ᠲᠡᠷᠢᠭᠦᠨ ᠨᠢᠭᠤᠷ>ᠣᠨᠣᠯ ᠱᠢᠭᠦᠮᠵᠢ>ᠰᠤᠷᠤᠯᠴᠠᠯᠭ᠎ᠠ

2021-04-28 09:16:15

ᠵᠣᠬᠢᠶᠠᠭ᠍ᠴᠢ᠄ ᠸᠠᠩ ᠹᠧᠢ ᠣᠩᠱᠢᠭ᠍ᠰᠠᠨ ᠣᠳᠠᠭ᠎ᠠ᠄ 3

4 ᠰᠠᠷ᠎ᠠ᠎ᠶᠢᠨ 25᠎ᠤ ᠡᠳᠦᠷ ᠂ ᠲᠥᠪ᠎ᠤᠨ ᠬᠥᠳᠡᠭᠡ ᠲᠣᠰᠬᠣᠨ᠎ᠤ ᠠᠵᠢᠯ᠎ᠤᠨ ᠠᠯᠪᠠᠨ ᠬᠡᠷ ᠂ ᠲᠥᠪ᠎ᠤᠨ ᠤᠬᠠᠭᠤᠯᠬᠤ ᠬᠡᠯᠲᠡᠰ ᠂ ᠲᠥᠪ᠎ᠤᠨ ᠢᠨᠲ᠋ᠸᠷ ᠰᠦᠯᠵᠢᠶᠡᠨ᠎ᠤ ᠮᠡᠳᠡᠭᠡ ᠵᠠᠩᠭᠢ᠎ᠶᠢᠨ ᠠᠯᠪᠠᠨ ᠬᠡᠷ ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ ᠂ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠢ ᠬᠣᠷᠢᠶ᠎ᠠ ᠂ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠣᠯᠤᠨ ᠠᠨᠾᠦ᠋ᠢ ᠮᠤᠵᠢ᠎ᠶᠢᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠡᠴᠠ ᠬᠠᠮᠲᠤᠷᠠᠨ ᠡᠷᠬᠢᠯᠡᠭᠰᠡᠨ ︽ ᠨᠠᠮ᠎ᠤᠨ ᠦᠭᠡ᠎ᠶᠢ ᠰᠣᠨᠣᠰᠴᠤ ᠂ ᠨᠠᠮ᠎ᠤᠨ ᠠᠴᠢ᠎ᠳ᠋ᠤ ᠲᠠᠯᠠᠷᠬᠠᠨ ᠂ ᠨᠠᠮ᠎ᠢᠶᠡᠨ ᠳᠠᠭᠠᠬᠤ ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ᠎ᠶᠢᠨ ᠡᠬᠢᠯᠡᠯᠲᠡ᠎ᠶᠢᠨ ᠶᠣᠰᠣᠯᠠᠯ ᠠᠨᠾᠦ᠋ᠢ ᠮᠤᠵᠢ᠎ᠶᠢᠨ ᠹᠧᠩᠶᠠᠩ ᠰᠢᠶᠠᠨ᠎ᠤ ᠰᠢᠶᠤᠤᠭᠠᠩ ᠲᠣᠰᠬᠣᠨ᠎ᠳ᠋ᠤ ᠶᠠᠪᠤᠭᠳᠠᠪᠠ ᠃ ᠲᠥᠪ᠎ᠤᠨ ᠬᠥᠳᠡᠭᠡ ᠲᠣᠰᠬᠣᠨ᠎ᠤ ᠠᠵᠢᠯ᠎ᠤᠨ ᠠᠯᠪᠠᠨ ᠭᠡᠷ᠎ᠤᠨ ᠡᠷᠬᠢᠯᠡᠭᠴᠢ ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶᠢᠯᠠᠩ᠎ᠤᠨ ᠱᠦᠵᠢ ᠂ ᠶᠠᠮᠤᠨ᠎ᠤ ᠰᠠᠶᠢᠳ ᠲᠠᠩ ᠷᠧᠨ ᠵᠢᠶᠠᠨ ᠬᠤᠷᠠᠯ᠎ᠳ᠋ᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ ᠂ ᠠᠨᠾᠦ᠋ᠢ ᠮᠤᠵᠢ᠎ᠶᠢᠨ ᠨᠠᠮ᠎ᠤᠨ ᠬᠣᠷᠢᠶᠠᠨ᠎ᠤ ᠱᠦᠵᠢ ᠯᠢ᠎ᠶᠢᠨ ᠪᠢᠨ ᠡᠬᠢᠯᠡᠯᠲᠡ᠎ᠶᠢᠨ ᠶᠣᠰᠣᠯᠠᠯ᠎ᠳ᠋ᠤ ᠣᠷᠣᠯᠴᠠᠪᠠ ᠃

ᠲᠠᠩ ᠷᠧᠨ ᠵᠢᠶᠠᠨ ᠂ ᠡᠯ᠎ᠡ ᠭᠠᠵᠠᠷ᠎ᠤᠨ᠎ᠬᠢᠨ ᠲᠤᠰ ᠭᠠᠵᠠᠷ᠎ᠤᠨ ᠪᠣᠳᠠᠲᠤ ᠪᠠᠶᠢᠳᠠᠯ᠎ᠲᠠᠢ᠎ᠪᠠᠨ ᠤᠶᠠᠯᠳᠤᠭᠤᠯᠤᠨ ᠂ ᠠᠵᠢᠯ᠎ᠤᠨ ᠬᠠᠷᠢᠭᠤᠴᠠᠯᠭ᠎ᠠ᠎ᠪᠠᠨ ᠨᠠᠶᠢᠳᠠᠪᠤᠷᠢᠵᠢᠭᠤᠯᠵᠤ ᠂ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ᠎ᠶᠢ ᠭᠦᠨᠵᠡᠭᠡᠶᠢᠷᠡᠭᠦᠯᠬᠦ ᠂ ᠪᠣᠳᠠᠲᠠᠶᠢᠵᠢᠭᠤᠯᠬᠤ ᠂ ᠰᠡᠳᠬᠢᠯ᠎ᠳ᠋ᠡᠭᠡᠨ ᠬᠠᠳᠠᠩᠰᠢᠭᠤᠯᠬᠤ᠎ᠶᠢ ᠠᠬᠢᠭᠤᠯᠵᠤ ᠂ ᠠᠵᠢᠯᠯᠠᠭ᠎ᠠ᠎ᠶᠢᠨ ᠣᠷᠣᠯᠴᠠᠬᠤ ᠬᠡᠮᠵᠢᠶ᠎ᠡ ᠪᠣᠯᠤᠨ ᠨᠥᠯᠥᠭᠡᠯᠡᠬᠦ ᠬᠦᠴᠦᠨ᠎ᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ ᠃ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ᠎ᠶᠢ ᠲᠥᠪ ᠬᠣᠷᠢᠶ᠎ᠠ ᠡᠴᠠ ᠪᠠᠶᠢᠷᠢᠯᠠᠭᠤᠯᠤᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ᠎ᠤᠨ ᠤᠢ᠎ᠶᠢ ᠪᠡᠯᠭᠡᠯᠡᠬᠦ ᠠᠵᠢᠯᠯᠠᠭ᠎ᠠ ᠂ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ ᠂ ︽ ᠨᠠᠮ᠎ᠢᠶᠡᠨ ᠡᠭᠦᠷᠢᠳᠡ ᠳᠠᠭᠠᠬᠤ ︾ ᠤᠯᠠᠨ ᠲᠦᠮᠡᠨᠴᠢ ᠴᠢᠨᠠᠷᠲᠠᠢ ᠭᠣᠣᠯ ᠰᠡᠳᠦᠪᠲᠦ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ᠎ᠲᠠᠢ ᠤᠶᠠᠯᠳᠤᠭᠤᠯᠵᠤ ᠂ ᠤᠬᠠᠭᠤᠯᠭ᠎ᠠ ᠂ ᠰᠦᠯᠵᠢᠶᠡᠨ᠎ᠤ ᠮᠡᠳᠡᠭᠡ ᠵᠠᠩᠭᠢ ᠂ ᠬᠥᠳᠡᠭᠡ ᠠᠵᠤ ᠠᠬᠤᠢ ᠬᠥᠳᠡᠭᠡ ᠲᠣᠰᠬᠣᠨ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠰᠠᠯᠠᠭ᠎ᠠ ᠮᠥᠴᠢᠷ᠎ᠲᠠᠢ ᠬᠠᠮᠲᠤ᠎ᠪᠠᠷ ᠬᠦᠴᠦᠲᠡᠢ ᠡᠮᠬᠢ ᠳᠢᠭᠯᠢᠮ᠎ᠲᠠᠢ ᠥᠷᠨᠢᠭᠦᠯᠬᠦ ᠬᠡᠷᠡᠭᠲᠡᠢ ᠃ ᠦᠨᠳᠦᠰᠦᠨ ᠱᠠᠲᠤᠨ᠎ᠤ ᠡᠮᠦᠨ᠎ᠡ ᠹᠷᠣᠨᠲ᠎ᠡᠴᠠ ᠤᠬᠠᠭᠤᠯᠤᠨ ᠲᠠᠶᠢᠯᠪᠤᠷᠢᠯᠠᠭᠴᠢ᠎ᠶᠢ ᠭᠣᠣᠯᠳᠠᠯᠭ᠎ᠠ᠎ᠲᠠᠢ ᠰᠢᠯᠢᠨ ᠰᠣᠩᠭᠣᠵᠤ ᠂ ᠥᠨᠳᠥᠷ ᠬᠡᠪ ᠪᠣᠯᠪᠠᠰᠤᠷᠠᠯ᠎ᠲᠠᠢ ᠂ ᠬᠦᠷᠢᠶᠡᠯᠡᠯ ᠰᠠᠢᠳᠠᠢ ᠲᠠᠷᠢᠶᠠᠴᠢᠨ᠎ᠤ ᠦᠵᠡᠯ ᠰᠠᠨᠠᠭ᠎ᠠ ᠰᠤᠷᠳᠠᠯ ᠤᠬᠠᠭᠤᠯᠭ᠎ᠠ᠎ᠶᠢᠨ ᠡᠩᠨᠡᠭᠡ᠎ᠶᠢ ᠪᠠᠶᠢᠭᠤᠯᠬᠤ ᠬᠡᠷᠡᠭᠲᠡᠢ ᠃ ᠡᠯ᠎ᠡ ᠲᠦᠷᠦᠯ᠎ᠤᠨ ᠵᠠᠭᠤᠴᠢᠯᠠᠭᠤᠷ᠎ᠤᠨ ᠪᠠᠭᠠᠵᠢ᠎ᠶᠢ ᠭᠦᠢᠴᠡᠳ ᠠᠰᠢᠬᠯᠠᠨ ᠂ ᠠᠵᠢᠯᠯᠠᠭ᠎ᠠ᠎ᠶᠢᠨ ᠰᠦᠷ ᠬᠦᠴᠦᠨ ᠦᠷ᠎ᠡ ᠨᠥᠯᠥᠭᠡ᠎ᠶᠢ ᠥᠷᠭᠡᠳᠬᠡᠵᠦ ᠂ ᠰᠠᠢᠨ ᠰᠠᠶᠢᠬᠠᠨ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ᠎ᠢ ᠪᠤᠢ ᠪᠣᠯᠭᠠᠬᠤ ᠬᠡᠷᠡᠭᠲᠡᠢ ᠭᠡᠪᠡ ᠃

2021᠎ᠤᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ᠎ᠤᠨ ᠤᠢ ᠪᠣᠯᠤᠨ᠎ᠠ ᠂ ᠪᠠᠰᠠ ᠴᠤ ᠨᠡᠶᠢᠭᠡᠮ ᠵᠢᠷᠤᠮᠳᠦ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶᠢᠭᠤᠯᠬᠤ ᠡᠬᠢᠯᠡᠯᠲᠡ᠎ᠶᠢᠨ ᠵᠢᠯ ᠪᠣᠯᠤᠨ᠎ᠠ ᠃ ᠬᠥᠳᠡᠭᠡ ᠲᠣᠰᠬᠣᠨ᠎ᠳ᠋ᠤ ︽ ᠨᠠᠮ᠎ᠤᠨ ᠦᠭᠡ᠎ᠶᠢ ᠰᠣᠨᠣᠰᠴᠤ ᠂ ᠨᠠᠮ᠎ᠤᠨ ᠠᠴᠢ᠎ᠳ᠋ᠤ ᠲᠠᠯᠠᠷᠬᠠᠨ ᠂ ᠨᠠᠮ᠎ᠢᠶᠡᠨ ᠳᠠᠭᠠᠬᠤ ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ᠎ᠶᠢ ᠭᠦᠨᠵᠡᠭᠡᠢ ᠥᠷᠨᠢᠭᠦᠯᠵᠦ ᠪᠠᠢᠭ᠎ᠠ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ ᠵᠠᠭᠤᠨ ᠵᠢᠯ᠎ᠤᠨ ᠤᠢ᠎ᠶᠢ ᠦᠪᠡᠳᠡᠭᠰᠢ ᠶᠡᠬᠡ᠎ᠪᠠᠷ ᠪᠡᠯᠭᠡᠯᠡᠵᠦ ᠂ ︽ ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ ︾᠎ᠤ ᠬᠦᠷᠢᠶᠡᠨ᠎ᠳ᠋ᠠᠬᠢ ᠴᠢᠨᠡᠭᠡᠯᠢᠭ ᠨᠡᠶᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠲᠠᠯ᠎ᠠ᠎ᠪᠠᠷ ᠣᠯᠤᠭᠰᠠᠨ ᠯᠤᠲᠤ ᠶᠡᠬᠡ ᠠᠮᠵᠢᠯᠲᠠ᠎ᠶᠢ ᠳᠡᠯᠭᠡᠨ ᠦᠵᠡᠭᠦᠯᠵᠦ ᠂ ᠥᠷᠭᠡᠨ ᠤᠯᠠᠨ ᠲᠠᠷᠢᠶᠠᠴᠢᠨ ᠲᠦᠮᠡᠨ᠎ᠤ ᠢᠲᠡᠭᠡᠯ ᠲᠡᠭᠦᠯᠳᠡᠷ᠎ᠢᠶᠠᠷ ᠰᠢᠨ᠎ᠡ ᠠᠶᠠᠨ᠎ᠳᠠᠭᠠᠨ ᠡᠷᠡᠯᠬᠡᠭᠯᠡᠨ ᠤᠷᠤᠭᠰᠢᠯᠠᠵᠤ ᠂ ᠣᠳᠣᠬᠢᠴᠢᠯᠠᠯᠲᠠ᠎ᠶᠢᠨ ᠪᠦᠳᠦᠭᠡᠨ ᠪᠠᠶᠢᠭᠤᠯᠤᠯᠳᠠ ᠬᠢᠬᠦ᠎ᠶᠢ ᠵᠣᠷᠢᠭᠵᠢᠭᠤᠯᠬᠤ᠎ᠪᠠᠷ ᠵᠣᠷᠢᠯᠲᠠ ᠪᠣᠯᠭᠠᠪᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠼᠠᠢ ᠬᠤᠩ

ᠣᠷᠴᠢᠭᠤᠯᠤᠭ᠍ᠴᠢ᠄

ᠢᠷᠡᠯᠲᠡ᠄ ᠰᠢᠨᠬᠤᠸᠠ ᠬᠣᠷᠢᠶ᠎ᠠ
兼容浏览器的HTML页面