ᠲᠡᠷᠢᠭᠦᠨ ᠨᠢᠭᠤᠷ>ᠣᠨᠣᠯ ᠱᠢᠭᠦᠮᠵᠢ>ᠰᠢᠭᠦᠮᠵᠢ

2026-11-16 17:02:01

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠾᠧᠨᠠᠨ ᠮᠤᠵᠢ᠎ᠶᠢᠨ ᠯᠦᠸᠧᠶᠠᠩ ᠬᠤᠳᠠ᠎ᠶᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠣᠶ᠋ᠢᠷ᠎ᠠ᠎ᠳᠤ ᠪᠠᠶ᠋ᠢᠭᠤᠯᠭ᠎ᠠ᠎ᠶᠢᠨ ᠺᠠᠳ᠋ᠷ 15 ᠡᠳᠦᠷ ᠲᠦᠷᠭᠡᠨ ᠬᠦᠷᠭᠡᠭᠴᠢ᠎ᠶᠢᠨ ᠠᠵᠢᠯ᠎ᠢ ᠪᠡᠶᠡᠴᠢᠯᠡᠨ ᠣᠢᠯᠠᠭᠠᠬᠤ ᠠᠵᠢᠯᠯᠠᠭ᠎ᠠ ᠥᠷᠨᠢᠭᠦᠯᠵᠡᠢ᠃ ᠪᠠᠢ᠍ᠢᠭᠤᠯᠭ᠎ᠠ᠎ᠶᠢᠨ 15 ᠺᠠᠳ᠋ᠷ ᠠᠵᠢᠯ᠎ᠤᠨ ᠬᠤᠪᠴᠠᠰᠤ᠎ᠪᠠᠨ ᠲᠦᠷᠭᠡᠨ ᠬᠦᠷᠭᠡᠭᠴᠢ᠎ᠶᠢᠨ ᠬᠤᠪᠴᠠᠰᠦ᠎ᠪᠠᠷ ᠰᠤᠯᠢᠵᠦ᠂ ᠠᠵᠢᠯ᠎ᠤᠨ ᠪᠥᠬᠥ ᠶᠠᠪᠤᠴᠠ᠎ᠳᠤ ᠤᠷᠢᠳᠴᠢᠯᠡᠨ ᠮᠡᠳᠡᠭᠦᠯᠬᠦ ᠦᠭᠡᠢ᠂ ᠠᠵᠢᠯ᠎ᠤᠨ ᠪᠠᠢᠷᠢ᠎ᠪᠠᠨ ᠢᠯᠡ ᠪᠣᠯᠭᠠᠬᠤ ᠦᠭᠡᠢ᠂ ᠡᠭᠡᠯ ᠵᠢᠷ᠎ᠦᠨ ᠲᠦᠷᠭᠡᠨ ᠬᠦᠷᠭᠡᠭᠴᠢ᠎ᠶᠢᠨ ᠬᠤᠪᠢ᠎ᠪᠠᠷ ᠳᠣᠭᠢᠷᠠᠭᠤᠯᠤᠨ ᠬᠦᠷᠭᠡᠬᠦ ᠠᠵᠢᠯ᠎ᠤᠨ ᠡᠮᠦᠨ᠎ᠡ ᠹᠷᠤᠨᠲ᠎ᠲᠤ ᠭᠦᠨᠵᠡᠭᠡᠢ᠍ᠢᠷᠡᠨ᠂ ᠰᠦᠯᠵᠢᠶᠡᠨ᠎ᠤ ᠢᠳᠡᠭᠡᠨ ᠤᠮᠳᠠᠭᠠᠨ᠎ᠳᠤ ᠨᠢᠭᠤᠭᠳᠠᠵᠤ ᠪᠠᠢᠭ᠎ᠠ ᠠᠮᠤᠷ ᠲᠦᠪᠰᠢᠨ᠎ᠤ ᠳᠠᠯᠳᠠ ᠬᠡᠮ᠎ᠢ ᠨᠠᠷᠢᠨ ᠨᠢᠮᠪᠠᠢ ᠵᠢᠭ᠍ᠰᠠᠭᠠᠨ ᠪᠠᠢ᠍ᠢᠴᠠᠭᠠᠵᠤ᠂ ᠤᠯᠠᠨ ᠲᠦᠮᠡᠨ᠎ᠦ ᠰᠠᠨᠠᠯ᠎ᠢ ᠰᠤᠨᠤᠰᠴᠦ᠂ ᠲᠦᠷᠭᠡᠨ ᠬᠦᠷᠭᠡᠭᠴᠢ᠎ᠶᠢᠨ ᠬᠥᠳᠡᠯᠮᠦᠷᠢ᠎ᠶᠢᠨ ᠪᠠᠲᠤᠯᠠᠭ᠎ᠠ᠂ ᠡᠷᠬᠡ ᠠᠰᠢᠭ᠋᠎ᠢ ᠬᠠᠮᠠᠭᠠᠯᠠᠬᠤ ᠵᠡᠷᠭᠡ ᠲᠠᠯ᠎ᠠ᠎ᠶᠢᠨ ᠬᠦᠴᠢᠷ ᠲᠦᠪᠡᠭᠳᠡᠯ᠎ᠢ  ᠎ᠣᠢᠯᠠᠭᠠᠪᠠ᠃

                  — 《 ᠯᠦᠸᠸᠶᠠᠩ᠎ᠤᠨ ᠡᠳᠦᠷ᠎ᠤᠨ ᠰᠣᠨᠢᠨ》᠎ 


ᠦᠨᠡᠯᠡᠯᠲᠡ᠄ ᠺᠠᠳ᠋ᠷ᠎ᠤᠨ 《ᠠᠵᠢᠯ᠎ᠤᠨ ᠪᠠᠢᠷᠢ》᠎ᠪᠠᠨ ᠰᠤᠯᠢᠵᠦ ᠪᠡᠶᠡᠴᠢᠯᠡᠨ ᠣᠢᠯᠠᠭᠠᠬᠤ  ᠨᠢ ᠶᠡᠷᠦ ᠨᠢ ᠬᠥᠮᠥᠰ᠎ᠦᠨ ᠠᠩᠬᠠᠷᠤᠯ᠎ᠢ ᠲᠠᠲᠠᠳᠠᠭ᠂ ᠡᠨᠡ ᠨᠢ  ᠤᠯᠠᠨ ᠲᠦᠮᠡᠨ 《ᠺᠠᠳ᠋ᠷ ᠦᠨᠡᠨ ᠬᠦ᠌ ᠪᠤᠳᠠᠳᠠᠢ᠎ᠳᠦ ᠣᠢᠷᠠᠳᠬᠤ》᠎ᠵᠢ ᠬᠦᠰᠡᠭᠰᠡᠨ ᠰᠠᠨᠠᠭ᠎ᠠ ᠪᠣᠳᠣᠯ᠎ᠲᠠᠢ ᠪᠠᠢᠭ᠎ᠠ᠎ᠶᠢ ᠬᠠᠷᠠᠭᠤᠯᠵᠤ ᠪᠠᠶ᠋ᠢᠨ᠎ᠠ᠃ ᠪᠡᠶᠡᠴᠢᠯᠡᠨ ᠣᠢ᠍ᠢᠯᠠᠭᠠᠬᠤ᠎ᠶᠢᠨ ᠭᠣᠣᠯ ᠵᠣᠷᠢᠯᠭ᠎ᠠ ᠨᠢ ᠮᠠᠲᠸᠷᠢᠶᠠᠯ᠎ᠢ ᠬᠤᠷᠢᠶᠠᠩᠭᠤᠢᠯᠠᠨ ᠳ᠋ᠦᠩᠨᠡᠬᠦ᠎ᠳᠦ ᠪᠠᠢᠭ᠎ᠠ ᠪᠢᠰᠢ᠂ ᠬᠠᠷᠢᠨ ᠴᠡᠭᠴᠡᠯᠡᠨ ᠵᠠᠰᠠᠬᠤ ᠵᠢ ᠵᠢᠩᠬᠢᠨᠢ ᠪᠡᠷ ᠨᠠᠢᠳᠠᠪᠣᠷᠢᠵᠢᠭᠣᠯᠬᠣ᠎ᠳᠦ ᠪᠣᠢ᠂ ᠡᠰᠡ ᠲᠡᠭᠡᠪᠡᠯ ᠠᠰᠠᠭᠤᠳᠠᠯ᠎ᠤᠳ ᠮᠥᠨ ᠯᠡ ᠦᠷᠬᠦᠯᠵᠢᠯᠡᠨ ᠣᠷᠣᠰᠢᠬᠤ ᠪᠣᠯᠣᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面