ᠎ᠠ᠃ ᠮᠦᠩᠬᠦᠨ ᠬᠦᠢᠯᠬᠡᠬᠡᠨ᠎ᠦ ᠪᠠᠢᠭᠣᠯᠣᠮᠵᠢ ᠵᠠᠬᠢᠶᠠᠯᠠᠭ᠎ᠠ ᠵᠢᠨ ᠬᠠᠭᠣᠳᠠᠰᠣ ᠂ ᠰᠦᠢᠳᠬᠡᠯ ᠬᠣᠷᠢᠶᠠᠬᠰᠠᠨ ᠲᠤᠭᠠᠴᠠᠭ᠎ᠠ᠂ ᠲᠣᠨᠣᠭ ᠲᠦᠬᠦᠬᠡᠷᠦᠮᠵᠢ ᠬᠡᠷᠡᠭᠯᠡᠬᠦ ᠪᠠᠢᠳᠠᠯ ᠲᠠᠢ ᠣᠶᠠᠯᠳᠣᠭᠣᠯᠣᠨ ᠲᠡᠮᠵᠢᠯᠬᠡ ᠦᠵᠡᠬᠦᠯᠵᠦ ᠪᠣᠯᠣᠨ᠎ᠠ᠂ ᠪᠡᠯᠡ ᠣᠷᠣᠭᠣᠯᠣᠯᠳᠠ ᠪᠣᠯᠣᠨ ᠪᠣᠳᠠᠳᠠᠢ ᠠᠵᠢᠯ᠎ᠦᠨ ᠬᠡᠷᠡᠭᠴᠡᠭᠡ ᠬᠠᠷᠢᠯᠴᠠᠨ ᠲᠣᠬᠢᠷᠠᠯᠴᠠᠵᠦ᠂ ᠬᠡᠷᠡᠭᠯᠡᠬᠦ ᠦᠬᠡᠢ ᠰᠣᠯᠠ ᠲᠠᠯᠪᠢᠬᠣ ᠪᠡ ᠲᠠᠬᠢᠨ ᠲᠠᠪᠳᠠᠨ ᠬᠣᠳᠠᠯᠳᠣᠨ ᠠᠪᠬᠣ ᠵᠢ ᠪᠠᠭᠠᠰᠬᠠᠨ᠎ᠠ᠃
ᠦᠢᠯᠡᠴᠢᠯᠡᠭᠡᠨ᠎ᠦ ᠦᠷ᠎ᠡ ᠪᠦᠲᠦᠮᠵᠢ᠎ᠶᠢ ᠡᠵᠡᠩᠨᠡᠯᠲᠡ᠎ᠶᠢᠨ ᠪᠡᠶᠡᠴᠢ ᠴᠣᠭᠴᠠ᠎ᠶᠢᠨ ᠪᠣᠳᠠᠲᠠᠢ ᠬᠦᠷᠲᠡᠮᠵᠢ᠎ᠶᠢᠨ ᠲᠥᠷᠥᠭᠳᠡᠯ᠎ᠢᠶᠡᠷ ᠬᠡᠮᠵᠢᠬᠦ ᠬᠡᠷᠡᠭᠲᠡᠢ᠃ ᠪᠠᠢᠩᠭᠤ ᠲᠣᠬᠢᠶᠠᠯᠳᠤᠳᠠᠭ ᠬᠤᠳᠠᠯᠳᠤᠨ ᠠᠪᠬᠤ ᠪᠠ ᠪᠣᠷᠣᠯᠠᠭᠤᠯᠬᠤ ᠵᠢ ᠳ᠋ᠦᠩᠨᠡᠨ ᠪᠤᠳᠤᠬᠤ᠂ ᠪᠡᠯᠡ ᠮᠥᠩᠭᠥ᠎ᠶᠢ ᠪᠠᠢᠴᠠᠭᠠᠨ ᠯᠠᠪᠯᠠᠬᠤ ᠪᠠ ᠪᠡᠯᠡ ᠲᠣᠬᠢᠷᠠᠭᠤᠯᠬᠤ ᠭᠤᠶᠤᠴᠢᠯᠠᠯ᠎ᠤᠨ ᠶᠠᠪᠤᠴᠠ᠎ᠶᠢ ᠳᠥᠭᠥᠮᠴᠢᠯᠡᠬᠦ᠎ᠶᠢᠨ ᠲᠣᠭᠣᠷᠢᠨ᠎ᠳᠤ᠂ ᠶᠡᠷᠦᠩᠬᠡᠢᠯᠡᠭᠰᠡᠨ ᠥᠪᠡᠷ᠎ᠦᠨ ᠥᠷᠲᠡᠭ ᠪᠠᠭᠤᠷᠠᠭᠰᠠᠨ ᠡᠰᠡᠬᠦ᠂ ᠪᠠᠷᠠᠭᠠᠨ᠎ᠤ ᠵᠣᠭᠣᠰ᠎ᠢ ᠳ᠋ᠦᠩᠨᠡᠨ ᠪᠤᠳᠤᠭᠰᠠᠨ ᠨᠢ ᠤᠷᠤᠭᠰᠢᠲᠠᠢ ᠡᠰᠡᠬᠦ ᠶᠢ ᠠᠩᠬᠠᠷᠪᠠᠯ ᠰᠠᠶᠢ ᠲᠣᠭᠠᠴᠢᠯᠠᠭᠰᠠᠨ ᠮᠥᠩᠭᠥᠨ ᠭᠦᠢᠯᠭᠡᠭᠡᠨ᠎ᠢ ᠮᠠᠯᠵᠢᠬᠤ ᠣᠷᠣᠨ᠎ᠤ ᠠᠵᠤ ᠠᠬᠤᠢ᠎ᠶᠢᠨ ᠠᠵᠢᠯᠯᠠᠭ᠎ᠠ᠎ᠳᠤ ᠨᠠᠩ ᠭᠦᠨᠵᠡᠭᠡᠢ ᠠᠭᠤᠰᠤᠯᠴᠠᠭᠤᠯᠵᠤ ᠴᠢᠳᠠᠨ᠎ᠠ᠃
ᠲᠦᠷᠪᠡ᠂ ᠲᠣᠭᠠᠴᠢᠯᠠᠭᠰᠠᠨ ᠮᠥᠩᠭᠥᠨ ᠭᠦᠢᠯᠭᠡᠭᠡᠨ᠎ᠦ ᠬᠥᠮᠦᠵᠢᠯ ᠪᠣᠯᠪᠠᠰᠣᠷᠠᠯ᠎ᠢ ᠴᠢᠩᠭᠠᠳᠬᠠᠵᠤ ᠦᠢᠯᠡᠴᠢᠯᠡᠭᠡᠨ᠎ᠦ ᠬᠡᠷᠡᠭᠯᠡᠭᠡᠨ᠎ᠦ ᠴᠢᠳᠠᠪᠤᠷᠢ᠎ᠶᠢ ᠳᠡᠭᠡᠭᠰᠢᠯᠡᠭᠦᠯᠬᠦ ᠬᠡᠷᠡᠭᠳᠡᠢ
ᠲᠣᠭᠠᠴᠢᠯᠠᠭᠰᠠᠨ ᠮᠥᠩᠭᠥᠨ ᠭᠦᠢᠯᠭᠡᠭᠡᠨ᠎ᠦ ᠬᠡᠪ ᠪᠣᠯᠪᠠᠰᠤᠷᠠᠯ᠎ᠳᠤ ᠪᠠᠭᠠᠵᠢ᠎ᠵᠢ ᠠᠵᠢᠯᠯᠠᠭᠤᠯᠬᠤ ᠴᠢᠳᠠᠪᠤᠷᠢ ᠪᠠᠭᠲᠠᠬᠤ ᠪᠥᠭᠡᠳ ᠪᠠᠰᠠ ᠬᠠᠷᠢᠴᠠᠭᠣᠯᠣᠬᠰᠠᠨ ᠥᠪᠡᠷ᠎ᠦᠨ ᠥᠷᠲᠡᠭ᠂ ᠣᠷᠣᠯᠭ᠎ᠠ ᠵᠠᠷᠤᠯᠭ᠎ᠠ᠎ᠶᠢ ᠬᠠᠮᠢᠶᠠᠷᠬᠤ ᠪᠠ ᠠᠶᠤᠯ ᠲᠦᠭᠰᠢᠭᠦᠷᠢ᠎ᠶᠢ ᠢᠯᠭᠠᠨ ᠲᠠᠨᠢᠬᠤ ᠴᠢᠳᠠᠪᠤᠷᠢ ᠪᠠᠭᠲᠠᠨ᠎ᠠ᠃ ᠮᠥᠩᠭᠥᠨ ᠭᠦᠢᠯᠭᠡᠭᠡᠨ᠎ᠦ ᠰᠤᠷᠭᠠᠨ ᠬᠥᠮᠦᠵᠢᠯ᠎ᠢ ᠦᠢᠯᠡᠴᠢᠯᠡᠭᠡ᠎ᠶᠢ ᠳᠣᠷᠣᠭ᠍ᠰᠢ ᠪᠠᠭᠤᠯᠭᠠᠬᠤ᠎ᠲᠠᠢ ᠵᠡᠷᠭᠡ ᠪᠡᠷ ᠠᠬᠢᠭᠤᠯᠵᠤ᠂ ᠮᠠᠯᠴᠢᠳ᠎ᠲᠤ ᠲᠥᠬᠥᠮ ᠦᠵᠡᠭᠦᠯᠬᠦ᠎ᠶᠢᠨ ᠬᠠᠮᠲᠤ ᠵᠦᠢ ᠵᠣᠬᠢᠰᠲᠠᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠨᠥᠬᠥᠴᠡᠯ᠎ᠢ ᠪᠦᠷᠢᠯᠳᠦᠭᠦᠯᠬᠦ ᠬᠡᠷᠡᠭᠲᠡᠢ᠃
ᠡᠷᠦᠬᠡ᠎ᠳᠦ ᠣᠷᠣᠵᠦ ᠦᠢᠯᠡᠴᠢᠯᠡᠭᠡ ᠬᠦᠷᠳᠡᠭᠡᠬᠦ ᠵᠢᠴᠢ ᠰᠤᠮᠤ ᠰᠢᠶᠠᠩ ᠪᠠᠯᠭᠠᠰᠤ᠂ ᠭᠠᠴᠠᠭᠠᠨ᠎ᠤ ᠬᠠᠮᠢᠶ᠎ᠠ ᠪᠦᠬᠦᠢ ᠠᠵᠢᠯᠯᠠᠭ᠎ᠠ᠎ᠲᠠᠢ ᠤᠶᠠᠯᠳᠤᠭᠤᠯᠤᠨ᠂ ᠳᠠᠩᠰᠠ ᠰᠢᠯᠵᠢᠭᠦᠯᠦᠨ ᠬᠢᠨᠠᠨ ᠰᠢᠯᠭᠠᠬᠤ᠂ ᠵᠢᠭᠡᠯᠡᠯᠭᠡ᠎ᠶᠢᠨ ᠥᠪᠡᠷ᠎ᠦᠨ ᠥᠷᠲᠡᠭ᠂ ᠬᠤᠭᠤᠴᠠᠭ᠎ᠠ ᠬᠤᠪᠢᠶᠠᠨ ᠵᠣᠭᠣᠰ ᠥᠭᠬᠦ᠂ ᠬᠤᠪᠢ ᠬᠥᠮᠥᠨ᠎ᠦ ᠮᠡᠳᠡᠭᠡ ᠵᠠᠩᠭᠢ᠎ᠶᠢ ᠬᠠᠮᠠᠭᠠᠯᠠᠬᠤ ᠵᠡᠷᠭᠡ ᠪᠠᠢᠩᠭᠤ ᠲᠣᠬᠢᠶᠠᠯᠳᠤᠬᠤ ᠠᠰᠠᠭᠤᠳᠠᠯ᠎ᠤᠨ ᠲᠣᠭᠣᠷᠢᠨ᠎ᠳᠤ ᠲᠠᠢᠯᠤᠮᠵᠢ ᠬᠢᠵᠦ ᠪᠣᠯᠣᠨ᠎ᠠ᠃ ᠵᠢᠬᠡᠯᠡᠯᠭᠡ ᠵᠢᠨ ᠦᠢᠯᠡᠳᠬᠦᠨ᠎ᠳᠦ ᠣᠨ᠎ᠤ ᠬᠦᠦ ᠮᠥᠩᠭᠥ᠎ᠶᠢᠨ ᠨᠣᠷᠮ᠎ᠠ᠂ ᠬᠠᠮᠢᠶ᠎ᠠ ᠪᠦᠬᠦᠢ ᠵᠠᠷᠤᠳᠠᠯ᠂ ᠵᠣᠭᠣᠰ ᠪᠤᠴᠠᠭᠠᠬᠤ ᠲᠥᠯᠥᠪᠯᠡᠭᠡ ᠪᠣᠯᠣᠨ ᠬᠤᠭᠤᠴᠠᠭ᠎ᠠ ᠬᠡᠲᠦᠷᠡᠭᠰᠡᠨ ᠦᠷ᠎ᠡ ᠳ᠋ᠥᠩᠢ ᠲᠣᠳᠣᠷᠬᠠᠢ ᠦᠵᠡᠭᠦᠯᠵᠦ᠂ ᠬᠡᠷᠡᠭᠯᠡᠭᠴᠢ᠎ᠶᠢ ᠬᠠᠪᠰᠤᠷᠤᠨ ᠶᠡᠷᠦᠩᠬᠡᠢ ᠥᠷᠲᠡᠭ᠎ᠢ ᠨᠢ ᠪᠣᠳᠣᠵᠤ ᠦᠭᠬᠦ ᠵᠢᠨ ᠬᠠᠮᠳᠤ ᠬᠣᠷᠠᠮᠳᠣᠬᠰᠠᠨ ᠳᠠᠷᠤᠭᠠᠰᠤ᠎ᠶᠢ ᠤᠮᠳᠤᠭᠠᠢᠯᠠᠬᠤ᠎ᠡᠴᠡ ᠵᠠᠢᠯᠠᠰᠬᠢᠬᠦ ᠬᠡᠷᠡᠭᠲᠡᠢ᠃
ᠦᠢᠯᠡᠳᠪᠦᠷᠢᠯᠡᠯ ᠠᠮᠢᠳᠤᠷᠠᠯ᠎ᠤᠨ ᠨᠥᠬᠥᠴᠡᠯ ᠰᠠᠢᠵᠢᠷᠠᠭᠰᠠᠨᠢ ᠨᠠᠷᠢᠯᠢᠬ ᠠᠵᠢᠬᠯᠠᠪᠠᠯ ᠵᠣᠬᠢᠨ᠎ᠠ᠃ ᠮᠠᠰᠢᠨ ᠲᠡᠷᠭᠡ ᠠᠪᠣᠬᠰᠠᠨ ᠨᠢ ᠶᠠᠪᠣᠵᠦ ᠰᠠᠭᠣᠬᠣ᠎ᠳᠦ ᠲᠦᠬᠦᠮ ᠲᠦᠳᠡ ᠪᠣᠯᠵᠦ᠂ ᠲᠡᠭᠡᠭᠡᠪᠦᠷᠢᠯᠡᠵᠦ ᠵᠦᠬᠡᠬᠡᠬᠦ᠎ᠳᠦ ᠲᠦᠬᠦᠮᠪᠣᠯᠵᠠᠢ᠃ ᠮᠠᠰᠢᠨ ᠲᠥᠬᠦᠭᠡᠷᠦᠮᠵᠢ ᠬᠣᠳᠠᠯᠳᠣᠨ ᠠᠪᠣᠬᠰᠠᠨ ᠨᠢ ᠦᠢᠯᠡᠳᠪᠦᠷᠢᠯᠡᠯ ᠦᠨ ᠦᠷ᠎ᠡ ᠪᠦᠳᠦᠮᠵᠢ ᠵᠢ ᠲᠡᠭᠡᠭᠰᠢᠯᠡᠬᠦᠯᠦᠭᠰᠡᠨ ᠪᠠᠢᠨ᠎ᠠ᠃ ᠣᠷᠣᠨ ᠰᠠᠭᠤᠴᠠ ᠪᠠ ᠭᠡᠷ᠎ᠦᠨ ᠬᠡᠷᠡᠭᠰᠡᠯᠵᠢᠡᠨ ᠰᠢᠨᠡᠳᠬᠡᠵᠦ ᠪᠠᠢᠭ᠎ᠠ ᠨᠢ ᠠᠮᠢᠳᠤᠷᠠᠯ᠎ᠤᠨ ᠶᠠᠰᠤ ᠴᠢᠨᠠᠷ᠎ᠤᠨ ᠲᠡᠭᠡᠭᠰᠢᠯᠡᠭᠰᠡᠨᠢ ᠬᠠᠷᠠᠭᠣᠯᠵᠦ ᠪᠣᠢ᠃ ᠡᠳᠡᠭᠡᠷ ᠵᠠᠷᠤᠯᠭ᠎ᠠ᠎ᠶᠢ ᠬᠡᠷᠡᠭᠴᠡᠭᠡ᠂ ᠠᠰᠢᠭ᠋ ᠣᠷᠣᠯᠭ᠎ᠠ ᠲᠠᠢ ᠤᠶᠠᠯᠳᠤᠭᠤᠯᠤᠨ ᠮᠠᠭᠠᠳᠯᠠᠬᠤ ᠬᠡᠷᠡᠭᠲᠡᠢ᠂ ᠶᠡᠬᠡ ᠦᠨ᠎ᠡ ᠪᠡᠷ ᠬᠤᠳᠠᠯᠳᠤᠨ ᠠᠪᠣᠬᠰᠠᠨ ᠵᠦᠢᠯ᠎ᠢ ᠴᠥᠮ ᠤᠷᠢᠳᠴᠢᠯᠠᠭᠰᠠᠨ ᠬᠡᠷᠡᠭᠯᠡᠭᠡ᠎ᠪᠡᠷ ᠦᠵᠡᠵᠦ ᠪᠣᠯᠬᠤ ᠦᠭᠡᠢ᠃ ᠡᠭᠦᠨ᠎ᠦ ᠬᠠᠮᠲᠤ ᠭᠡᠷ ᠪᠦᠯᠢ᠎ᠶᠢ ᠬᠥᠲᠥᠯᠥᠨ ᠵᠢᠯᠤᠭᠣᠳᠴᠤ ᠪᠠᠢᠭᠠᠳ ᠦᠢᠯᠡᠳᠪᠦᠷᠢᠯᠡᠯ᠎ᠦᠨ ᠪᠡᠯᠡ ᠣᠷᠣᠭᠤᠯᠤᠯᠲᠠ᠂ ᠦᠨᠳᠦᠰᠦᠨ ᠠᠮᠢᠳᠤᠷᠠᠯ᠂ ᠶᠡᠬᠡ ᠲᠣᠭᠠᠨ᠎ᠤ ᠬᠡᠷᠡᠭᠯᠡᠭᠡᠨ ᠪᠣᠯᠣᠨ ᠥᠷᠢ ᠥᠭᠴᠡᠭᠡ᠎ᠶᠢ ᠲᠥᠯᠥᠬᠦ᠎ᠶᠢ ᠣᠨ᠎ᠤ ᠣᠷᠣᠯᠭ᠎ᠠ ᠵᠠᠷᠤᠯᠭ᠎ᠠ᠎ᠶᠢᠨ ᠲᠥᠯᠥᠪᠯᠡᠭᠡ᠎ᠳᠦ ᠣᠷᠣᠭᠤᠯᠬᠣ ᠬᠡᠷᠡᠭᠲᠡᠢ᠃
ᠰᠦᠯᠵᠢᠶᠡᠨ ᠳᠡᠭᠡᠷ᠎ᠡ ᠠᠵᠢᠯᠯᠠᠵᠤ ᠴᠢᠳᠠᠬᠤ ᠦᠭᠡᠢ ᠮᠠᠯᠴᠢᠳ᠎ᠲᠤ ᠬᠥᠮᠥᠨ᠎ᠦ ᠬᠦᠴᠦ᠎ᠪᠡᠷ ᠠᠰᠠᠭᠤᠨ ᠯᠠᠪᠯᠠᠬᠤ ᠪᠠ ᠠᠬᠤᠢ ᠲᠠᠯᠠᠪᠠᠢ᠎ᠳᠦ ᠬᠦᠢᠴᠡᠳᠬᠡᠬᠦ ᠳᠡᠮᠵᠢᠯᠭᠡ ᠦᠵᠡᠭᠦᠯᠵᠦ᠂ ᠪᠠᠢᠩᠭᠤ ᠬᠡᠷᠡᠭᠯᠡᠬᠦ ᠴᠢᠳᠠᠮᠵᠢ᠎ᠶᠢ ᠳᠥᠭᠥᠮᠴᠢᠯᠡᠨ᠂ ᠲᠣᠳᠣᠷᠬᠠᠢ ᠰᠠᠨᠠᠭᠤᠯᠤᠮᠵᠢ ᠬᠠᠩᠭᠠᠬᠤ ᠬᠡᠷᠡᠭᠲᠡᠢ᠃ ᠮᠥᠩᠭᠥᠨ ᠭᠦᠢᠯᠭᠡᠭᠡᠨ᠎ᠦ ᠮᠡᠳᠡᠯᠭᠡ᠎ᠶᠢ ᠲᠦᠭᠡᠮᠡᠯᠵᠢᠭᠦᠯᠬᠦ ᠪᠠ ᠪᠣᠳᠠᠲᠠᠢ ᠲᠤᠬᠠᠢᠯᠠᠭᠰᠠᠨ ᠠᠵᠢᠯ᠎ᠢ ᠲᠠᠢᠯᠪᠤᠷᠢᠯᠠᠬᠤ᠎ᠶᠢ ᠤᠶᠠᠯᠳᠤᠭᠤᠯᠪᠠᠯ ᠰᠠᠶᠢ ᠮᠠᠯᠴᠢᠳ᠎ᠢ ᠬᠠᠪᠰᠤᠷᠤᠨ ᠦᠢᠯᠡᠳᠬᠦᠨ᠎ᠢ ᠨᠢ ᠦᠨᠡᠨ ᠬᠦ᠌ ᠣᠢᠯᠠᠭᠠᠭᠤᠯᠵᠤ ᠂ ᠦᠢᠯᠡᠴᠢᠯᠡᠭᠡ᠎ᠶᠢ ᠨᠢ ᠪᠦᠲᠦᠮᠵᠢᠲᠡᠢ ᠡᠳ᠋ᠯᠡᠵᠦ ᠴᠢᠳᠠᠨ᠎ᠠ᠃
ᠲᠠᠪᠣ᠂ ᠪᠡᠯᠡ ᠲᠣᠬᠢᠷᠠᠭᠤᠯᠬᠤ ᠬᠢᠭᠡᠳ ᠪᠠᠲᠤᠯᠠᠵᠤ ᠬᠠᠮᠠᠭᠠᠯᠠᠬᠤ᠎ᠶᠢ ᠨᠢᠭᠡᠳᠦᠯᠲᠡᠢ ᠲᠥᠯᠥᠪᠯᠡᠵᠦ ᠡᠵᠡᠩᠨᠡᠬᠦ ᠴᠢᠳᠠᠪᠤᠷᠢ ᠵᠢ ᠠᠬᠢᠭᠣᠯᠬᠤ ᠬᠡᠷᠡᠭᠳᠡᠢ
ᠮᠠᠯ ᠠᠵᠤ ᠠᠬᠤᠢ᠎ᠶᠢᠨ ᠡᠵᠡᠩᠨᠡᠯᠲᠡ᠎ᠳᠦ ᠴᠠᠭ ᠠᠭᠤᠷ᠂ ᠬᠢᠵᠢᠭ ᠡᠪᠡᠳᠴᠢᠨ ᠵᠢᠴᠢ ᠮᠠᠯ᠎ᠤᠨ ᠠᠰᠢᠭ᠋ ᠰᠢᠮ᠎ᠡ᠎ᠶᠢᠨ ᠦᠨ᠎ᠡ ᠬᠠᠩᠰᠢ ᠪᠣᠯᠣᠨ ᠲᠡᠵᠢᠭᠡᠯ ᠡᠪᠡᠰᠦ ᠪᠣᠷᠳᠣᠭᠠᠨ᠎ᠤ ᠥᠪᠡᠷ᠎ᠦᠨ ᠥᠷᠲᠡᠭ᠎ᠦᠨ ᠬᠤᠪᠢᠷᠠᠯᠲᠠ ᠵᠡᠷᠭᠡ ᠲᠣᠭᠲᠠᠭᠠᠯᠲᠤ ᠪᠤᠰᠤ ᠴᠢᠨᠠᠷ ᠲᠤᠯᠭᠠᠷᠠᠵᠤ ᠪᠠᠢᠳᠠᠭ᠃ ᠲᠣᠭᠠᠴᠢᠯᠠᠭᠰᠠᠨ ᠮᠥᠩᠭᠥᠨ ᠭᠦᠢᠯᠭᠡᠭᠡᠨ᠎ᠦ ᠦᠢᠯᠡᠴᠢᠯᠡᠭᠡ ᠨᠢ ᠪᠡᠯᠡ ᠲᠣᠬᠢᠷᠠᠭᠤᠯᠭ᠎ᠠ᠎ᠶᠢᠨ ᠳᠡᠮᠵᠢᠯᠭᠡ ᠪᠠ ᠲᠦᠭᠰᠢᠭᠦᠷᠢ᠎ᠶᠢᠨ ᠪᠠᠲᠤᠯᠠᠭ᠎ᠠ᠎ᠶᠢ ᠤᠶᠠᠯᠳᠤᠭᠤᠯᠵᠤ᠂ ᠬᠡᠪ᠎ᠦᠨ ᠦᠢᠯᠡᠳᠪᠦᠷᠢᠯᠡᠯ᠎ᠦᠨ ᠬᠡᠷᠡᠭᠴᠡᠭᠡ᠎ᠶᠢ ᠬᠠᠩᠭᠠᠬᠤ᠎ᠪᠠᠷ ᠪᠠᠷᠠᠬᠤ ᠦᠭᠡᠢ᠂ ᠡᠵᠡᠩᠨᠡᠯᠲᠡ᠎ᠶᠢᠨ ᠭᠣᠣᠯ ᠴᠣᠭᠴᠠ᠎ᠶᠢ ᠬᠠᠪᠰᠤᠷᠤᠨ ᠣᠷᠣᠯᠭ᠎ᠠ᠎ᠶᠢᠨ ᠬᠡᠯᠪᠡᠯᠵᠡᠯ᠎ᠢ ᠠᠷᠭᠠᠴᠠᠭᠠᠵᠤ᠂ ᠣᠬᠣᠷ ᠬᠤᠭᠤᠴᠠᠭᠠᠨ᠎ᠤ ᠴᠣᠬᠢᠯᠳᠠ ᠵᠢᠨ ᠦᠷᠭᠦᠯᠵᠢᠯᠡᠭᠰᠡᠨ ᠡᠵᠡᠩᠨᠡᠯᠲᠡ᠎ᠳᠦ ᠦᠵᠡᠭᠦᠯᠬᠦ ᠨᠥᠯᠥᠭᠡ᠎ᠶᠢ ᠪᠠᠭᠠᠰᠬᠠᠬᠤ ᠪᠤᠯᠤᠨ᠎ᠠ᠃
ᠮᠠᠯᠵᠢᠬᠤ ᠣᠷᠣᠨ᠎ᠤ ᠦᠢᠯᠡᠳᠪᠦᠷᠢᠯᠡᠯ᠎ᠦᠨ ᠣᠨᠴᠠᠯᠢᠭ᠋᠎ᠲᠠᠢ ᠤᠶᠠᠯᠳᠤᠭᠤᠯᠤᠨ ᠳᠠᠭᠠᠳᠬᠠᠯ᠎ᠤᠨ ᠦᠢᠯᠡᠴᠢᠯᠡᠭᠡ᠎ᠶᠢ ᠲᠡᠭᠦᠯᠳᠡᠷᠵᠢᠭᠦᠯᠵᠦ᠂ ᠪᠠᠲᠤᠯᠠᠭ᠎ᠠ᠎ᠶᠢᠨ ᠬᠡᠪᠴᠢᠶ᠎ᠡ᠂ ᠬᠠᠷᠢᠭᠤᠴᠠᠯᠭ᠎ᠠ᠎ᠶᠢ ᠬᠡᠯᠲᠦᠷᠢᠭᠦᠯᠬᠦ ᠪᠠ ᠲᠥᠯᠥᠬᠦ ᠨᠥᠬᠥᠴᠡᠯ᠎ᠢ ᠲᠣᠳᠣᠷᠬᠠᠢ ᠲᠣᠳᠣᠷᠬᠠᠢᠯᠠᠬᠤ ᠬᠡᠷᠡᠭᠲᠡᠢ᠃ ᠲᠣᠭᠠᠴᠢᠯᠠᠬᠰᠠᠨ ᠠᠷᠭ᠎ᠠ ᠵᠠᠮ ᠵᠢᠡᠷ ᠮᠠᠲ᠋ᠧᠷᠢᠶᠠᠯ ᠲᠤᠰᠢᠶᠠᠬᠤ ᠪᠠ ᠠᠬᠢᠴᠠ᠎ᠵᠢ ᠠᠰᠠᠭᠣᠨ ᠯᠠᠪᠯᠠᠬᠣ᠎ᠳᠦ ᠲᠥᠬᠥᠮ ᠦᠵᠡᠭᠦᠯᠬᠦ᠎ᠶᠢᠨ ᠵᠡᠷᠭᠡᠴᠡᠭᠡ ᠪᠡᠷ ᠴᠢᠬᠤᠯᠠ ᠪᠦᠬᠦᠢ ᠲᠤᠬᠠᠢ᠎ᠶᠢᠨ ᠲᠠᠯᠠᠪᠠᠢ᠎ᠳᠦ ᠪᠠᠢᠴᠠᠭᠠᠨ ᠰᠢᠯᠭᠠᠬᠤ ᠬᠢᠭᠡᠳ ᠬᠥᠮᠥᠨ᠎ᠦ ᠬᠦᠴᠦ᠎ᠪᠡᠷ ᠬᠠᠮᠵᠢᠭᠤᠯᠬᠤ᠎ᠶᠢ ᠬᠡᠪ᠎ᠢᠶᠡᠷ ᠪᠠᠢᠯᠭᠠᠵᠤ᠂ ᠲᠥᠯᠥᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ᠃ ᠢᠲᠡᠭᠡᠮᠵᠢᠲᠦ ᠵᠢᠭᠡᠯᠡᠯᠭᠡ ᠪᠠ ᠳᠠᠭᠠᠳᠬᠠᠯ᠎ᠤᠨ ᠦᠢᠯᠡᠴᠢᠯᠡᠭᠡ᠎ᠶᠢ ᠵᠣᠯᠭᠠᠭᠤᠯᠬᠤ᠎ᠳᠤ ᠡᠵᠡᠩᠨᠡᠯᠲᠡ᠎ᠶᠢᠨ ᠪᠡᠶᠡᠴᠢ ᠴᠣᠭᠴᠠ᠎ᠶᠢᠨ ᠰᠣᠩᠭᠣᠯᠲᠠ᠎ᠶᠢ ᠬᠦᠨᠳᠦᠳᠬᠡᠵᠦ᠂ ᠵᠦᠢ ᠵᠣᠬᠢᠰ ᠦᠭᠡᠢᠰᠢᠯᠳᠠᠭᠠᠨ ᠵᠢᠡᠷ ᠥᠪᠡᠷ᠎ᠦᠨ ᠥᠷᠲᠡᠭ᠎ᠢ ᠨᠢ ᠨᠡᠮᠡᠭᠳᠡᠭᠦᠯᠬᠦ᠎ᠡᠴᠡ ᠵᠠᠢᠯᠠᠰᠬᠢᠬᠦ ᠬᠡᠷᠡᠭᠲᠡᠢ᠃
ᠭᠡᠷ ᠪᠦᠯᠢ᠎ᠶᠢᠨ ᠥᠷᠢ ᠰᠢᠷᠢ ᠨᠢ ᠦᠢᠯᠡᠳᠪᠦᠷᠢᠯᠡᠯ᠎ᠦᠨ ᠲᠣᠭᠲᠠᠭᠤᠨᠡᠰᠡᠬᠦ ᠲᠠᠢ ᠬᠣᠯᠪᠣᠭᠳᠠᠳᠠᠭ᠃ ᠲᠣᠰ ᠤᠳᠠᠭᠠᠨ᠎ᠤ ᠰᠣᠷᠪᠤᠯᠵᠢᠯᠠᠭ᠎ᠠ᠎ᠪᠡᠷ ᠣᠯᠵᠤ ᠮᠡᠳᠡᠭᠰᠡᠨ ᠭᠡᠷ ᠪᠦᠯᠢ᠎ᠶᠢᠨ ᠬᠡᠷᠡᠭᠯᠡᠭᠡ᠎ᠶᠢᠨ ᠵᠠᠷᠢᠮ ᠲᠣᠬᠢᠷᠠᠭᠤᠯᠤᠯᠲᠠ᠎ᠶᠢᠨ ᠠᠰᠠᠭᠤᠳᠠᠯ ᠪᠣᠯ ᠠᠩᠬᠠᠷᠬᠤ ᠴᠢᠬᠤᠯᠠᠲᠠᠢ ᠲᠦᠭᠰᠢᠭᠦᠷᠢ᠎ᠶᠢᠨ ᠰᠦᠪᠡᠭᠴᠢ ᠮᠥᠨ᠃ ᠵᠣᠭᠣᠰ ᠵᠢᠭᠡᠯᠡᠬᠦ ᠠᠷᠭ᠎ᠠ ᠵᠠᠮ᠂ ᠪᠡᠯᠡ ᠮᠥᠩᠭᠥ᠎ᠶᠢᠨ ᠬᠡᠷᠡᠭᠴᠡᠭᠡ᠂ ᠡᠵᠡᠩᠨᠡᠯᠲᠡ᠎ᠶᠢᠨ ᠣᠷᠣᠯᠭ᠎ᠠ ᠪᠣᠯᠣᠨ ᠵᠣᠭᠣᠰ ᠪᠤᠴᠠᠭᠠᠭᠰᠠᠨ ᠬᠠᠷᠢᠭᠤᠴᠠᠯᠭ᠎ᠠ᠎ᠶᠢ ᠦᠨᠡᠯᠡᠨ ᠵᠢᠱ᠌ᠢᠬᠦ᠎ᠲᠠᠢ ᠤᠶᠠᠯᠳᠤᠭᠤᠯᠤᠨ᠂ ᠥᠷᠢ ᠲᠥᠯᠥᠬᠦ ᠨᠢ ᠦᠨᠳᠦᠰᠦᠨ ᠠᠮᠢᠳᠤᠷᠠᠯ ᠪᠣᠯᠣᠨ ᠴᠢᠬᠤᠯᠠ ᠪᠦᠬᠦᠢ ᠦᠢᠯᠡᠳᠪᠦᠷᠢᠯᠡᠯ᠎ᠦᠨ ᠣᠷᠣᠭᠤᠯᠤᠯᠲᠠ᠎ᠳᠦ ᠨᠦᠯᠦᠬᠡ ᠪᠣᠯᠣᠬᠰᠠᠨ ᠡᠰᠡᠬᠦ᠎ᠶᠢ ᠭᠣᠣᠯᠳᠠᠯᠭ᠎ᠠ᠎ᠲᠠᠢ ᠠᠩᠬᠠᠷᠬᠤ ᠬᠡᠷᠡᠭᠲᠡᠢ᠃
ᠬᠣᠯᠪᠣᠭᠳᠠᠯ ᠪᠦᠬᠦᠢ ᠰᠠᠯᠠᠭ᠎ᠠ ᠮᠥᠴᠢᠷ᠂ ᠮᠥᠩᠭᠥᠨ ᠭᠦᠢᠯᠭᠡᠭᠡᠨ᠎ᠦ ᠪᠠᠢᠭᠤᠯᠤᠮᠵᠢ ᠪᠠ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ ᠨᠢ ᠡᠭᠦᠷᠭᠡ ᠬᠠᠷᠢᠭᠤᠴᠠᠯᠭ᠎ᠠ᠎ᠶᠢᠨ ᠬᠡᠪᠴᠢᠶᠡᠨ ᠳᠣᠲᠣᠷ᠎ᠠ᠎ᠪᠠᠨ ᠬᠡᠷᠡᠭᠴᠡᠭᠡ ᠱᠠᠭᠠᠷᠳᠠᠯᠭ᠎ᠠ᠎ᠶᠢ ᠵᠣᠯᠭᠠᠭᠤᠯᠬᠤ ᠪᠠ ᠦᠢᠯᠡᠴᠢᠯᠡᠭᠡ᠎ᠪᠡᠷ ᠰᠢᠯᠵᠢᠭᠦᠯᠦᠨ ᠲᠠᠨᠢᠯᠴᠠᠭᠤᠯᠬᠤ᠎ᠶᠢ ᠴᠢᠩᠭᠠᠳᠬᠠᠵᠤ᠂ ᠪᠡᠯᠡ ᠲᠣᠬᠢᠷᠠᠭᠤᠯᠭ᠎ᠠ᠎ᠶᠢᠨ ᠦᠢᠯᠡᠴᠢᠯᠡᠭᠡ᠎ᠶᠢ ᠦᠢᠯᠡᠳᠪᠦᠷᠢᠯᠡᠯ᠎ᠢ ᠳᠡᠮᠵᠢᠬᠦ᠂ ᠦᠢᠯᠡᠳᠪᠦᠷᠢᠯᠡᠯ ᠪᠣᠷᠤᠯᠠᠭᠤᠯᠭ᠎ᠠ᠎ᠶᠢ ᠵᠣᠯᠭᠠᠭᠤᠯᠬᠤ ᠵᠢᠴᠢ ᠴᠢᠬᠤᠯᠠ ᠪᠦᠬᠦᠢ ᠬᠦᠴᠢᠷᠳᠡᠯ᠎ᠢ ᠬᠠᠪᠰᠤᠷᠤᠨ ᠲᠡᠳᠬᠦᠬᠦ᠎ᠲᠠᠢ ᠤᠶᠠᠯᠳᠤᠭᠤᠯᠤᠨ᠎ᠠ᠃ ᠦᠨᠡᠨ ᠪᠣᠳᠠᠲᠠᠢ ᠬᠡᠷᠡᠭᠴᠡᠭᠡ᠎ᠪᠡᠷ ᠦᠢᠯᠡᠳᠬᠦᠨ᠎ᠢ ᠰᠠᠢᠵᠢᠷᠠᠭᠣᠯᠬᠣᠶᠢ ᠬᠥᠲᠥᠯᠥᠨ ᠵᠢᠯᠤᠭᠣᠳᠴᠤ᠂ ᠡᠵᠡᠩᠨᠡᠯᠲᠡ᠎ᠶᠢᠨ ᠠᠰᠢᠭ᠋ ᠣᠷᠣᠯᠭ᠎ᠠ᠎ᠪᠠᠷ ᠦᠢᠯᠡᠴᠢᠯᠡᠭᠡᠨ᠎ᠦ ᠦᠷ᠎ᠡ ᠪᠦᠲᠦᠮᠵᠢ᠎ᠶᠢ ᠰᠢᠯᠭᠠᠨ ᠪᠠᠢᠴᠠᠭᠠᠵᠤ᠂ ᠠᠶᠤᠯ ᠲᠦᠭᠰᠢᠭᠦᠷᠢ᠎ᠪᠡᠷ ᠲᠣᠭᠲᠠᠭᠤᠨ ᠬᠥᠭᠵᠢᠯᠲᠡ᠎ᠶᠢᠨ ᠵᠢᠱ᠌ᠢᠯᠲᠡ᠎ᠶᠢ ᠪᠠᠲᠤᠯᠠᠪᠠᠯ ᠰᠠᠶᠢ ᠲᠣᠭᠠᠴᠢᠯᠠᠭᠰᠠᠨ ᠮᠥᠩᠭᠥᠨ ᠭᠦᠢᠯᠭᠡᠭᠡᠨ ᠵᠢᠡᠷᠮᠠᠯᠴᠢᠳᠤᠨ ᠣᠷᠣᠯᠭ᠎ᠠ᠎ᠶᠢ ᠨᠡᠮᠡᠭᠳᠡᠭᠦᠯᠬᠦ ᠪᠠ ᠮᠠᠯᠵᠢᠬᠤ ᠣᠷᠣᠨ᠎ᠤ ᠪᠣᠳᠠᠲᠤ ᠴᠣᠭᠴᠠ᠎ᠶᠢᠨ ᠠᠵᠤ ᠠᠬᠤᠢ᠎ᠶᠢᠨ ᠬᠥᠭᠵᠢᠯᠲᠡ᠎ᠶᠢ ᠨᠡᠩ ᠰᠠᠢᠲᠤᠷ ᠳᠡᠮᠵᠢᠵᠦ ᠴᠢᠳᠠᠨ᠎ᠠ᠃
︵ᠵᠤᠬᠢᠶᠠᠬᠴᠢ ᠵᠢᠨ ᠬᠠᠶᠢᠭ᠄ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ᠎ᠶᠢᠨ ᠺᠣᠮᠫᠢᠦ᠋ᠲᠧᠷ᠎ᠦᠨ ᠮᠡᠳᠡᠭᠡ ᠵᠠᠩᠭᠢ᠎ᠶᠢᠨ ᠬᠠᠮᠢᠶᠠᠷᠤᠯᠲᠠ᠎ᠶᠢᠨ ᠳᠡᠭᠡᠳᠦ ᠰᠤᠷᠭᠠᠭᠤᠯᠢ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃