2021-05-07 17:31:33
ᠲᠡᠤᠬᠡ᠎ᠶᠢ ᠰᠤᠷᠤᠯᠴᠠᠵᠤ ᠢᠲᠡᠭᠡᠯ᠎ᠢᠶᠡᠨ ᠨᠡᠮᠡᠭᠳᠡᠭᠦᠯᠬᠦ ᠪᠣᠯ ᠨᠠᠮ᠎ᠤᠨ ᠲᠡᠤᠬᠡ᠎ᠶᠢᠨ ᠰᠤᠷᠤᠯᠴᠠᠯᠭ᠎ᠠ ᠬᠥᠮᠦᠵᠢᠯ᠎ᠤᠨ ᠬᠠᠷᠠᠯᠲᠠ ᠱᠠᠭᠠᠷᠳᠠᠯᠭ᠎ᠠ ᠮᠥᠨ
ᠶᠡᠷᠦᠩᠬᠡᠢ ᠱᠦᠵᠢ ᠰᠢ᠎ᠶᠢᠨ ᠫᠢᠩ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠤᠨ ᠲᠠᠢᠴᠢᠯᠠᠯᠳᠠ᠎ᠶᠢᠨ ᠶᠡᠬᠡ ᠬᠤᠷᠠᠯ ᠳᠡᠭᠡᠷ᠎ᠡ ᠂ ᠲᠡᠦᠬᠡ᠎ᠶᠢ ᠰᠤᠷᠤᠯᠴᠠᠵᠤ ᠢᠲᠡᠭᠡᠯ᠎ᠢᠶᠡᠨ ᠨᠡᠮᠡᠭᠳᠡᠭᠦᠯᠬᠦ᠎ᠶᠢ ᠨᠠᠮ᠎ᠤᠨ ᠲᠡᠦᠭᠡ᠎ᠶᠢᠨ ᠰᠤᠷᠤᠯᠴᠠᠯᠭ᠎ᠠ ᠬᠦᠮᠦᠵᠢᠯ᠎ᠤᠨ ᠬᠠᠷᠠᠯᠲᠠ ᠱᠠᠭᠠᠷᠳᠠᠯᠭ᠎ᠠ᠎ᠶᠢᠨ ᠨᠢᠭᠡ ᠪᠣᠯᠭᠠᠵᠤ ᠂ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠤᠨ ᠤᠯᠤᠰ ᠲᠦᠷᠦ᠎ᠶᠢᠨ ᠦᠨ᠎ᠡ ᠦᠷᠳᠡᠭ᠎ᠢ ᠲᠤᠪᠤᠢᠯᠭᠠᠵᠦ ᠂ ᠵᠠᠭᠤᠨ ᠵᠢᠯ᠎ᠤᠨ ᠲᠡᠦᠭᠡ᠎ᠲᠠᠢ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠬᠦᠴᠦᠷᠬᠡᠭ ᠶᠡᠬᠡ ᠲᠡᠦᠬᠡ᠎ᠶᠢᠨ ᠢᠲᠡᠭᠡᠯ ᠪᠣᠯᠤᠨ ᠰᠡᠷᠭᠡᠭ ᠲᠡᠦᠬᠡ᠎ᠶᠢᠨ ᠤᠬᠠᠮᠰᠠᠷ᠎ᠢ ᠲᠤᠰᠬᠠᠵᠠᠢ ᠃
ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠨᠢ ᠰᠡᠳᠬᠢᠯ᠎ᠢᠶᠡᠨ ᠨᠢᠭᠡᠳᠭᠡᠨ ᠬᠦᠴᠦ᠎ᠪᠠᠨ ᠬᠠᠮᠳᠤᠳᠬᠠᠬᠤ᠎ᠪᠠᠷ ᠭᠣᠣᠯᠳᠠᠭᠤᠯᠵᠤ ᠂ ᠲᠡᠤᠬᠡ᠎ᠶᠢ ᠰᠤᠷᠤᠯᠴᠠᠵᠤ ᠢᠲᠡᠭᠡᠯ᠎ᠢᠶᠡᠨ ᠨᠡᠮᠡᠭᠳᠡᠭᠦᠯᠬᠦ ᠪᠣᠯ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠵᠣᠷᠢᠭ ᠰᠠᠨᠠᠭ᠎ᠠ᠎ᠶᠢ ᠲᠠᠬᠢᠨ ᠣᠶᠢᠯᠠᠭᠠᠵᠤ ᠂ ᠲᠠᠬᠢᠨ ᠪᠠᠳᠠᠷᠠᠭᠤᠯᠵᠤ ᠪᠠᠶᠢᠭ᠎ᠠ ᠶᠠᠪᠤᠳᠠᠯ ᠪᠣᠯᠤᠨ᠎ᠠ ᠃ ᠲᠤᠮᠳᠠᠳᠤ ᠤᠯᠤᠰ᠎ᠤᠨ ᠡᠪ ᠬᠠᠮᠳᠤ ᠨᠠᠮ ᠪᠣᠯ ᠨᠢᠭᠡᠨ ᠡᠷᠬᠢᠮ ᠳᠡᠭᠡᠳᠦ ᠬᠦᠰᠡᠯᠡᠩ᠎ᠲᠠᠢ ᠂ ᠠᠭᠤᠤ ᠶᠡᠬᠡ ᠡᠭᠦᠷᠭᠡ ᠬᠠᠷᠢᠭᠤᠴᠠᠯᠭ᠎ᠠ᠎ᠲᠠᠢ ᠲᠡᠷᠢᠭᠦᠨ᠎ᠤ ᠲᠦᠷᠦ᠎ᠶᠢᠨ ᠨᠠᠮ ᠮᠥᠨ ᠃ ᠬᠦᠰᠡᠯᠡᠩ ᠪᠣᠯᠤᠨ ᠡᠭᠦᠷᠭᠡ ᠬᠠᠷᠢᠭᠤᠴᠠᠯᠭ᠎ᠠ᠎ᠶᠢᠨ᠎ᠢᠶᠡᠨ ᠲᠥᠯᠥᠭᠡ ᠂ ᠦᠶ᠎ᠡ ᠦᠶ᠎ᠡ᠎ᠶᠢᠨ ᠲᠤᠮᠳᠠᠳᠤ ᠤᠯᠤᠰ᠎ᠤᠨ ᠡᠪ ᠬᠠᠮᠳᠤᠴᠤᠳ ᠦᠨᠡᠨ ᠰᠡᠳᠬᠢᠯ᠎ᠡᠴᠠ᠎ᠪᠠᠨ ᠵᠢᠳᠬᠦᠵᠦ ᠂ ᠠᠮᠢ ᠪᠡᠶ᠎ᠡ᠎ᠪᠠᠨ ᠵᠣᠷᠢᠭᠤᠯᠵᠤ ᠂ ᠨᠠᠮ᠎ᠤᠨ ᠰᠢᠨᠵᠢ ᠴᠢᠨᠠᠷ᠎ᠢ ᠢᠯᠡᠷᠡᠭᠦᠯᠦᠭᠰᠡᠨ ᠂ ᠦᠨᠳᠦᠰᠦᠲᠡᠨ᠎ᠤ ᠵᠤᠷᠢᠬ ᠰᠠᠨᠠᠭ᠎ᠠ᠎ᠶᠢ ᠲᠤᠰᠬᠠᠭᠰᠠᠨ ᠂ ᠴᠠᠭ ᠦᠶ᠎ᠡ᠎ᠶᠢᠨ ᠱᠠᠭᠠᠷᠳᠠᠯᠭ᠎ᠠ᠎ᠶᠢ ᠢᠯᠡᠷᠡᠭᠦᠯᠦᠭᠰᠡᠨ ᠂ ᠡᠯ᠎ᠡ ᠲᠠᠯ᠎ᠠ᠎ᠶᠢᠨ ᠬᠦᠴᠦᠨ᠎ᠢ ᠨᠢᠭᠲᠠᠷᠠᠭᠤᠯᠤᠭᠰᠠᠨ ᠠᠯᠢ ᠤᠯᠠᠨ ᠠᠭᠤᠤ ᠶᠡᠬᠡ ᠵᠣᠷᠢᠭ ᠰᠠᠨᠠᠭ᠎ᠠ᠎ᠶᠢ ᠬᠤᠷᠠᠮᠳᠤᠭᠤᠯᠵᠤ ᠂ ᠲᠤᠮᠳᠠᠳᠤ ᠤᠯᠤᠰ᠎ᠤᠨ ᠡᠪ ᠬᠠᠮᠳᠤᠴᠤᠳ᠎ᠤᠨ ᠤᠶᠤᠨ ᠰᠠᠨᠠᠭᠠᠨ᠎ᠤ ᠰᠢᠰᠲ᠋ᠧᠮ᠎ᠢ ᠪᠠᠶᠢᠭᠤᠯᠪᠠ ᠂ ᠡᠨᠡ ᠪᠣᠯ ᠨᠠᠮ᠎ᠤᠨ ᠲᠡᠦᠬᠡ᠎ᠶᠢᠨ ᠭᠡᠷᠡᠯ ᠰᠠᠴᠤᠷᠠᠩᠭᠤᠢ ᠠᠮᠵᠢᠯᠲᠠ᠎ᠶᠢ ᠡᠭᠦᠳᠬᠦ ᠬᠦᠴᠦᠨ ᠴᠢᠳᠠᠯ ᠮᠥᠨ ᠂ ᠪᠠᠰᠠ ᠴᠤ ᠡᠷᠬᠢᠮ ᠳᠡᠭᠡᠳᠦ ᠡᠭᠦᠷᠭᠡ᠎ᠪᠠᠨ ᠦᠷᠭᠦᠯᠵᠢᠯᠡᠨ ᠪᠡᠶᠡᠯᠡᠭᠦᠯᠬᠦ᠎ᠶᠢᠨ ᠬᠥᠳᠡᠯᠭᠡᠬᠦ ᠬᠦᠴᠦᠨ ᠮᠥᠨ ᠃ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ ᠪᠣᠯ ᠳᠠᠷᠤᠢ ᠨᠠᠮ᠎ᠤᠨ ᠵᠠᠭᠤᠨ ᠵᠢᠯ᠎ᠤᠨ ᠲᠡᠮᠡᠴᠡᠯ᠎ᠢᠶᠠᠷ ᠪᠦᠷᠢᠯᠳᠦᠭᠰᠡᠨ ᠡᠷᠬᠢᠮ ᠨᠠᠨᠳᠢᠨ ᠤᠶᠤᠨ ᠰᠠᠨᠠᠭᠠᠨ᠎ᠤ ᠥᠪ ᠬᠦᠷᠦᠩᠭᠡ᠎ᠶᠢ ᠡᠪ ᠬᠠᠮᠲᠤᠴᠤᠳ ᠨᠢᠭᠡᠪᠦᠷᠢ᠎ᠳ᠋ᠤ ᠤᠯᠠᠮᠵᠢᠯᠠᠨ ᠥᠭᠴᠤ ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠵᠣᠷᠢᠭ ᠰᠠᠨᠠᠭᠠᠨ᠎ᠤ ᠠᠭᠤᠤ ᠶᠡᠬᠡ ᠪᠠ ᠡᠭᠦᠨ᠎ᠡᠴᠠ ᠪᠤᠶ ᠪᠣᠯᠤᠭᠰᠠᠨ ᠬᠦᠴᠦᠨ ᠴᠢᠳᠠᠯ᠎ᠤᠨ ᠬᠦᠴᠦᠷᠬᠡᠭ ᠶᠡᠬᠡ᠎ᠶᠢ ᠣᠶᠢᠯᠠᠭᠠᠭᠤᠯᠵᠤ ᠂ ᠰᠢᠨ᠎ᠡ ᠴᠠᠭ ᠦᠶ᠎ᠡ᠎ᠶᠢᠨ ᠡᠪ ᠬᠠᠮᠲᠤᠴᠤᠳ᠎ᠤᠨ ᠵᠤᠷᠢᠭ ᠰᠠᠨᠠᠭᠠᠨ᠎ᠤ ᠣᠨᠴᠠᠯᠢᠭ᠎ᠢ ᠰᠡᠳᠬᠢᠨ ᠳ᠋ᠦᠩᠨᠡᠵᠦ ᠂ ᠰᠢᠨ᠎ᠡ ᠴᠠᠭ ᠦᠶ᠎ᠡ᠎ᠶᠢᠨ ᠡᠪ ᠬᠠᠮᠲᠤᠴᠤᠳ᠎ᠤᠨ ᠵᠤᠷᠢᠭ ᠰᠠᠨᠠᠭᠠᠨ᠎ᠤ ᠬᠡᠪ ᠴᠢᠨᠠᠷ᠎ᠢ ᠢᠯᠡᠷᠡᠭᠦᠯᠵᠦ ᠂ ᠰᠢᠨ᠎ᠡ ᠲᠡᠦᠬᠡ᠎ᠶᠢᠨ ᠤᠯᠠᠮᠵᠢᠯᠠᠯ ᠳᠤᠮᠳᠠ ᠲᠤᠮᠳᠠᠳᠤ ᠤᠯᠤᠰ᠎ᠤᠨ ᠡᠪ ᠬᠠᠮᠳᠤᠴᠤᠳ᠎ᠤᠨ ᠵᠤᠷᠢᠭ ᠰᠠᠨᠠᠭᠠᠨ᠎ᠤ ᠰᠢᠰᠲ᠋ᠧᠮ᠎ᠢ ᠪᠠᠶᠠᠯᠢᠭᠵᠢᠭᠤᠯᠵᠤ ᠂ ᠡᠪ ᠬᠠᠮᠲᠤᠴᠤᠳ᠎ᠤᠨ ᠵᠤᠷᠢᠭ ᠰᠠᠨᠠᠭᠠᠨ᠎ᠤ ᠰᠤᠳᠠᠰᠤ᠎ᠶᠢ ᠦᠷᠭᠦᠯᠵᠢᠯᠡᠭᠦᠯᠵᠦ ᠂ ᠵᠤᠷᠢᠭ ᠰᠠᠨᠠᠭᠠᠨ᠎ᠤ ᠬᠦᠴᠦᠨ᠎ᠢ ᠡᠭᠦᠷᠭᠡ ᠬᠠᠷᠢᠭᠤᠴᠠᠯᠭ᠎ᠠ᠎ᠪᠠᠨ ᠪᠡᠶᠡᠯᠡᠭᠦᠯᠬᠦ᠎ᠶᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠶᠠᠪᠤᠳᠠᠯ ᠪᠤᠯᠤᠨ᠎ᠠ ᠃
ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠨᠢ ᠲᠡᠮᠡᠴᠡᠯ᠎ᠤᠨ ᠵᠣᠷᠢᠭ᠎ᠢ ᠬᠦᠭᠵᠢᠭᠡᠭᠦ᠎ᠳ᠋ᠤ ᠬᠦᠴᠦᠯᠡᠵᠤ ᠂ ᠲᠡᠤᠬᠡ᠎ᠶᠢ ᠰᠤᠷᠤᠯᠴᠠᠵᠤ ᠢᠲᠡᠭᠡᠯ᠎ᠢᠶᠡᠨ ᠨᠡᠮᠡᠭᠳᠡᠭᠦᠯᠬᠦ ᠪᠣᠯ ᠰᠢᠨ᠎ᠡ ᠴᠠᠭ ᠦᠶ᠎ᠡ᠎ᠶᠢᠨ ᠠᠭᠤᠤ ᠶᠡᠬᠡ ᠲᠡᠮᠡᠴᠡᠯ᠎ᠤᠨ ᠲᠠᠬᠢᠨ ᠪᠡᠯᠡᠳᠬᠡᠯ᠂ ᠲᠠᠬᠢᠨ ᠠᠬᠢᠭᠤᠯᠤᠯ ᠪᠣᠯᠤᠨ᠎ᠠ ᠃ ᠲᠤᠮᠳᠠᠳᠤ ᠤᠯᠤᠰ᠎ᠤᠨ ᠡᠪ ᠬᠠᠮᠳᠤ ᠨᠠᠮ ᠵᠠᠭᠤᠨ ᠵᠢᠯ᠎ᠤᠨ ᠰᠠᠯᠬᠢ ᠪᠤᠷᠤᠭᠠᠨ᠎ᠢ ᠦᠩᠭᠡᠷᠡᠭᠦᠯᠵᠦ᠂ ᠤᠳᠤᠬᠠᠨ᠎ᠳ᠋ᠤ ᠶᠠᠬ ︽ ᠬᠣᠣᠰ ᠵᠠᠭᠤᠨ ᠵᠢᠯ︾᠎ᠤᠨ ᠲᠡᠮᠡᠴᠡᠯ᠎ᠤᠨ ᠬᠠᠷᠠᠯᠲᠠ᠎ᠶᠢᠨ ᠲᠡᠦᠬᠡ᠎ᠶᠢᠨ ᠠᠭᠤᠯᠵᠠᠷ᠎ᠤᠨ ᠵᠠᠩᠭᠢᠯᠠᠭ᠎ᠠ᠎ᠶᠢᠨ ᠴᠠᠭ ᠦᠶ᠎ᠡ᠎ᠳ᠋ᠤ ᠣᠷᠣᠰᠢᠵᠤ ᠪᠤᠢ ᠃ ᠡᠨᠡ ᠬᠦ ᠵᠠᠩᠭᠢᠯᠠᠭ᠎ᠠ᠎ᠶᠢᠨ ᠦᠶ᠎ᠡ᠎ᠳ᠋ᠤ ᠲᠤᠮᠳᠠᠳᠤ ᠤᠯᠤᠰ᠎ᠤᠨ ᠡᠪ ᠬᠠᠮᠳᠤ ᠨᠠᠮ ᠤᠷᠤᠭᠰᠢᠯᠠᠬᠤ ᠲᠤᠳᠤᠮ ᠬᠦᠴᠢᠷ ᠪᠡᠷᠬᠡᠰᠢᠶᠡᠯ᠎ᠲᠠᠢ ᠂ ᠤᠷᠤᠭᠰᠢᠯᠠᠬᠤ ᠲᠤᠳᠤᠮ ᠠᠶᠤᠯ ᠲᠦᠭᠰᠢᠭᠦᠷᠢ᠎ᠲᠠᠢ ᠪᠣᠯᠬᠤ ᠲᠡᠦᠬᠡ᠎ᠶᠢᠨ ᠵᠠᠩᠭᠢᠯᠠᠭ᠎ᠠ᠎ᠶᠢᠨ ᠦᠶ᠎ᠡ᠎ᠳ᠋ᠤ ᠲᠤᠯᠭᠠᠷᠠᠬᠤ ᠪᠣᠯᠤᠨ᠎ᠠ ᠃ ᠤᠳᠤ ᠦᠶ᠎ᠡ᠎ᠶᠢᠨ ᠲᠤᠮᠳᠠᠳᠤ ᠤᠯᠤᠰ᠎ᠤᠨ ᠡᠪ ᠬᠠᠮᠳᠤᠴᠤᠳ ᠬᠦᠴᠢᠷ ᠪᠡᠷᠬᠡᠰᠢᠶᠡᠯ᠎ᠡᠴᠠ ᠠᠶᠤᠬᠤ ᠦᠭᠡᠢ ᠂ ᠬᠦᠴᠢᠷ᠎ᠢ ᠮᠡᠳᠡᠵᠤ ᠪᠠᠶᠢᠭᠠᠳ ᠬᠦᠴᠦᠯᠡᠨ ᠤᠷᠤᠭᠰᠢᠯᠠᠬᠤ ᠰᠥᠰᠥ ᠵᠣᠷᠢᠭᠲᠠᠢ ᠂ ᠪᠠᠭ᠎ᠠ᠎ᠡᠴᠠ ᠶᠡᠬᠡ᠎ᠶᠢ ᠣᠯᠵᠤ ᠮᠡᠳᠡᠬᠦ ᠪᠠ ᠠᠶᠤᠯ ᠲᠦᠭᠰᠢᠭᠦᠷᠢ᠎ᠶᠢ ᠡᠵᠡᠮᠳᠡᠬᠦ ᠴᠢᠳᠠᠪᠤᠷᠢ᠎ᠲᠠᠢ ᠪᠠᠶᠢᠬᠤ᠎ᠶᠢ ᠨᠡᠩ ᠢᠯᠡᠭᠦᠦ ᠱᠠᠭᠠᠷᠳᠠᠵᠤ ᠪᠠᠶᠢᠨ᠎ᠠ ᠃ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠢ ᠶᠠᠭ ᠡᠶᠢᠮᠦ ᠨᠢᠭᠡᠨ ᠵᠠᠩᠭᠢᠯᠠᠭ᠎ᠠ᠎ᠶᠢᠨ ᠴᠠᠭ ᠦᠶ᠎ᠡ᠎ᠳ᠋ᠤ ᠥᠷᠨᠢᠭᠦᠯᠬᠦ᠎ᠨᠢ ᠲᠡᠦᠬᠡ᠎ᠶᠢᠨ ᠬᠠᠷᠠᠭᠠᠰᠤ᠎ᠡᠴᠠ ᠬᠦᠨᠳᠦ ᠶᠡᠬᠡ ᠠᠶᠤᠯ ᠲᠦᠭᠰᠢᠭᠦᠷᠢ ᠥᠷᠢᠰᠥᠯᠳᠦᠭᠡᠨ᠎ᠢ ᠡᠵᠡᠮᠳᠡᠵᠦ ᠂ ᠲᠡᠦᠬᠡ᠎ᠡᠴᠠ ᠲᠤᠷᠰᠢᠯᠭ᠎ᠠ ᠣᠯᠵᠤ ᠂ ᠲᠤᠷᠰᠢᠯᠭ᠎ᠠ᠎ᠡᠴᠠ ᠰᠡᠩᠬᠡᠷᠡᠭᠦᠯᠦᠯ ᠣᠯᠵᠤ ᠂ ᠭᠠᠳᠠᠭᠠᠳᠤ ᠣᠷᠴᠢᠨ᠎ᠤ ᠬᠤᠪᠢᠷᠠᠯᠲᠠ᠎ᠶᠢ ᠠᠷᠭᠠᠴᠠᠭᠠᠬᠤ ᠦᠵᠡᠯ ᠰᠠᠨᠠᠭᠠᠨ᠎ᠤ ᠪᠡᠯᠡᠳᠬᠡᠯ ᠪᠠ ᠠᠵᠢᠯ᠎ᠤᠨ ᠪᠡᠯᠡᠳᠬᠡᠯ᠎ᠢ ᠨᠡᠯᠢᠶᠡᠳ ᠤᠷᠳᠤ ᠬᠤᠭᠤᠴᠠᠭ᠎ᠠ᠎ᠪᠠᠷ ᠰᠠᠶᠢᠲᠤᠷ ᠬᠢᠵᠦ ᠂ ᠨᠡᠶᠢᠭᠡᠮ᠎ᠤᠨ ᠬᠥᠭᠵᠢᠯ᠎ᠤᠨ ᠵᠢᠮ᠎ᠡ ᠶᠣᠰᠤ ᠳᠤᠮᠳᠠ ᠲᠡᠦᠬᠡ᠎ᠶᠢᠨ ᠬᠥᠭᠵᠢᠯᠲᠡ᠎ᠶᠢᠨ ᠰᠠᠨᠠᠭᠠᠴᠢᠯᠠᠭᠠᠲᠤ ᠡᠷᠬᠡ᠎ᠶᠢ ᠪᠠᠲᠤ ᠡᠵᠡᠮᠰᠢᠬᠦ᠎ᠶᠢᠨ ᠲᠦᠯᠦᠬᠡ ᠶᠤᠮ ᠃
ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠳ᠋ᠤ ᠭᠣᠣᠯ ᠤᠷᠤᠰᠬᠠᠯ᠎ᠤᠨ ᠮᠥᠨ ᠴᠢᠨᠠᠷ᠎ᠢ ᠴᠢᠬᠤᠯᠠᠴᠢᠯᠠᠳᠠᠭ ᠂ ᠲᠡᠦᠬᠡ᠎ᠶᠢ ᠰᠤᠷᠤᠯᠴᠠᠵᠤ ᠢᠲᠡᠭᠡᠯ᠎ᠢᠶᠡᠨ ᠨᠡᠮᠡᠭᠳᠡᠭᠦᠯᠬᠦ ᠪᠣᠯ ᠨᠠᠮ᠎ᠤᠨ ᠤᠬ ᠰᠠᠨᠠᠭ᠎ᠠ ᠡᠭᠦᠷᠭᠡ ᠬᠠᠷᠢᠭᠤᠴᠠᠯᠭ᠎ᠠ᠎ᠶᠢᠨ ᠭᠣᠣᠯ ᠰᠡᠳᠦᠪ᠎ᠤᠨ ᠲᠤᠬᠠᠢ ᠲᠠᠬᠢᠨ ᠲᠠᠨᠢᠬᠤ ᠂ ᠲᠠᠬᠢᠨ ᠦᠢᠯᠡᠳᠦᠯᠭᠡᠵᠢᠭᠦᠯᠬᠦ ᠶᠠᠪᠤᠳᠠᠯ ᠪᠣᠯᠤᠨ᠎ᠠ ᠃ ᠲᠤᠮᠳᠠᠳᠤ ᠤᠯᠤᠰ᠎ᠤᠨ ᠡᠪ ᠬᠠᠮᠳᠤ ᠨᠠᠮ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶᠢᠨ ᠲᠥᠯᠥᠭᠡ ᠮᠡᠨᠳᠦᠯᠡᠵᠦ ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶᠢᠨ ᠲᠥᠯᠥᠭᠡ ᠲᠡᠮᠡᠴᠡᠵᠦ ᠪᠠᠶᠢᠨ᠎ᠠ ᠃ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠡᠦᠬᠡ ᠪᠣᠯ ᠳᠠᠷᠤᠢ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠠᠷᠠᠳ ᠲᠦᠮᠡᠨ᠎ᠳ᠋ᠤ ᠵᠣᠯ ᠵᠢᠷᠭᠠᠯ ᠣᠯᠭᠣᠵᠤ ᠂ ᠳᠤᠮᠳᠠᠳᠤ᠎ᠶᠢᠨ ᠦᠨᠳᠦᠰᠦᠲᠡᠨ᠎ᠤ ᠰᠡᠷᠭᠦᠨ ᠮᠠᠨᠳᠤᠯᠲᠠ᠎ᠶᠢᠨ ᠲᠥᠯᠥᠭᠡ ᠲᠡᠮᠡᠴᠡᠭᠰᠡᠨ ᠲᠡᠦᠬᠡ ᠪᠣᠯᠤᠨ᠎ᠠ ᠃ ᠲᠡᠮᠡᠴᠡᠯ᠎ᠤᠨ ᠠᠶᠠᠨ ᠵᠠᠮ᠎ᠳᠠᠭᠠᠨ ᠶᠠᠮᠠᠷ ᠶᠠᠩᠵᠤ᠎ᠶᠢᠨ ᠬᠦᠴᠢᠷ ᠪᠡᠷᠬᠡᠰᠢᠶᠡᠯ᠎ᠳ᠋ᠤ ᠲᠤᠯᠭᠠᠷᠠᠭᠰᠠᠨ ᠴᠤ ᠂ ᠲᠤᠮᠳᠠᠳᠤ ᠤᠯᠤᠰ᠎ᠤᠨ ᠡᠪ ᠬᠠᠮᠳᠤᠴᠤᠳ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠢᠲᠡᠭᠡᠯ ᠵᠣᠷᠢᠭ᠎ᠨᠢ ᠶᠡᠷᠦ᠎ᠡᠴᠠ ᠭᠤᠶᠢᠪᠢᠯᠵᠠᠵᠤ ᠥᠩᠭᠡᠷᠡᠭᠡ ᠦᠭᠡᠢ ᠶᠤᠮ ︔ ᠶᠠᠮᠠᠷ ᠶᠠᠩᠵᠤ᠎ᠶᠢᠨ ᠨᠤᠭᠤᠷᠠᠯ ᠪᠦᠳᠦᠷᠢᠯ᠎ᠳ᠋ᠤ ᠤᠴᠠᠷᠠᠭᠰᠠᠨ ᠴᠤ ᠂ ᠠᠷᠠᠳ ᠲᠦᠮᠡᠨ᠎ᠢ ᠨᠡᠩ ᠰᠠᠢᠨ ᠰᠠᠶᠢᠬᠠᠨ ᠠᠮᠢᠳᠤᠷᠠᠭᠤᠯᠬᠤ ᠲᠡᠮᠡᠴᠡᠯ᠎ᠤᠨ ᠬᠠᠷᠠᠯᠲᠠ᠎ᠨᠢ ᠶᠡᠷᠦ᠎ᠡᠴᠠ ᠬᠤᠪᠢᠷᠠᠭ᠎ᠠ ᠦᠭᠡᠢ ᠶᠤᠮ ᠃ ᠡᠶᠢᠮᠦ᠎ᠡᠴᠠ ᠂ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠎ᠨᠢ ᠪᠦᠬᠦ ᠨᠠᠮᠢᠶᠠᠷᠢᠶᠡᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠭᠡᠬᠦ ᠡᠨᠡ ᠬᠦ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠵᠣᠷᠢᠭ ᠰᠠᠨᠠᠭᠠᠨ᠎ᠤ ᠤᠭ ᠴᠡᠭ ᠂ ᠯᠣᠭᠢᠭ᠎ᠤᠨ ᠡᠬᠢᠯᠡᠯᠲᠡ᠎ᠶᠢᠨ ᠴᠡᠭ ᠪᠣᠯᠤᠨ ᠥᠷᠲᠡᠭ᠎ᠤᠨ ᠲᠤᠯᠬᠤ ᠴᠡᠭ᠎ᠢ ᠪᠠᠲᠤ ᠡᠵᠡᠮᠰᠢᠭᠦᠯᠬᠦ᠎ᠶᠢᠨ ᠲᠥᠯᠥᠭᠡ ᠶᠤᠮ ᠂ ᠵᠠᠭᠤᠨ ᠵᠢᠯ᠎ᠤᠨ ᠨᠠᠮ᠎ᠤᠨ ᠲᠡᠦᠬᠡ᠎ᠶᠢ ᠣᠶᠢᠯᠠᠭᠠᠬᠤ᠎ᠳ᠋ᠤ ᠂ ᠢᠯᠠᠩᠭᠤᠶ᠎ᠠ ᠮᠠᠷᠺᠰ᠎ᠤᠨ ᠦᠵᠡᠯ᠎ᠤᠨ ᠳᠤᠮᠳᠠᠳᠤ ᠤᠯᠤᠰ᠎ᠲᠠᠬᠢ ᠬᠥᠭᠵᠢᠯᠲᠡ᠎ᠶᠢᠨ ᠲᠡᠦᠬᠡ᠎ᠶᠢᠨ ᠵᠠᠶᠢᠯᠠᠰᠢ ᠦᠭᠡᠢ ᠴᠢᠨᠠᠷ ᠂ ᠲᠤᠮᠳᠡᠳᠦ ᠤᠯᠦᠰ᠎ᠤᠨ ᠤᠡᠴᠡᠯᠢᠬ᠎ᠲᠠᠢ ᠨᠡᠢᠭᠡᠮ ᠵᠢᠷᠦᠮ᠎ᠤᠨ ᠳᠤᠮᠳᠠᠳᠤ ᠤᠯᠤᠰ᠎ᠲᠠᠬᠢ ᠬᠥᠭᠵᠢᠯᠲᠡ᠎ᠶᠢᠨ ᠲᠡᠦᠬᠡ᠎ᠶᠢᠨ ᠵᠠᠶᠢᠯᠠᠰᠢ ᠦᠭᠡᠢ ᠴᠢᠨᠠᠷ᠎ᠢ ᠣᠶᠢᠯᠠᠭᠠᠵᠤ ᠂ ᠡᠭᠦᠨ᠎ᠤ ᠤᠯᠠᠮ᠎ᠡᠴᠠ ᠨᠡᠩ ᠥᠨᠳᠥᠷ ᠲᠡᠦᠬᠡ᠎ᠶᠢᠨ ᠤᠬᠠᠮᠰᠠᠷ᠎ᠢᠶᠠᠷ ᠤᠬ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠵᠦ ᠂ ᠠᠷᠠᠳ ᠲᠦᠮᠡᠨ᠎ᠢ ᠳᠠᠭᠠᠭᠤᠯᠤᠨ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠶᠢᠨ ᠰᠠᠢᠨ ᠰᠠᠶᠢᠬᠠᠨ ᠢᠷᠡᠭᠡᠳᠦᠢ ᠲᠡᠢᠰᠢ ᠵᠠᠮᠨᠠᠬᠤ ᠬᠡᠷᠡᠭᠲᠡᠢ ᠃
ᠨᠠᠮ᠎ᠤᠨ ᠵᠠᠭᠤᠨ ᠵᠢᠯ᠎ᠤᠨ ᠬᠡᠷᠡᠯ ᠰᠠᠴᠤᠷᠠᠩᠭᠤᠶ ᠥᠩᠭᠡᠷᠡᠯᠲᠡ ᠪᠣᠯ ᠲᠡᠤᠬᠡ᠎ᠶᠢ ᠰᠤᠷᠤᠯᠴᠠᠵᠤ ᠢᠲᠡᠭᠡᠯ᠎ᠢᠶᠡᠨ ᠨᠡᠮᠡᠭᠳᠡᠭᠦᠯᠬᠦ᠎ᠶᠢᠨ ᠡᠯᠪᠡᠭ ᠳᠡᠯᠪᠡᠭ ᠲᠡᠤᠬᠡ᠎ᠶᠢᠨ ᠰᠢᠮ᠎ᠡ ᠲᠡᠵᠢᠭᠡᠯ ᠮᠥᠨ
ᠶᠡᠷᠦᠩᠬᠡᠶ ᠱᠦᠵᠢ ᠰᠢ᠎ᠶᠢᠨ ᠫᠢᠩ ᠄ ︽ ᠲᠡᠦᠬᠡ ᠪᠣᠯ ᠬᠠᠮᠤᠭ᠎ᠤᠨ ᠰᠠᠢᠨ ᠰᠤᠷᠬᠤ ᠪᠢᠴᠢᠭ ᠮᠥᠨ ᠂ ᠮᠠᠨ᠎ᠤ ᠡᠪ ᠬᠠᠮᠲᠤᠴᠤᠳ᠎ᠲᠤ ᠠᠪᠴᠤ ᠬᠡᠯᠡᠪᠡᠯ ᠂ ᠳᠤᠮᠳᠠᠳᠤ ᠤᠯᠤᠰ᠎ᠤᠨ ᠬᠤᠪᠢᠰᠬᠠᠯ᠎ᠤᠨ ᠲᠡᠦᠬᠡ ᠪᠣᠯ ᠬᠠᠮᠤᠭ᠎ᠤᠨ ᠰᠠᠢᠨ ᠰᠢᠮ᠎ᠡ ᠲᠡᠵᠢᠭᠡᠯᠲᠦ ᠡᠮ ᠮᠥᠨ ︾ ᠭᠡᠵᠡᠶ ᠃ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠵᠠᠭᠤᠨ ᠵᠢᠯ ᠪᠣᠯ ᠤᠬ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠭᠦ᠎ᠪᠠᠷ ᠵᠢᠳᠭᠦᠭᠰᠡᠨ ᠵᠠᠭᠤᠨ ᠵᠢᠯ ᠮᠥᠨ ᠂ ᠬᠦᠴᠢᠷ ᠪᠡᠷᠬᠡᠰᠢᠶᠡᠯ᠎ᠢ ᠢᠯᠠᠨ ᠳᠠᠪᠠᠵᠤ ᠠᠭᠤᠤ ᠦᠢᠯᠡᠰ ᠪᠦᠳᠦᠭᠡᠭᠰᠡᠨ ᠵᠠᠭᠤᠨ ᠵᠢᠯ ᠮᠥᠨ ᠂ ᠭᠡᠷᠡᠯ ᠰᠠᠴᠤᠷᠠᠩᠭᠤᠢ ᠢᠷᠡᠭᠡᠳᠦᠢ᠎ᠶᠢ ᠨᠡᠭᠡᠭᠡᠭᠰᠡᠨ ᠵᠠᠭᠤᠨ ᠵᠢᠯ ᠮᠥᠨ ᠃ ᠵᠠᠭᠤᠨ ᠵᠢᠯ᠎ᠳ᠋ᠤ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠡᠦᠬᠡ᠎ᠶᠢᠨ ᠭᠡᠷᠡᠯ ᠰᠠᠴᠤᠷᠠᠩᠭᠤᠢ ᠠᠮᠵᠢᠯᠲᠠ᠎ᠶᠢ ᠣᠯᠤᠭᠰᠠᠨ ᠪᠥᠭᠡᠳ ᠬᠦᠴᠦᠷᠬᠡᠭ ᠶᠡᠬᠡ ᠲᠤᠮᠳᠠᠳᠤ ᠤᠯᠤᠰ᠎ᠤᠨ ᠡᠪ ᠬᠠᠮᠳᠤ ᠨᠠᠮ᠎ᠢ ᠪᠤᠢ ᠪᠣᠯᠭᠠᠵᠤ ᠂ ᠲᠤᠮᠳᠠᠳᠤ ᠤᠯᠤᠰ᠎ᠤᠨ ᠡᠪ ᠬᠠᠮᠳᠤᠴᠤᠳ ᠲᠡᠦᠬᠡ ᠰᠤᠷᠴᠤ ᠢᠲᠡᠭᠡᠯ᠎ᠢᠶᠡᠨ ᠨᠡᠮᠡᠭᠳᠡᠭᠦᠯᠬᠦ᠎ᠳ᠋ᠤ ᠲᠤᠶᠢᠯ᠎ᠤᠨ ᠡᠯᠪᠡᠭ ᠪᠠᠶᠠᠯᠢᠭ ᠲᠡᠦᠬᠡ᠎ᠶᠢᠨ ᠰᠢᠮ᠎ᠡ ᠲᠡᠵᠢᠭᠡᠯ᠎ᠢ ᠬᠠᠩᠭᠠᠵᠠᠢ ᠃
ᠨᠠᠮ᠎ᠤᠨ ᠤᠨᠤᠯ᠎ᠤᠨ ᠬᠥᠭᠵᠢᠯᠲᠡ ᠪᠣᠯ ᠲᠡᠤᠬᠡ᠎ᠶᠢ ᠰᠤᠷᠤᠯᠴᠠᠵᠤ ᠢᠲᠡᠭᠡᠯ᠎ᠢᠶᠡᠨ ᠨᠡᠮᠡᠭᠳᠡᠭᠦᠯᠬᠦ᠎ᠶᠢᠨ ᠴᠢᠬᠤᠯᠠ ᠦᠵᠡᠯ ᠰᠠᠨᠠᠭᠠᠨ᠎ᠤ ᠡᠬᠢ ᠰᠤᠷᠪᠤᠯᠵᠢ ᠮᠥᠨ ᠃ ᠲᠤᠮᠳᠠᠳᠤ ᠤᠯᠤᠰ᠎ᠤᠨ ᠡᠪ ᠬᠠᠮᠳᠤ ᠨᠠᠮ ᠮᠠᠷᠺᠰ᠎ᠤᠨ ᠦᠵᠡᠯ᠎ᠢᠶᠠᠷ ᠵᠢᠯᠣᠭᠣᠳᠬᠤ ᠦᠵᠡᠯ ᠰᠠᠨᠠᠭ᠎ᠠ ᠪᠣᠯᠭᠠᠵᠤ ᠂ ᠵᠠᠭᠤᠨ ᠵᠢᠯ᠎ᠤᠨ ᠬᠦᠭᠵᠢᠯᠳᠠ᠎ᠶᠢᠨ ᠶᠠᠪᠤᠴᠠ᠎ᠳᠠᠭᠠᠨ ᠂ ᠮᠠᠷᠺᠰ᠎ᠤᠨ ᠦᠵᠡᠯ᠎ᠤᠨ ᠦᠨᠡᠨ ᠶᠣᠰᠣᠨ᠎ᠤ ᠢᠲᠡᠭᠡᠯ ᠪᠢᠰᠢᠷᠡᠯ᠎ᠢ ᠢᠮᠠᠭᠲᠠ ᠪᠠᠷᠢᠮᠲᠠᠯᠠᠵᠤ ᠂ ᠮᠠᠷᠺᠰ᠎ᠤᠨ ᠦᠵᠡᠯ᠎ᠤᠨ ᠭᠣᠣᠯ ᠦᠨᠳᠦᠰᠦᠯᠡᠯ᠎ᠢ ᠳᠤᠮᠳᠠᠳᠤ ᠤᠯᠤᠰ᠎ᠤᠨ ᠪᠣᠳᠠᠲᠤ ᠪᠠᠶᠢᠳᠠᠯ᠎ᠲᠠᠢ᠎ᠪᠠᠨ ᠴᠢᠷᠮᠠᠢᠨ ᠤᠶᠠᠯᠳᠤᠭᠤᠯᠵᠤ ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ᠎ᠶᠢ ᠲᠠᠰᠤᠷᠠᠯᠲᠠ ᠦᠭᠡᠶ ᠠᠬᠢᠭᠤᠯᠤᠬᠰᠡᠨ᠎ᠢᠶᠠᠷ ᠂ ᠮᠠᠤ ᠽᠸ ᠳ᠋ᠦᠩ᠎ᠤᠨ ᠦᠵᠡᠯ ᠰᠠᠨᠠᠭ᠎ᠠ ᠂ ᠳ᠋ᠧᠩ ᠰᠢᠶᠤᠤ ᠫᠢᠩ᠎ᠤᠨ ᠣᠨᠣᠯ ᠂ ︽ ᠭᠤᠷᠪᠠ᠎ᠶᠢ ᠲᠥᠯᠥᠭᠡᠯᠡᠬᠦ ︾ ᠴᠢᠬᠤᠯᠠ ᠦᠵᠡᠯ ᠰᠠᠨᠠᠭ᠎ᠠ ᠂ ᠰᠢᠨᠵᠢᠯᠡᠬᠦ ᠤᠬᠠᠭᠠᠨᠴᠢ ᠬᠥᠭᠵᠢᠯᠲᠡ᠎ᠶᠢᠨ ᠦᠵᠡᠯᠲᠡ ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠲᠤᠮᠳᠡᠳᠦ ᠤᠯᠦᠰ᠎ᠤᠨ ᠤᠡᠴᠡᠯᠢᠬ᠎ᠲᠠᠢ ᠨᠡᠢᠭᠡᠮ ᠵᠢᠷᠦᠮ᠎ᠤᠨ ᠦᠵᠡᠯ ᠰᠠᠨᠠᠭ᠎ᠠ ᠪᠤᠢ ᠪᠣᠯᠵᠤ ᠂ ᠡᠪ ᠬᠠᠮᠲᠤ ᠨᠠᠮ᠎ᠤᠨ ᠲᠦᠷᠦ ᠪᠠᠷᠢᠬᠤ ᠵᠢᠮ᠎ᠡ ᠶᠣᠰᠣ ᠂ ᠨᠡᠶᠢᠭᠡᠮ ᠵᠢᠷᠦᠮᠲᠦ ᠪᠦᠳᠦᠭᠡᠨ ᠪᠠᠶᠢᠭᠤᠯᠤᠯᠲᠠ᠎ᠶᠢᠨ ᠵᠢᠮ᠎ᠡ ᠶᠣᠰᠣ᠂ ᠬᠥᠮᠦᠨ ᠲᠥᠷᠥᠯᠬᠢᠲᠡᠨ᠎ᠤ ᠨᠡᠶᠢᠭᠡᠮ᠎ᠤᠨ ᠬᠥᠭᠵᠢᠯ᠎ᠤᠨ ᠵᠢᠮ᠎ᠡ ᠶᠣᠰᠤ᠎ᠶᠢ ᠬᠠᠢᠨ ᠰᠦᠪᠡᠭᠴᠢᠯᠡᠭᠦ ᠶᠠᠪᠤᠴᠠ᠎ᠳ᠋ᠤ ᠬᠤᠪᠤᠷ ᠨᠠᠨᠳᠢᠨ ᠤᠨᠤᠯ᠎ᠤᠨ ᠦᠷ᠎ᠡ ᠪᠦᠲᠦᠭᠡᠯ᠎ᠲᠠᠢ ᠪᠤᠯᠵᠤ ᠂ ᠮᠠᠷᠺᠰ᠎ᠤᠨ ᠦᠵᠡᠯ᠎ᠤᠨ ᠰᠢᠨ᠎ᠡ ᠠᠬᠤᠶ ᠪᠠᠶᠢᠳᠠᠯ᠎ᠢ ᠲᠠᠰᠤᠷᠠᠯᠳᠠ ᠦᠭᠡᠢ ᠨᠡᠭᠡᠭᠡᠵᠦ ᠂ ᠮᠠᠷᠺᠰ᠎ᠤᠨ ᠦᠵᠡᠯ᠎ᠤᠨ ᠦᠨᠡᠨ ᠶᠣᠰᠣᠨ᠎ᠤ ᠭᠡᠷᠡᠯ ᠭᠢᠯᠪᠠᠭ᠎ᠠ᠎ᠶᠢ ᠢᠮᠠᠬᠳᠠ ᠰᠠᠴᠤᠷᠠᠭᠤᠯᠵᠤ ᠂ ᠳᠤᠮᠳᠠᠳᠤ ᠤᠯᠤᠰ᠎ᠤᠨ ᠠᠷᠠᠳ ᠲᠦᠮᠡᠨ᠎ᠢ ᠭᠠᠰᠠᠯᠠᠩ ᠵᠣᠪᠠᠯᠠᠩ᠎ᠡᠴᠠ ᠠᠩᠭᠢᠵᠢᠷᠠᠭᠤᠯᠵᠤ ᠂ ᠬᠦᠴᠦᠷᠬᠡᠭᠵᠢᠨ ᠮᠠᠨᠳᠤᠬᠤ ᠤᠷᠤᠭᠰᠢᠯᠠᠯᠲᠠ᠎ᠶᠢᠨ ᠵᠠᠮ᠎ᠢᠶᠠᠷ ᠵᠠᠮᠨᠠᠭᠤᠯᠤᠬᠰᠡᠨ ᠪᠠᠶᠢᠨ᠎ᠠ ᠃ ᠮᠠᠷᠺᠰ᠎ᠤᠨ ᠦᠵᠡᠯ᠎ᠢ ᠴᠠᠭ ᠦᠶ᠎ᠡ᠎ᠲᠠᠢ ᠵᠡᠷᠭᠡ᠎ᠪᠡᠷ ᠤᠷᠤᠭᠰᠢᠯᠠᠭᠤᠯᠤᠨ ᠬᠥᠭᠵᠢᠭᠦᠯᠦᠭᠰᠡᠨ᠎ᠨᠢ ᠲᠤᠮᠳᠠᠳᠤ ᠤᠯᠤᠰ᠎ᠤᠨ ᠡᠪ ᠬᠠᠮᠳᠤ ᠨᠠᠮ ᠪᠠᠭ᠎ᠠ᠎ᠡᠴᠠ᠎ᠪᠠᠨ ᠶᠡᠬᠡ ᠪᠤᠯᠵᠦ ᠂ ᠪᠠᠭᠤᠷᠠᠶᠡᠴᠠᠪᠠᠨ ᠬᠦᠴᠦᠷᠬᠡᠭᠵᠢᠵᠦ ᠂ ᠣᠷᠴᠢᠨ ᠦᠶ᠎ᠡ᠎ᠡᠴᠠ ᠨᠠᠭᠠᠰᠢᠬᠢ ᠡᠯ᠎ᠡ ᠵᠦᠢᠯ᠎ᠤᠨ ᠤᠯᠤᠰ ᠲᠤᠢᠷᠦ᠎ᠶᠢᠨ ᠬᠦᠴᠦᠨ᠎ᠤ ᠪᠡᠶᠡᠯᠡᠭᠦᠯᠵᠦ ᠴᠢᠳᠠᠰᠢ ᠤᠢᠭᠡᠢ ᠲᠡᠦᠬᠡᠨ ᠡᠭᠦᠷᠭᠡ᠎ᠶᠢ ᠪᠡᠶᠡᠯᠡᠭᠦᠯᠵᠤ ᠴᠢᠳᠠᠬᠰᠡᠨᠤ ᠴᠢᠬᠤᠯᠠ ᠦᠨᠳᠦᠰᠦ ᠰᠤᠷᠪᠤᠯᠵᠢ ᠮᠥᠨ ᠃
ᠨᠠᠮ᠎ᠤᠨ ᠲᠡᠦᠬᠡ᠎ᠳᠤ ᠠᠮᠵᠢᠯᠲᠠ ᠪᠦᠲᠦᠮᠵᠢ ᠪᠣᠯ ᠲᠡᠤᠬᠡ᠎ᠶᠢ ᠰᠤᠷᠤᠯᠴᠠᠵᠤ ᠢᠲᠡᠭᠡᠯ᠎ᠢᠶᠡᠨ ᠨᠡᠮᠡᠭᠳᠡᠭᠦᠯᠬᠦ᠎ᠶᠢᠨ ᠴᠢᠬᠤᠯᠠ ᠦᠢᠯᠡᠳᠦᠯᠭᠡ᠎ᠶᠢᠨ ᠦᠨᠳᠦᠰᠦᠯᠡᠯ ᠮᠥᠨ ᠃ ᠵᠠᠭᠤᠨ ᠵᠢᠯ᠎ᠤᠨ ᠡᠮᠦᠨ᠎ᠡ ᠂ ᠳᠤᠮᠳᠠᠳᠤ᠎ᠶᠢᠨ ᠦᠨᠳᠦᠰᠦᠲᠡᠨ ᠲᠤᠳᠤᠭᠠᠳᠤ᠎ᠶᠢᠨ ᠵᠣᠪᠠᠯᠠᠩ ᠭᠠᠳᠠᠭᠠᠳᠤ᠎ᠶᠢᠨ ᠭᠠᠴᠢᠯᠳ᠋ᠤ ᠲᠤᠯᠭᠠᠷᠠᠵᠤ ᠂ ᠨᠡᠶᠢᠭᠡᠮ᠎ᠤᠨ ᠬᠢᠮᠤᠷᠠᠯ ᠤᠷᠢᠳᠤ ᠡᠮᠦᠨ᠎ᠡ ᠭᠠᠷᠤᠭ᠎ᠠ ᠦᠭᠡᠢ ᠬᠦᠨᠳᠦ ᠬᠡᠴᠡᠭᠦᠦ ᠪᠠᠶᠢᠪᠠ ᠃ ᠵᠠᠭᠤᠨ ᠵᠢᠯ᠎ᠤᠨ ᠲᠠᠷᠠᠭ᠎ᠠ ᠂ ᠳᠤᠮᠳᠠᠳᠤ᠎ᠶᠢᠨ ᠦᠨᠳᠦᠰᠦᠲᠡᠨ ᠪᠣᠰᠴᠤ ᠵᠣᠭᠰᠣᠨ ᠂ ᠪᠠᠶᠠᠵᠢᠭᠰᠠᠨᠡᠴᠠᠪᠠᠨ ᠬᠦᠴᠦᠷᠬᠡᠭᠵᠢᠭᠰᠡᠨ ᠠᠭᠤᠤ ᠶᠡᠬᠡ ᠦᠰᠦᠷᠦᠯᠲᠡ᠎ᠶᠢ ᠤᠭᠲᠤᠨ ᠠᠪᠴᠢᠷᠠᠵᠤ ᠂ ︽ ᠳᠤᠮᠳᠠᠳᠤ ᠤᠯᠤᠰ᠎ᠤᠨ ᠭᠠᠶᠢᠬᠠᠮᠰᠢᠭ ︾᠎ᠢ ᠡᠭᠦᠳᠴᠡᠢ ᠃ ᠡᠶᠢᠮᠦ ᠯᠤᠲᠤ ᠶᠡᠬᠡ ᠲᠡᠦᠬᠡ᠎ᠳᠤ ᠠᠮᠵᠢᠯᠲᠠ᠎ᠶᠢ ᠪᠣᠯ ᠲᠤᠮᠳᠠᠳᠤ ᠤᠯᠤᠰ᠎ᠤᠨ ᠡᠪ ᠬᠠᠮᠳᠤ ᠨᠠᠮ ᠠᠷᠠᠳ ᠲᠦᠮᠡᠨ᠎ᠢ ᠤᠳᠤᠷᠢᠳᠤᠨ ᠡᠷᠡᠮᠡᠬᠡᠶᠢᠯᠡᠨ ᠤᠷᠤᠭᠰᠢᠯᠠᠵᠤ ᠂ ᠦᠷᠭᠦᠯᠵᠢᠯᠡᠨ ᠲᠡᠮᠡᠴᠡᠵᠦ ᠂ ᠬᠦᠴᠦ᠎ᠪᠠᠨ ᠬᠠᠮᠲᠤᠳᠬᠠᠨ ᠲᠡᠮᠡᠴᠡᠵᠦ ᠪᠠᠶᠢᠵᠦ ᠣᠯᠤᠭᠰᠠᠨ ᠶᠤᠮ ᠃ ᠲᠤᠮᠳᠠᠳᠤ ᠤᠯᠤᠰ᠎ᠤᠨ ᠡᠪ ᠬᠠᠮᠳᠤ ᠨᠠᠮ ᠲᠡᠮᠡᠴᠡᠯ᠎ᠢᠶᠠᠷ ᠰᠦᠷ ᠵᠢᠪᠬᠤᠯᠠᠩᠲᠤ ᠲᠡᠦᠬᠡ᠎ᠶᠢᠨ ᠬᠠᠭᠤᠳᠠᠰᠤ᠎ᠶᠢ ᠪᠢᠴᠢᠭᠯᠡᠵᠦ ᠂ ᠡᠯᠪᠡᠭ ᠪᠠᠶᠠᠯᠢᠭ ᠤᠯᠤᠰ ᠲᠥᠷᠥ᠎ᠶᠢᠨ ᠣᠶᠤᠨ ᠤᠬᠠᠭᠠᠨ᠎ᠢᠶᠡᠨ ᠢᠯᠡᠷᠡᠭᠦᠯᠦᠭᠰᠡᠨ ᠢᠯᠠᠭᠳᠠᠰᠢ ᠦᠭᠡᠢ ᠪᠠᠲᠤ ᠪᠡᠬᠢ ᠤᠯᠤᠰ ᠲᠦᠷᠦ᠎ᠶᠢᠨ ᠬᠦᠴᠦᠨ᠎ᠢ ᠢᠯᠡᠷᠡᠭᠦᠯᠵᠦ᠂ ᠲᠤᠮᠳᠠᠳᠤ ᠤᠯᠤᠰ᠎ᠤᠨ ᠡᠪ ᠬᠠᠮᠳᠤ ᠨᠠᠮ ᠶᠠᠭᠠᠬᠢᠭᠠᠳ ︽ ᠴᠢᠳᠠᠭᠰᠠᠨ ︾ ᠪᠤᠢ ᠂ ᠮᠠᠷᠺᠰ᠎ᠤᠨ ᠦᠵᠡᠯ ᠶᠠᠭᠠᠬᠢᠭᠠᠳ ︽ ᠪᠤᠯᠤᠨ᠎ᠠ ︾ ᠪᠤᠢ ᠂ ᠲᠤᠮᠳᠡᠳᠦ ᠤᠯᠦᠰ᠎ᠤᠨ ᠤᠡᠴᠡᠯᠢᠬ᠎ᠲᠠᠢ ᠨᠡᠢᠭᠡᠮ ᠵᠢᠷᠦᠮ ᠶᠠᠭᠠᠬᠢᠭᠠᠳ ︽ ᠰᠠᠢᠨ ︾ ᠪᠤᠢ ᠭᠡᠳᠡᠭ᠎ᠲᠤ ᠠᠮᠵᠢᠯᠲᠠ᠎ᠲᠠᠢ᠎ᠪᠠᠷ ᠬᠠᠷᠢᠭᠤᠯᠲᠠ ᠥᠭᠴᠦ ᠂ ᠡᠯᠪᠡᠭ ᠪᠠᠶᠠᠯᠢᠭ ᠦᠢᠯᠡᠳᠦᠯᠭᠡ᠎ᠶᠢᠨ ᠦᠷ᠎ᠡ ᠪᠦᠲᠦᠭᠡᠯ᠎ᠢᠶᠠᠷ᠎ᠢᠶᠡᠨ ᠲᠡᠦᠬᠡ᠎ᠶᠢ ᠰᠤᠷᠤᠯᠴᠠᠵᠤ ᠢᠲᠡᠭᠡᠯ᠎ᠢᠶᠡᠨ ᠨᠡᠮᠡᠭᠳᠡᠭᠦᠯᠬᠦ᠎ᠳ᠋ᠤ ᠲᠤᠶᠢᠯ᠎ᠤᠨ ᠶᠡᠬᠡ ᠢᠲᠡᠭᠡᠭᠦᠯᠬᠦ ᠬᠦᠴᠦᠨ᠎ᠲᠠᠢ ᠦᠢᠯᠡᠳᠦᠯᠭᠡ᠎ᠶᠢᠨ ᠮᠠᠲ᠋ᠧᠷᠢᠶᠠᠯ ᠬᠠᠩᠭᠠᠵᠤ ᠂ ᠠᠷᠠᠳ ᠲᠦᠮᠡᠨ᠎ᠤ ᠥᠨᠢ ᠡᠭᠦᠷᠢᠳᠡ ᠨᠠᠮ᠎ᠢᠶᠡᠨ ᠳᠠᠭᠠᠬᠤ ᠢᠲᠡᠭᠡᠯ ᠪᠢᠰᠢᠷᠡᠯ ᠢᠲᠡᠭᠡᠯ ᠵᠤᠷᠢᠬ᠎ᠢ ᠪᠠᠲᠤᠳᠬᠠᠪᠠ᠃
ᠨᠠᠮ᠎ᠤᠨ ᠥᠪᠡᠷ᠎ᠤᠨ ᠪᠡᠶᠡᠳ᠋ᠡᠭᠡᠨ ᠬᠤᠪᠢᠰᠬᠠᠯ ᠬᠢᠬᠦ ᠪᠣᠯ ᠲᠡᠤᠬᠡ᠎ᠶᠢ ᠰᠤᠷᠤᠯᠴᠠᠵᠤ ᠢᠲᠡᠭᠡᠯ᠎ᠢᠶᠡᠨ ᠨᠡᠮᠡᠭᠳᠡᠭᠦᠯᠬᠦ᠎ᠶᠢᠨ ᠴᠢᠬᠤᠯᠠ ᠤᠯᠤᠰ ᠲᠦᠷᠦ᠎ᠶᠢᠨ ᠰᠠᠭᠤᠷᠢ ᠮᠥᠨ ᠃ ᠨᠠᠮ᠎ᠤᠨ ᠥᠪᠡᠷ᠎ᠤᠨ ᠪᠡᠶᠡᠳ᠋ᠡᠭᠡᠨ ᠬᠤᠪᠢᠰᠬᠠᠯ ᠬᠢᠬᠦ᠎ᠳ᠋ᠤ ︽ ᠦᠨᠡᠨ ᠶᠣᠰᠣ᠎ᠶᠢ ᠪᠠᠷᠢᠮᠲᠠᠯᠠᠵᠤ ᠂ ᠠᠯᠳᠠᠭ᠎ᠠ ᠪᠤᠷᠤᠭᠤ᠎ᠪᠠᠨ ᠵᠠᠯᠠᠷᠠᠭᠤᠯᠬᠤ ︾ ᠡᠷᠬᠢᠮ ᠳᠡᠭᠡᠳᠦ ᠬᠥᠭᠡᠭᠡᠴᠡᠯᠳᠦᠯ ᠪᠠ ᠥᠪᠡᠷ᠎ᠢ᠎ᠪᠠᠨ ᠴᠡᠪᠡᠷᠰᠢᠭᠦᠯᠬᠦ ᠂ ᠥᠪᠡᠷ᠎ᠢ᠎ᠪᠠᠨ ᠳᠡᠭᠡᠭᠰᠢᠯᠡᠭᠦᠯᠬᠦ ᠰᠥᠰᠥ ᠵᠣᠷᠢᠭ ᠠᠭᠤᠯᠤᠭᠳᠠᠵᠤ ᠪᠠᠶᠢᠳᠠᠭ ᠃ ᠵᠠᠭᠤᠨ ᠵᠢᠯ᠎ᠤᠨ ᠪᠦᠳᠦᠭᠡᠨ ᠪᠠᠶᠢᠭᠤᠯᠤᠯᠲᠠ ᠬᠥᠭᠵᠢᠯᠲᠡ᠎ᠶᠢᠨ ᠳᠤᠮᠳᠠ ᠂ ᠲᠤᠮᠳᠠᠳᠤ ᠤᠯᠤᠰ᠎ᠤᠨ ᠡᠪ ᠬᠠᠮᠳᠤ ᠨᠠᠮ ᠠᠯᠢᠪᠠ ᠪᠦᠬᠦᠨ᠎ᠳ᠋ᠤ ᠠᠷᠠᠳ ᠲᠦᠮᠡᠨ᠎ᠤ ᠦᠨᠳᠦᠰᠦᠨ ᠠᠰᠢᠭ ᠲᠤᠰᠠ᠎ᠡᠴᠠ ᠡᠭᠦᠰᠬᠦ᠎ᠶᠢ ᠪᠠᠷᠢᠮᠲᠠᠯᠠᠵᠤ ᠂ ᠠᠷᠠᠳ ᠲᠦᠮᠡᠨ᠎ᠤ ᠦᠨᠳᠦᠰᠦᠨ ᠠᠰᠢᠭ ᠲᠤᠰᠠ᠎ᠳ᠋ᠤ ᠨᠡᠶᠢᠴᠡᠬᠦ᠎ᠪᠠᠷ ᠬᠠᠮᠤᠭ᠎ᠤᠨ ᠳᠡᠭᠡᠳᠦ ᠵᠠᠷᠴᠢᠮ ᠪᠣᠯᠭᠠᠵᠤ ᠂ ᠳᠤᠲᠠᠭᠳᠠᠯ᠎ᠢᠶᠡᠨ ᠨᠢᠭᠤᠨ ᠳᠠᠯᠳᠠᠯᠠᠬᠤ ᠦᠭᠡᠢ ᠂ ᠠᠰᠠᠭᠤᠳᠠᠯ᠎ᠡᠴᠠ ᠵᠠᠶᠢᠯᠠᠬᠤ ᠦᠭᠡᠢ ᠂ ᠠᠯᠳᠠᠭ᠎ᠠ ᠪᠤᠷᠤᠭᠤ᠎ᠪᠠᠨ ᠨᠢᠭᠤᠨ ᠳᠠᠯᠳᠠᠯᠠᠬᠤ ᠦᠭᠡᠢ ᠂ ᠥᠪᠡᠷ᠎ᠤᠨ ᠪᠡᠶᠡᠳ᠋ᠡᠭᠡᠨ ᠣᠷᠣᠰᠢᠵᠤ ᠪᠠᠶᠢᠭ᠎ᠠ ᠠᠰᠠᠭᠤᠳᠠᠯ᠎ᠢᠶᠡᠨ ᠨᠢᠭᠡ ᠮᠥᠴᠡ ᠴᠦ ᠰᠤᠯᠠᠷᠠᠭᠤᠯᠤᠯ ᠦᠭᠡᠢ᠎ᠪᠠᠷ ᠵᠠᠯᠠᠷᠠᠭᠤᠯᠤᠨ ᠰᠢᠢᠳᠪᠦᠷᠢᠯᠡᠵᠦ ᠂ ᠴᠠᠭ ᠦᠶ᠎ᠡ ᠂ ᠦᠢᠯᠡᠳᠦᠯᠭᠡ ᠪᠠ ᠠᠷᠠᠳ ᠲᠦᠮᠡᠨ᠎ᠤ ᠱᠠᠭᠠᠷᠳᠠᠯᠭ᠎ᠠ᠎ᠶᠢ ᠴᠢᠷᠮᠠᠶᠢᠨ ᠲᠠᠭᠠᠪᠠ ᠃ ᠽᠦᠨ ᠢ᠎ᠶᠢᠨ ᠬᠤᠷᠠᠯᠳᠤᠭᠠᠨ ᠭᠡᠰᠡᠨ ᠦᠭᠡᠶ ᠂ ᠶᠠᠨ ᠠᠨ᠎ᠤ ᠰᠤᠷᠲᠠᠯ ᠴᠡᠭᠴᠡᠯᠡᠯᠲᠡ ᠴᠦ ᠬᠡᠰᠡᠨ ᠦᠭᠡᠢ ᠂ ᠨᠠᠮ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠰᠠᠮᠠᠭᠤᠷᠠᠯ᠎ᠢ ᠵᠠᠰᠠᠨ ᠵᠦᠭᠰᠢᠷᠡᠭᠦᠯᠦᠭᠰᠡᠨ ᠴᠦ ᠲᠡᠷᠡ ᠂ ᠨᠠᠮ᠎ᠤᠨ ᠠᠷᠪᠠᠨ ᠨᠠᠢᠮᠠᠳᠤᠭᠠᠷ ᠶᠡᠬᠡ ᠬᠤᠷᠠᠯ᠎ᠡᠴᠠ ᠨᠠᠭᠠᠰᠢᠬᠢ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠭᠰᠠᠨ ᠴᠤ ᠲᠡᠷᠡ ᠂ ᠲᠤᠮᠳᠠᠳᠤ ᠤᠯᠤᠰ᠎ᠤᠨ ᠡᠪ ᠬᠠᠮᠳᠤ ᠨᠠᠮ ᠴᠥᠮ ᠲᠡᠦᠬᠡ᠎ᠶᠢᠨ ᠵᠠᠩᠭᠢᠯᠠᠭ᠎ᠠ᠎ᠶᠢᠨ ᠴᠠᠭ ᠮᠥᠴᠡ᠎ᠳ᠋ᠤ ᠵᠣᠷᠢᠭᠲᠠᠶ᠎ᠪᠠᠷ ᠠᠰᠠᠭᠤᠳᠠᠯ᠎ᠳ᠋ᠤ ᠰᠢᠭᠤᠳ ᠬᠠᠨᠳᠤᠬᠤ ᠂ ᠵᠣᠷᠢᠭᠲᠠᠶ᠎ᠪᠠᠷ ᠠᠯᠳᠠᠭ᠎ᠠ ᠪᠤᠷᠤᠭᠤ᠎ᠪᠠᠨ ᠵᠠᠯᠠᠷᠠᠭᠤᠯᠬᠤ ᠂ ᠬᠢᠲᠤᠭ᠎ᠠ᠎ᠶᠢᠨ ᠢᠷ᠎ᠢ ᠵᠣᠷᠢᠭᠲᠠᠶ᠎ᠪᠠᠷ ᠳᠣᠲᠣᠭᠰᠢ᠎ᠪᠠᠨ ᠬᠠᠨᠳᠤᠭᠤᠯᠬᠤ ᠠᠤᠭ᠎ᠠ ᠶᠡᠬᠡ ᠤᠯᠤᠰ ᠲᠦᠷᠦ᠎ᠶᠢᠨ ᠰᠥᠰᠥ ᠵᠣᠷᠢᠭ ᠪᠠ ᠤᠨᠤᠯ᠎ᠤᠨ ᠰᠥᠰᠥ ᠵᠣᠷᠢᠭ᠎ᠢᠶᠡᠨ ᠢᠯᠡᠷᠡᠭᠦᠯᠵᠦ ᠂ ᠥᠪᠡᠷ᠎ᠢ᠎ᠪᠠᠨ ᠵᠠᠰᠠᠨ ᠰᠠᠢᠵᠢᠷᠠᠭᠤᠯᠬᠤ ᠲᠤᠶᠢᠯ᠎ᠤᠨ ᠴᠢᠩᠭ᠎ᠠ ᠴᠢᠳᠠᠪᠤᠷᠢ᠎ᠪᠠᠨ ᠢᠯᠡᠷᠡᠭᠦᠯᠦᠭᠰᠡᠨ ᠪᠠᠶᠢᠨ᠎ᠠ᠃ ᠥᠪᠡᠷ᠎ᠤᠨ ᠪᠡᠶᠡᠳ᠋ᠡᠭᠡᠨ ᠬᠤᠪᠢᠰᠬᠠᠯ ᠬᠢᠬᠦ᠎ᠨᠢ ᠢᠯᠡ ᠲᠣᠳᠣ ᠵᠠᠩ ᠰᠤᠷᠲᠠᠯ ᠪᠣᠯᠤᠭᠰᠠᠨ᠎ᠤ ᠬᠤᠪᠢ᠎ᠳ᠋ᠤ ᠨᠢᠭᠡᠨᠲᠡ ᠨᠠᠮ᠎ᠤᠨ ᠳᠦᠷᠢ ᠲᠥᠷᠬᠦ᠎ᠳ᠋ᠤ ᠠᠭᠤᠰᠴᠤ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠡᠦᠬᠡ᠎ᠶᠢᠨ ᠭᠡᠷᠡᠯ ᠰᠠᠴᠤᠷᠠᠩᠭᠤᠢ ᠭᠢᠯᠪᠠᠭ᠎ᠠ ᠪᠤᠯᠵᠤ᠂ ᠲᠡᠤᠬᠡ᠎ᠶᠢ ᠰᠤᠷᠤᠯᠴᠠᠵᠤ ᠢᠲᠡᠭᠡᠯ᠎ᠢᠶᠡᠨ ᠨᠡᠮᠡᠭᠳᠡᠭᠦᠯᠬᠦ ᠶᠠᠪᠤᠴᠠ᠎ᠳ᠋ᠠᠬᠢ ᠵᠠᠩ ᠰᠤᠷᠲᠠᠯ᠎ᠤᠨ ᠷᠢᠳᠢ ᠰᠢᠳᠢ᠎ᠶᠢ ᠨᠡᠮᠡᠷᠢᠯᠡᠭᠰᠡᠨ ᠪᠠᠶᠢᠨ᠎ᠠ᠃
ᠲᠡᠤᠬᠡ᠎ᠶᠢ ᠰᠤᠷᠤᠯᠴᠠᠵᠤ ᠢᠲᠡᠭᠡᠯ᠎ᠢᠶᠡᠨ ᠨᠡᠮᠡᠭᠳᠡᠭᠦᠯᠵᠤ ᠡᠷᠡᠮᠡᠬᠡᠶᠢᠯᠡᠨ ᠤᠷᠤᠬᠰᠢᠯᠠᠬᠤ ᠰᠢᠨ᠎ᠡ ᠠᠶᠠᠨ᠎ᠳ᠋ᠤ ᠰᠢᠨ᠎ᠡ ᠭᠡᠷᠡᠯ ᠰᠠᠴᠤᠷᠠᠩᠭᠤᠢ ᠠᠮᠵᠢᠯᠲᠠ᠎ᠶᠢ ᠬᠠᠮᠲᠤ᠎ᠪᠠᠷ ᠴᠤᠬᠴᠠᠯᠠᠨ᠎ᠠ
ᠵᠠᠭᠤᠨ ᠵᠢᠯ᠎ᠤᠨ ᠲᠤᠮᠤ ᠨᠠᠮ᠎ᠤᠨ ᠲᠡᠦᠬᠡ᠎ᠶᠢᠨ ᠭᠡᠷᠡᠯ ᠰᠠᠴᠤᠷᠠᠩᠭᠤᠢ ᠠᠮᠵᠢᠯᠲᠠ᠎ᠶᠢ ᠮᠠᠷᠲᠠᠵᠤ ᠪᠣᠯᠬᠤ ᠦᠭᠡᠢ ᠂ ᠡᠨᠡ ᠪᠣᠯ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠦᠷᠭᠦᠯᠵᠢᠯᠡᠨ ᠤᠷᠤᠭᠰᠢᠯᠠᠬᠤ᠎ᠶᠢᠨ ᠭᠦᠨ ᠵᠤᠵᠠᠭᠠᠨ ᠰᠠᠭᠤᠷᠢ ᠪᠠ ᠴᠢᠬᠤᠯᠠ ᠨᠥᠬᠥᠴᠡᠯ ᠪᠣᠯᠤᠨ᠎ᠠ᠃ ᠳᠡᠯᠡᠬᠡᠢ᠎ᠶᠢᠨ ᠵᠠᠭᠤᠨ ᠵᠢᠯ ᠲᠤᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠶᠢᠨ ᠠᠪᠴᠢᠷᠠᠭᠰᠠᠨ ᠡᠳᠦᠷ ᠢᠷᠡᠬᠦᠶ᠎ᠡ ᠪᠤᠳᠤᠯᠢᠶᠠᠨᠲᠠᠢ ᠪᠤᠯᠵᠤ ᠪᠠᠶᠢᠭ᠎ᠠ ᠤᠯᠤᠰ᠎ᠤᠨ ᠳᠣᠲᠣᠭᠠᠳᠤ ᠭᠠᠳᠠᠭᠠᠳᠤ᠎ᠶᠢᠨ ᠣᠷᠴᠢᠨ᠎ᠳ᠋ᠤ ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠰᠢᠨ᠎ᠡ ᠴᠠᠭ ᠦᠶ᠎ᠡ᠎ᠶᠢ ᠨᠡᠭᠡᠭᠡᠬᠦ ᠡᠭᠦᠷᠭᠡ ᠬᠦᠨᠳᠦ ᠵᠠᠮ ᠬᠤᠯᠠ ᠪᠠᠶᠢᠭᠰᠠᠭᠠᠷ᠃ ᠲᠡᠤᠬᠡ᠎ᠶᠢ ᠰᠤᠷᠤᠯᠴᠠᠵᠤ ᠢᠲᠡᠭᠡᠯ᠎ᠢᠶᠡᠨ ᠨᠡᠮᠡᠭᠳᠡᠭᠦᠯᠬᠦ ᠭᠡᠳᠡᠭ᠎ᠨᠢ ᠳᠠᠷᠤᠢ ᠲᠡᠦᠬᠡ᠎ᠪᠠᠷ ᠲᠤᠯᠢ ᠪᠣᠯᠭᠠᠵᠤ ᠂ ᠲᠡᠦᠬᠡ᠎ᠪᠠᠷ ᠪᠠᠭᠰᠢ ᠪᠠᠷᠢᠵᠤ᠂ ᠲᠡᠦᠬᠡ᠎ᠪᠠᠷ ᠵᠣᠷᠢᠭ ᠰᠠᠨᠠᠭ᠎ᠠ᠎ᠪᠠᠨ ᠲᠣᠳᠣᠷᠬᠠᠢ ᠪᠣᠯᠭᠠᠵᠤ᠂ ︽ ᠬᠣᠶᠠᠷ ᠶᠡᠬᠡ ᠲᠠᠯ᠎ᠠ ︾᠎ᠶᠢ ᠪᠠᠭᠲᠠᠭᠠᠵᠤ ᠂ ᠵᠠᠭᠤᠨ ᠵᠢᠯ᠎ᠤᠨ ᠨᠠᠮ᠎ᠤᠨ ᠲᠡᠦᠬᠡ᠎ᠡᠴᠠ ᠲᠤᠷᠰᠢᠯᠭ᠎ᠠ ᠂ ᠤᠶᠤᠨ ᠤᠬᠠᠭᠠᠨ ᠪᠠ ᠬᠦᠴᠦᠨ ᠴᠢᠳᠠᠯ᠎ᠤᠨ ᠰᠢᠮ᠎ᠠ ᠬᠦᠷᠳᠡᠵᠦ ᠂ ᠢᠲᠡᠭᠡᠯ ᠪᠢᠰᠢᠷᠡᠯ ᠢᠲᠡᠭᠡᠯ ᠵᠣᠷᠢᠭ᠎ᠢᠶᠠᠷ᠎ᠢᠶᠡᠨ ᠢᠷᠡᠭᠡᠳᠦᠢ᠎ᠶᠢᠨ ᠲᠡᠮᠡᠴᠡᠯ᠎ᠤᠨ ᠵᠠᠮ᠎ᠢ ᠭᠡᠷᠡᠯᠳᠦᠬᠦᠯᠵᠦ ᠂ ᠪᠣᠳᠠᠲᠤ ᠠᠵᠢᠯᠯᠠᠭ᠎ᠠ᠎ᠪᠠᠷ᠎ᠢᠶᠡᠨ ᠠᠭᠤᠤ ᠶᠡᠬᠡ ᠰᠢᠨ᠎ᠡ ᠴᠠᠭ ᠦᠶ᠎ᠡ᠎ᠳ᠋ᠤ ᠦᠯᠦ ᠣᠰᠣᠯᠳᠠᠬᠤ ᠰᠢᠨ᠎ᠡ ᠭᠡᠷᠡᠯ ᠰᠠᠴᠤᠷᠠᠩᠭᠤᠢ ᠠᠮᠵᠢᠯᠲᠠ᠎ᠶᠢ ᠡᠭᠦᠳᠬᠦ ᠶᠠᠪᠤᠳᠠᠯ ᠪᠣᠯᠤᠨ᠎ᠠ᠃
ᠲᠡᠤᠬᠡ᠎ᠶᠢ ᠰᠤᠷᠤᠯᠴᠠᠵᠤ ᠢᠲᠡᠭᠡᠯ᠎ᠢᠶᠡᠨ ᠨᠡᠮᠡᠭᠳᠡᠭᠦᠯᠬᠦ᠎ᠨᠢ ᠦᠶ᠎ᠡ ᠦᠶ᠎ᠡ᠎ᠶᠢᠨ ᠲᠤᠮᠳᠠᠳᠤ ᠤᠯᠤᠰ᠎ᠤᠨ ᠡᠪ ᠬᠠᠮᠳᠤᠴᠤᠳ᠎ᠤᠨ ᠬᠠᠯᠠᠭᠤᠨ ᠴᠢᠰᠤ ᠪᠠ ᠠᠮᠢ ᠨᠠᠰᠤ᠎ᠪᠠᠷ᠎ᠢᠶᠡᠨ ᠴᠤᠬᠴᠠᠯᠠᠬᠰᠡᠨ ᠬᠦᠰᠡᠯᠡᠩ ᠢᠲᠡᠭᠡᠯ ᠪᠢᠰᠢᠷᠡᠯ᠎ᠢ ᠴᠢᠩᠭᠠᠳᠬᠠᠭᠰᠡᠨ ᠪᠠᠢᠳᠠᠬ᠃ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠬᠦᠰᠡᠯᠡᠩ ᠢᠲᠡᠭᠡᠯ ᠪᠢᠰᠢᠷᠡᠯ ᠪᠣᠯ ᠳᠠᠷᠤᠢ ᠮᠠᠷᠺᠰ᠎ᠤᠨ ᠦᠵᠡᠯ᠎ᠤᠨ ᠦᠨᠡᠨ ᠶᠣᠰᠣᠨ᠎ᠤ ᠢᠲᠡᠭᠡᠯ ᠪᠢᠰᠢᠷᠡᠯ ᠂ ᠡᠪ ᠬᠠᠮᠲᠤ ᠶᠤᠰᠤᠨ᠎ᠤ ᠠᠯᠤᠰ ᠬᠡᠳᠤ᠎ᠶᠢᠨ ᠬᠦᠰᠡᠯᠡᠩ ᠪᠣᠯᠤᠨ ᠲᠤᠮᠳᠡᠳᠦ ᠤᠯᠦᠰ᠎ᠤᠨ ᠤᠡᠴᠡᠯᠢᠬ᠎ᠲᠠᠢ ᠨᠡᠢᠭᠡᠮ ᠵᠢᠷᠦᠮ᠎ᠤᠨ ᠬᠠᠮᠲᠤ᠎ᠶᠢᠨ ᠬᠦᠰᠡᠯᠡᠩ ᠪᠣᠯᠤᠨ᠎ᠠ ᠃ ᠬᠦᠰᠡᠯᠡᠩ ᠪᠠ ᠢᠲᠡᠭᠡᠯ ᠵᠣᠷᠢᠭ ᠪᠣᠯ ᠤᠯᠤᠰ ᠲᠦᠷᠦ᠎ᠶᠢᠨ ᠰᠦᠭ ᠰᠦᠨᠡᠰᠦ ᠮᠥᠨ ᠂ ᠬᠦᠰᠡᠯᠡᠩ ᠪᠠ ᠢᠲᠡᠭᠡᠯ ᠵᠣᠷᠢᠭ ᠪᠣᠯ ᠤᠶᠤᠨ ᠰᠠᠨᠠᠭᠠᠨ᠎ᠤ ᠺᠠᠯᠼ ᠂ ᠬᠦᠰᠡᠯᠡᠩ ᠪᠠ ᠢᠲᠡᠭᠡᠯ ᠵᠣᠷᠢᠭ ᠪᠣᠯ ᠬᠦᠴᠦᠨ ᠴᠢᠳᠠᠯ᠎ᠤᠨ ᠨᠢᠭᠲᠠᠷᠠᠯ ᠮᠥᠨ ᠃ ᠲᠤᠮᠳᠠᠳᠤ ᠤᠯᠤᠰ᠎ᠤᠨ ᠡᠪ ᠬᠠᠮᠳᠤ ᠨᠠᠮ ᠨᠤᠭᠤᠷᠠᠯ ᠪᠦᠳᠦᠷᠢᠯ᠎ᠢ ᠲᠤᠭᠤᠯᠤᠨ ᠲᠠᠰᠤᠷᠠᠯᠳᠠ ᠦᠭᠡᠢ ᠡᠷᠡᠯᠬᠡᠭᠯᠡᠨ ᠪᠣᠰᠴᠤ ᠂ ᠭᠠᠰᠠᠯᠠᠩ ᠵᠣᠪᠠᠯᠠᠩ᠎ᠢ ᠲᠤᠭᠤᠯᠤᠨ ᠬᠠᠲᠠᠭᠤᠵᠢᠵᠤ ᠴᠢᠳᠠᠭᠰᠠᠨ᠎ᠨᠢ ᠡᠴᠦᠰ᠎ᠤᠨ ᠡᠴᠦᠰ᠎ᠲᠡᠭᠡᠨ ᠲᠦᠭ ᠲᠦᠮᠡᠨ ᠲᠤᠮᠳᠠᠳᠤ ᠤᠯᠤᠰ᠎ᠤᠨ ᠡᠪ ᠬᠠᠮᠳᠤᠴᠤᠳ᠎ᠤᠨ ᠠᠯᠤᠰ ᠬᠡᠳᠤ᠎ᠶᠢᠨ ᠬᠦᠰᠡᠯᠡᠩ ᠪᠠ ᠬᠤᠪᠢᠰᠬᠠᠯ᠎ᠤᠨ ᠢᠲᠡᠭᠡᠯ ᠵᠣᠷᠢᠭ᠎ᠢ ᠢᠮᠠᠭᠲᠠ ᠡᠷᠡᠰ ᠴᠢᠩᠭ᠎ᠠ ᠬᠥᠭᠡᠭᠡᠴᠡᠯᠳᠦᠭᠰᠡᠨ᠎ᠳ᠋ᠤ ᠣᠷᠣᠰᠢᠨ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠵᠠᠭᠤᠨ ᠵᠢᠯ᠎ᠤᠨ ᠲᠡᠦᠬᠡ᠎ᠨᠢ ᠡᠷᠡᠰ ᠪᠠᠲᠤ ᠬᠦᠰᠡᠯᠡᠩ ᠢᠲᠡᠭᠡᠯ ᠪᠢᠰᠢᠷᠡᠯ ᠪᠣᠯ ᠨᠠᠮ ᠪᠣᠯᠤᠨ ᠠᠷᠠᠳ ᠲᠦᠮᠡᠨ᠎ᠤ ᠦᠢᠯᠡᠰ᠎ᠤᠨ ᠠᠮᠵᠢᠯᠲᠠ ᠤᠯᠬᠤ᠎ᠶᠢᠨ ︽ ᠢᠯᠠᠯᠲᠠ ᠤᠯᠬᠤ ᠲᠦᠯᠬᠢᠭᠦᠷ︾ ᠮᠥᠨ᠂ ᠡᠪ ᠬᠠᠮᠲᠤᠴᠤᠳ᠎ᠤᠨ ᠶᠠᠮᠠᠷᠪᠠ ᠰᠢᠯᠭᠠᠯᠲᠠ᠎ᠶᠢ ᠲᠤᠭᠤᠯᠬᠤ ᠤᠶᠤᠨ ᠰᠠᠨᠠᠭᠠᠨ᠎ᠤ ᠲᠤᠯᠭᠠᠭᠤᠷᠢ᠂ ᠠᠷᠠᠳ ᠤᠯᠠᠨ᠎ᠤ ᠢᠮᠠᠭᠲᠠ ᠨᠠᠮ᠎ᠢᠶᠡᠨ ᠲᠠᠭᠠᠬᠤ ᠬᠦᠴᠦᠨ᠎ᠤ ᠳᠡᠮᠵᠢᠯᠭᠡ ᠮᠥᠨ ᠭᠡᠳᠡᠭ᠎ᠢ ᠭᠡᠷᠡᠴᠢᠯᠡᠵᠡᠢ᠃ ᠲᠡᠤᠬᠡ᠎ᠶᠢ ᠰᠤᠷᠤᠯᠴᠠᠵᠤ ᠢᠲᠡᠭᠡᠯ᠎ᠢᠶᠡᠨ ᠨᠡᠮᠡᠭᠳᠡᠭᠦᠯᠬᠦ ᠭᠡᠳᠡᠭ᠎ᠨᠢ ᠳᠠᠷᠤᠶ ᠬᠦᠰᠡᠯᠡᠩ ᠢᠲᠡᠭᠡᠯ ᠪᠢᠰᠢᠷᠡᠯ᠎ᠢᠶᠡᠨ ᠪᠠᠲᠤᠳᠬᠠᠵᠤ᠂ ᠪᠦᠬᠦ ᠨᠠᠮ᠎ᠢ ᠬᠥᠲᠥᠯᠥᠨ ᠵᠢᠯᠣᠭᠣᠳᠴᠤ ᠪᠠᠶᠢᠭᠠᠳ ᠴᠥᠬᠥᠷᠡᠰᠢ ᠦᠭᠡᠢ ᠲᠡᠮᠡᠴᠡᠯ᠎ᠤᠨ ᠳᠤᠮᠳᠠ ᠢᠲᠡᠭᠡᠯ ᠪᠢᠰᠢᠷᠡᠯ᠎ᠤᠨ ᠰᠠᠭᠤᠷᠢ᠎ᠶᠢ ᠪᠠᠲᠤ ᠴᠣᠭᠴᠠᠯᠠᠵᠤ᠂ ᠤᠶᠤᠨ ᠰᠠᠨᠠᠭᠠᠨ᠎ᠤ ᠺᠠᠯᠼ᠎ᠢ ᠭᠦᠢᠴᠡᠳ ᠨᠥᠬᠥᠪᠥᠷᠢᠯᠡᠨ ᠂ ᠦᠵᠡᠯ ᠰᠠᠨᠠᠭᠠᠨ᠎ᠤ ᠵᠠᠯᠠᠭᠤᠷ᠎ᠢ ᠯᠠᠪᠳᠠᠭᠤᠨ ᠡᠵᠡᠮᠳᠡᠵᠦ᠂ ᠬᠦᠰᠡᠯᠡᠩ ᠢᠲᠡᠭᠡᠯ ᠵᠣᠷᠢᠭ᠎ᠤᠨ ᠭᠠᠯ᠎ᠢ ᠡᠭᠦᠷᠢᠳᠡ ᠳᠦᠷᠡᠯᠵᠢᠭᠦᠯᠵᠤ ᠂ ᠬᠦᠰᠡᠯᠡᠩ ᠢᠲᠡᠭᠡᠯ ᠪᠢᠰᠢᠷᠡᠯ᠎ᠤᠨ ᠬᠦᠴᠦᠨ᠎ᠢᠶᠠᠷ ᠰᠠᠢᠨ ᠰᠠᠶᠢᠬᠠᠨ ᠢᠷᠡᠭᠡᠳᠦᠶ᠎ᠶᠢ ᠡᠭᠦᠳᠦᠨ ᠨᠡᠭᠡᠭᠡᠬᠦ ᠶᠠᠪᠤᠳᠠᠯ ᠪᠣᠯᠤᠨ᠎ᠠ ᠃
ᠲᠡᠤᠬᠡ᠎ᠶᠢ ᠰᠤᠷᠤᠯᠴᠠᠵᠤ ᠢᠲᠡᠭᠡᠯ᠎ᠢᠶᠡᠨ ᠨᠡᠮᠡᠭᠳᠡᠭᠦᠯᠬᠦ᠎ᠨᠢ ︽ ᠲᠦᠷᠪᠡᠨ ᠢᠲᠡᠭᠡᠯ︾᠎ᠢ ᠨᠡᠮᠡᠭᠳᠡᠭᠦᠯᠬᠦ ᠶᠠᠪᠤᠳᠠᠯ ᠪᠤᠯᠤᠨ᠎ᠠ᠃ ᠲᠤᠮᠳᠡᠳᠦ ᠤᠯᠦᠰ᠎ᠤᠨ ᠤᠡᠴᠡᠯᠢᠬ᠎ᠲᠠᠢ ᠨᠡᠢᠭᠡᠮ ᠵᠢᠷᠦᠮ᠎ᠤᠨ ᠵᠠᠮ᠎ᠤᠨ ᠢᠲᠡᠭᠡᠯ᠂ ᠤᠨᠤᠯ᠎ᠤᠨ ᠢᠲᠡᠭᠡᠯ ᠂ ᠲᠦᠷᠢᠮ᠎ᠤᠨ ᠢᠲᠡᠭᠡᠯ᠂ ᠰᠣᠶᠣᠯ᠎ᠤᠨ ᠢᠲᠡᠭᠡᠯ ᠪᠣᠯ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠵᠠᠭᠤᠨ ᠵᠢᠯ᠎ᠤᠨ ᠠᠭᠤᠤ ᠶᠡᠬᠡ ᠦᠢᠯᠡᠳᠦᠯᠭᠡ᠎ᠶᠢᠨ ᠳᠤᠮᠳᠠ ᠠᠷᠠᠳ ᠲᠦᠮᠡᠨ᠎ᠢ ᠤᠳᠤᠷᠢᠳᠤᠨ ᠬᠦᠴᠢᠷ ᠪᠡᠷᠬᠡᠰᠢᠶᠡᠯ᠎ᠢ ᠲᠤᠭᠤᠯᠵᠤ᠂ ᠮᠢᠩᠭᠠᠨ ᠪᠡᠷᠬᠡ ᠲᠦᠮᠡᠨ ᠪᠠᠷᠲᠠᠭ᠎ᠠ᠎ᠶᠢ ᠢᠯᠠᠨ ᠳᠠᠪᠠᠭᠠᠳ ᠣᠯᠤᠭᠰᠠᠨ ᠡᠷᠬᠢᠮ ᠨᠠᠨᠳᠢᠨ ᠦᠷ᠎ᠡ ᠪᠦᠲᠦᠭᠡᠯ ᠪᠣᠯᠤᠨ᠎ᠠ᠃ ᠭᠠᠭᠴᠠ ᠬᠦ ᠨᠡᠶᠢᠭᠡᠮ ᠵᠢᠷᠤᠮ ᠰᠠᠶᠢ ᠳᠤᠮᠳᠠᠳᠤ ᠤᠯᠤᠰ᠎ᠢ ᠠᠪᠤᠷᠠᠵᠤ ᠴᠢᠳᠠᠨ᠎ᠠ ᠂ ᠭᠠᠭᠴᠠ ᠬᠦ ᠲᠤᠮᠳᠡᠳᠦ ᠤᠯᠦᠰ᠎ᠤᠨ ᠤᠡᠴᠡᠯᠢᠬ᠎ᠲᠠᠢ ᠨᠡᠢᠭᠡᠮ ᠵᠢᠷᠦᠮ ᠰᠠᠶᠢ ᠳᠤᠮᠳᠠᠳᠤ ᠤᠯᠤᠰ᠎ᠢ ᠬᠥᠭᠵᠢᠭᠦᠯᠵᠦ ᠴᠢᠳᠠᠨ᠎ᠠ ᠭᠡᠳᠡᠭ᠎ᠢ ᠲᠤᠮᠳᠠᠳᠤ ᠤᠯᠤᠰ᠎ᠤᠨ ᠡᠪ ᠬᠠᠮᠳᠤ ᠨᠠᠮ ᠵᠠᠭᠤᠨ ᠵᠢᠯ᠎ᠤᠨ ᠲᠡᠦᠬᠡ᠎ᠪᠠᠷ ᠭᠡᠷᠡᠴᠢᠯᠡᠭᠰᠡᠨ ᠪᠠᠶᠢᠨ᠎ᠠ᠃
ᠲᠡᠤᠬᠡ᠎ᠶᠢ ᠰᠤᠷᠤᠯᠴᠠᠵᠤ ᠢᠲᠡᠭᠡᠯ᠎ᠢᠶᠡᠨ ᠨᠡᠮᠡᠭᠳᠡᠭᠦᠯᠬᠦ᠎ᠨᠢ ᠳᠠᠷᠤᠢ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠳᠤᠷᠢᠳᠤᠯᠭ᠎ᠠ ᠳᠣᠣᠷ᠎ᠠ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠢᠲᠡᠭᠡᠯ᠎ᠢ ᠨᠡᠮᠡᠭᠳᠡᠭᠦᠯᠭᠦ ᠶᠠᠪᠤᠳᠠᠯ ᠪᠣᠯᠤᠨ᠎ᠠ᠃ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠪᠣᠯ ᠣᠷᠴᠢᠨ ᠦᠶ᠎ᠡ᠎ᠡᠴᠠ ᠨᠠᠭᠠᠰᠢᠬᠢ ᠳᠤᠮᠳᠠᠳᠤ ᠤᠯᠤᠰ᠎ᠤᠨ ᠠᠷᠠᠳ ᠲᠦᠮᠡᠨ᠎ᠤ ᠰᠡᠳᠬᠢᠯ ᠵᠢᠷᠦᠬᠡᠨ᠎ᠳ᠋ᠤ ᠨᠢᠭᠤᠭᠳᠠᠵᠤ ᠪᠠᠶᠢᠭ᠎ᠠ ᠲᠤᠶᠢᠯ᠎ᠤᠨ ᠴᠢᠩᠭ᠎ᠠ ᠬᠦᠰᠡᠯ ᠡᠷᠡᠮᠡᠯᠵᠡᠯ ᠪᠠ ᠬᠦᠰᠡᠯ ᠵᠡᠭᠦᠳᠦ ᠮᠥᠨ᠃ ᠲᠤᠮᠳᠠᠳᠤ ᠤᠯᠤᠰ᠎ᠤᠨ ᠡᠪ ᠬᠠᠮᠳᠤ ᠨᠠᠮ ᠵᠠᠭᠤᠨ ᠵᠢᠯ᠎ᠤᠨ ᠬᠠᠲᠠᠭᠤᠵᠢᠯᠲᠠᠢ ᠲᠡᠮᠡᠴᠡᠯ ᠪᠠ ᠬᠠᠶᠢᠨ ᠰᠦᠪᠡᠭᠴᠢᠯᠡᠯᠳᠡ᠎ᠪᠠᠷ ᠳᠠᠮᠵᠢᠭᠤᠯᠤᠨ᠂ ᠳᠣᠲᠣᠭᠠᠳᠤ᠎ᠶᠢᠨ ᠵᠣᠪᠠᠯᠠᠩ ᠭᠠᠳᠠᠭᠠᠳᠤ᠎ᠶᠢᠨ ᠭᠠᠴᠢᠯᠳ᠋ᠤ ᠤᠴᠠᠷᠠᠵᠤ᠂ ᠶᠠᠳᠠᠭᠤ ᠪᠠᠭᠤᠷᠠᠶ ᠪᠠᠶᠢᠭᠰᠠᠨ ᠬᠠᠭᠤᠴᠢᠨ ᠳᠤᠮᠳᠠᠳᠤ ᠤᠯᠤᠰ᠎ᠢ ᠥᠨᠥᠳᠦᠷ᠎ᠤᠨ ᠡᠳᠦᠷ ᠢᠷᠡᠬᠦᠶ᠎ᠡ ᠪᠠᠶᠠᠵᠢᠨ ᠴᠢᠨᠡᠭᠡᠯᠢᠭᠵᠢᠵᠤ ᠪᠠᠢᠭ᠎ᠠ ᠬᠦᠴᠦᠷᠬᠡᠭ ᠶᠡᠬᠡ ᠰᠢᠨ᠎ᠡ ᠳᠤᠮᠳᠠᠳᠤ ᠤᠯᠤᠰ ᠪᠣᠯᠭᠠᠨ ᠪᠦᠳᠦᠭᠡᠨ ᠪᠠᠶᠢᠭᠤᠯᠵᠤ᠂ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠶᠢᠨ ᠬᠠᠷᠠᠯᠲᠠ᠎ᠳ᠋ᠤ ᠠᠯᠢ ᠴᠤ ᠲᠡᠦᠭᠡᠨ ᠴᠠᠭ ᠦᠶ᠎ᠡ᠎ᠡᠴᠠ ᠢᠯᠡᠭᠦᠦ ᠣᠶᠢᠷᠠᠳᠴᠤ᠂ ᠬᠠᠷᠠᠯᠳᠠ᠎ᠪᠠᠨ ᠪᠡᠶᠡᠯᠡᠭᠦᠯᠭᠦ᠎ᠳ᠋ᠤ ᠨᠡᠩ ᠢᠯᠡᠭᠦᠦ ᠢᠲᠡᠭᠡᠯ ᠪᠠ ᠴᠢᠳᠠᠪᠤᠷᠢ᠎ᠲᠠᠢ ᠪᠣᠯᠤᠭᠰᠠᠨ ᠪᠠᠶᠢᠨ᠎ᠠ᠃ ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠲᠤᠮᠳᠠᠳᠤ ᠤᠯᠤᠰ ᠪᠠᠢᠬᠤ ᠦᠭᠡᠢ᠂ ᠭᠠᠭᠴᠠ ᠬᠦ ᠲᠤᠮᠳᠠᠳᠤ ᠤᠯᠤᠰ᠎ᠤᠨ ᠡᠪ ᠬᠠᠮᠳᠤ ᠨᠠᠮ ᠰᠠᠶᠢ ᠪᠦᠬᠦ ᠤᠯᠤᠰ᠎ᠤᠨ ᠦᠨᠳᠦᠰᠦᠳᠡᠨᠨᠦᠭᠦᠳᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠵᠦ ᠴᠢᠳᠠᠨ᠎ᠠ ᠭᠡᠳᠡᠭ᠎ᠢ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠵᠠᠭᠤᠨ ᠵᠢᠯ᠎ᠤᠨ ᠴᠥᠬᠥᠷᠡᠰᠢ ᠦᠭᠡᠢ ᠲᠡᠮᠡᠴᠡᠯ᠎ᠤᠨ ᠲᠡᠦᠬᠡ ᠭᠡᠷᠡᠴᠢᠯᠡᠭᠰᠡᠨ ᠪᠠᠶᠢᠨ᠎ᠠ ᠃ ᠲᠡᠤᠬᠡ᠎ᠶᠢ ᠰᠤᠷᠤᠯᠴᠠᠵᠤ ᠢᠲᠡᠭᠡᠯ᠎ᠢᠶᠡᠨ ᠨᠡᠮᠡᠭᠳᠡᠭᠦᠯᠬᠦ᠎ᠨᠢ ᠳᠠᠷᠤᠶ ᠲᠤᠮᠳᠠᠳᠤ ᠤᠯᠤᠰ᠎ᠤᠨ ᠡᠪ ᠬᠠᠮᠳᠤ ᠨᠠᠮᠳ᠋ᠠᠬᠢ ᠢᠲᠡᠭᠡᠯ᠎ᠢᠶᠡᠨ ᠪᠠᠲᠤᠳᠬᠠᠵᠤ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠶᠢᠴᠢᠯᠠᠵᠤ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠢᠲᠡᠭᠡᠯ᠎ᠢᠶᠡᠨ ᠪᠠᠲᠤᠳᠬᠠᠵᠤ᠂ ᠪᠦᠬᠦ ᠨᠠᠮ᠎ᠤᠨ ᠲᠡᠦᠬᠡ᠎ᠶᠢᠨ ᠰᠡᠳᠬᠢᠬᠦᠢ᠎ᠪᠠᠷ ᠲᠡᠦᠬᠡ᠎ᠶᠢᠨ ᠶᠡᠬᠡ ᠬᠠᠨᠳᠤᠰᠢ᠎ᠶᠢ ᠮᠠᠭᠠᠳᠯᠠᠬᠤ᠎ᠶᠢ ᠬᠦᠳᠦᠯᠦᠨ ᠵᠢᠯᠣᠭᠣᠳᠴᠤ ᠂ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠨ ᠂ ᠤᠯᠤᠰ ᠲᠦᠷᠦ᠎ᠶᠢᠨ ᠲᠣᠭᠲᠠᠯ ᠬᠦᠴᠦᠨ᠎ᠢᠶᠡᠨ ᠪᠠᠲᠤᠯᠠᠵᠤ ᠂ ᠡᠭᠦᠷᠢᠳᠡ ᠬᠣᠶᠢᠷᠭᠣᠰᠢᠬᠤ ᠦᠭᠡᠢ ᠤᠶᠤᠨ ᠰᠠᠨᠠᠭᠠᠨ᠎ᠤ ᠳᠦᠷᠰᠦ ᠪᠠᠶᠢᠳᠠᠯ ᠪᠣᠯᠤᠨ ᠴᠤᠴᠠᠯᠲᠠ ᠦᠭᠡᠢ ᠲᠡᠮᠡᠴᠡᠬᠦ ᠳᠦᠷᠰᠦ ᠪᠠᠶᠢᠳᠠᠯ᠎ᠢᠶᠠᠷ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠠᠤᠭ᠎ᠠ ᠬᠠᠷᠠᠯᠲᠠ ᠵᠦᠭ ᠡᠷᠡᠮᠡᠬᠡᠢᠯᠡᠨ ᠤᠷᠤᠭᠰᠢᠯᠠᠬᠤ ᠶᠠᠪᠤᠳᠠᠯ ᠪᠤᠯᠤᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠼᠠᠢ ᠬᠤᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃