ᠲᠡᠷᠢᠭᠦᠨ ᠨᠢᠭᠤᠷ>ᠣᠨᠣᠯ ᠱᠢᠭᠦᠮᠵᠢ>ᠰᠤᠷᠤᠯᠴᠠᠯᠭ᠎ᠠ

2020-12-10 10:40:47

ᠵᠣᠬᠢᠶᠠᠭ᠍ᠴᠢ᠄ ᠪᠤᠯᠤᠷ ᠣᠩᠱᠢᠭ᠍ᠰᠠᠨ ᠣᠳᠠᠭ᠎ᠠ᠄ 3

ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠲᠠᠪᠤᠳᠤᠭᠠᠷ ᠪᠦᠭᠦᠳᠡ ᠬᠤᠷᠠᠯ᠎ᠡᠴᠠ ︽ ᠤᠯᠤᠰ ᠠᠷᠠᠳ᠎ᠤᠨ ᠠᠵᠤ ᠠᠬᠤᠢ ᠪᠠ ᠨᠡᠶᠢᠭᠡᠮ᠎ᠤᠨ ᠬᠦᠭᠵᠢᠯᠲᠡ᠎ᠶᠢᠨ ᠲᠤᠬᠠᠢ ᠠᠷᠪᠠᠨ ᠳᠦᠷᠪᠡᠳᠦᠭᠡᠷ ᠲᠠᠪᠤᠨ ᠵᠢᠯ᠎ᠤᠨ ᠲᠦᠯᠦᠪᠵᠢᠭᠦᠯᠭᠡ ᠪᠤᠯᠤᠨ 2035 ᠤᠨ᠎ᠤ ᠠᠯᠤᠰ᠎ᠤᠨ ᠬᠠᠷᠠᠯᠲᠠ᠎ᠶᠢ ᠲᠤᠭᠲᠠᠭᠠᠬᠤ ᠲᠤᠬᠠᠢ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠦᠪ ᠬᠤᠷᠢᠶᠠᠨ᠎ᠤ ᠰᠠᠨᠠᠭᠤᠯᠭ᠎ᠠ ︾ ︵ ᠲᠤᠤᠷ᠎ᠠ ︽ ᠰᠠᠨᠠᠭᠤᠯᠭ᠎ᠠ ︾ ᠭᠡᠵᠦ ᠲᠦᠭᠦᠮᠴᠢᠯᠡᠨ᠎ᠡ ︶᠎ᠶᠢ ᠬᠢᠨᠠᠨ ᠪᠠᠲᠤᠯᠠᠭᠰᠠᠨ ᠪᠠᠶᠢᠨ᠎ᠠ ᠃ ︽ ᠰᠠᠨᠠᠭᠤᠯᠭ᠎ᠠ ︾᠎ᠳ᠋ᠤ ᠮᠠᠨ᠎ᠤ ᠤᠯᠤᠰ᠎ᠤᠨ ︽ ᠠᠷᠪᠠᠨ ᠳᠦᠷᠪᠡᠳᠦᠭᠡᠷ ᠲᠠᠪᠤᠨ ᠵᠢᠯ ︾᠎ᠤᠨ ᠬᠤᠭᠤᠴᠠᠭᠠᠨ᠎ᠳ᠋ᠠᠬᠢ ᠠᠵᠤ ᠠᠬᠤᠢ ᠨᠡᠶᠢᠭᠡᠮ᠎ᠤᠨ ᠬᠦᠭᠵᠢᠯᠲᠡ᠎ᠳ᠋ᠤ ᠬᠠᠮᠤᠭ᠎ᠤᠨ ᠳᠡᠭᠡᠲᠤ ᠬᠡᠮᠵᠢᠶᠡᠨ᠎ᠤ ᠲᠦᠯᠦᠪᠵᠢᠭᠦᠯᠭᠡ᠎ᠶᠢ ᠬᠢᠵᠦ ᠂ ᠴᠢᠨᠡᠬᠡᠯᠢᠭ ᠨᠡᠶᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠵᠦ ᠂ ᠨᠡᠶᠢᠭᠡᠮ ᠵᠢᠷᠤᠮᠲᠤ ᠤᠳᠤᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ᠎ᠢ ᠡᠬᠢᠯᠡᠭᠦᠯᠬᠦ ᠤᠷᠤᠭᠰᠢᠯᠠᠬᠤ ᠴᠢᠭᠯᠡᠯ ᠪᠤᠯᠤᠨ ᠲᠡᠮᠡᠴᠡᠬᠦ ᠬᠠᠷᠠᠯᠲᠠ᠎ᠶᠢ ᠲᠤᠳᠤᠷᠬᠠᠶᠢᠯᠠᠨ ᠦᠭᠴᠦ ᠂ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠬᠤ ᠂ ᠠᠷᠠᠳ ᠲᠦᠮᠡᠨ᠎ᠢᠶᠠᠷ ᠭᠤᠤᠯ ᠪᠤᠯᠭᠠᠬᠤ᠎ᠶᠢ ᠪᠠᠷᠢᠮᠲᠠᠯᠠᠬᠤ ᠂ ᠰᠢᠨ᠎ᠡ ᠬᠦᠭᠵᠢᠯᠲᠡ᠎ᠶᠢᠨ ᠦᠵᠡᠯᠲᠡ᠎ᠶᠢ ᠪᠠᠷᠢᠮᠲᠠᠯᠠᠬᠤ ᠂ ᠦᠭᠡᠷᠡᠴᠢᠯᠡᠯᠲᠡ ᠨᠡᠭᠡᠭᠡᠯᠲᠡ᠎ᠶᠢ ᠭᠦᠨᠵᠡᠭᠡᠶᠢᠷᠡᠭᠦᠯᠬᠦ᠎ᠶᠢ ᠪᠠᠷᠢᠮᠲᠠᠯᠠᠬᠤ ᠂ ᠰᠢᠰᠲ᠋ᠧᠮ᠎ᠤᠨ ᠦᠵᠡᠯᠲᠡ᠎ᠶᠢ ᠪᠠᠷᠢᠮᠲᠠᠯᠠᠬᠤ ᠵᠡᠷᠭᠡ ᠲᠠᠪᠤ᠋᠎ᠶᠢ ᠪᠠᠷᠢᠮᠲᠠᠯᠠᠬᠤ ᠵᠠᠷᠴᠢᠮ᠎ᠢ ᠳᠤᠷᠠᠳᠤᠨ ᠭᠠᠷᠭᠠᠪᠠ ᠃ ᠡᠨᠡ ᠪᠤᠯ ᠬᠤᠶᠢᠰᠢᠳᠠ᠎ᠶᠢᠨ 5 ᠵᠢᠯ ᠴᠢᠨᠠᠭᠰᠢᠯᠠᠪᠠᠯ ᠨᠡᠩ ᠤᠷᠲᠤ ᠬᠤᠭᠤᠴᠠᠭᠠᠨ᠎ᠤ ᠮᠠᠨ᠎ᠤ ᠤᠯᠤᠰ᠎ᠤᠨ ᠠᠵᠤ ᠠᠬᠤᠢ ᠨᠡᠶᠢᠭᠡᠮ᠎ᠤᠨ ᠬᠦᠭᠵᠢᠯᠲᠡ᠎ᠶᠢᠨ ᠠᠵᠢᠯᠯᠠᠭᠠᠨ᠎ᠤ ᠵᠦᠭᠯᠡᠭᠦᠷ ᠂ ᠰᠢᠰᠲ᠋ᠧᠮᠲᠤ ᠪᠠᠶᠢᠷᠢᠰᠢᠭᠤᠯᠦᠯᠲᠠ᠎ᠶᠢᠨ ᠴᠢᠭᠯᠡᠯ ᠪᠠ ᠭᠤᠤᠯᠳᠠᠯᠭ᠎ᠠ ᠂ ᠰᠢᠨ᠎ᠡ ᠠᠶᠠᠨ᠎ᠢᠶᠡᠨ ᠪᠦᠬᠦ ᠲᠠᠯ᠎ᠠ᠎ᠪᠠᠷ ᠡᠬᠢᠯᠡᠭᠦᠯᠬᠦ ᠰᠢᠨᠵᠢᠯᠡᠬᠦ ᠤᠬᠠᠭᠠᠨᠴᠢ ᠵᠢᠯᠤᠭᠤᠳᠬᠤ ᠵᠠᠷᠴᠢᠮ ᠪᠤᠯᠤᠨ᠎ᠠ ᠃

ᠪᠢᠳᠠ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠲᠠᠪᠤᠳᠤᠭᠠᠷ ᠪᠦᠭᠦᠳᠡ ᠬᠤᠷᠠᠯ᠎ᠤᠨ ᠵᠤᠷᠢᠭ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠬᠤ᠎ᠪᠠᠷ ᠳᠠᠮᠵᠢᠨ ᠂ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠤᠶᠢᠰᠢᠲᠠ᠎ᠶᠢᠨ ᠠᠵᠤ ᠠᠬᠤᠢ ᠨᠡᠶᠢᠭᠡᠮ᠎ᠤᠨ ᠬᠦᠭᠵᠢᠯᠲᠡ᠎ᠨᠢ ᠡᠷᠬᠡᠪᠰᠢ ︽ ᠲᠠᠪᠦ᠎ᠶᠢ ᠪᠠᠷᠢᠮᠲᠠᠯᠠᠬᠤ ︾ ᠴᠢᠬᠤᠯᠠ ᠵᠠᠷᠴᠢᠮ᠎ᠢ ᠦᠨᠡᠨ ᠬᠦ ᠵᠢᠷᠦᠮᠯᠡᠨ ᠂ ᠤᠮᠠᠷᠠᠲᠤ ᠬᠢᠯᠢ ᠬᠢᠵᠠᠭᠠᠷ᠎ᠤᠨ ᠪᠦᠲᠦᠭᠡᠨ ᠪᠠᠶᠢᠭᠤᠯᠤᠯᠲᠠ᠎ᠶᠢᠨ ᠪᠤᠳᠠᠲᠤ ᠪᠠᠶᠢᠳᠠᠯ᠎ᠲᠠᠢ ᠤᠶᠠᠯᠳᠤᠭᠤᠯᠦᠨ ᠂ ᠤᠯᠤᠰ᠎ᠤᠨ ︽ ᠠᠷᠪᠠᠨ ᠳᠦᠷᠪᠡᠳᠦᠭᠡᠷ ᠲᠠᠪᠤᠨ ᠵᠢᠯ᠎︾᠎ᠤᠨ ᠲᠦᠯᠦᠪᠵᠢᠭᠦᠯᠭᠡ᠎ᠶᠢᠨ ᠬᠠᠷᠠᠯᠲᠠ ᠪᠠ ᠡᠭᠦᠷᠭᠡ᠎ᠶᠢ ᠭᠦᠨᠵᠡᠭᠡᠢ ᠡᠵᠡᠮᠳᠡᠵᠦ ᠂ ᠰᠢᠨ᠎ᠡ ᠴᠠᠭ ᠦᠶ᠎ᠡ᠎ᠳ᠋ᠤ ᠡᠷᠡᠯᠬᠡᠭᠯᠡᠨ ᠤᠷᠤᠭᠰᠢᠯᠠᠵᠤ ᠂ ᠬᠦᠭᠵᠢᠯᠲᠡ᠎ᠶᠢᠨ ᠰᠢᠨ᠎ᠡ ᠠᠶᠠᠨ᠎ᠢᠶᠡᠨ ᠡᠬᠢᠯᠡᠭᠦᠯᠬᠦ ᠴᠢᠬᠤᠯᠠᠲᠠᠢ ᠭᠡᠳᠡᠭ᠎ᠢ ᠭᠦᠨᠵᠡᠭᠡᠢ ᠲᠠᠨᠢᠵᠤ ᠤᠯᠪᠠ ᠃

ᠨᠢᠭᠡᠳᠦᠭᠡᠷ᠎ᠲᠤ ᠂ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠬᠤ ᠬᠡᠷᠡᠭᠲᠡᠢ ᠃ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠬᠤ ᠪᠤᠯ ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶᠢᠭᠡᠮ ᠵᠢᠷᠤᠮ᠎ᠤᠨ ᠦᠵᠡᠯ ᠰᠠᠨᠠᠭᠠᠨ᠎ᠤ ᠴᠢᠬᠤᠯᠠ ᠠᠭᠤᠯᠭ᠎ᠠ ᠪᠤᠯᠤᠨ᠎ᠠ ᠃ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠬᠤ᠎ᠨᠢ ᠲᠠᠷᠤᠢ ᠨᠠᠮ᠎ᠡᠴᠠ ᠠᠵᠤ ᠠᠬᠤᠢ ᠨᠡᠶᠢᠭᠡᠮ᠎ᠤᠨ ᠬᠦᠭᠵᠢᠯᠲᠡ᠎ᠶᠢ ᠤᠳᠤᠷᠢᠳᠬᠤ ᠪᠠᠶᠢᠭᠤᠯᠤᠮᠵᠢ ᠳᠤᠭᠲᠠᠴᠠ᠎ᠶᠢ ᠪᠠᠷᠢᠮᠲᠠᠯᠠᠨ ᠲᠡᠭᠦᠯᠲᠡᠷᠵᠢᠭᠦᠯᠵᠦ ᠂ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶᠢᠭᠡᠮ ᠵᠢᠷᠤᠮ᠎ᠤᠨ ᠪᠠᠶᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ ᠶᠠᠪᠤᠳᠠᠯ ᠪᠤᠯᠤᠨ᠎ᠠ ᠃

ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ ᠪᠤᠯ ᠨᠠᠮ ᠪᠠ ᠤᠯᠤᠰ᠎ᠡᠴᠠ ᠡᠯ᠎ᠡ ᠲᠦᠷᠦᠯ᠎ᠤᠨ ᠠᠵᠢᠯ ᠦᠢᠯᠡᠰ᠎ᠢ ᠶᠠᠪᠤᠭᠳᠠᠭᠤᠯᠬᠤ ᠪᠠ ᠴᠢᠨᠠᠷᠯᠢᠭ ᠬᠦᠭᠵᠢᠯᠲᠡ᠎ᠶᠢ ᠪᠡᠶᠡᠯᠡᠭᠦᠯᠬᠦ ᠦᠨᠳᠦᠰᠦᠨ ᠪᠠᠲᠤᠯᠠᠭ᠎ᠠ ᠮᠦᠨ ᠃ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 73 ᠵᠢᠯ᠎ᠤᠨ ᠲᠤᠷᠰᠢᠲᠠ ᠤᠯᠤᠭᠰᠠᠨ ᠠᠮᠵᠢᠯᠲᠠ ᠪᠦᠲᠦᠭᠡᠯ᠎ᠢ ᠳ᠋ᠦᠩᠨᠡᠪᠡᠯ ᠂ ᠭᠠᠭᠴᠠ ᠬᠦ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶᠢ ᠭᠤᠶᠢᠪᠢᠰᠢ ᠦᠭᠡᠢ᠎ᠪᠠᠷ ᠪᠠᠷᠢᠮᠲᠠᠯᠠᠪᠠᠯ ᠂ ᠭᠠᠭᠴᠠ ᠬᠦ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶᠢᠭᠡᠮ ᠵᠢᠷᠤᠮ᠎ᠤᠨ ᠪᠠᠶᠢᠭᠤᠯᠤᠯ᠎ᠢ ᠭᠤᠶᠢᠪᠢᠰᠢ ᠦᠭᠡᠢ᠎ᠪᠠᠷ ᠪᠠᠷᠢᠮᠲᠠᠯᠠᠪᠠᠯ ᠰᠠᠶᠢ ᠦᠨᠳᠦᠰᠦᠲᠡᠨ᠎ᠤ ᠤᠷᠤᠨ᠎ᠤ ᠦᠪᠡᠷᠲᠡᠭᠡᠨ ᠵᠠᠰᠠᠬᠤ ᠪᠠᠶᠢᠭᠤᠯᠤᠯ᠎ᠤᠨ ᠳᠠᠪᠠᠭᠤᠯᠢᠭ ᠲᠠᠯ᠎ᠠ᠎ᠶᠢ ᠭᠦᠢᠴᠡᠳ ᠪᠠᠳᠠᠷᠠᠭᠤᠯᠤᠨ ᠂ ᠦᠨᠳᠦᠰᠦᠲᠡᠨ᠎ᠤ ᠤᠷᠤᠨ᠎ᠤ ᠠᠵᠤ ᠠᠬᠤᠢ ᠨᠡᠶᠢᠭᠡᠮ᠎ᠤᠨ ᠴᠢᠨᠠᠷᠯᠢᠭ ᠬᠦᠭᠵᠢᠯᠲᠡ᠎ᠶᠢ ᠪᠡᠶᠡᠯᠡᠭᠦᠯᠵᠦ ᠴᠢᠳᠠᠨ᠎ᠠ ᠃

2019 ᠤᠨ᠎ᠤ ᠪᠦᠷᠢᠳᠬᠡᠯ᠎ᠢ ᠦᠨᠳᠦᠰᠦᠯᠡᠪᠡᠯ ᠂ ᠪᠦᠬᠦ ᠤᠷᠤᠨ᠎ᠤ ᠤᠶᠢᠯᠡᠳᠪᠦᠷᠢᠯᠡᠯ᠎ᠤᠨ ᠶᠡᠷᠦᠩᠬᠡᠢ ᠦᠷᠳᠡᠭ 17212.5 ᠳ᠋ᠦᠩᠰᠢᠭᠤᠷ ᠲᠦᠭᠦᠷᠢᠭ ᠬᠦᠷᠴᠤ ᠂ ᠲᠡᠭᠡᠷ᠎ᠡ ᠵᠢᠯ᠎ᠡᠴᠠ᠎ᠪᠠᠨ 5.2%᠎ᠢᠶᠠᠷ ᠨᠡᠮᠡᠭᠳᠡᠵᠡᠢ ᠃ ᠪᠦᠬᠦ ᠵᠢᠯ᠎ᠤᠨ ᠤᠯᠤᠰ ᠠᠷᠠᠳ᠎ᠤᠨ ᠤᠷᠤᠯᠭ᠎ᠠ ᠳᠤᠮᠳᠠᠴᠢ᠎ᠪᠠᠷ ᠬᠦᠮᠦᠨ ᠪᠦᠷᠢ 30555 ᠲᠦᠭᠦᠷᠢᠭ ᠬᠦᠷᠴᠤ ᠂ ᠲᠡᠭᠡᠷ᠎ᠡ ᠵᠢᠯ᠎ᠡᠴᠠ᠎ᠪᠠᠨ 7.7%᠎ᠪᠠᠷ ᠨᠡᠮᠡᠭᠳᠡᠵᠡᠢ ᠃ ᠪᠤᠳᠠᠲᠤ ᠦᠰᠦᠯᠲᠡ᠎ᠶᠢᠨ ᠨᠤᠷᠮ᠎ᠠ᠎ᠨᠢ 5.2% ᠬᠦᠷᠴᠤ ᠠᠵᠤ ᠠᠬᠤᠢ᠎ᠶᠢᠨ ᠨᠡᠮᠡᠭᠳᠡᠯ᠎ᠲᠠᠢ ᠠᠳᠠᠯᠢ ᠲᠦᠪᠰᠢᠨ᠎ᠳ᠋ᠤ ᠬᠦᠷᠦᠭᠰᠡᠨ ᠪᠠᠶᠢᠨ᠎ᠠ ᠃ ᠪᠢᠳᠠ ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶᠢᠭᠡᠮ ᠵᠢᠷᠤᠮ᠎ᠤᠨ ᠦᠵᠡᠯ ᠰᠠᠨᠠᠭᠠᠨ᠎ᠤ ᠵᠢᠯᠤᠭᠤᠳᠤᠯᠭ᠎ᠠ᠎ᠶᠢ ᠡᠷᠡᠰ ᠪᠠᠷᠢᠮᠲᠠᠯᠠᠨ ᠂ ᠬᠦᠭᠵᠢᠯᠲᠡ᠎ᠶᠢᠨ ᠰᠢᠨ᠎ᠡ ᠠᠶᠠᠨ ᠵᠠᠮ ᠳᠡᠭᠡᠷ᠎ᠡ ᠯᠠᠪᠳᠠᠭᠤᠨ᠎ᠢᠶᠠᠷ ᠤᠷᠤᠭᠰᠢᠯᠠᠵᠤ ᠂ ᠬᠠᠮᠲᠤ᠎ᠪᠠᠷ ᠴᠢᠷᠮᠠᠶᠢᠨ ᠲᠡᠮᠡᠴᠡᠵᠦ ᠂ ᠡᠬᠡ ᠤᠯᠤᠰ᠎ᠤᠨ ᠤᠮᠠᠷᠠᠲᠤ᠎ᠶᠢᠨ ᠦᠵᠡᠮᠵᠢ᠎ᠶᠢᠨ ᠤᠷᠤᠨ ᠦᠪᠦᠷ ᠮᠤᠩᠭᠤᠯ᠎ᠢᠶᠡᠨ ᠨᠡᠩ ᠦᠵᠡᠰᠭᠦᠯᠡᠩ ᠰᠠᠶᠢᠬᠠᠨ ᠪᠤᠯᠭᠠᠨ ᠪᠦᠲᠦᠭᠡᠨ ᠪᠠᠶᠢᠭᠤᠯᠤᠶ᠎ᠠ ᠃

ᠬᠤᠶᠠᠳᠤᠭᠠᠷ᠎ᠲᠤ ᠂ ᠠᠷᠠᠳ ᠲᠦᠮᠡᠨ᠎ᠢᠶᠠᠷ ᠭᠤᠤᠯ ᠪᠤᠯᠭᠠᠬᠤ᠎ᠶᠢ ᠪᠠᠷᠢᠮᠲᠠᠯᠠᠬᠤ ᠬᠡᠷᠡᠭᠲᠡᠢ ᠃ ᠠᠷᠠᠳ ᠲᠦᠮᠡᠨ᠎ᠢᠶᠠᠷ ᠭᠤᠤᠯ ᠪᠤᠯᠭᠠᠬᠤ᠎ᠶᠢ ᠪᠠᠷᠢᠮᠲᠠᠯᠠᠬᠤ ᠪᠤᠯ ᠪᠦᠬᠦ ᠲᠠᠯ᠎ᠠ᠎ᠶᠢᠨ ᠬᠦᠭᠵᠢᠯᠲᠡ᠎ᠶᠢᠨ ᠰᠢᠨ᠎ᠡ ᠠᠶᠠᠨ᠎ᠢᠶᠡᠨ ᠡᠬᠢᠯᠡᠭᠦᠯᠬᠦ ᠦᠨᠳᠦᠰᠦᠨ ᠵᠤᠭᠰᠤᠯᠲᠠ ᠪᠤᠯᠤᠨ᠎ᠠ ᠃ ︽ ᠰᠠᠨᠠᠭᠤᠯᠭ᠎ᠠ ︾᠎ᠳ᠋ᠤ ᠂ ᠠᠷᠠᠳ ᠲᠦᠮᠡᠨ᠎ᠢᠶᠠᠷ ᠭᠤᠤᠯ ᠪᠤᠯᠭᠠᠬᠤ᠎ᠶᠢ ᠪᠠᠷᠢᠮᠲᠠᠯᠠᠬᠤ᠎ᠨᠢ ᠲᠠᠷᠤᠢ ᠠᠷᠠᠳ ᠲᠦᠮᠡᠨ᠎ᠤ ᠭᠤᠤᠯ ᠴᠤᠭᠴᠠ᠎ᠶᠢᠨ ᠪᠠᠶᠢᠷᠢ ᠰᠠᠭᠤᠷᠢ᠎ᠶᠢ ᠪᠠᠷᠢᠮᠲᠠᠯᠠᠬᠤ ᠂ ᠬᠠᠮᠲᠤ᠎ᠪᠠᠷ ᠴᠢᠨᠡᠭᠡᠯᠢᠭᠵᠢᠬᠦ᠎ᠶᠢ ᠪᠠᠷᠢᠮᠲᠠᠯᠠᠬᠤ ᠂ ᠬᠦᠭᠵᠢᠯᠲᠡ᠎ᠨᠢ ᠠᠷᠠᠳ ᠲᠦᠮᠡᠨ᠎ᠤ ᠲᠦᠯᠦᠭᠡ ᠂ ᠬᠦᠭᠵᠢᠯᠲᠡ᠎ᠨᠢ ᠠᠷᠠᠳ ᠲᠦᠮᠡᠨ᠎ᠳ᠋ᠤ ᠲᠦᠰᠢᠭᠯᠡᠬᠦ ᠂ ᠬᠦᠭᠵᠢᠯᠲᠡ᠎ᠶᠢᠨ ᠦᠷ᠎ᠡ ᠪᠦᠲᠦᠭᠡᠯ᠎ᠢ ᠠᠷᠠᠳ ᠲᠦᠮᠡᠨ ᠬᠠᠮᠲᠤ᠎ᠪᠠᠷ ᠡᠳ᠋ᠯᠡᠬᠦ ᠂ ᠠᠷᠠᠳ ᠲᠦᠮᠡᠨ᠎ᠤ ᠦᠨᠳᠦᠰᠦᠨ ᠠᠰᠢᠭ ᠲᠤᠰᠠ᠎ᠶᠢ ᠬᠠᠮᠠᠭᠠᠯᠠᠬᠤ ᠂ ᠪᠦᠬᠦ ᠠᠷᠠᠳ᠎ᠤᠨ ᠢᠳᠡᠪᠬᠢ ᠴᠢᠨᠠᠷ ᠂ ᠰᠠᠨᠠᠭᠠᠴᠢᠯᠠᠭᠠᠲᠤ ᠴᠢᠨᠠᠷ ᠂ ᠡᠭᠦᠳᠦᠨ ᠪᠦᠲᠦᠭᠡᠬᠦ ᠴᠢᠨᠠᠷ᠎ᠢ ᠲᠠᠶᠢᠴᠢᠯᠠᠬᠤ ᠂ ᠨᠡᠶᠢᠭᠡᠮ᠎ᠤᠨ ᠡᠷᠬᠡ ᠲᠡᠭᠰᠢ᠎ᠶᠢ ᠠᠬᠢᠭᠤᠯᠵᠤ ᠂ ᠠᠷᠠᠳ᠎ᠤᠨ ᠠᠮᠢᠳᠤᠷᠠᠯ᠎ᠤᠨ ᠬᠠᠷᠠᠭᠠᠯᠵᠠᠯ᠎ᠢ ᠨᠡᠮᠡᠭᠳᠡᠭᠦᠯᠵᠦ ᠂ ᠠᠷᠠᠳ ᠲᠦᠮᠡᠨ᠎ᠤ ᠰᠠᠶᠢᠨ ᠰᠠᠶᠢᠬᠠᠨ ᠠᠮᠢᠳᠤᠷᠠᠯ᠎ᠢ ᠬᠦᠭᠡᠭᠡᠴᠡᠯᠳᠦᠬᠦ᠎ᠶᠢ ᠲᠠᠰᠤᠷᠠᠯᠲᠠ ᠦᠭᠡᠢ ᠪᠡᠶᠡᠯᠡᠭᠦᠯᠬᠦ ᠶᠠᠪᠤᠳᠠᠯ ᠪᠤᠯᠬᠤ᠎ᠶᠢ ᠲᠤᠳᠤᠷᠬᠠᠢ ᠵᠢᠭᠠᠵᠤ ᠭᠠᠷᠭᠠᠪᠠ ᠃

ᠰᠢᠨ᠎ᠡ ᠴᠠᠭ ᠦᠶ᠎ᠡ᠎ᠶᠢᠨ ᠠᠵᠤ ᠠᠬᠤᠢ ᠨᠡᠶᠢᠭᠡᠮ᠎ᠤᠨ ᠬᠦᠭᠵᠢᠯᠲᠡ᠎ᠶᠢᠨ ᠪᠦᠲᠦᠭᠡᠨ ᠪᠠᠶᠢᠭᠤᠯᠤᠯᠲᠠ᠎ᠳ᠋ᠤ ᠂ ᠭᠤᠤᠯ ᠬᠦᠴᠦᠨ ᠪᠤᠯ ᠠᠷᠠᠳ ᠲᠦᠮᠡᠨ ᠂ ᠤᠶᠤᠨ ᠤᠬᠠᠭᠠᠨ᠎ᠤ ᠡᠬᠢ ᠪᠤᠯᠠᠭ ᠪᠤᠯ ᠠᠷᠠᠳ ᠲᠦᠮᠡᠨ ᠂ ᠦᠷ᠎ᠡ ᠪᠦᠲᠦᠭᠡᠯ᠎ᠨᠢ ᠴᠤ ᠠᠷᠠᠳ ᠲᠦᠮᠡᠨ᠎ᠤ ᠲᠦᠯᠦᠭᠡ ᠶᠤᠮ ᠃ ᠪᠢᠳᠠᠨ᠎ᠤ ᠰᠢᠨ᠎ᠡ ᠠᠶᠠᠨ ᠵᠠᠮ᠎ᠳᠠᠭᠠᠨ ᠬᠦᠭᠡᠭᠡᠴᠡᠯᠳᠦᠬᠦ ᠠᠵᠤ ᠠᠬᠤᠢ ᠨᠡᠶᠢᠭᠡᠮ᠎ᠤᠨ ᠬᠦᠭᠵᠢᠯᠲᠡ᠎ᠶᠢᠨ ᠬᠠᠮᠤᠭ᠎ᠤᠨ ᠡᠴᠤᠰ᠎ᠤᠨ ᠦᠨ᠎ᠡ ᠦᠷᠳᠡᠭ ᠪᠤᠯ ᠲᠠᠷᠤᠢ ᠪᠦᠬᠦ ᠤᠯᠤᠰ᠎ᠤᠨ ᠠᠷᠠᠳ ᠲᠦᠮᠡᠨ᠎ᠢ ᠤᠯᠠᠮ ᠰᠠᠶᠢᠨ ᠠᠮᠢᠳᠤᠷᠠᠭᠤᠯᠬᠤ᠎ᠶᠢᠨ ᠲᠦᠯᠦᠭᠡ ᠶᠤᠮ ᠃ ᠦᠷᠭᠡᠨ ᠤᠯᠠᠨ ᠠᠷᠠᠳ ᠲᠦᠮᠡᠨ ᠪᠤᠯ ᠮᠠᠨ᠎ᠤ ᠨᠠᠮ᠎ᠤᠨ ᠵᠠᠰᠠᠭ ᠪᠠᠷᠢᠬᠤ ᠭᠤᠤᠯ ᠬᠦᠴᠦᠨ᠎ᠤ ᠡᠬᠢ ᠪᠤᠯᠠᠭ ᠪᠠ ᠪᠠᠲᠤ ᠪᠠᠬᠢ ᠰᠠᠭᠤᠷᠢ ᠪᠤᠯᠤᠨ᠎ᠠ ᠃ ᠠᠵᠤ ᠠᠬᠤᠢ᠎ᠶᠢᠨ ᠪᠦᠲᠦᠭᠡᠨ ᠪᠠᠶᠢᠭᠤᠯᠤᠯᠲᠠ᠎ᠶᠢ ᠰᠠᠶᠢᠲᠤᠷ ᠬᠢᠬᠦ᠎ᠨᠢ ᠠᠷᠠᠳ ᠲᠦᠮᠡᠨ᠎ᠤ ᠲᠦᠯᠦᠭᠡ ᠂ ᠮᠦᠨᠴᠦ ᠠᠷᠠᠳ ᠲᠦᠮᠡᠨ᠎ᠳ᠋ᠤ ᠲᠦᠰᠢᠭᠯᠡᠳᠡᠭ ᠃ ᠡᠨᠡ ᠪᠤᠯ ᠲᠡᠦᠬᠡ᠎ᠶᠢᠨ ᠪᠤᠳᠠᠰᠴᠢ ᠦᠵᠡᠯ᠎ᠤᠨ ᠰᠢᠨᠵᠢᠯᠡᠬᠦ ᠤᠬᠠᠭᠠᠨᠴᠢ ᠵᠢᠮ᠎ᠡ ᠶᠤᠰᠤ᠎ᠶᠢ ᠪᠠᠷᠢᠮᠲᠠᠯᠠᠵᠦ ᠪᠠᠶᠢᠭ᠎ᠠ᠎ᠶᠢᠨ ᠢᠯᠡᠷᠡᠯ ᠪᠤᠯᠤᠨ᠎ᠠ ᠃

ᠶᠡᠷᠦᠩᠬᠡᠢ ᠱᠦᠵᠢ ᠰᠢ᠎ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠦᠪᠦᠷ ᠮᠤᠩᠭᠤᠯ᠎ᠤᠨ ᠲᠦᠯᠦᠭᠡᠯᠡᠭᠴᠢᠳ᠎ᠤᠨ ᠪᠦᠯᠬᠦᠮ᠎ᠤᠨ ᠬᠢᠨᠠᠨ ᠵᠦᠪᠯᠡᠬᠦ᠎ᠳ᠋ᠤ ᠤᠷᠤᠯᠴᠠᠬᠤ᠎ᠳᠠᠭᠠᠨ ᠂ ᠠᠷᠠᠳ ᠲᠦᠮᠡᠨ᠎ᠢᠶᠠᠷ ᠭᠤᠤᠯ ᠪᠤᠯᠭᠠᠬᠤ ᠬᠦᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠨ ᠂ ᠡᠷᠬᠡᠪᠰᠢ ᠠᠷᠠᠳ ᠲᠦᠮᠡᠨ᠎ᠢ ᠳᠡᠭᠡᠳᠦᠯᠡᠨ ᠂ ᠠᠷᠠᠳ ᠲᠦᠮᠡᠨ᠎ᠳ᠋ᠤ ᠨᠢᠭᠲᠠ ᠲᠦᠰᠢᠭᠯᠡᠨ ᠂ ᠠᠷᠠᠳ ᠲᠦᠮᠡᠨ᠎ᠳ᠋ᠤ ᠲᠠᠰᠤᠷᠠᠯᠲᠠ ᠦᠭᠡᠢ ᠪᠤᠶᠠᠨ ᠤᠶᠢᠯᠡᠳᠴᠤ ᠂ ᠠᠷᠠᠳ ᠲᠦᠮᠡᠨ᠎ᠤ ᠳᠤᠮᠳᠠ ᠪᠠᠲᠤ ᠦᠨᠳᠦᠰᠦᠯᠡᠬᠦ᠎ᠶᠢ ᠪᠠᠷᠢᠮᠲᠠᠯᠠᠬᠤ᠎ᠶᠢᠨ ᠬᠠᠮᠲᠤ ᠡᠯ᠎ᠡ ᠵᠦᠢᠯ᠎ᠤᠨ ᠰᠢᠢᠳᠪᠦᠷᠢᠲᠦ ᠪᠤᠳᠤᠯᠭ᠎ᠠ ᠪᠤᠯᠤᠨ ᠦᠢᠯᠡᠳᠦᠯᠭᠡ᠎ᠶᠢᠨ ᠠᠵᠢᠯ ᠳᠤᠮᠳᠠ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠳᠤᠷᠠᠳᠪᠠ ᠃

ᠪᠦᠬᠦ ᠤᠯᠤᠰ᠎ᠤᠨ ︽ ᠵᠢᠱᠢᠶᠡᠴᠢ ᠦᠪᠡᠷᠲᠡᠭᠡᠨ ᠵᠠᠰᠠᠬᠤ ᠤᠷᠤᠨ ︾ ᠪᠤᠯᠤᠭᠰᠠᠨ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠶᠢᠯᠡᠳᠦᠯᠭᠡ᠎ᠶᠢᠨ ᠲᠤᠷᠰᠢᠯᠭ᠎ᠠ᠎ᠡᠴᠠ ᠠᠪᠴᠤ ᠦᠵᠡᠬᠦ᠎ᠳ᠋ᠤ ᠂ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ ᠠᠷᠠᠳ ᠲᠦᠮᠡᠨ᠎ᠢᠶᠠᠷ ᠭᠤᠤᠯ ᠪᠤᠯᠭᠠᠬᠤ ᠦᠨᠳᠦᠰᠦᠨ ᠵᠠᠷᠴᠢᠮ᠎ᠢ ᠢᠮᠠᠭᠲᠠ ᠪᠠᠷᠢᠮᠲᠠᠯᠠᠵᠦ ᠂ 2500 ᠭᠠᠷᠦᠢ ᠲᠦᠮᠡᠨ ᠡᠯ᠎ᠡ ᠦᠨᠳᠦᠰᠦᠲᠡᠨ᠎ᠤ ᠠᠷᠠᠳ ᠲᠦᠮᠡᠨ᠎ᠤ ᠤᠶᠢᠯᠡᠳᠪᠦᠷᠢᠯᠡᠯ ᠪᠠ ᠠᠮᠢᠳᠦᠷᠠᠯ᠎ᠤᠨ ᠲᠦᠪᠰᠢᠨ᠎ᠢ ᠳᠡᠭᠡᠭᠰᠢᠯᠡᠭᠦᠯᠬᠦ᠎ᠶᠢ ᠲᠡᠷᠢᠭᠦᠨ ᠪᠠᠶᠢᠷᠢᠨ᠎ᠳ᠋ᠤ ᠲᠠᠯᠪᠢᠨ ᠂ ᠬᠠᠮᠲᠤ᠎ᠪᠠᠷ ᠴᠢᠨᠡᠭᠡᠯᠢᠭᠵᠢᠬᠦ᠎ᠪᠠᠷ ᠵᠤᠷᠢᠯᠭ᠎ᠠ ᠪᠤᠯᠭᠠᠭᠰᠠᠨ ᠪᠠᠶᠢᠨ᠎ᠠ ᠃ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ ᠶᠠᠳᠠᠭᠤ᠎ᠶᠢ ᠲᠡᠳᠬᠦᠵᠦ ᠶᠠᠳᠠᠭᠤ᠎ᠡᠴᠠ ᠠᠩᠭᠢᠵᠢᠷᠠᠬᠤ ᠂ ᠴᠢᠨᠡᠬᠡᠯᠢᠭ ᠨᠡᠶᠢᠭᠡᠮ᠎ᠢ ᠪᠦᠬᠦ ᠲᠠᠯ᠎ᠠ᠎ᠪᠠᠷ ᠪᠡᠶᠡᠯᠡᠬᠦᠯᠬᠦ᠎ᠶᠢᠨ ᠲᠦᠯᠦᠭᠡ 2019 ᠤᠨ᠎ᠳ᠋ᠤ ᠂ ᠡᠯ᠎ᠡ ᠱᠠᠲᠤᠨ᠎ᠤ ᠡᠳ᠋᠎ᠤᠨ ᠵᠠᠰᠠᠭ᠎ᠡᠴᠠ ᠤᠷᠤᠭᠤᠯᠤᠭᠰᠠᠨ ᠶᠠᠳᠠᠭᠤ᠎ᠶᠢ ᠲᠡᠳᠬᠦᠬᠦ ᠲᠤᠰᠬᠠᠢ ᠪᠡᠯᠡ ᠮᠦᠩᠭᠦ ᠨᠡᠶᠢᠲᠡ 99.23 ᠳ᠋ᠦᠩᠰᠢᠭᠤᠷ ᠲᠦᠭᠦᠷᠢᠭ ᠬᠦᠷᠴᠤ ᠂ 2020 ᠤᠨ᠎ᠤ 3 ᠰᠠᠷ᠎ᠠ ᠪᠤᠯᠬᠤ᠎ᠳ᠋ᠤ ᠂ ᠪᠦᠬᠦ ᠤᠷᠤᠨ᠎ᠤ ᠬᠠᠮᠤᠭ ᠰᠡᠭᠦᠯᠴᠢ᠎ᠶᠢᠨ 20 ᠬᠤᠰᠢᠭᠤ ᠰᠢᠶᠠᠨ ᠂ 3681 ᠶᠠᠳᠠᠭᠤ ᠭᠠᠴᠠᠭ᠎ᠠ ᠲᠤᠰᠬᠤᠨ᠎ᠤ 80.2 ᠲᠦᠮᠡᠨ ᠶᠠᠳᠠᠭᠤ ᠡᠷᠦᠬᠡ ᠠᠮᠠ ᠶᠠᠳᠠᠭᠤ᠎ᠡᠴᠠ᠎ᠪᠠᠨ ᠪᠦᠷᠢᠮᠦᠰᠦᠨ ᠠᠩᠭᠢᠵᠢᠷᠠᠵᠠᠢ ᠃ ᠪᠦᠬᠦ ᠤᠷᠤᠨ᠎ᠤ ᠶᠠᠳᠠᠭᠤ ᠬᠦᠴᠢᠷᠳᠡᠯ᠎ᠤᠨ ᠨᠤᠷᠮ᠎ᠠ 2015 ᠤᠨ᠎ᠳ᠋ᠤ 5.85% ᠪᠠᠶᠢᠭᠰᠠᠨ᠎ᠡᠴᠠ᠎ᠪᠠᠨ 2019 ᠤᠨ᠎ᠤ ᠰᠡᠭᠦᠯᠴᠢ ᠪᠤᠯᠬᠤ᠎ᠳ᠋ᠤ 0.11% ᠪᠤᠯᠵᠤ ᠪᠠᠭᠤᠷᠠᠭᠰᠠᠨ ᠪᠠᠶᠢᠨ᠎ᠠ ᠃ ᠤᠳᠤᠬᠠᠨ᠎ᠳ᠋ᠤ ᠂ ᠪᠦᠬᠦ ᠤᠷᠤᠨ᠎ᠤ 57 ᠶᠠᠳᠠᠭᠤ ᠬᠤᠰᠢᠭᠤ ᠰᠢᠶᠠᠨ ᠶᠠᠳᠠᠭᠤ᠎ᠡᠴᠠ᠎ᠪᠠᠨ ᠪᠦᠷᠢᠮᠦᠰᠦᠨ ᠠᠩᠭᠢᠵᠢᠷᠠᠵᠤ ᠂ ᠦᠪᠦᠷ ᠮᠤᠩᠭᠤᠯ ᠤᠷᠤᠨ᠎ᠤ ᠶᠠᠳᠠᠭᠤ᠎ᠡᠴᠠ ᠠᠩᠭᠢᠵᠢᠷᠠᠬᠤ ᠠᠰᠠᠭᠤᠳᠠᠯ ᠦᠨᠳᠦᠰᠦᠨ᠎ᠳ᠋ᠡᠭᠡᠨ ᠰᠢᠢᠳᠪᠦᠷᠢᠯᠡᠭᠳᠡᠭᠰᠡᠨ ᠪᠠᠶᠢᠨ᠎ᠠ ᠃

ᠭᠤᠷᠪᠠᠳᠤᠭᠠᠷ᠎ᠲᠤ ᠂ ᠰᠢᠨ᠎ᠡ ᠬᠦᠭᠵᠢᠯᠲᠡ᠎ᠶᠢᠨ ᠦᠵᠡᠯᠲᠡ᠎ᠶᠢ ᠪᠠᠷᠢᠮᠲᠠᠯᠠᠬᠤ ᠬᠡᠷᠡᠭᠲᠡᠢ ᠃ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠳ᠋ᠤ ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶᠢᠭᠡᠮ ᠵᠢᠷᠤᠮ᠎ᠤᠨ ᠦᠵᠡᠯ ᠰᠠᠨᠠᠭ᠎ᠠ ᠪᠤᠯ ᠮᠠᠨ᠎ᠤ ᠨᠠᠮ᠎ᠤᠨ ᠤᠷᠲᠤ ᠬᠤᠭᠤᠴᠠᠭ᠎ᠠ ᠵᠠᠪᠠᠯ ᠪᠠᠷᠢᠮᠲᠠᠯᠠᠬᠤ ᠵᠢᠯᠤᠭᠤᠳᠬᠤ ᠦᠵᠡᠯ ᠰᠠᠨᠠᠭ᠎ᠠ ᠮᠦᠨ ᠭᠡᠳᠡᠭ᠎ᠢ ᠲᠤᠳᠤᠷᠬᠠᠢ ᠲᠤᠭᠲᠠᠭᠠᠬᠤ᠎ᠶᠢᠨ ᠬᠠᠮᠲᠤ ᠨᠠᠮ᠎ᠤᠨ ᠲᠦᠷᠢᠮ᠎ᠳ᠋ᠤ ᠪᠢᠴᠢᠵᠦ ᠤᠷᠤᠭᠤᠯᠪᠠ ᠃ ᠶᠡᠷᠦᠩᠬᠡᠢ ᠱᠦᠵᠢ ᠰᠢ᠎ᠶᠢᠨ ᠫᠢᠩ᠎ᠡᠴᠠ ︽ ᠬᠦᠭᠵᠢᠯᠲᠡ᠎ᠨᠢ ᠡᠷᠬᠡᠪᠰᠢ ᠰᠢᠨᠵᠢᠯᠡᠬᠦ ᠤᠬᠠᠭᠠᠨᠴᠢ ᠬᠦᠭᠵᠢᠯᠲᠡ ᠪᠠᠶᠢᠵᠤ ᠂ ᠡᠷᠬᠡᠪᠰᠢ ᠰᠢᠨ᠎ᠡ᠎ᠶᠢ ᠡᠭᠦᠳᠬᠦ ᠂ ᠵᠤᠬᠢᠴᠠᠩᠭᠤᠢ ᠂ ᠪᠤᠬᠢᠷᠳᠤᠯ ᠦᠭᠡᠢ ᠂ ᠨᠡᠭᠡᠭᠡᠯᠲᠡ᠎ᠲᠠᠢ ᠂ ᠬᠠᠮᠲᠤ᠎ᠪᠠᠷ ᠡᠳ᠋ᠯᠡᠬᠦ ᠬᠦᠭᠵᠢᠯᠲᠡ᠎ᠶᠢᠨ ᠤᠶᠢᠯᠠᠭᠠᠭᠳᠠᠬᠤᠨ᠎ᠢ ᠡᠷᠡᠰ ᠭᠤᠶᠢᠪᠢᠰᠢ ᠦᠭᠡᠢ ᠲᠤᠭᠤᠰᠢᠯᠠᠭᠤᠯᠬᠤ ᠬᠡᠷᠡᠭᠲᠡᠢ ᠃ ︾ ᠭᠡᠵᠦ ᠵᠢᠭᠠᠪᠤᠷᠢᠯᠠᠪᠠ ᠃ ᠰᠢᠨ᠎ᠡ᠎ᠶᠢ ᠡᠭᠦᠳᠬᠦ ᠬᠦᠭᠵᠢᠯᠲᠡ᠎ᠨᠢ ᠤᠯᠤᠰ ᠤᠷᠤᠨ᠎ᠤ ᠬᠦᠭᠵᠢᠯᠲᠡ᠎ᠶᠢᠨ ᠪᠦᠬᠦ ᠲᠠᠯ᠎ᠠ᠎ᠳ᠋ᠤ ᠭᠤᠤᠯᠯᠠᠬᠤ ᠪᠠᠶᠢᠷᠢ᠎ᠶᠢ ᠡᠵᠡᠯᠡᠵᠦ ᠂ ᠰᠢᠨᠵᠢᠯᠡᠬᠦ ᠤᠬᠠᠭᠠᠨᠴᠢ ᠬᠦᠭᠵᠢᠯᠲᠡ᠎ᠶᠢᠨ ᠬᠦᠳᠡᠯᠭᠡᠭᠴᠢ ᠬᠦᠴᠦᠨ᠎ᠤ ᠬᠦᠳᠡᠯᠭᠡᠭᠦᠷ ᠪᠤᠯᠬᠤ ᠶᠤᠮ ᠃ ᠵᠤᠬᠢᠴᠠᠩᠭᠤᠢ ᠬᠦᠭᠵᠢᠯᠲᠡ᠎ᠨᠢ ᠤᠯᠤᠰ᠎ᠤᠨ ᠪᠦᠬᠦᠯᠢ ᠴᠤᠭᠴᠠ᠎ᠶᠢᠨ ᠬᠦᠭᠵᠢᠯᠲᠡ᠎ᠶᠢᠨ ᠦᠷᠭᠦᠯᠵᠢᠯᠡᠬᠦ ᠴᠢᠨᠠᠷ᠎ᠢ ᠴᠢᠬᠤᠯᠠᠴᠢᠯᠠᠵᠦ ᠂ ᠪᠤᠬᠢᠷᠳᠤᠯ ᠦᠭᠡᠢ ᠬᠦᠭᠵᠢᠯᠲᠡ ᠪᠤᠯ ᠬᠦᠮᠦᠨ ᠪᠠᠶᠢᠭᠠᠯᠢ᠎ᠶᠢᠨ ᠡᠶ᠎ᠡ ᠵᠤᠬᠢᠴᠠᠯᠲᠤ ᠬᠦᠭᠵᠢᠯᠲᠡ᠎ᠶᠢ ᠬᠠᠮᠠᠭᠠᠯᠠᠵᠦ ᠂ ᠨᠡᠭᠡᠭᠡᠯᠲᠡ᠎ᠲᠠᠢ ᠬᠦᠭᠵᠢᠯᠲᠡ ᠪᠤᠯ ᠦᠭᠡᠷᠡᠴᠢᠯᠡᠯᠲᠡ᠎ᠶᠢ ᠭᠦᠨᠵᠡᠭᠡᠶᠢᠷᠡᠬᠦᠯᠬᠦ ᠠᠷᠭ᠎ᠠ ᠵᠠᠮ ᠂ ᠬᠠᠮᠲᠤ᠎ᠪᠠᠷ ᠡᠳ᠋ᠯᠡᠬᠦ ᠬᠦᠭᠵᠢᠯᠲᠡ ᠪᠤᠯ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶᠢᠭᠡᠮ ᠵᠢᠷᠤᠮ᠎ᠤᠨ ᠮᠦᠨ ᠴᠢᠨᠠᠷ᠎ᠤᠨ ᠱᠠᠭᠠᠷᠳᠠᠯᠭ᠎ᠠ ᠪᠤᠯᠤᠨ᠎ᠠ ᠃

2019 ᠤᠨ᠎ᠤ 7 ᠰᠠᠷ᠎ᠠ᠎ᠳ᠋ᠤ ᠂ ᠶᠡᠷᠦᠩᠬᠡᠢ ᠱᠦᠵᠢ ᠰᠢ᠎ᠶᠢᠨ ᠫᠢᠩ ᠦᠪᠦᠷ ᠮᠤᠩᠭᠤᠯ᠎ᠳ᠋ᠤ ᠲᠤᠭᠤᠷᠢᠨ ᠪᠠᠶᠢᠴᠠᠭᠠᠬᠤ᠎ᠳᠠᠭᠠᠨ ︽ ᠦᠪᠦᠷ ᠮᠤᠩᠭᠤᠯ ᠡᠬᠡ ᠤᠯᠤᠰ᠎ᠤᠨ ᠤᠮᠠᠷᠠᠲᠤ ᠬᠢᠯᠢ᠎ᠳ᠋ᠤ ᠪᠠᠶᠢᠷᠢᠯᠠᠵᠦ ᠂ ᠪᠠᠶᠢᠭᠠᠯᠢ ᠪᠠ ᠠᠮᠢ ᠠᠬᠤᠢ᠎ᠶᠢᠨ ᠡᠬᠢ ᠪᠠᠶᠠᠯᠢᠭ᠎ᠢᠶᠠᠷ ᠮᠠᠰᠢ ᠡᠯᠪᠡᠭ ᠂ ᠦᠨᠳᠦᠰᠦᠲᠡᠨ᠎ᠤ ᠰᠤᠶᠤᠯ ᠦᠩᠭᠡ ᠢᠯᠭᠠᠷᠠᠮ᠎ᠠ ᠂ ᠬᠦᠭᠵᠢᠯᠲᠡ᠎ᠶᠢᠨ ᠳᠠᠯᠳᠠ ᠬᠦᠴᠦᠨ ᠯᠤᠲᠤ ᠶᠡᠭᠡ ᠂ ᠪᠠᠶᠢᠯᠳᠤᠬᠤ ᠪᠤᠳᠤᠯᠭ᠎ᠠ᠎ᠶᠢᠨ ᠪᠠᠶᠢᠷᠢ ᠰᠠᠭᠤᠷᠢ ᠴᠢᠬᠤᠯᠠ ᠶᠤᠮ ᠃ ᠠᠮᠢ ᠠᠬᠤᠢ᠎ᠶᠢ ᠲᠡᠷᠢᠭᠦᠨ᠎ᠳ᠋ᠤ ᠲᠠᠯᠪᠢᠵᠦ ᠪᠤᠬᠢᠷᠳᠤᠯ ᠦᠭᠡᠢ ᠬᠦᠭᠵᠢᠯᠲᠡ᠎ᠶᠢ ᠪᠠᠷᠢᠮᠲᠠᠯᠠᠬᠤ ᠬᠡᠷᠡᠭᠲᠡᠢ ᠂ ᠨᠤᠲᠤᠭ ᠪᠡᠯᠴᠢᠭᠡᠷ᠎ᠤᠨ ᠬᠠᠮᠠᠭᠠᠯᠠᠯᠲᠠ᠎ᠶᠢ ᠴᠢᠩᠭᠠᠳᠬᠠᠵᠤ ᠂ ᠡᠯᠡᠰᠦᠷᠬᠡᠭᠵᠢᠯ ᠴᠦᠯᠯᠡᠷᠬᠡᠭᠵᠢᠯ᠎ᠢ ᠰᠡᠷᠭᠡᠶᠢᠯᠡᠨ ᠵᠠᠰᠠᠬᠤ ᠠᠵᠢᠯ᠎ᠢ ᠴᠢᠩᠭᠠᠳᠬᠠᠵᠤ ᠂ ᠠᠮᠢ ᠠᠬᠤᠢ᠎ᠶᠢᠨ ᠤᠷᠴᠢᠨ ᠲᠤᠭᠤᠷᠢᠨ᠎ᠢ ᠰᠠᠶᠢᠲᠤᠷ ᠬᠠᠮᠠᠭᠠᠯᠠᠵᠦ ᠂ ᠡᠬᠡ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠤ ᠬᠠᠯᠬᠠᠪᠴᠢ᠎ᠶᠢ ᠪᠠᠲᠤ ᠴᠤᠭᠴᠠᠯᠠᠬᠤ ᠬᠡᠷᠡᠭᠲᠡᠢ ᠃ ︾ ᠭᠡᠵᠦ ᠵᠢᠭᠠᠵᠦ ᠭᠠᠷᠭᠠᠭᠰᠠᠨ ᠪᠠᠶᠢᠨ᠎ᠠ ᠃

ᠰᠢᠯᠢ᠎ᠶᠢᠨ ᠭᠤᠤᠯ᠎ᠤᠨ ᠲᠠᠯ᠎ᠠ ᠨᠤᠲᠤᠭ ᠪᠤᠯ ᠮᠠᠨ᠎ᠤ ᠤᠯᠤᠰ᠎ᠤᠨ ᠤᠮᠠᠷᠠᠲᠤ ᠤᠷᠤᠨ᠎ᠤ ᠠᠮᠢ ᠠᠬᠤᠢ᠎ᠶᠢᠨ ᠠᠮᠤᠷ ᠲᠦᠪᠰᠢᠨ᠎ᠤ ᠬᠠᠯᠬᠠᠪᠴᠢ ᠂ ᠡᠬᠡ ᠤᠯᠤᠰ᠎ᠤᠨ ᠤᠮᠠᠷᠠᠲᠤ ᠬᠢᠵᠠᠭᠠᠷ᠎ᠤᠨ ᠲᠦᠮᠡᠨ ᠭᠠᠵᠠᠷ᠎ᠤᠨ ᠤᠷᠲᠤ ᠨᠤᠭᠤᠭᠠᠨ ᠬᠡᠷᠡᠮ᠎ᠤᠨ ᠪᠦᠷᠢᠯᠳᠦᠭᠦᠨ ᠬᠡᠰᠡᠭ ᠪᠤᠯᠤᠨ᠎ᠠ ᠃ ᠶᠡᠷᠦᠩᠬᠡᠢ ᠱᠦᠵᠢ ᠪᠠ ᠨᠠᠮ᠎ᠤᠨ ᠲᠦᠪ ᠬᠤᠷᠢᠶᠠᠨ᠎ᠤ ᠪᠠᠶᠢᠯᠳᠤᠬᠤ ᠪᠤᠳᠤᠯᠭ᠎ᠠ᠎ᠶᠢᠨ ᠪᠠᠶᠢᠷᠢᠯᠠᠭᠤᠯᠤᠯᠲᠠ᠎ᠶᠢ ᠦᠨᠳᠦᠰᠦᠯᠡᠵᠦ ᠂ ᠰᠢᠯᠢ᠎ᠶᠢᠨ ᠭᠤᠤᠯ ᠠᠶᠢᠮᠠᠭ ᠲᠠᠬᠢᠵᠦ ᠠᠭᠤᠷᠬᠠᠢ ᠨᠡᠮᠡᠵᠦ ᠨᠡᠭᠡᠭᠡᠬᠦ᠎ᠪᠠᠨ ᠵᠤᠭᠰᠤᠭᠠᠨ ᠂ ᠭᠦᠷᠦᠭᠡᠰᠦᠲᠡᠢ ᠵᠡᠷᠭᠡ ᠤᠯᠤᠰ᠎ᠤᠨ ᠳᠡᠰ᠎ᠤᠨ 6 ᠪᠠᠶᠢᠭᠠᠯᠢ᠎ᠶᠢᠨ ᠬᠠᠮᠠᠭᠠᠯᠠᠯᠲᠠ᠎ᠶᠢᠨ ᠤᠷᠤᠨ᠎ᠤ 67 ᠤᠶᠢᠯᠡᠳᠪᠦᠷᠢ ᠠᠭᠤᠷᠬᠠᠢ᠎ᠶᠢᠨ 73 ᠠᠭᠤᠷᠬᠠᠢ ᠮᠠᠯᠲᠠᠬᠤ ᠡᠷᠬᠡ ᠪᠠ 77 ᠠᠭᠤᠷᠬᠠᠢ ᠬᠠᠶᠢᠨ ᠰᠢᠨᠵᠢᠯᠡᠬᠦ ᠡᠷᠬᠡ᠎ᠶᠢ ᠬᠠᠦᠯᠢ ᠶᠤᠰᠤᠭᠠᠷ ᠬᠤᠷᠢᠶᠠᠨ ᠠᠪᠤᠭᠰᠠᠨ ᠪᠠᠶᠢᠨ᠎ᠠ ᠃ 2020 ᠤᠨ᠎ᠳ᠋ᠤ ᠂ ᠪᠠᠶᠢᠭᠠᠯᠢ᠎ᠶᠢᠨ ᠬᠠᠮᠠᠭᠠᠯᠠᠯᠲᠠ᠎ᠶᠢᠨ ᠤᠷᠤᠨ᠎ᠡᠴᠠ ᠤᠶᠢᠯᠡᠳᠪᠦᠷᠢ ᠠᠭᠤᠷᠬᠠᠢ᠎ᠶᠢᠨ ᠤᠶᠢᠯᠡᠳᠪᠦᠷᠢᠯᠡᠯ᠎ᠢᠶᠡᠨ ᠵᠤᠭᠰᠤᠨ ᠤᠬᠤᠷᠢᠨ ᠭᠠᠷᠤᠭᠰᠠᠨ ᠨᠤᠷᠮ᠎ᠠ᠎100% ᠬᠦᠷᠦᠭᠰᠡᠨ ᠪᠠᠶᠢᠨ᠎ᠠ ᠃ ᠡᠨᠡ ᠬᠦ ᠲᠦᠷᠦ᠎ᠶᠢᠨ ᠪᠤᠳᠤᠯᠭ᠎ᠠ᠎ᠨᠢ ᠰᠢᠯᠢ᠎ᠶᠢᠨ ᠭᠤᠤᠯ᠎ᠤᠨ ᠲᠠᠯ᠎ᠠ ᠨᠤᠲᠤᠭ᠎ᠤᠨ ᠠᠮᠢ ᠠᠬᠤᠢ᠎ᠶᠢᠨ ᠠᠮᠤᠷ ᠲᠦᠪᠰᠢᠨ᠎ᠢ ᠴᠢᠩᠭ᠎ᠠ ᠬᠦᠴᠦᠲᠡᠢ ᠬᠠᠮᠠᠭᠠᠯᠠᠵᠦ ᠴᠢᠳᠠᠭᠰᠠᠨ ᠶᠤᠮ ᠃

ᠳᠦᠷᠪᠡᠳᠦᠭᠡᠷ᠎ᠲᠤ ᠂ ᠦᠭᠡᠷᠡᠴᠢᠯᠡᠯᠲᠡ ᠨᠡᠭᠡᠭᠡᠯᠲᠡ᠎ᠶᠢ ᠭᠦᠨᠵᠡᠭᠡᠶᠢᠷᠡᠭᠦᠯᠬᠦ᠎ᠶᠢ ᠪᠠᠷᠢᠮᠲᠠᠯᠠᠬᠤ ᠬᠡᠷᠡᠭᠲᠡᠢ ᠃ ᠦᠭᠡᠷᠡᠴᠢᠯᠡᠯᠲᠡ ᠪᠠ ᠨᠡᠭᠡᠭᠡᠯᠲᠡ ᠪᠤᠯ ᠳᠤᠮᠳᠠᠳᠤ ᠤᠯᠤᠰ᠎ᠤᠨ ᠠᠵᠤ ᠠᠬᠤᠢ᠎ᠶᠢᠨ ᠬᠦᠭᠵᠢᠯᠲᠡ᠎ᠶᠢᠨ ᠬᠦᠳᠡᠯᠭᠡᠬᠦ ᠬᠦᠴᠦᠨ ᠮᠦᠨ ᠃ ︽ ᠰᠠᠨᠠᠭᠤᠯᠭ᠎ᠠ ︾᠎ᠳ᠋ᠤ ᠂ ᠦᠭᠡᠷᠡᠴᠢᠯᠡᠯᠲᠡ᠎ᠶᠢ ᠡᠷᠡᠰ ᠭᠤᠶᠢᠪᠢᠰᠢ ᠦᠭᠡᠢ ᠠᠬᠢᠭᠤᠯᠵᠦ ᠂ ᠨᠡᠭᠡᠭᠡᠯᠲᠡ᠎ᠶᠢ ᠡᠷᠡᠰ ᠭᠤᠶᠢᠪᠢᠰᠢ ᠦᠭᠡᠢ ᠦᠷᠭᠡᠳᠭᠡᠵᠦ ᠂ ᠤᠯᠤᠰ᠎ᠤᠨ ᠵᠠᠰᠠᠯᠲᠠ᠎ᠶᠢᠨ ᠰᠢᠰᠲ᠋ᠧᠮ ᠪᠤᠯᠤᠨ ᠵᠠᠰᠠᠯᠲᠠ᠎ᠶᠢᠨ ᠴᠢᠳᠠᠪᠦᠷᠢ᠎ᠶᠢᠨ ᠤᠳᠤᠬᠢᠴᠢᠯᠠᠬᠤ ᠪᠦᠲᠦᠭᠡᠨ ᠪᠠᠶᠢᠭᠤᠯᠦᠯᠲᠠ᠎ᠶᠢ ᠴᠢᠩᠭᠠᠳᠬᠠᠬᠤ ᠬᠡᠷᠡᠭᠲᠡᠢ ᠭᠡᠵᠡᠢ ᠃ ︽ ᠨᠡᠭᠡᠭᠡᠯᠲᠡ ᠬᠢᠪᠡᠯ ᠲᠠᠪᠰᠢᠵᠦ ᠂ ᠪᠢᠲᠡᠭᠦᠮᠵᠢᠯᠡᠪᠡᠯ ᠯᠠᠪᠲᠠᠢ ᠬᠤᠴᠤᠷᠤᠨ᠎ᠠ ︾ ᠂ ᠦᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ᠎ᠤᠨ ᠲᠤᠷᠰᠢᠯᠭ᠎ᠠ ᠪᠢᠳᠡᠨ᠎ᠳ᠋ᠤ ᠬᠡᠯᠡᠵᠦ ᠦᠭᠭᠦᠭᠰᠡᠨ᠎ᠨᠢ ᠂ ᠳᠤᠮᠳᠠᠲᠤ ᠤᠯᠤᠰ᠎ᠤᠨ ᠠᠵᠤ ᠠᠬᠤᠢ᠎ᠶᠢᠨ ᠦᠳᠲᠡᠷ ᠲᠦᠷᠭᠡᠨ ᠬᠦᠭᠵᠢᠯᠲᠡ᠎ᠨᠢ ᠨᠡᠭᠡᠭᠡᠯᠲᠡ ᠬᠢᠬᠦ ᠨᠦᠬᠦᠴᠡᠯ᠎ᠡᠴᠠ ᠰᠠᠯᠵᠦ ᠴᠢᠳᠠᠬᠤ ᠦᠭᠡᠢ ᠂ ᠢᠷᠡᠭᠡᠳᠦᠢ᠎ᠳ᠋ᠤ ᠮᠠᠨ᠎ᠤ ᠤᠯᠤᠰ᠎ᠤᠨ ᠠᠵᠤ ᠠᠬᠤᠢ᠎ᠶᠢᠨ ᠴᠢᠨᠠᠷ ᠰᠠᠶᠢᠲᠠᠢ ᠬᠦᠭᠵᠢᠯᠲᠡ᠎ᠶᠢ ᠪᠡᠶᠡᠯᠡᠭᠦᠯᠬᠦ᠎ᠳ᠋ᠤ ᠴᠤ ᠡᠷᠬᠡᠪᠰᠢ ᠨᠡᠩ ᠨᠡᠭᠡᠭᠡᠯᠲᠡ ᠬᠢᠬᠦ ᠨᠦᠬᠦᠴᠡᠯ ᠳᠤᠤᠷ᠎ᠠ ᠶᠠᠪᠤᠭᠳᠠᠬᠤ ᠪᠤᠯᠤᠨ᠎ᠠ ᠃

ᠦᠪᠦᠷ ᠮᠤᠩᠭᠤᠯ᠎ᠨᠢ ᠡᠬᠡ ᠤᠯᠤᠰ᠎ᠤᠨ ᠤᠮᠠᠷᠠᠰᠢ ᠨᠡᠭᠡᠭᠡᠯᠲᠡ᠎ᠶᠢᠨ ᠴᠢᠬᠤᠯᠠ ᠪᠤᠭᠤᠮᠲᠠ ᠪᠤᠯᠤᠭᠰᠠᠨ᠎ᠤ ᠬᠤᠪᠢ᠎ᠳ᠋ᠤ ᠂ 4200 ᠭᠠᠷᠦᠢ ᠺᠢᠯᠤᠮᠧᠲ᠋ᠷ ᠤᠷᠲᠤ ᠬᠢᠯᠢ᠎ᠶᠢᠨ ᠱᠤᠭᠤᠮ᠎ᠲᠠᠢ ᠂ ᠭᠠᠳᠠᠭᠠᠳᠤ᠎ᠳᠠᠭᠠᠨ ᠤᠷᠤᠰ ᠂ ᠮᠤᠩᠭᠤᠯ᠎ᠲᠠᠢ ᠬᠤᠯᠪᠤᠭᠠᠯᠠᠨ ᠂ ᠲᠤᠳᠤᠭᠠᠲᠤ᠎ᠳᠠᠭᠠᠨ 8 ᠮᠤᠵᠢ ᠤᠷᠤᠨ᠎ᠲᠠᠢ ᠵᠠᠯᠭᠠᠯᠳᠤᠵᠤ ᠂ ᠤᠳᠤᠬᠠᠨ᠎ᠳ᠋ᠤ ᠨᠢᠭᠡᠨᠲᠡ 18 ᠭᠠᠳᠠᠭᠠᠲᠤ ᠨᠡᠭᠡᠭᠡᠯᠲᠡ᠎ᠶᠢᠨ ᠪᠤᠭᠤᠮᠲᠠ ᠪᠠᠶᠢᠭᠤᠯᠪᠠ ᠃ 2016 ᠤᠨ᠎ᠳ᠋ᠤ ᠳᠤᠮᠳᠠᠳᠤ ᠂ ᠮᠤᠩᠭᠤᠯ ᠂ ᠤᠷᠤᠰ ᠭᠤᠷᠪᠠᠨ ᠤᠯᠤᠰ ︽ ᠳᠤᠮᠳᠠᠳᠤ ᠂ ᠮᠤᠩᠭᠤᠯ ᠂ ᠤᠷᠤᠰ᠎ᠤᠨ ᠠᠵᠤ ᠠᠬᠤᠢ᠎ᠶᠢᠨ ᠬᠤᠩᠬᠢᠯ᠎ᠢ ᠪᠦᠲᠦᠭᠡᠨ ᠪᠠᠶᠢᠭᠤᠯᠬᠤ ᠬᠦᠳᠦᠯᠪᠦᠷᠢ ︾᠎ᠳ᠋ᠤ ᠭᠠᠷ᠎ᠤᠨ ᠦᠰᠦᠭ ᠵᠢᠷᠤᠭᠰᠠᠨ᠎ᠡᠴᠠ ᠨᠠᠭᠠᠰᠢ ᠂ ᠤᠯᠤᠰ᠎ᠡᠴᠠ ᠦᠪᠦᠷ ᠮᠤᠩᠭᠤᠯ ᠤᠷᠤᠨ᠎ᠳ᠋ᠤ ︽ ᠮᠤᠩᠭᠤᠯ ᠤᠷᠤᠰ᠎ᠲᠠᠢ ᠨᠡᠪᠲᠡᠷᠡᠬᠦ ᠭᠠᠵᠠᠷ ᠤᠷᠤᠨ᠎ᠤ ᠳᠠᠪᠠᠭᠤᠯᠢᠭ᠎ᠢᠶᠡᠨ ᠪᠠᠳᠠᠷᠠᠭᠤᠯᠵᠦ ᠂ ᠮᠠᠨ᠎ᠤ ᠤᠯᠤᠰ᠎ᠤᠨ ᠤᠮᠠᠷᠠᠰᠢ ᠨᠡᠭᠡᠭᠡᠬᠦ ᠴᠢᠬᠤᠯᠠ ᠬᠠᠭᠠᠯᠭ᠎ᠠ᠎ᠶᠢ ᠪᠦᠲᠦᠭᠡᠨ ᠪᠠᠶᠢᠭᠤᠯᠲᠤᠭᠠᠢ ︾ ᠂ ︽ ᠳᠤᠮᠳᠠᠳᠤ ᠂ ᠮᠤᠩᠭᠤᠯ ᠂ ᠤᠷᠤᠰ᠎ᠤᠨ ᠠᠵᠤ ᠠᠬᠤᠢ᠎ᠶᠢᠨ ᠬᠤᠩᠬᠢᠯ᠎ᠤᠨ ᠪᠦᠲᠦᠭᠡᠨ ᠪᠠᠶᠢᠭᠤᠯᠤᠯᠲᠠ᠎ᠳ᠋ᠤ ᠴᠢᠬᠤᠯᠠ ᠤᠶᠢᠯᠡᠳᠦᠯ ᠦᠵᠡᠭᠦᠯᠰᠦᠭᠡᠢ ︾ ᠬᠡᠮᠡᠬᠦ ᠴᠠᠭ ᠦᠶ᠎ᠡ᠎ᠶᠢᠨ ᠲᠤᠯᠭᠠᠮ᠎ᠠ ᠡᠭᠦᠷᠭᠡ᠎ᠶᠢ ᠡᠭᠦᠷᠭᠡᠯᠡᠭᠦᠯᠦᠭᠰᠡᠨ ᠪᠠᠶᠢᠨ᠎ᠠ ᠃ ᠡᠭᠦᠨ᠎ᠤ ᠲᠤᠯᠠᠳᠠ ᠂ ᠦᠪᠦᠷ ᠮᠤᠩᠭᠤᠯ᠎ᠤᠨ ᠨᠠᠮ ᠵᠠᠰᠠᠭ᠎ᠡᠴᠠ ᠭᠠᠳᠠᠭᠠᠳᠤ ᠨᠡᠭᠡᠭᠡᠯᠲᠡ᠎ᠶᠢᠨ ᠲᠤᠬᠠᠢ ᠠᠯᠢ ᠤᠯᠠᠨ ᠰᠢᠢᠳᠪᠦᠷᠢ ᠲᠤᠭᠲᠠᠭᠠᠯ ᠭᠠᠷᠭᠠᠨ ᠂ ᠳᠤᠮᠳᠠᠳᠤ ᠂ ᠮᠤᠩᠭᠤᠯ ᠂ ᠤᠷᠤᠰ᠎ᠤᠨ ᠠᠵᠤ ᠠᠬᠤᠢ᠎ᠶᠢᠨ ᠬᠤᠩᠬᠢᠯ᠎ᠢ ᠪᠦᠲᠦᠭᠡᠨ ᠪᠠᠶᠢᠭᠤᠯᠬᠤ ᠠᠵᠢᠯᠯᠠᠭ᠎ᠠ᠎ᠳ᠋ᠤ ᠢᠳᠡᠪᠬᠢᠯᠡᠨ ᠤᠷᠤᠯᠴᠠᠭᠰᠠᠨ ᠪᠠᠶᠢᠨ᠎ᠠ ᠃ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠨᠠᠮ ᠵᠠᠰᠠᠭ᠎ᠡᠴᠠ ᠬᠢᠯᠢ᠎ᠶᠢᠨ ᠬᠤᠲᠠ᠎ᠶᠢᠨ ᠪᠦᠲᠦᠭᠡᠨ ᠪᠠᠶᠢᠭᠤᠯᠦᠯᠲᠠ᠎ᠶᠢ ᠱᠠᠯᠠᠪᠲᠠᠨ ᠬᠢᠵᠦ ᠡᠷᠢᠶᠡᠨ ᠬᠤᠲᠠ ᠂ ᠮᠠᠨᠵᠤᠤᠷ ᠬᠤᠲᠠ ᠂ ᠭᠠᠭᠴᠠ ᠮᠤᠳᠤ ᠂ ᠴᠢᠭᠡ ᠵᠡᠷᠭᠡ᠎ᠪᠠᠷ ᠬᠦᠲᠦᠴᠢ ᠪᠤᠯᠭᠠᠭᠰᠠᠨ ᠂ ᠪᠤᠰᠤᠳ ᠬᠢᠯᠢ᠎ᠶᠢᠨ ᠬᠤᠲᠠ᠎ᠪᠠᠷ ᠲᠤᠯᠭᠠᠭᠤᠷᠢ ᠪᠤᠯᠭᠠᠭᠰᠠᠨ ᠠᠮᠢᠵᠢᠷᠠᠯ᠎ᠤᠨ ᠬᠦᠴᠦᠨ᠎ᠢᠶᠠᠷ ᠪᠢᠯᠬᠠᠮ᠎ᠠ ᠬᠢᠯᠢ ᠳᠠᠭᠠᠤ᠎ᠶᠢᠨ ᠠᠵᠤ ᠠᠬᠤᠢ᠎ᠶᠢᠨ ᠪᠦᠰᠡ᠎ᠶᠢ ᠪᠤᠢ ᠪᠤᠯᠭᠠᠬᠤ᠎ᠶᠢ ᠲᠦᠯᠬᠢᠨ ᠠᠬᠢᠭᠤᠯᠵᠠᠢ ᠃ ᠲᠡᠷᠡᠴᠢᠯᠡᠨ ᠦᠪᠦᠷ ᠮᠤᠩᠭᠤᠯ ᠭᠠᠳᠠᠭᠠᠲᠤ ᠨᠡᠭᠡᠭᠡᠯᠲᠡ᠎ᠶᠢᠨ ᠲᠤᠷᠰᠢᠯᠭ᠎ᠠ᠎ᠪᠠᠨ ᠬᠤᠷᠠᠮᠳᠤᠭᠤᠯᠤᠨ ᠂ ᠲᠠᠷᠠᠭᠠᠴᠢ᠎ᠶᠢᠨ ᠠᠯᠬᠤᠮ᠎ᠳ᠋ᠤ ᠪᠦᠬᠦ ᠤᠷᠤᠨ᠎ᠤ ᠠᠵᠤ ᠠᠬᠤᠢ᠎ᠶᠢᠨ ᠦᠭᠡᠷᠡᠴᠢᠯᠡᠯᠲᠡ᠎ᠶᠢ ᠦᠷᠭᠦᠯᠵᠢᠯᠡᠨ ᠠᠬᠢᠭᠤᠯᠬᠤ ᠢᠲᠡᠭᠡᠯ ᠵᠤᠷᠢᠭ᠎ᠢᠶᠡᠨ ᠬᠦᠪᠴᠢᠯᠡᠭᠰᠡᠨ ᠪᠠᠶᠢᠨ᠎ᠠ ᠃

ᠲᠠᠪᠤᠳᠤᠭᠠᠷ᠎ᠲᠤ ᠂ ᠰᠢᠰᠲ᠋ᠧᠮ᠎ᠤᠨ ᠦᠵᠡᠯᠲᠡ᠎ᠶᠢ ᠪᠠᠷᠢᠮᠲᠠᠯᠠᠬᠤ ᠬᠡᠷᠡᠭᠲᠡᠢ ᠃ ᠮᠠᠷᠺᠰ᠎ᠤᠨ ᠦᠵᠡᠯ ᠬᠤᠪᠢᠰᠤᠩᠭᠤᠢ ᠪᠤᠳᠠᠰᠴᠢ ᠦᠵᠡᠯ᠎ᠤᠨ ᠶᠢᠷᠲᠢᠨᠴᠤ᠎ᠶᠢᠨ ᠦᠵᠡᠯᠲᠡ᠎ᠶᠢ ᠪᠠᠷᠢᠮᠲᠠᠯᠠᠳᠠᠭ ᠪᠦᠭᠡᠳ ᠰᠢᠰᠲ᠋ᠧᠮ᠎ᠤᠨ ᠦᠵᠡᠯᠲᠡ᠎ᠨᠢ ᠴᠤ ᠬᠤᠪᠢᠰᠤᠩᠭᠤᠢ ᠪᠤᠳᠠᠰᠴᠢ ᠦᠵᠡᠯ᠎ᠤᠨ ᠶᠢᠷᠲᠢᠨᠴᠤ᠎ᠶᠢᠨ ᠦᠵᠡᠯᠲᠡ᠎ᠶᠢᠨ ᠪᠦᠷᠢᠯᠳᠦᠭᠦᠨ ᠬᠡᠰᠡᠭ ᠮᠦᠨ ᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠲᠠᠪᠤᠳᠤᠭᠠᠷ ᠪᠦᠭᠦᠳᠡ ᠬᠤᠷᠠᠯ᠎ᠡᠴᠠ ᠰᠢᠰᠲ᠋ᠧᠮ᠎ᠤᠨ ᠦᠵᠡᠯᠲᠡ᠎ᠶᠢ ᠪᠠᠷᠢᠮᠲᠠᠯᠠᠬᠤ᠎ᠶᠢ ︽ ᠲᠠᠪᠤ᠋᠎ᠶᠢ ᠪᠠᠷᠢᠮᠲᠠᠯᠠᠬᠤ ︾᠎ᠳ᠋ᠤ ᠤᠷᠤᠭᠤᠯᠵᠤ ᠂ ᠰᠢᠰᠲ᠋ᠧᠮ᠎ᠤᠨ ᠤᠶᠢᠯᠠᠭᠠᠭᠳᠠᠬᠤᠨ᠎ᠢᠶᠠᠷ ᠲᠦᠷᠦ᠎ᠶᠢ ᠵᠠᠰᠠᠵᠤ ᠵᠠᠰᠠᠭ᠎ᠢ ᠡᠷᠬᠢᠯᠡᠬᠦ ᠦᠨᠳᠦᠰᠦᠨ ᠦᠵᠡᠯ ᠰᠠᠨᠠᠭ᠎ᠠ ᠪᠠ ᠴᠢᠬᠤᠯᠠ ᠠᠷᠭ᠎ᠠ ᠪᠤᠯᠭᠠᠬᠤ᠎ᠶᠢ ᠴᠢᠬᠤᠯᠠᠴᠢᠯᠠᠪᠠ ᠃ ︽ ᠰᠠᠨᠠᠭᠤᠯᠭ᠎ᠠ ︾᠎ᠳ᠋ᠤ ᠂ ᠰᠢᠰᠲ᠋ᠧᠮ᠎ᠤᠨ ᠦᠵᠡᠯᠲᠡ᠎ᠶᠢ ᠪᠠᠷᠢᠮᠲᠠᠯᠠᠬᠤ᠎ᠳ᠋ᠤ ᠪᠦᠬᠦ ᠲᠠᠯ᠎ᠠ ᠪᠠ ᠬᠡᠰᠡᠭ ᠲᠠᠯ᠎ᠠ᠎ᠶᠢᠨ ᠬᠠᠷᠢᠴᠠᠭ᠎ᠠ᠎ᠶᠢ ᠴᠢᠷᠮᠠᠶᠢᠨ ᠡᠵᠡᠮᠳᠡᠵᠦ ᠂ ᠭᠤᠤᠯᠳᠠᠯᠭ᠎ᠠ ᠪᠠ ᠵᠠᠩᠭᠢᠯᠠᠭ᠎ᠠ᠎ᠶᠢᠨ ᠠᠰᠠᠭᠤᠳᠠᠯ᠎ᠢ ᠰᠠᠶᠢᠲᠤᠷ ᠠᠳᠬᠤᠬᠤ ᠬᠡᠷᠡᠭᠲᠡᠢ ᠂ ᠪᠠᠰᠠ ᠰᠢᠨ᠎ᠡ᠎ᠶᠢ ᠡᠭᠦᠳᠬᠦ᠎ᠪᠠᠷ ᠬᠦᠳᠡᠯᠭᠡᠭᠦᠷ ᠪᠤᠯᠭᠠᠬᠤ ᠂ ᠤᠳᠤᠬᠢᠴᠢᠯᠠᠭᠰᠠᠨ ᠠᠵᠤ ᠠᠬᠤᠶᠢᠯᠠᠯ ᠂ ᠤᠯᠤᠰ᠎ᠤᠨ ᠲᠤᠲᠤᠭᠠᠲᠤ ᠭᠠᠳᠠᠭᠠᠲᠤ᠎ᠶᠢᠨ ᠵᠠᠬ᠎ᠠ ᠳᠡᠯᠭᠡᠭᠦᠷ ᠂ ᠬᠦᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠂ ᠤᠷᠤᠨ ᠪᠦᠰᠡ᠎ᠶᠢᠨ ᠵᠤᠬᠢᠴᠠᠩᠭᠤᠢ ᠬᠦᠭᠵᠢᠯᠲᠡ ᠬᠢᠭᠡᠳ ᠪᠠᠷᠠᠭᠤᠨ ᠤᠷᠤᠨ᠎ᠢ ᠶᠡᠭᠡ᠎ᠪᠠᠷ ᠨᠡᠭᠡᠭᠡᠨ ᠬᠦᠭᠵᠢᠭᠦᠯᠬᠦ ᠂ ᠰᠤᠶᠤᠯ᠎ᠤᠨ ᠤᠶᠢᠯᠡᠰ ᠂ ᠪᠤᠬᠢᠷᠳᠤᠯ ᠦᠭᠡᠢ ᠬᠦᠭᠵᠢᠯᠲᠡ ᠂ ᠭᠠᠳᠠᠭᠠᠲᠤ ᠨᠡᠭᠡᠭᠡᠯᠲᠡ ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠤᠳᠤᠬᠢᠴᠢᠯᠠᠯᠲᠠ ᠵᠡᠷᠭᠡ ᠭᠤᠤᠯᠳᠠᠯᠭ᠎ᠠ᠎ᠲᠠᠢ ᠬᠦᠷᠢᠶᠡᠨ᠎ᠳ᠋ᠠᠬᠢ ᠠᠵᠢᠯ᠎ᠤᠨ ᠭᠤᠤᠯᠳᠠᠯᠭ᠎ᠠ ᠪᠠ ᠪᠦᠲᠦᠭᠡᠨ ᠪᠠᠶᠢᠭᠤᠯᠤᠯᠲᠠ᠎ᠶᠢᠨ ᠰᠡᠳᠭᠢᠮᠵᠢ᠎᠂ ᠠᠷᠭ᠎ᠠ ᠵᠠᠮ᠎ᠢ ᠲᠤᠳᠤᠷᠬᠠᠶᠢᠯᠠᠵᠠᠢ ᠃ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠡᠴᠠ ᠨᠡᠶᠢᠭᠡᠮ ᠵᠢᠷᠤᠮ᠎ᠤᠨ ᠤᠳᠤᠬᠢᠴᠢᠯᠠᠯᠲᠠ᠎ᠶᠢᠨ ᠪᠦᠲᠦᠭᠡᠨ ᠪᠠᠶᠢᠭᠤᠯᠦᠯᠲᠠ᠎ᠶᠢᠨ ᠭᠤᠤᠯ ᠠᠵᠢᠯ᠎ᠤᠨ ᠲᠤᠭᠤᠷᠢᠨ᠎ᠳ᠋ᠤ ᠂ ᠨᠠᠮ᠎ᠤᠨ ᠲᠦᠪ ᠬᠤᠷᠢᠶᠠᠨ᠎ᠤ ᠪᠠᠶᠢᠯᠳᠤᠬᠤ ᠪᠤᠳᠤᠯᠭ᠎ᠠ᠎ᠶᠢᠨ ᠪᠠᠶᠢᠷᠢᠯᠠᠭᠤᠯᠤᠯᠲᠠ᠎ᠶᠢ ᠴᠢᠩᠭ᠎ᠠ ᠵᠢᠷᠦᠮᠯᠡᠨ ᠂ ᠢᠳᠡᠪᠬᠢ ᠴᠢᠨᠠᠷ ᠪᠤᠯᠤᠨ ᠲᠠᠪᠠᠭᠤᠯᠢᠭ ᠴᠢᠨᠠᠷ᠎ᠢᠶᠡᠨ ᠪᠠᠳᠠᠷᠠᠭᠤᠯᠵᠦ ᠂ ᠳᠤᠲᠠᠭᠤᠳᠠᠯ᠎ᠢᠶᠡᠨ ᠨᠦᠬᠦᠪᠦᠷᠢᠯᠡᠵᠦ ᠂ ᠪᠠᠭᠤᠷᠠᠢ ᠲᠠᠯ᠎ᠠ᠎ᠪᠠᠨ ᠬᠦᠴᠦᠷᠬᠡᠭᠵᠢᠭᠦᠯᠵᠦ ᠂ ᠠᠮᠢ ᠠᠬᠤᠢ᠎ᠶᠢ ᠬᠦᠨᠳᠦᠳᠬᠡᠨ ᠂ ᠪᠤᠬᠢᠷᠳᠤᠯ ᠦᠭᠡᠢ ᠬᠦᠭᠵᠢᠯᠲᠡ᠎ᠪᠠᠷ ᠭᠤᠤᠯᠯᠠᠭᠰᠠᠨ ᠴᠢᠨᠠᠷ ᠰᠠᠶᠢᠲᠠᠢ ᠬᠦᠭᠵᠢᠯᠲᠡ᠎ᠶᠢᠨ ᠰᠢᠨ᠎ᠡ ᠵᠠᠮ᠎ᠢᠶᠠᠷ ᠭᠤᠶᠢᠪᠢᠰᠢ ᠦᠭᠡᠢ ᠵᠠᠮᠨᠠᠭᠰᠠᠨ ᠪᠠᠶᠢᠨ᠎ᠠ ᠃ ᠡᠶᠢᠨ ᠬᠦ ᠂ ᠠᠷᠠᠳ᠎ᠤᠨ ᠠᠮᠢᠳᠤᠷᠠᠯ ᠤᠯᠠᠮ ᠪᠠᠲᠤᠯᠠᠭ᠎ᠠ᠎ᠲᠠᠢ ᠪᠤᠯᠵᠦ ᠂ ᠠᠷᠠᠳ ᠲᠦᠮᠡᠨ ᠤᠯᠠᠮ ᠰᠠᠶᠢᠨ ᠰᠠᠶᠢᠬᠠᠨ ᠠᠮᠢᠳᠤᠷᠠᠯ᠎ᠢ ᠡᠳ᠋ᠯᠡᠬᠦ ᠪᠤᠯᠵᠠᠢ ᠃

︽ ᠲᠠᠪᠤ᠋᠎ᠶᠢ ᠪᠠᠷᠢᠮᠲᠠᠯᠠᠬᠤ ︾ ᠪᠤᠯ ︽ ᠠᠷᠪᠠᠨ ᠳᠦᠷᠪᠡᠳᠦᠭᠡᠷ ᠲᠠᠪᠤᠨ ᠵᠢᠯ᠎︾᠎ᠤᠨ ᠠᠵᠤ ᠠᠬᠤᠢ ᠨᠡᠶᠢᠭᠡᠮ᠎ᠤᠨ ᠬᠦᠭᠵᠢᠯᠲᠡ᠎ᠳ᠋ᠤ ᠤᠷᠤᠯᠠᠭᠤᠯᠵᠦ ᠪᠤᠯᠤᠰᠢ ᠦᠭᠡᠢ ᠴᠢᠬᠤᠯᠠ ᠠᠴᠢ ᠬᠤᠯᠪᠤᠭᠳᠠᠯ᠎ᠲᠠᠢ ᠵᠢᠷᠤᠮᠯᠠᠬᠤ ᠵᠠᠷᠴᠢᠮ ᠂ ᠨᠡᠶᠢᠭᠡᠮ ᠵᠢᠷᠦᠮᠲᠦ ᠤᠳᠤᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ᠎ᠳ᠋ᠤ ᠂ ᠬᠤᠶᠠᠳᠤᠭᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ᠎ᠶᠢ ᠪᠡᠶᠡᠯᠡᠭᠦᠯᠬᠦ ᠰᠢᠨᠵᠢᠯᠡᠬᠦ ᠤᠬᠠᠭᠠᠨᠴᠢ ᠵᠢᠯᠤᠭᠤᠳᠬᠤ ᠦᠵᠡᠯ ᠰᠠᠨᠠᠭ᠎ᠠ ᠪᠤᠯᠤᠨ᠎ᠠ ᠃ ᠪᠢᠳᠠ ᠪᠦᠭᠦᠳᠡ ᠬᠤᠷᠠᠯ᠎ᠤᠨ ᠵᠤᠷᠢᠭ ᠰᠠᠨᠠᠭ᠎ᠠ᠎ᠶᠢ ᠬᠢᠨᠠᠮᠠᠭᠠᠢ ᠰᠤᠷᠤᠯᠴᠠᠵᠦ ᠲᠤᠤᠱᠯᠠᠭᠤᠯᠬᠤ᠎ᠳ᠋ᠤ ᠡᠷᠬᠡᠪᠰᠢ ︽ ᠲᠠᠪᠤ᠋᠎ᠶᠢ ᠪᠠᠷᠢᠮᠲᠠᠯᠠᠬᠤ ︾᠎ᠶᠢᠨ ᠭᠤᠤᠯ ᠤᠳᠬ᠎ᠠ ᠰᠠᠨᠠᠭ᠎ᠠ᠎ᠶᠢ ᠭᠦᠨᠵᠡᠭᠡᠢ ᠲᠠᠨᠢᠵᠦ ᠂ ᠡᠭᠦᠨ᠎ᠢᠶᠠᠷ ᠦᠪᠡᠷᠲᠡᠭᠡᠨ ᠵᠠᠰᠠᠬᠤ ᠤᠷᠤᠨ᠎ᠤ ᠠᠵᠤ ᠠᠬᠤᠢ ᠨᠡᠶᠢᠭᠡᠮ᠎ᠤᠨ ᠬᠦᠭᠵᠢᠯᠲᠡ᠎ᠶᠢᠨ ᠡᠯ᠎ᠡ ᠵᠦᠢᠯ᠎ᠤᠨ ᠲᠦᠷᠦ᠎ᠶᠢᠨ ᠪᠤᠳᠤᠯᠭ᠎ᠠ ᠂ ᠠᠷᠭ᠎ᠠ ᠬᠡᠮᠵᠢᠶ᠎ᠡ᠎ᠶᠢᠨ ᠨᠠᠶᠢᠳᠠᠪᠤᠷᠢᠵᠢᠭᠤᠯᠤᠯᠲᠠ᠎ᠶᠢ ᠬᠦᠲᠦᠯᠦᠨ ᠳᠠᠭᠠᠭᠤᠯᠵᠤ ᠂ ᠳᠦᠷᠪᠡᠨ ᠤᠬᠠᠮᠰᠠᠷ᠎ᠢ ᠤᠯᠠᠮ ᠨᠢᠭᠡ ᠠᠯᠬᠤᠮ ᠴᠢᠩᠭᠠᠳᠬᠠᠵᠤ ᠂ ᠳᠦᠷᠪᠡᠨ ᠢᠲᠡᠭᠡᠯ᠎ᠢᠶᠡᠨ ᠪᠠᠳᠤᠳᠬᠠᠵᠤ ᠂ ᠬᠤᠶᠠᠷ᠎ᠢ ᠬᠠᠮᠠᠭᠠᠯᠠᠬᠤ᠎ᠶᠢ ᠪᠡᠶᠡᠯᠡᠭᠦᠯᠵᠦ ᠂ ᠪᠦᠬᠦ ᠤᠷᠤᠨ᠎ᠤ ᠠᠵᠤ ᠠᠬᠤᠢ᠎ᠶᠢᠨ ᠰᠢᠨ᠎ᠡ ᠬᠦᠭᠵᠢᠯᠲᠡ᠎ᠶᠢᠨ ᠱᠠᠲᠤ ᠦᠶ᠎ᠡ᠎ᠳ᠋ᠤ ᠰᠢᠨ᠎ᠡ ᠰᠢᠪᠲᠤᠯᠤᠯᠲᠠ᠎ᠲᠠᠢ ᠪᠤᠯᠬᠤ᠎ᠶᠢ ᠲᠠᠰᠤᠷᠠᠯᠲᠠ ᠦᠭᠡᠢ ᠠᠬᠢᠭᠤᠯᠤᠨ ᠂ ᠨᠡᠶᠢᠭᠡᠮ ᠵᠢᠷᠤᠮ᠎ᠤᠨ ᠤᠳᠤᠬᠢᠴᠢᠯᠠᠯᠲᠠ᠎ᠶᠢᠨ ᠪᠦᠲᠦᠭᠡᠨ ᠪᠠᠶᠢᠭᠤᠯᠦᠯᠲᠠ᠎ᠶᠢᠨ ᠰᠢᠨ᠎ᠡ ᠠᠶᠠᠨ᠎ᠢᠶᠡᠨ ᠴᠡᠭᠡᠵᠢ ᠲᠡᠨᠡᠶᠢᠨ ᠲᠤᠮᠤ ᠠᠯᠬᠤᠮ᠎ᠢᠶᠠᠷ ᠡᠬᠢᠯᠡᠭᠦᠯᠵᠦ ᠂ ᠰᠠᠶᠢᠨ ᠰᠠᠶᠢᠬᠠᠨ ᠦᠪᠦᠷ ᠮᠤᠩᠭᠤᠯ᠎ᠢ ᠬᠠᠮᠲᠤ᠎ᠪᠠᠷ ᠪᠦᠲᠦᠭᠡᠨ ᠪᠠᠶᠢᠭᠤᠯᠤᠨ ᠂ ᠳᠤᠮᠳᠠᠳᠤ᠎ᠶᠢᠨ ᠦᠨᠳᠦᠰᠦᠲᠡᠨ᠎ᠤ ᠰᠡᠷᠭᠦᠨ ᠮᠠᠨᠳᠤᠯᠲᠠ᠎ᠶᠢᠨ ᠠᠭᠤᠤ ᠶᠡᠭᠡ ᠬᠦᠰᠡᠯ ᠵᠡᠭᠦᠳᠦ᠎ᠪᠠᠨ ᠲᠡᠷᠭᠡᠯᠰᠢᠭᠦᠯᠬᠦ᠎ᠪᠠᠷ ᠬᠠᠮᠲᠤ᠎ᠪᠠᠷ ᠭᠠᠪᠰᠢᠭᠠᠶᠢᠯᠠᠨ ᠲᠡᠮᠡᠴᠡᠶ᠎ᠡ ᠃

︵ ᠵᠤᠬᠢᠶᠠᠭᠴᠢ᠎ᠶᠢᠨ ᠬᠠᠢᠬ ᠄ ᠦᠪᠦᠷ ᠮᠤᠩᠭᠤᠯ᠎ᠤᠨ ᠡᠳ᠋᠎ᠤᠨ ᠵᠠᠰᠠᠭ ᠠᠵᠤ ᠠᠬᠤᠢ᠎ᠶᠢᠨ ᠶᠡᠭᠡ ᠰᠤᠷᠭᠠᠭᠤᠯᠢ ︶

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠼᠠᠢ ᠬᠤᠩ

ᠣᠷᠴᠢᠭᠤᠯᠤᠭ᠍ᠴᠢ᠄

ᠢᠷᠡᠯᠲᠡ᠄ ᠦᠪᠦᠷ ᠮᠤᠩᠭᠤᠯ ‍ᠤᠨ ᠡᠳᠦᠷ ‍ᠤᠨ ᠰᠤᠨᠢᠨ
兼容浏览器的HTML页面