ᠲᠡᠷᠢᠭᠦᠨ ᠨᠢᠭᠤᠷ>ᠣᠨᠣᠯ ᠱᠢᠭᠦᠮᠵᠢ>ᠰᠤᠷᠤᠯᠴᠠᠯᠭ᠎ᠠ

2021-06-18 10:17:47

ᠵᠣᠬᠢᠶᠠᠭ᠍ᠴᠢ᠄ ᠪᠤᠤ ᠴᠢᠩ ᠱᠧᠩ ᠣᠩᠱᠢᠭ᠍ᠰᠠᠨ ᠣᠳᠠᠭ᠎ᠠ᠄ 3

2019 ᠣᠨ᠎ᠤ 1 ᠰᠠᠷ᠎ᠠ᠎ᠶᠢᠨ 25᠎ᠤ ᠡᠳᠦᠷ ᠂ ᠶᠡᠷᠦᠩᠬᠡᠢ ᠱᠦᠵᠢ ᠰᠢ᠎ᠶᠢᠨ ᠫᠢᠩ ᠲᠥᠪ ᠬᠣᠷᠢᠶᠠᠨ᠎ᠤ ᠤᠯᠤᠰ ᠲᠦᠷᠦ᠎ᠶᠢᠨ ᠲᠣᠪᠴᠢᠶᠠᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠬᠠᠮᠲᠤ᠎ᠶᠢᠨ ᠰᠤᠷᠤᠯᠴᠠᠯᠭ᠎ᠠ᠎ᠶᠢ ᠡᠷᠬᠢᠯᠡᠬᠦ᠎ᠳ᠋ᠡᠭᠡᠨ ︽ ᠲᠤᠭ ᠲᠡᠮᠳᠡᠭ ᠲᠣᠳᠣᠷᠬᠠᠢ᠎ᠪᠠᠷ ᠵᠥᠪ ᠤᠯᠤᠰ ᠲᠦᠷᠦ᠎ᠶᠢᠨ ᠴᠢᠭᠯᠡᠯ ᠂ ᠶᠠᠷᠢᠶ᠎ᠠ ᠬᠡᠯᠡᠯᠴᠡᠭᠡᠨ᠎ᠤ ᠤᠳᠤᠷᠢᠳᠤᠮᠵᠢ ᠂ ᠦᠷᠳᠡᠭ᠎ᠤᠨ ᠬᠠᠨᠳᠤᠰᠢ᠎ᠶᠢ ᠪᠠᠷᠢᠮᠲᠠᠯᠠᠵᠤ ᠂ ᠤᠢᠯᠠᠭᠠᠭᠳᠠᠬᠤᠨ ᠂ ᠠᠭᠤᠯᠭ᠎ᠠ ᠂ ᠬᠡᠯᠪᠡᠷᠢ ᠂ ᠠᠷᠭ᠎ᠠ ᠬᠡᠮᠵᠢᠶ᠎ᠡ ᠂ ᠠᠷᠭ᠎ᠠ ᠪᠠᠷᠢᠯ ᠵᠡᠷᠭᠡ᠎ᠶᠢᠨ ᠰᠢᠨ᠎ᠡ᠎ᠶᠢ ᠡᠭᠦᠳᠬᠦ᠎ᠪᠠᠷ ᠳᠠᠮᠵᠢᠨ ᠵᠥᠪ ᠲᠠᠯ᠎ᠠ᠎ᠶᠢᠨ ᠤᠬᠠᠭᠤᠯᠭ᠎ᠠ᠎ᠶᠢᠨ ᠴᠢᠨᠠᠷ ᠴᠢᠨᠰᠠᠭ᠎ᠠ ᠪᠣᠯᠤᠨ ᠬᠢᠷᠢ ᠲᠦᠪᠰᠢᠨ᠎ᠢ ᠢᠯᠡᠳᠲᠡ ᠳᠡᠭᠡᠭᠰᠢᠯᠡᠭᠦᠯᠬᠦ ᠬᠡᠷᠡᠭᠲᠡᠢ ︾ ᠭᠡᠵᠦ ᠴᠢᠬᠣᠯᠠᠴᠢᠯᠠᠪᠠ ᠃

ᠰᠣᠨᠢᠨ ᠮᠡᠳᠡᠭᠡ ᠶᠠᠷᠢᠶ᠎ᠠ ᠬᠡᠯᠡᠯᠴᠡᠭᠡᠨ᠎ᠤ ᠠᠵᠢᠯ᠎ᠨᠢ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠴᠢᠬᠤᠯᠠ ᠬᠦᠷᠢᠶᠡᠨ᠎ᠳ᠋ᠤ ᠪᠠᠬᠳᠠᠨ᠎ᠠ ᠂ ᠪᠠᠰᠠ ᠴᠤ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠡᠮᠦᠨ᠎ᠡ ᠹᠷᠣᠨᠲ᠎ᠤᠨ ᠪᠡᠬᠢᠯᠡᠯᠲᠠ᠎ᠶᠢᠨ ᠭᠠᠵᠠᠷ ᠪᠤᠯᠬᠤ ᠶᠤᠮ ᠃ 2016 ᠣᠨ᠎ᠳ᠋ᠤ ᠂ ᠨᠠᠮ᠎ᠤᠨ ᠰᠣᠨᠢᠨ ᠮᠡᠳᠡᠭᠡ ᠶᠠᠷᠢᠶ᠎ᠠ ᠬᠡᠯᠡᠯᠴᠡᠭᠡᠨ᠎ᠤ ᠠᠵᠢᠯ᠎ᠤᠨ ᠶᠠᠷᠢᠯᠴᠠᠬᠤ ᠬᠤᠷᠠᠯ ᠳᠡᠭᠡᠷ᠎ᠡ ᠂ ᠶᠡᠷᠦᠩᠬᠡᠢ ᠱᠦᠵᠢ ᠰᠢ᠎ᠶᠢᠨ ᠫᠢᠩ ᠴᠢᠬᠤᠯᠠ ᠶᠠᠷᠢᠶ᠎ᠠ ᠲᠠᠯᠪᠢᠬᠤ᠎ᠳᠠᠭᠠᠨ ᠄ ︽ ᠥᠷᠭᠡᠨ ᠤᠯᠠᠨ ᠰᠣᠨᠢᠨ ᠮᠡᠳᠡᠭᠡ ᠶᠠᠷᠢᠶ᠎ᠠ ᠬᠡᠯᠡᠯᠴᠡᠭᠡᠨ᠎ᠤ ᠠᠵᠢᠯᠲᠠᠳ᠎ᠢ ᠬᠦᠳᠦᠯᠦᠨ ᠵᠢᠯᠣᠭᠣᠳᠴᠤ ᠨᠠᠮ᠎ᠤᠨ ᠤᠯᠤᠰ ᠲᠦᠷᠦ᠎ᠶᠢᠨ ᠵᠣᠷᠢᠯᠲᠠ᠎ᠶᠢᠨ ᠳᠠᠮᠵᠢᠭᠤᠯᠤᠭᠴᠢ ᠂ ᠴᠠᠭ ᠦᠶ᠎ᠡ᠎ᠶᠢᠨ ᠬᠤᠪᠢᠷᠠᠯᠲᠠ ᠬᠥᠭᠵᠢᠯᠲᠠ᠎ᠶᠢ ᠲᠡᠮᠳᠡᠭᠯᠡᠭᠴᠢ ᠂ ᠨᠡᠶᠢᠭᠡᠮ᠎ᠤᠨ ᠲᠠᠪᠰᠢᠯᠳᠠ᠎ᠶᠢ ᠠᠬᠢᠭᠤᠯᠤᠭᠴᠢ ᠂ ᠲᠥᠪ ᠭᠣᠣᠯᠴᠢ ᠰᠢᠳᠤᠷᠭᠤ ᠶᠣᠰᠣᠨ᠎ᠤ ᠰᠠᠬᠢᠨ ᠬᠠᠮᠠᠭᠠᠯᠠᠭᠴᠢ ᠪᠣᠯᠭᠠᠬᠤ ᠬᠡᠷᠡᠭᠲᠡᠢ ︾ ᠭᠡᠵᠦ ᠱᠠᠭᠠᠷᠳᠠᠪᠠ ᠃ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶ᠎ᠠ᠎ᠨᠢ ᠥᠷᠭᠡᠨ ᠤᠯᠠᠨ ᠰᠣᠨᠢᠨ ᠮᠡᠳᠡᠭᠡᠨ᠎ᠤ ᠠᠵᠢᠯᠳᠠᠨ᠎ᠳ᠋ᠤ ᠨᠢᠭᠡᠨ ᠠᠮᠢᠳᠤᠯᠢᠭ ᠪᠥᠭᠡᠳ ᠬᠡᠷᠡᠭᠴᠡᠭᠡ ᠪᠦᠬᠦᠢ ᠰᠣᠨᠢᠨ ᠮᠡᠳᠡᠭᠡ ᠶᠠᠷᠢᠶ᠎ᠠ ᠬᠡᠯᠡᠯᠴᠡᠭᠡᠨ᠎ᠤ ᠠᠵᠢᠯ᠎ᠤᠨ ᠬᠢᠴᠢᠶᠡᠯ ᠪᠤᠯᠪᠠ ᠃ ᠪᠢᠳᠡ ᠡᠷᠬᠡᠪᠰᠢ ᠰᠣᠨᠢᠨ ᠮᠡᠳᠡᠭᠡ ᠶᠠᠷᠢᠶ᠎ᠠ ᠬᠡᠯᠡᠯᠴᠡᠭᠡᠨ᠎ᠤ ᠠᠵᠢᠯ᠎ᠤᠨ ᠶᠡᠬᠡ ᠬᠠᠨᠳᠤᠰᠢ᠎ᠳ᠋ᠤ ᠵᠣᠬᠢᠴᠠᠵᠤ ᠂ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ᠎ᠶᠢ ᠡᠷᠬᠢᠮᠯᠡᠨ ᠂ ᠨᠠᠮ᠎ᠤᠨ ᠦᠭᠡ᠎ᠶᠢ ᠰᠣᠨᠣᠰᠴᠤ ᠂ ᠨᠠᠮ᠎ᠢᠶᠡᠨ ᠳᠠᠭᠠᠵᠤ ᠂ ᠰᠢᠨ᠎ᠡ ᠴᠠᠭ ᠦᠶ᠎ᠡ᠎ᠶᠢᠨ ᠰᠣᠨᠢᠨ ᠮᠡᠳᠡᠭᠡ ᠰᠤᠷᠲᠠᠯ ᠤᠬᠠᠭᠤᠯᠭ᠎ᠠ᠎ᠶᠢᠨ ᠠᠵᠢᠯ ᠳᠤᠮᠳᠠ᠎ᠡᠴᠠ ᠥᠪᠡᠷ᠎ᠤᠨ ᠴᠠᠭ ᠦᠶ᠎ᠡ᠎ᠶᠢᠨ ᠪᠠᠶᠢᠷᠢᠰᠢᠯ᠎ᠢᠶᠡᠨ ᠡᠷᠢᠨ ᠤᠯᠬᠤ ᠬᠡᠷᠡᠭᠲᠡᠢ ᠃

ᠰᠣᠨᠢᠨ ᠮᠡᠳᠡᠭᠡᠨ᠎ᠤ ᠠᠵᠢᠯᠲᠠᠳ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ᠎ᠶᠢ ᠡᠷᠬᠢᠮᠯᠡᠬᠦ ᠬᠡᠷᠡᠭᠲᠡᠢ ᠃ ᠰᠣᠨᠢᠨ ᠮᠡᠳᠡᠭᠡᠨ᠎ᠤ ᠠᠵᠢᠯᠲᠡᠨ ᠤᠯᠤᠰ ᠲᠦᠷᠦ᠎ᠶᠢ ᠡᠷᠬᠢᠮᠯᠡᠬᠦ᠎ᠳ᠋ᠡᠭᠡᠨ ︽ ᠲᠦᠷᠪᠡᠨ ᠤᠬᠠᠮᠰᠠᠷ ︾᠎ᠢᠶᠠᠷ ᠮᠡᠳᠡᠭᠡᠯᠡᠯ᠎ᠤᠨ ᠲᠥᠰᠦᠯ ᠂ ᠨᠠᠢᠷᠠᠭᠤᠯᠬᠤ ᠰᠡᠳᠬᠢᠴᠡ᠎ᠪᠠᠨ ᠶᠡᠷᠦᠩᠬᠡᠶᠢᠯᠡᠨ ᠲᠣᠭᠲᠠᠭᠠᠬᠤ᠎ᠶᠢ ᠢᠮᠠᠭᠲᠠ ᠪᠠᠷᠢᠮᠲᠠᠯᠠᠵᠤ ᠂ ᠤᠯᠤᠰ ᠲᠥᠷᠥ᠎ᠶᠢᠨ ᠤᠬᠠᠮᠰᠠᠷ᠎ᠢᠶᠡᠨ ᠲᠠᠰᠤᠷᠠᠯᠲᠠ ᠥᠭᠡᠢ ᠴᠢᠩᠭᠠᠳᠬᠠᠨ ᠂ ᠤᠯᠤᠰ ᠲᠥᠷᠥ᠎ᠶᠢᠨ ᠮᠠᠭᠠᠳᠯᠠᠬᠤ ᠴᠢᠳᠠᠪᠥᠷᠢ ᠂ ᠤᠯᠤᠰ ᠲᠥᠷᠥ᠎ᠶᠢᠨ ᠤᠬᠠᠪᠥᠷᠢᠯᠠᠬᠤ ᠴᠢᠳᠠᠪᠥᠷᠢ ᠂ ᠤᠯᠤᠰ ᠲᠥᠷᠥ᠎ᠶᠢᠨ ᠭᠥᠢᠴᠡᠳᠭᠡᠬᠥ ᠴᠢᠳᠠᠪᠥᠷᠢ᠎ᠪᠠᠨ ᠥᠨᠡᠨ ᠬᠥ ᠳᠡᠭᠡᠭᠰᠢᠯᠡᠭᠥᠯᠵᠤ ᠂ ᠤᠬᠠᠭᠤᠯᠤᠨ ᠮᠡᠳᠡᠭᠡᠯᠡᠬᠥ ᠠᠵᠢᠯ᠎ᠤᠨ ᠡᠭᠥᠷᠭᠡ ᠬᠠᠷᠢᠭᠤᠴᠠᠯᠭ᠎ᠠ᠎ᠪᠠᠨ ᠨᠡᠩ ᠰᠠᠢᠳᠥᠷ ᠪᠡᠶᠡᠯᠡᠭᠥᠯᠬᠥ ᠬᠡᠷᠡᠭᠲᠠᠢ ᠃

ᠤᠯᠤᠰ ᠲᠥᠷᠥ᠎ᠶᠢ ᠡᠷᠬᠢᠮᠯᠡᠬᠥ᠎ᠳ᠋ᠤ ᠡᠷᠬᠡᠪᠰᠢ ᠤᠯᠤᠰ ᠲᠥᠷᠥ᠎ᠶᠢᠨ ᠮᠠᠭᠠᠳᠯᠠᠬᠤ ᠴᠢᠳᠠᠪᠥᠷᠢ᠎ᠪᠠᠨ ᠳᠡᠭᠡᠭᠰᠢᠯᠡᠭᠥᠯᠬᠥ ᠬᠡᠷᠡᠭᠲᠠᠢ

ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ᠎ᠶᠢ ᠡᠷᠬᠢᠮᠯᠡᠬᠦ ᠪᠣᠯ ᠮᠠᠷᠺᠰ᠎ᠤᠨ ᠦᠵᠡᠯ᠎ᠤᠨ ᠲᠦᠷᠦ᠎ᠶᠢᠨ ᠨᠠᠮ᠎ᠤᠨ ᠢᠯᠡ ᠲᠣᠳᠣ ᠣᠨᠴᠠᠯᠢᠭ ᠪᠣᠯᠣᠨ᠎ᠠ ᠂ ᠪᠠᠰᠠ ᠴᠤ ᠮᠠᠨ᠎ᠤ ᠨᠠᠮ᠎ᠤᠨ ᠢᠮᠠᠭᠲᠠ ᠪᠠᠷᠢᠮᠲᠠᠯᠠᠭᠰᠠᠭᠠᠷ ᠢᠷᠡᠭᠰᠡᠨ ᠤᠯᠤᠰ ᠲᠦᠷᠦ᠎ᠶᠢᠨ ᠳᠠᠪᠠᠭᠤᠯᠢᠭ ᠪᠤᠯᠤᠨ᠎ᠠ ᠃ 2016 ᠣᠨ᠎ᠤ 11 ᠰᠠᠷ᠎ᠠ᠎ᠶᠢᠨ 7᠎ᠤ ᠡᠳᠦᠷ ᠂ ᠶᠡᠷᠦᠩᠬᠡᠢ ᠱᠦᠵᠢ ᠰᠢ᠎ᠶᠢᠨ ᠫᠢᠩ ᠳᠤᠮᠳᠠᠳᠤ ᠤᠯᠤᠰ᠎ᠤᠨ ᠰᠣᠨᠢᠨ ᠮᠡᠳᠡᠭᠡᠨ᠎ᠤ ᠠᠵᠢᠯᠲᠠᠳ᠎ᠤᠨ ᠨᠡᠶᠢᠭᠡᠮᠯᠢᠭ᠎ᠤᠨ ᠶᠢᠰᠦᠳᠦᠭᠡᠷ ᠬᠤᠭᠤᠴᠠᠭᠠᠨ᠎ᠤ ᠬᠡᠷᠡᠭ ᠡᠷᠬᠢᠯᠡᠭᠴᠢᠳ᠎ᠤᠨ ᠬᠤᠷᠠᠯ᠎ᠤᠨ ᠪᠦᠬᠦ ᠲᠥᠯᠥᠭᠡᠯᠡᠭᠴᠢ ᠪᠣᠯᠤᠨ ᠳᠤᠮᠳᠠᠳᠤ ᠤᠯᠤᠰ᠎ᠤᠨ ᠰᠣᠨᠢᠨ ᠮᠡᠳᠡᠭᠡᠨ᠎ᠤ ᠱᠠᠩᠨᠠᠯ ᠂ ᠴᠠᠩ ᠵᠢᠶᠠᠩ ᠱᠠᠩᠨᠠᠯ ᠂ ᠲᠤᠤ ᠹᠸᠨ ᠱᠠᠩᠨᠠᠯ ᠬᠦᠷᠳᠡᠭᠰᠡᠳ᠎ᠤᠨ ᠲᠥᠯᠥᠭᠡᠯᠡᠭᠴᠢᠳ᠎ᠲᠠᠢ ᠳᠣᠲᠣᠨᠣ᠎ᠪᠠᠷ ᠠᠭᠤᠯᠵᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠬᠤ᠎ᠳᠠᠭᠠᠨ ᠳᠠᠷᠤᠢ ᠥᠷᠭᠡᠨ ᠤᠯᠠᠨ ᠰᠣᠨᠢᠨ ᠮᠡᠳᠡᠭᠡᠨ᠎ᠤ ᠠᠵᠢᠯᠲᠠᠳ᠎ᠢ ᠵᠥᠪ ᠤᠯᠤᠰ ᠲᠦᠷᠦ᠎ᠶᠢᠨ ᠴᠢᠭᠯᠡᠯ᠎ᠢ ᠪᠠᠷᠢᠮᠲᠠᠯᠠᠵᠤ ᠂ ᠤᠯᠤᠰ ᠲᠦᠷᠦ᠎ᠶᠢᠨ ᠲᠠᠯ᠎ᠠ᠎ᠪᠠᠷ ᠡᠷᠡᠰ ᠴᠢᠩᠭ᠎ᠠ ᠰᠣᠨᠢᠨ ᠮᠡᠳᠡᠭᠡᠨ᠎ᠤ ᠠᠵᠢᠯᠳᠠᠨ ᠪᠣᠯᠤᠭᠠᠷᠠᠢ ᠭᠡᠵᠦ ᠵᠣᠷᠢᠭᠵᠢᠭᠤᠯᠪᠠ ᠃ ︽ ᠵᠥᠪ ᠤᠯᠤᠰ ᠲᠦᠷᠦ᠎ᠶᠢᠨ ᠴᠢᠭᠯᠡᠯ ︾ ᠪᠣᠯ ᠳᠤᠮᠳᠠᠳᠤ ᠤᠯᠤᠰ᠎ᠤᠨ ᠰᠣᠨᠢᠨ ᠮᠡᠳᠡᠭᠡᠨ᠎ᠤ ᠠᠵᠢᠯᠲᠠᠳ᠎ᠲᠤ ᠲᠠᠯᠪᠢᠭᠰᠠᠨ ᠦᠨᠳᠦᠰᠦᠨ ᠱᠠᠭᠠᠷᠳᠠᠯᠭ᠎ᠠ ᠪᠣᠯᠤᠨ᠎ᠠ ᠂ ᠳᠡᠷᠡ᠎ᠨᠢ ᠰᠤᠨᠢᠨ ᠮᠡᠳᠡᠭᠡᠨ᠎ᠤ ᠠᠵᠢᠯᠳᠠᠨ ᠨᠢᠭᠡᠪᠥᠷᠢ᠎ᠶᠢ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ᠎ᠪᠠᠨ ᠰᠢ᠎ᠶᠢᠨ ᠫᠢᠩ ᠨᠥᠬᠥᠷ᠎ᠢᠶᠠᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠶᠢᠵᠤ ᠂ ᠨᠠᠮ᠎ᠤᠨ ᠲᠦᠷᠦ᠎ᠶᠢᠨ ᠪᠤᠳᠤᠯᠭ᠎ᠠ᠎ᠶᠢᠨ ᠵᠤᠷᠢᠯᠳᠠ᠎ᠶᠢᠨ ᠤᠯᠠᠮᠵᠢᠯᠠᠭᠴᠢ ᠪᠣᠯᠬᠤ᠎ᠶᠢ ᠱᠠᠭᠠᠷᠳᠠᠵᠤ ᠪᠠᠢᠳᠠᠬ ᠃

ᠵᠥᠪ ᠤᠯᠤᠰ ᠲᠥᠷᠥ᠎ᠶᠢᠨ ᠴᠢᠭᠯᠡᠯ᠎ᠢ ᠪᠠᠷᠢᠮᠳᠠᠯᠠᠬᠤ᠎ᠳ᠋ᠤ ᠂ ᠶᠠᠭᠤᠨ᠎ᠤ ᠡᠮᠥᠨ᠎ᠡ ᠤᠯᠤᠰ ᠲᠦᠷᠦ᠎ᠶᠢᠨ ᠮᠠᠭᠠᠳᠯᠠᠬᠤ ᠴᠢᠳᠠᠪᠤᠷᠢ᠎ᠪᠠᠨ ᠳᠡᠭᠡᠭᠰᠢᠯᠡᠭᠦᠯᠬᠥ ᠬᠡᠷᠡᠭᠳᠠᠢ ᠂ ᠳᠠᠷᠤᠢ ᠢᠮᠠᠭᠲᠠ ᠠᠷᠠᠳ ᠲᠦᠮᠡᠨ᠎ᠢᠶᠠᠷ ᠭᠣᠣᠯ ᠪᠣᠯᠭᠠᠬᠤ ᠠᠵᠢᠯ᠎ᠤᠨ ᠤᠳᠤᠷᠢᠳᠤᠮᠵᠢ᠎ᠶᠢ ᠪᠠᠷᠢᠮᠲᠠᠯᠠᠵᠤ ᠂ ᠤᠯᠤᠰ ᠲᠦᠷᠦ᠎ᠶᠢᠨ ᠤᠬᠠᠮᠰᠠᠷ ᠂ ᠶᠡᠬᠡ ᠲᠠᠯ᠎ᠠ᠎ᠶᠢᠨ ᠤᠬᠠᠮᠰᠠᠷ ᠂ ᠭᠣᠣᠯᠯᠠᠬᠤ ᠤᠬᠠᠮᠰᠠᠷ ᠂ ᠨᠢᠭᠡᠳᠦᠯᠲᠡᠢ ᠪᠠᠶᠢᠬᠤ ᠤᠬᠠᠮᠰᠠᠷ᠎ᠢᠶᠡᠨ ᠴᠢᠩᠭᠠᠳᠬᠠᠨ ᠂ ᠨᠠᠮ᠎ᠳᠠᠭᠠᠨ ᠦᠨᠡᠨᠴᠢ ᠰᠢᠳᠤᠷᠭᠤ ᠪᠠᠶᠢᠬᠤ ᠂ ᠨᠠᠮ᠎ᠤᠨ ᠲᠥᠯᠥᠭᠡ ᠰᠠᠨᠠᠭᠠᠰᠢᠷᠠᠬᠤ ᠂ ᠨᠠᠮ᠎ᠤᠨ ᠲᠥᠯᠥᠭᠡ ᠬᠠᠷᠢᠭᠤᠴᠠᠯᠭ᠎ᠠ ᠡᠭᠦᠷᠭᠡᠯᠡᠬᠦ ᠂ ᠨᠠᠮ᠎ᠤᠨ ᠲᠥᠯᠥᠭᠡ ᠬᠠᠷᠢᠭᠤᠴᠠᠯᠭ᠎ᠠ᠎ᠪᠠᠨ ᠭᠦᠢᠴᠡᠳᠬᠡᠬᠦ᠎ᠶᠢ ᠦᠨᠡᠨ ᠬᠦ ᠪᠡᠶᠡᠯᠡᠭᠦᠯᠬᠦ ᠬᠡᠷᠡᠭᠲᠡᠢ ᠃ ᠭᠠᠭᠴᠠ ᠬᠦ ᠢᠮᠠᠭᠲᠠ ᠤᠯᠤᠰ ᠲᠦᠷᠦ᠎ᠶᠢᠨ ᠦᠨᠳᠦᠷᠴᠡ᠎ᠡᠴᠠ ᠂ ᠨᠠᠮ᠎ᠤᠨ ᠲᠥᠪ ᠬᠤᠷᠢᠶ᠎ᠠ᠎ᠲᠠᠢ ᠨᠢᠭᠡᠳᠦᠯᠲᠡᠢ ᠪᠠᠶᠢᠪᠠᠯ ᠰᠠᠶᠢ ᠨᠠᠮ᠎ᠤᠨ ᠲᠥᠪ ᠬᠣᠷᠢᠶᠠᠨ᠎ᠤ ᠦᠨᠳᠦᠰᠦᠨ ᠪᠤᠳᠤᠯᠭ᠎ᠠ ᠂ ᠴᠢᠭᠯᠡᠯᠲᠡ ᠪᠠ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠎ᠶᠢ ᠨᠡᠩ ᠨᠡᠪᠲᠡᠷᠡᠳᠡᠯ᠎ᠡ ᠣᠶᠢᠯᠠᠭᠠᠵᠤ ᠂ ᠠᠵᠢᠯ᠎ᠢᠶᠡᠨ ᠨᠡᠩ ᠤᠷᠢᠳᠴᠢᠯᠠᠨ ᠮᠡᠳᠡᠬᠦ ᠴᠢᠨᠠᠷ ᠪᠠ ᠰᠠᠨᠠᠭᠠᠴᠢᠯᠠᠭᠠᠲᠤ ᠴᠢᠨᠠᠷ᠎ᠲᠠᠢ ᠪᠣᠯᠭᠠᠵᠤ ᠴᠢᠳᠠᠨ᠎ᠠ ᠃

ᠵᠠᠭᠤᠴᠢᠯᠠᠭᠤᠷ᠎ᠤᠨ ᠪᠤᠢ ᠪᠦᠬᠦᠢ ᠠᠵᠢᠯ ᠡᠴᠦᠰ᠎ᠲᠡᠭᠡᠨ ᠴᠥᠮ ᠰᠣᠨᠢᠨ ᠮᠡᠳᠡᠭᠡᠨ᠎ᠤ ᠠᠵᠢᠯᠳᠠᠨ ᠨᠢᠭᠡᠪᠦᠷᠢ᠎ᠶᠢᠨ ᠪᠡᠶ᠎ᠡ ᠳᠡᠭᠡᠷ᠎ᠡ ᠨᠠᠶᠢᠳᠠᠪᠤᠷᠢᠵᠢᠭᠤᠯᠤᠬᠳᠠᠬᠤ ᠪᠤᠯᠬᠤᠷ ᠂ ᠰᠣᠨᠢᠨ ᠮᠡᠳᠡᠭᠡᠨ᠎ᠤ ᠠᠵᠢᠯᠳᠠᠨ᠎ᠤ ᠤᠯᠤᠰ ᠲᠦᠷᠦ᠎ᠶᠢᠨ ᠬᠡᠪ ᠪᠤᠯᠪᠠᠰᠤᠷᠠᠯ᠎ᠤᠨ ᠥᠨᠳᠥᠷ ᠡᠰᠡᠬᠥ᠎ᠨᠢ ᠬᠠᠷᠢᠶ᠎ᠠ ᠵᠠᠭᠤᠴᠢᠯᠠᠭᠤᠷ᠎ᠤᠨ ᠤᠯᠤᠰ ᠲᠦᠷᠦ᠎ᠶᠢᠨ ᠲᠦᠪᠰᠢᠨ᠎ᠤ ᠥᠨᠳᠥᠷ ᠡᠰᠡᠬᠥ᠎ᠶᠢ ᠰᠢᠭᠤᠳ ᠨᠥᠯᠥᠭᠡᠯᠡᠳᠡᠭ ᠃ ᠡᠶᠢᠮᠦ᠎ᠡᠴᠠ ᠰᠣᠨᠢᠨ ᠮᠡᠳᠡᠭᠡᠨ᠎ᠤ ᠠᠵᠢᠯᠳᠠᠨ ᠨᠢᠭᠡᠪᠦᠷᠢ ᠴᠥᠮ ᠤᠯᠤᠰ ᠣᠷᠣᠨ᠎ᠤ ᠬᠠᠶᠢᠷ᠎ᠠ ᠰᠡᠳᠬᠢᠯᠭᠡ᠎ᠶᠢ ᠪᠤᠢ ᠪᠣᠯᠭᠠᠵᠤ ᠂ ᠨᠠᠮ᠎ᠤᠨ ᠤᠳᠤᠷᠢᠳᠤᠯᠭ᠎ᠠ᠎ᠪᠠᠷ ᠰᠦᠭ ᠰᠦᠨᠡᠰᠦ ᠪᠣᠯᠭᠠᠨ ᠂ ᠤᠯᠤᠰ ᠣᠷᠣᠨ᠎ᠤ ᠤᠯᠤᠰ ᠲᠦᠷᠦ᠎ᠶᠢᠨ ᠠᠮᠤᠷ ᠲᠦᠪᠰᠢᠨ᠎ᠢ ᠬᠠᠮᠤᠬ ᠶᠡᠬᠡ ᠶᠠᠪᠤᠳᠠᠯ ᠪᠣᠯᠭᠠᠵᠤ ᠂ ᠠᠷᠠᠳ ᠤᠯᠠᠨ᠎ᠢᠶᠠᠷ ᠭᠣᠣᠯ ᠪᠣᠯᠭᠠᠨ ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ᠎ᠪᠠᠷ ᠦᠨᠳᠦᠰᠦ ᠪᠣᠯᠭᠠᠵᠤ ᠂ ᠴᠠᠬ᠎ᠤᠨ ᠪᠠᠶᠢᠳᠠᠯ᠎ᠤᠨ ᠬᠤᠪᠢᠷᠠᠯᠲᠠ᠎ᠶᠢ ᠰᠢᠨᠵᠢᠯᠡᠬᠦ ᠤᠬᠠᠭᠠᠨᠴᠢ᠎ᠪᠠᠷ ᠡᠵᠡᠮᠳᠡᠬᠦ ᠂ ᠦᠵᠡᠭᠳᠡᠯ᠎ᠤᠨ ᠮᠥᠨ ᠴᠢᠨᠠᠷ᠎ᠢ ᠨᠠᠷᠢᠯᠢᠭ ᠣᠨᠣᠴᠠᠲᠠᠢ ᠢᠯᠭᠠᠨ ᠲᠠᠨᠢᠬᠤ ᠪᠠ ᠵᠥᠪ ᠪᠤᠷᠤᠭᠤ᠎ᠶᠢ ᠰᠡᠷᠭᠡᠭ᠎ᠢᠶᠠᠷ ᠲᠠᠨᠢᠬᠤ ᠂ ᠠᠶᠤᠯ ᠲᠦᠭᠰᠢᠭᠦᠷᠢ᠎ᠶᠢᠨ ᠰᠢᠯᠭᠠᠯᠲᠠ᠎ᠶᠢ ᠪᠦᠲᠦᠮᠵᠢᠲᠡᠢ ᠡᠰᠡᠷᠭᠦᠴᠡᠨ ᠬᠣᠷᠢᠬᠯᠠᠬᠤ ᠴᠢᠳᠠᠪᠤᠷᠢ᠎ᠪᠠᠨ ᠴᠢᠩᠭᠠᠳᠬᠠᠨ ᠂ ᠴᠢᠬᠤᠯᠠ ᠶᠡᠬᠡ ᠠᠰᠠᠭᠤᠳᠠᠯ ᠪᠠ ᠵᠠᠩᠭᠢᠯᠠᠭ᠎ᠠ᠎ᠶᠢᠨ ᠭᠣᠭᠴᠣᠭ᠎ᠠ ᠳᠡᠭᠡᠷ᠎ᠡ ᠴᠢᠬᠢ ᠰᠣᠷᠭᠣᠭ ᠨᠢᠳᠦ ᠭᠢᠷᠠᠬᠠᠢ ᠪᠠᠶᠢᠵᠤ ᠂ ᠢᠮᠠᠭᠲᠠ ᠤᠯᠤᠰ ᠲᠦᠷᠦ᠎ᠶᠢᠨ ᠵᠣᠭᠰᠣᠯᠲᠠ᠎ᠪᠠᠨ ᠬᠤᠪᠢᠷᠠᠭᠤᠯᠬᠤ ᠦᠭᠡᠢ ᠂ ᠤᠯᠤᠰ ᠲᠦᠷᠦ᠎ᠶᠢᠨ ᠴᠢᠭᠯᠡᠯ᠎ᠢᠶᠡᠨ ᠬᠡᠯᠪᠡᠶᠢᠯᠭᠡᠬᠦ ᠦᠭᠡᠢ ᠪᠠᠶᠢᠬᠤ ᠬᠡᠷᠡᠭᠲᠡᠢ ᠃ ᠡᠭᠦᠨ᠎ᠤ ᠬᠠᠮᠲᠤ ᠂ ᠰᠣᠨᠢᠨ ᠮᠡᠳᠡᠭᠡᠨ᠎ᠤ ᠠᠵᠢᠯᠲᠠᠳ ᠴᠠᠭ ᠦᠶ᠎ᠡ᠎ᠶᠢᠨ ᠠᠯᠬᠤᠭ᠎ᠠ᠎ᠶᠢ ᠰᠠᠯᠤᠯ ᠦᠭᠡᠢ ᠳᠠᠭᠠᠬᠤ᠎ᠪᠠᠷ ᠪᠠᠷᠠᠬᠤ ᠦᠭᠡᠢ ᠂ ᠪᠠᠰᠠ ᠴᠠᠭ ᠦᠶ᠎ᠡ᠎ᠶᠢᠨ ᠤᠷᠤᠰᠬᠠᠯ᠎ᠤᠨ ᠡᠮᠦᠨ᠎ᠡ ᠵᠣᠭᠰᠣᠨ ᠢᠷᠡᠭᠡᠳᠦᠢ᠎ᠶᠢ ᠪᠠᠷᠠᠯᠠᠵᠤ ᠂ ᠴᠠᠭ ᠦᠶ᠎ᠡ᠎ᠶᠢᠨ ᠳᠠᠪᠰᠢᠯᠲᠠ᠎ᠶᠢ ᠬᠦᠲᠦᠯᠦᠨ ᠳᠠᠭᠠᠭᠤᠯᠵᠤ ᠠᠬᠢᠭᠤᠯᠬᠤ ᠬᠡᠷᠡᠭᠲᠡᠢ ᠃

ᠤᠯᠤᠰ ᠲᠦᠷᠦ᠎ᠶᠢ ᠡᠷᠬᠢᠮᠯᠡᠬᠦ᠎ᠳ᠋ᠤ ᠡᠷᠬᠡᠪᠰᠢ ᠤᠯᠤᠰ ᠲᠦᠷᠦ᠎ᠶᠢᠨ ᠤᠬᠠᠪᠥᠷᠢᠯᠠᠬᠤ ᠴᠢᠳᠠᠪᠥᠷᠢ᠎ᠪᠠᠨ ᠳᠡᠭᠡᠭᠰᠢᠯᠡᠭᠦᠯᠬᠦ ᠬᠡᠷᠡᠭᠲᠡᠢ

5 ᠵᠢᠯ᠎ᠤᠨ ᠡᠮᠦᠨ᠎ᠡ ᠂ ᠶᠡᠷᠦᠩᠬᠡᠢ ᠱᠦᠵᠢ ᠰᠢ᠎ᠶᠢᠨ ᠫᠢᠩ ᠨᠠᠮ᠎ᠤᠨ ᠰᠣᠨᠢᠨ ᠮᠡᠳᠡᠭᠡ ᠶᠠᠷᠢᠶ᠎ᠠ ᠬᠡᠯᠡᠯᠴᠡᠭᠡᠨ᠎ᠤ ᠠᠵᠢᠯ᠎ᠤᠨ ᠶᠠᠷᠢᠯᠴᠠᠬᠤ ᠬᠤᠷᠠᠯ ᠳᠡᠭᠡᠷ᠎ᠡ ︽ ᠨᠠᠮᠴᠢ ᠴᠢᠨᠠᠷ᠎ᠤᠨ ᠵᠠᠷᠴᠢᠮ᠎ᠢ ᠡᠷᠡᠰ ᠪᠠᠷᠢᠮᠲᠠᠯᠠᠵᠤ ᠂ ᠮᠠᠷᠺᠰ᠎ᠤᠨ ᠦᠵᠡᠯ᠎ᠤᠨ ᠰᠣᠨᠢᠨ ᠮᠡᠳᠡᠭᠡᠨ᠎ᠤ ᠦᠵᠡᠯᠲᠡ᠎ᠶᠢ ᠡᠷᠡᠰ ᠪᠠᠷᠢᠮᠲᠠᠯᠠᠵᠤ ᠂ ᠵᠥᠪ ᠶᠠᠷᠢᠶ᠎ᠠ ᠬᠡᠯᠡᠯᠴᠡᠭᠡᠨ᠎ᠤ ᠤᠳᠤᠷᠢᠳᠤᠮᠵᠢ᠎ᠶᠢ ᠡᠷᠡᠰ ᠪᠠᠷᠢᠮᠲᠠᠯᠠᠵᠤ ᠂ ᠵᠥᠪ ᠲᠠᠯ᠎ᠠ᠎ᠶᠢᠨ ᠤᠬᠠᠭᠤᠯᠭ᠎ᠠ᠎ᠪᠠᠷ ᠭᠣᠣᠯ ᠪᠣᠯᠭᠠᠬᠤ᠎ᠶᠢ ᠡᠷᠡᠰ ᠪᠠᠷᠢᠮᠲᠠᠯᠠᠬᠤ ᠬᠡᠷᠡᠭᠲᠡᠢ ︾ ᠭᠡᠵᠦ ᠴᠢᠬᠤᠯᠠᠴᠢᠯᠠᠪᠠ ᠃ ᠨᠠᠮᠴᠢ ᠴᠢᠨᠠᠷ᠎ᠤᠨ ᠵᠠᠷᠴᠢᠮ᠎ᠢ ᠡᠷᠡᠰ ᠪᠠᠷᠢᠮᠲᠠᠯᠠᠬᠤ ᠪᠣᠯ ᠨᠠᠮ᠎ᠤᠨ ᠰᠣᠨᠢᠨ ᠮᠡᠳᠡᠭᠡ ᠶᠠᠷᠢᠶ᠎ᠠ ᠬᠡᠯᠡᠯᠴᠡᠭᠡᠨ᠎ᠤ ᠠᠵᠢᠯ᠎ᠤᠨ ᠦᠨᠳᠦᠰᠦᠨ ᠵᠠᠷᠴᠢᠮ ᠪᠣᠯᠣᠨ᠎ᠠ ᠂ ᠪᠠᠰᠠ ᠴᠤ ᠮᠠᠷᠺᠰ᠎ᠤᠨ ᠦᠵᠡᠯ᠎ᠤᠨ ᠰᠣᠨᠢᠨ ᠮᠡᠳᠡᠭᠡᠨ᠎ᠤ ᠦᠵᠡᠯᠲᠡ᠎ᠶᠢᠨ ᠬᠠᠮᠤᠭ᠎ᠤᠨ ᠦᠨᠳᠦᠰᠦᠨ ᠂ ᠬᠠᠮᠤᠭ᠎ᠤᠨ ᠴᠢᠬᠤᠯᠠ ᠦᠵᠡᠯᠲᠡ ᠪᠤᠯᠤᠨ᠎ᠠ ᠃ ᠳᠠᠷᠤᠢ ᠰᠣᠨᠢᠨ ᠮᠡᠳᠡᠭᠡ ᠶᠠᠷᠢᠶ᠎ᠠ ᠬᠡᠯᠡᠯᠴᠡᠭᠡᠨ᠎ᠤ ᠠᠵᠢᠯ᠎ᠳ᠋ᠠᠬᠢ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠬᠤ ᠬᠡᠷᠡᠭᠲᠠᠢ ᠄ ᠡᠨᠡ᠎ᠨᠢ ᠨᠠᠮ᠎ᠤᠨ ᠰᠢᠨᠵᠢ ᠴᠢᠨᠠᠷ ᠪᠠ ᠨᠠᠮ᠎ᠤᠨ ᠰᠣᠨᠢᠨ ᠮᠡᠳᠡᠭᠡ ᠶᠠᠷᠢᠶ᠎ᠠ ᠬᠡᠯᠡᠯᠴᠡᠭᠡᠨ᠎ᠤ ᠠᠵᠢᠯ᠎ᠤᠨ ᠰᠢᠨᠵᠢ ᠴᠢᠨᠠᠷ᠎ᠡᠴᠠ ᠲᠤᠭᠳᠠᠭᠠᠭᠳᠠᠭᠰᠠᠨ ᠪᠠᠢᠨ᠎ᠠ ᠃ ᠰᠣᠨᠢᠨ ᠮᠡᠳᠡᠭᠡ ᠶᠠᠷᠢᠶ᠎ᠠ ᠬᠡᠯᠡᠯᠴᠡᠭᠡᠨ᠎ᠤ ᠠᠵᠢᠯ᠎ᠨᠢ ᠬᠥᠮᠦᠨ᠎ᠤ ᠰᠡᠳᠬᠢᠯ᠎ᠤᠨ ᠬᠠᠨᠳᠤᠰᠢ ᠪᠠ ᠨᠡᠶᠢᠭᠡᠮ᠎ᠤᠨ ᠬᠥᠭᠵᠢᠯᠲᠡ᠎ᠲᠠᠢ ᠬᠣᠯᠪᠣᠭᠳᠠᠵᠤ ᠂ ᠵᠥᠪ ᠶᠠᠷᠢᠶ᠎ᠠ ᠬᠡᠯᠡᠯᠴᠡᠭᠡ᠎ᠨᠢ ᠬᠥᠮᠦᠨ᠎ᠤ ᠰᠡᠳᠬᠢᠯ᠎ᠢ ᠨᠢᠭᠲᠠᠷᠠᠭᠤᠯᠥᠨ ᠂ ᠰᠠᠢᠨ ᠰᠠᠶᠢᠬᠠᠨ ᠨᠡᠶᠢᠭᠡᠮ᠎ᠤᠨ ᠬᠡᠪ ᠰᠤᠷᠲᠠᠯ᠎ᠢ ᠪᠤᠢ ᠪᠣᠯᠭᠠᠵᠤ ᠂ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠤᠳᠤᠷᠢᠳᠬᠤ ᠡᠷᠬᠡ ᠂ ᠬᠠᠮᠢᠶᠠᠷᠬᠤ ᠡᠷᠬᠡ ᠂ ᠦᠭᠡ ᠬᠡᠯᠡᠬᠦ ᠡᠷᠬᠡ᠎ᠶᠢ ᠭᠠᠷ᠎ᠲᠤ ᠴᠢᠨᠢ ᠪᠠᠲᠤ ᠡᠵᠡᠮᠰᠢᠭᠥᠯᠵᠤ ᠴᠢᠳᠠᠳᠠᠬ ᠂ ᠡᠭᠥᠨ᠎ᠤ ᠤᠯᠠᠮ᠎ᠡᠴᠠ ᠨᠠᠮ᠎ᠤᠨ ᠵᠠᠭᠤᠴᠢᠯᠠᠭᠤᠷ ᠨᠠᠮ᠎ᠤᠨ᠎ᠬᠢ ᠪᠠᠶᠢᠬᠤ ᠂ ᠨᠠᠮ᠎ᠡᠴᠠ ᠵᠠᠭᠤᠴᠢᠯᠠᠭᠤᠷ᠎ᠢ ᠬᠠᠮᠢᠶᠠᠷᠬᠤ᠎ᠶᠢ ᠪᠠᠷᠢᠮᠲᠠᠯᠠᠵᠤ ᠂ ᠤᠯᠤᠰ ᠲᠦᠷᠦᠴᠢᠨ ᠵᠠᠭᠤᠴᠢᠯᠠᠭᠤᠷ ᠡᠷᠬᠢᠯᠡᠬᠦ ᠱᠠᠭᠠᠷᠳᠠᠯᠭ᠎ᠠ᠎ᠶᠢ ᠴᠢᠩᠭ᠎ᠠ ᠨᠠᠶᠢᠳᠠᠪᠤᠷᠢᠵᠢᠭᠤᠯᠥᠨ ᠂ ᠵᠥᠪ ᠤᠯᠤᠰ ᠲᠦᠷᠦ᠎ᠶᠢᠨ ᠴᠢᠭᠯᠡᠯ᠎ᠢ ᠪᠠᠷᠢᠮᠲᠠᠯᠠᠵᠤ ᠂ ᠨᠠᠮ᠎ᠤᠨ ᠵᠣᠷᠢᠭ ᠰᠠᠨᠠᠭ᠎ᠠ᠎ᠶᠢ ᠭᠦᠢᠴᠡᠳ ᠢᠯᠡᠷᠡᠭᠦᠯᠥᠨ ᠂ ᠨᠠᠮ᠎ᠤᠨ ᠵᠣᠷᠢᠯᠲᠠ᠎ᠶᠢ ᠲᠤᠰᠬᠠᠵᠤ ᠂ ᠨᠠᠮ᠎ᠤᠨ ᠲᠥᠪ ᠬᠣᠷᠢᠶᠠᠨ᠎ᠤ ᠡᠷᠬᠡ ᠰᠦᠷ᠎ᠢ ᠬᠠᠮᠠᠭᠠᠯᠠᠨ ᠂ ᠨᠠᠮ᠎ᠤᠨ ᠪᠦᠯᠬᠦᠮᠳᠡᠯ᠎ᠢ ᠬᠠᠮᠠᠭᠠᠯᠠᠵᠤ ᠂ ᠨᠠᠮ᠎ᠢᠶᠡᠨ ᠬᠠᠶᠢᠷᠠᠯᠠᠬᠤ ᠂ ᠨᠠᠮ᠎ᠢᠶᠡᠨ ᠬᠠᠮᠠᠭᠠᠯᠠᠬᠤ ᠂ ᠨᠠᠮ᠎ᠤᠨ ᠲᠥᠯᠥᠭᠡ ᠵᠢᠳᠬᠦᠬᠦ᠎ᠶᠢ ᠪᠡᠶᠡᠯᠡᠭᠥᠯᠬᠥ ᠪᠤᠯᠤᠨ᠎ᠠ ︔ ᠨᠠᠮᠴᠢ ᠴᠢᠨᠠᠷ ᠪᠠ ᠠᠷᠠᠳᠴᠢ ᠴᠢᠨᠠᠷ᠎ᠤᠨ ᠨᠢᠭᠡᠳᠦᠯ᠎ᠢ ᠪᠠᠷᠢᠮᠲᠠᠯᠠᠬᠤ ᠬᠡᠷᠡᠭᠲᠡᠢ ᠄ ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠠᠷᠠᠳ ᠲᠦᠮᠡᠨ᠎ᠤ ᠳᠤᠮᠳᠠ᠎ᠡᠴᠠ ᠢᠷᠡᠵᠤ ᠂ ᠠᠷᠠᠳ ᠲᠦᠮᠡᠨ᠎ᠤ ᠲᠥᠯᠥᠭᠡ ᠵᠢᠳᠬᠦᠵᠤ ᠂ ᠠᠷᠠᠳ ᠲᠦᠮᠡᠨ᠎ᠳ᠋ᠤ ᠲᠦᠰᠢᠭᠯᠡᠨ ᠂ ᠳᠤᠮᠳᠠᠳᠤ ᠤᠯᠤᠰ᠎ᠤᠨ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠤ ᠦᠨᠳᠦᠰᠦᠨ ᠠᠰᠢᠭ ᠲᠤᠰᠠ᠎ᠶᠢ ᠲᠥᠯᠥᠭᠡᠯᠡᠵᠤ ᠪᠠᠢᠳᠠᠭ ᠂ ᠠᠷᠠᠳ ᠤᠯᠠᠨ᠎ᠤ ᠰᠠᠢᠨ ᠰᠠᠶᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠨᠢ ᠶᠠᠭ ᠮᠠᠨ᠎ᠤ ᠨᠠᠮ᠎ᠤᠨ ᠲᠡᠮᠡᠴᠡᠯ᠎ᠤᠨ ᠬᠠᠷᠠᠯᠲᠠ ᠪᠠ ᠲᠡᠦᠬᠡᠲᠦ ᠡᠭᠦᠷᠭᠡ ᠪᠤᠯᠬᠤ ᠶᠤᠮ ᠂ ᠨᠠᠮ ᠪᠠ ᠠᠷᠠᠳ ᠲᠦᠮᠡᠨ᠎ᠤ ᠬᠠᠷᠢᠴᠠᠭ᠎ᠠ᠎ᠶᠢᠨ ᠡᠶᠢᠮᠦᠷᠬᠦᠤ ᠨᠢᠭᠡᠳᠦᠯᠲᠦ ᠴᠢᠨᠠᠷ᠎ᠨᠢ ᠨᠠᠮᠴᠢ ᠴᠢᠨᠠᠷ ᠪᠠ ᠠᠷᠠᠳᠴᠢ ᠴᠢᠨᠠᠷ᠎ᠤᠨ ᠨᠢᠭᠡᠳᠦᠯᠲᠦ ᠴᠢᠨᠠᠷ᠎ᠢ ᠲᠣᠭᠲᠠᠭᠠᠪᠠ ᠂ ᠰᠣᠨᠢᠨ ᠮᠡᠳᠡᠭᠡ ᠶᠠᠷᠢᠶ᠎ᠠ ᠬᠡᠯᠡᠯᠴᠡᠭᠡᠨ᠎ᠤ ᠠᠵᠢᠯ᠎ᠳ᠋ᠤ ᠠᠪᠴᠤ ᠬᠡᠯᠡᠪᠡᠯ ᠂ ᠮᠡᠳᠡᠭᠡᠯᠡᠯ᠎ᠳ᠋ᠡᠭᠡᠨ ᠨᠠᠮ᠎ᠤᠨ ᠵᠣᠷᠢᠭ ᠰᠠᠨᠠᠭ᠎ᠠ᠎ᠶᠢ ᠢᠯᠡᠷᠡᠭᠦᠯᠵᠦ ᠂ ᠨᠠᠮ᠎ᠤᠨ ᠴᠢᠬᠤᠯᠠ ᠶᠡᠬᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠎ᠶᠢ ᠲᠤᠪᠤᠢᠯᠭᠠᠨ ᠤᠬᠠᠭᠤᠯᠬᠤ ᠮᠥᠷᠲᠡᠭᠡᠨ ᠪᠠᠰᠠ ᠠᠷᠠᠳ ᠲᠦᠮᠡᠨ᠎ᠤ ᠵᠣᠭᠰᠣᠯᠲᠠ᠎ᠶᠢ ᠢᠯᠡᠷᠡᠭᠦᠯᠥᠨ ᠂ ᠠᠷᠠᠳ ᠲᠦᠮᠡᠨ᠎ᠤ ᠦᠨᠳᠦᠰᠦᠨ ᠠᠰᠢᠭ ᠲᠤᠰᠠ᠎ᠶᠢ ᠤᠬᠠᠮᠰᠠᠷ᠎ᠡᠴᠠ᠎ᠪᠠᠨ ᠬᠠᠮᠠᠭᠠᠯᠠᠵᠤ ᠂ ᠠᠷᠠᠳ ᠲᠦᠮᠡᠨ᠎ᠤ ᠬᠦᠰᠡᠯ ᠱᠠᠭᠠᠷᠳᠠᠯᠭ᠎ᠠ᠎ᠶᠢ ᠰᠣᠨᠣᠰᠤᠨ ᠂ ᠠᠷᠠᠳ ᠲᠦᠮᠡᠨ᠎ᠤ ᠬᠡᠷᠡᠭᠴᠡᠭᠡ᠎ᠶᠢ ᠲᠤᠰᠬᠠᠵᠤ ᠂ ᠨᠠᠮ ᠪᠠ ᠠᠷᠠᠳ ᠲᠦᠮᠡᠨ᠎ᠳ᠋ᠤ ᠬᠠᠷᠢᠭᠤᠴᠠᠬᠤ ᠵᠠᠷᠴᠢᠮ᠎ᠢ ᠰᠣᠨᠢᠨ ᠮᠡᠳᠡᠭᠡ ᠶᠠᠷᠢᠶ᠎ᠠ ᠬᠡᠯᠡᠯᠴᠡᠭᠡᠨ᠎ᠤ ᠠᠵᠢᠯ᠎ᠤᠨ ᠡᠯ᠎ᠡ ᠭᠣᠭᠴᠣᠭ᠎ᠠ᠎ᠳ᠋ᠤ ᠲᠤᠭᠤᠰᠢᠯᠠᠭᠤᠯᠬᠤ ᠬᠡᠷᠡᠭᠲᠡᠢ ᠃

ᠤᠯᠤᠰ ᠲᠦᠷᠦ᠎ᠶᠢ ᠡᠷᠬᠢᠮᠯᠡᠬᠦ᠎ᠳ᠋ᠤ ᠤᠯᠤᠰ ᠲᠦᠷᠦ᠎ᠶᠢ ᠤᠬᠠᠪᠣᠷᠢᠯᠠᠬᠣ᠎ᠨᠢ ᠤᠷᠢᠳᠠᠯ ᠪᠣᠯᠣᠨ᠎ᠠ ᠂ ᠤᠯᠤᠰ ᠲᠦᠷᠦ᠎ᠶᠢ ᠤᠬᠠᠪᠣᠷᠢᠯᠠᠪᠠᠯ ᠰᠠᠶᠢ ᠤᠯᠤᠰ ᠲᠦᠷᠦ᠎ᠶᠢᠨ ᠤᠬᠠᠪᠥᠷᠢᠯᠡᠬᠤ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠴᠢᠳᠠᠨ᠎ᠠ ᠃ ᠴᠠᠭᠠᠷᠠᠭᠰᠠᠨ ᠤᠯᠤᠰ ᠲᠦᠷᠦ᠎ᠶᠢᠨ ᠤᠬᠠᠪᠥᠷᠢᠯᠠᠬᠤ ᠴᠢᠳᠠᠪᠥᠷᠢ᠎ᠨᠢ ᠨᠠᠮ᠎ᠤᠨ ᠤᠨᠤᠯ ᠂ ᠱᠤᠭᠤᠮ ᠂ ᠴᠢᠭᠯᠡᠯᠲᠡ ᠂ ᠲᠦᠷᠦ᠎ᠶᠢᠨ ᠪᠤᠳᠤᠯᠭ᠎ᠠ ᠪᠠ ᠱᠠᠭᠠᠷᠳᠠᠯᠭ᠎ᠠ᠎ᠶᠢ ᠵᠥᠪ ᠲᠠᠨᠢᠬᠤ ᠂ ᠣᠨᠣᠪᠴᠢᠲᠠᠢ ᠡᠵᠡᠮᠰᠢᠬᠥ ᠂ ᠰᠢᠨᠵᠢᠯᠡᠬᠦ ᠤᠬᠠᠭᠠᠨᠴᠢ᠎ᠪᠠᠷ ᠬᠡᠷᠡᠭᠯᠡᠬᠦ᠎ᠶᠢ ᠱᠠᠭᠠᠷᠳᠠᠳᠠᠭ ᠃ ᠡᠨᠡ᠎ᠨᠢ ᠮᠠᠷᠺᠰ᠎ᠤᠨ ᠦᠵᠡᠯ᠎ᠤᠨ ᠰᠣᠨᠢᠨ ᠮᠡᠳᠡᠭᠡᠨ᠎ᠤ ᠦᠵᠡᠯᠲᠡ᠎ᠶᠢ ᠢᠮᠠᠭᠲᠠ ᠪᠠᠷᠢᠮᠲᠠᠯᠠᠵᠤ ᠂ ᠠᠷᠠᠳ ᠲᠦᠮᠡᠨ᠎ᠢᠶᠠᠷ ᠭᠣᠣᠯ ᠪᠣᠯᠭᠠᠬᠤ ᠶᠠᠷᠢᠶ᠎ᠠ ᠬᠡᠯᠡᠯᠴᠡᠭᠡᠨ᠎ᠤ ᠤᠳᠤᠷᠢᠳᠤᠮᠵᠢ᠎ᠶᠢ ᠢᠮᠠᠭᠲᠠ ᠪᠠᠷᠢᠮᠲᠠᠯᠠᠨ ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠠᠯᠢᠪᠠ ᠠᠵᠢᠯ ᠴᠥᠮ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯᠤᠨ ᠨᠡᠶᠢᠭᠡᠮ ᠵᠢᠷᠤᠮ᠎ᠤᠨ ᠪᠠᠶᠢᠭᠤᠯᠤᠯ᠎ᠢ ᠪᠠᠷᠢᠮᠲᠠᠯᠠᠬᠤ᠎ᠳ᠋ᠤ ᠠᠰᠢᠭᠲᠠᠢ ᠂ ᠥᠭᠡᠷᠡᠴᠢᠯᠡᠯᠲᠡ ᠬᠥᠭᠵᠢᠯᠲᠡ᠎ᠶᠢ ᠠᠬᠢᠭᠤᠯᠬᠤ᠎ᠳ᠋ᠤ ᠠᠰᠢᠭᠲᠠᠢ ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠪᠦᠯᠬᠦᠮᠳᠡᠯ᠎ᠢ ᠴᠢᠩᠭᠠᠳᠬᠠᠬᠤ᠎ᠳ᠋ᠤ ᠠᠰᠢᠭᠲᠠᠢ ᠂ ᠨᠡᠶᠢᠭᠡᠮ᠎ᠤᠨ ᠡᠶ᠎ᠡ ᠵᠣᠬᠢᠴᠠᠩᠭᠤᠢ ᠲᠣᠭᠲᠠᠭᠤᠨ᠎ᠢ ᠬᠠᠮᠠᠭᠠᠯᠠᠬᠤ᠎ᠳ᠋ᠤ ᠠᠰᠢᠭᠲᠠᠢ ᠪᠠᠶᠢᠬᠤ᠎ᠶᠢ ᠱᠠᠭᠠᠷᠳᠠᠳᠠᠬ ᠃

ᠰᠣᠨᠢᠨ ᠮᠡᠳᠡᠭᠡᠨ᠎ᠤ ᠠᠵᠢᠯᠲᠠᠳ ᠨᠠᠮ ᠪᠣᠯᠤᠨ ᠠᠷᠠᠳ ᠲᠦᠮᠡᠨ᠎ᠤ ᠨᠢᠳᠦ ᠴᠢᠬᠢ ᠂ ᠲᠠᠭᠤᠨ ᠬᠣᠭᠣᠯᠠᠢ ᠪᠣᠯᠤᠭᠰᠠᠨ᠎ᠤ ᠬᠤᠪᠢ᠎ᠳ᠋ᠤ ᠂ ᠨᠠᠮᠴᠢ ᠴᠢᠨᠠᠷ ᠪᠣᠯᠤᠨ ᠠᠷᠠᠳᠴᠢ ᠴᠢᠨᠠᠷ᠎ᠤᠨ ᠨᠢᠭᠡᠳᠦᠯ᠎ᠢ ᠢᠮᠠᠭᠲᠠ ᠪᠠᠷᠢᠮᠲᠠᠯᠠᠵᠤ ᠂ ᠬᠣᠷᠢᠭ᠎ᠠ ᠱᠤᠭᠤᠮ᠎ᠤᠨ ᠰᠡᠳᠬᠢᠬᠦᠢ᠎ᠶᠢ ᠪᠠᠷᠢᠮᠲᠠᠯᠠᠨ ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ ᠂ ᠨᠠᠮ᠎ᠤᠨ ᠲᠥᠯᠥᠭᠡ ᠂ ᠠᠷᠠᠳ ᠲᠦᠮᠡᠨ᠎ᠤ ᠲᠥᠯᠥᠭᠡ ︽ ᠬᠠᠷᠠᠭᠤᠯ ᠵᠣᠭᠰᠣᠵᠤ ︾ ᠂ ᠪᠠᠭ᠎ᠠ᠎ᠡᠴᠠ ᠶᠡᠬᠡ᠎ᠶᠢ ᠣᠯᠵᠤ ᠮᠡᠳᠡᠨ ᠂ ᠤᠷᠢᠳᠴᠢᠯᠠᠨ ᠰᠡᠷᠭᠡᠶᠢᠯᠡᠬᠦ ᠬᠡᠷᠡᠭᠲᠡᠢ ᠃ ᠶᠠᠮᠠᠷ ᠲᠤᠭ᠎ᠢ ᠮᠠᠨᠳᠤᠭᠤᠯᠬᠤ ᠂ ᠶᠠᠮᠠᠷ ᠵᠠᠮ᠎ᠢᠶᠠᠷ ᠵᠠᠮᠨᠠᠬᠤ ᠠᠰᠠᠭᠤᠳᠠᠯ ᠳᠡᠭᠡᠷ᠎ᠡ ᠢᠮᠠᠭᠲᠠ ᠲᠠᠷᠢᠬᠢ ᠲᠣᠯᠣᠭᠠᠶ ᠰᠡᠷᠭᠡᠭ ᠪᠠᠶᠢᠵᠤ ᠂ ᠨᠠᠮ᠎ᠢᠶᠡᠨ ᠬᠠᠶᠢᠷᠠᠯᠠᠬᠤ ᠂ ᠨᠠᠮ᠎ᠢᠶᠡᠨ ᠬᠠᠮᠠᠭᠠᠯᠠᠬᠤ ᠂ ᠨᠠᠮ᠎ᠤᠨ ᠲᠥᠯᠥᠭᠡ ᠪᠠᠶᠢᠬᠤ᠎ᠶᠢ ᠪᠡᠶᠡᠯᠡᠭᠦᠯᠬᠦ ᠬᠡᠷᠡᠭᠲᠡᠶ ᠃ ᠰᠣᠨᠢᠨ ᠮᠡᠳᠡᠭᠡ ᠰᠤᠷᠲᠠᠯ ᠤᠬᠠᠭᠤᠯᠭ᠎ᠠ᠎ᠶᠢᠨ ᠠᠵᠢᠯ᠎ᠢ ᠬᠢᠬᠦ᠎ᠨᠢ ᠲᠠᠩ ᠭᠠᠭᠴᠠ ᠤᠬᠠᠭᠠᠯᠠᠵᠤ ᠰᠤᠷᠪᠤᠯᠵᠢᠯᠠᠨ ᠪᠢᠴᠢᠵᠦ ᠰᠡᠭᠥᠳᠡᠷᠯᠡᠨ ᠨᠠᠶᠢᠷᠠᠭᠤᠯᠤᠨ ᠥᠢᠯᠡᠳᠬᠥ ᠵᠡᠷᠭᠡ ᠲᠤᠬᠠᠶᠢᠯᠠᠭᠰᠠᠨ ᠠᠵᠢᠯ ᠪᠢᠰᠢ ᠂ ᠲᠡᠷᠢᠭᠦᠨ ᠪᠠᠶᠢᠷᠢᠨ᠎ᠳ᠋ᠤ ᠲᠠᠯᠪᠢᠭᠳᠠᠵᠣ ᠪᠠᠶᠢᠭ᠎ᠠ᠎ᠨᠢ ᠤᠯᠤᠰ ᠲᠦᠷᠦ᠎ᠶᠢ ᠡᠷᠬᠢᠮᠯᠡᠬᠦ ᠶᠠᠪᠤᠳᠠᠯ ᠪᠣᠯᠬᠣ᠎ᠶᠢ ᠰᠡᠷᠭᠡᠭ᠎ᠢᠶᠠᠷ ᠲᠠᠨᠢᠵᠤ ᠤᠯᠬᠤ ᠬᠡᠷᠡᠭᠲᠡᠢ ᠃ ᠬᠡᠷᠪᠡ ᠰᠡᠳᠬᠢᠯ᠎ᠳ᠋ᠡᠭᠡᠨ ᠤᠯᠤᠰ ᠲᠥᠷᠥ ᠦᠭᠡᠢ ᠪᠣᠯ ᠦᠵᠡᠯ ᠰᠠᠨᠠᠭᠠᠨ ᠳᠡᠭᠡᠷ᠎ᠡ᠎ᠪᠠᠨ ᠰᠡᠷᠭᠡᠶᠢᠯᠡᠯᠲᠡ᠎ᠶᠢᠨ ᠱᠤᠭᠤᠮ ᠦᠭᠡᠢ᠎ᠲᠠᠢ ᠠᠳᠠᠯᠢ ᠃ ᠰᠣᠨᠢᠨ ᠮᠡᠳᠡᠭᠡᠨ᠎ᠤ ᠠᠵᠢᠯᠲᠠᠳ ᠪᠣᠯ ᠴᠢᠯᠥᠭᠡᠲᠡᠢ᠎ᠪᠠᠷ ᠵᠣᠬᠢᠶᠠᠯ ᠪᠢᠴᠢᠳᠡᠭ ᠬᠥᠮᠦᠰ ᠪᠢᠰᠢ ᠂ ᠬᠠᠷᠢᠨ ᠨᠠᠮ᠎ᠤᠨ ᠰᠣᠨᠢᠨ ᠮᠡᠳᠡᠭᠡᠨ᠎ᠤ ᠦᠢᠯᠡᠰ᠎ᠤᠨ ᠨᠢᠭᠡᠨ ᠪᠦᠷᠢᠯᠳᠦᠬᠦᠨ ᠭᠡᠳᠡᠭ᠎ᠢ ᠰᠡᠷᠭᠡᠭ᠎ᠢᠶᠠᠷ ᠲᠠᠨᠢᠵᠤ ᠤᠯᠬᠤ ᠬᠡᠷᠡᠭᠲᠡᠢ ᠃ ︽ ᠬᠡᠨ᠎ᠤ ᠲᠥᠯᠥᠭᠡ ᠂ ᠬᠡᠨ᠎ᠳ᠋ᠤ ᠲᠦᠰᠢᠭᠯᠡᠬᠦ ᠂ ᠪᠢ ᠬᠡᠨ ᠪᠤᠢ ︾ ᠭᠡᠳᠡᠭ᠎ᠢᠶᠡᠨ ᠢᠮᠠᠭᠲᠠ ᠪᠠᠲᠤ ᠴᠡᠭᠡᠵᠢᠯᠡᠵᠦ ᠂ ᠮᠠᠷᠺᠰ᠎ᠤᠨ ᠦᠵᠡᠯ᠎ᠤᠨ ᠰᠣᠨᠢᠨ ᠮᠡᠳᠡᠭᠡᠨ᠎ᠤ ᠦᠵᠡᠯᠲᠡ ᠂ ᠠᠮᠢᠳᠤᠷᠠᠬᠤᠢ᠎ᠶᠢᠨ ᠦᠵᠡᠯᠲᠡ ᠂ ᠦᠷᠳᠡᠭ᠎ᠤᠨ ᠦᠵᠡᠯᠲᠡ᠎ᠶᠢ ᠢᠮᠠᠭᠲᠠ ᠪᠠᠷᠢᠮᠲᠠᠯᠠᠬᠤ᠎ᠶᠢᠨ ᠬᠠᠮᠲᠤ ᠬᠤᠪᠢ ᠬᠥᠮᠦᠨ᠎ᠤ ᠰᠣᠨᠢᠨ ᠮᠡᠳᠡᠭᠡᠨ᠎ᠤ ᠦᠢᠯᠡᠳᠦᠯᠭᠡ᠎ᠶᠢᠨ ᠠᠵᠢᠯᠯᠠᠭ᠎ᠠ᠎ᠶᠢ ᠢᠮᠠᠭᠲᠠ ᠵᠢᠯᠣᠭᠣᠳᠬᠤ ᠬᠡᠷᠡᠭᠲᠡᠢ ᠃ ᠬᠠᠷᠢᠭᠤᠴᠠᠯᠭ᠎ᠠ᠎ᠶᠢᠨ ᠤᠬᠠᠮᠰᠠᠷ᠎ᠢᠶᠡᠨ ᠲᠠᠰᠤᠷᠠᠯᠲᠠ ᠦᠭᠡᠢ ᠴᠢᠩᠭᠠᠳᠬᠠᠵᠤ ᠂ ᠬᠠᠷᠢᠭᠤᠴᠠᠯᠭ᠎ᠠ᠎ᠪᠠᠨ ᠰᠡᠳᠬᠢᠯ᠎ᠳ᠋ᠡᠭᠡᠨ ᠮᠡᠳᠡᠨ ᠮᠦᠷᠦᠨ᠎ᠳ᠋ᠡᠭᠡᠨ ᠡᠭᠦᠷᠭᠡᠯᠡᠵᠦ ᠂ ᠵᠣᠷᠢᠭᠲᠠᠢ᠎ᠪᠠᠷ ᠠᠰᠠᠭᠤᠳᠠᠯ᠎ᠳ᠋ᠤ ᠰᠢᠭᠤᠳ ᠬᠠᠨᠳᠤᠵᠤ ᠂ ᠵᠥᠷᠢᠴᠡᠯ᠎ᠡᠴᠠ ᠵᠠᠶᠢᠯᠠᠬᠤ ᠦᠭᠡᠢ ᠂ ᠠᠰᠠᠭᠤᠳᠠᠯ᠎ᠢ ᠨᠢᠭᠤᠨ ᠳᠠᠯᠳᠠᠯᠠᠬᠤ ᠦᠭᠡᠢ ᠪᠠᠶᠢᠬᠤ ᠬᠡᠷᠡᠭᠲᠡᠢ ᠃ ᠨᠠᠮ᠎ᠤᠨ ᠳᠠᠭᠤᠨ᠎ᠢ ᠴᠠᠭ ᠲᠤᠬᠠᠶ᠎ᠳ᠋ᠤᠨᠢ ᠣᠨᠣᠪᠴᠢᠲᠠᠶ ᠤᠯᠠᠮᠵᠢᠯᠠᠬᠤ ᠮᠥᠷᠲᠡᠭᠡᠨ ᠠᠷᠠᠳ᠎ᠤᠨ ᠠᠮᠢᠳᠤᠷᠠᠯ᠎ᠢ ᠪᠤᠰᠤᠳᠴᠢ᠎ᠪᠠᠷ ᠦᠨᠡᠨ ᠪᠣᠳᠠᠲᠠᠶ᠎ᠪᠠᠷ ᠲᠤᠰᠬᠠᠵᠤ ᠂ ᠨᠠᠮ ᠪᠣᠯᠤᠨ ᠠᠷᠠᠳ ᠲᠦᠮᠡᠨ᠎ᠤ ᠴᠢᠰᠤ ᠮᠢᠬᠠᠨ᠎ᠤ ᠬᠠᠷᠢᠴᠠᠭ᠎ᠠ᠎ᠶᠢ ᠤᠯᠠᠮ ᠨᠢᠭᠡ ᠠᠯᠬᠤᠮ ᠨᠢᠭᠲᠠᠷᠠᠭᠤᠯᠬᠤ ᠬᠡᠷᠡᠭᠲᠡᠶ ᠃

ᠤᠯᠤᠰ ᠲᠥᠷᠥ᠎ᠶᠢ ᠡᠷᠬᠢᠮᠯᠡᠬᠥ᠎ᠳ᠋ᠤ ᠡᠷᠬᠡᠪᠰᠢ ᠤᠯᠤᠰ ᠲᠥᠷᠥ᠎ᠶᠢᠨ ᠭᠥᠢᠴᠡᠳᠭᠡᠬᠥ ᠴᠢᠳᠠᠪᠥᠷᠢ᠎ᠪᠠᠨ ᠳᠡᠭᠡᠭᠰᠢᠯᠡᠭᠥᠯᠬᠥ ᠬᠡᠷᠡᠭᠲᠠᠢ

ᠣᠳᠣᠬᠠᠨ᠎ᠳ᠋ᠤ ᠂ ᠮᠠᠨ᠎ᠤ ᠭᠣᠣᠯ ᠵᠠᠭᠤᠴᠢᠯᠠᠭᠤᠷ᠎ᠤᠨ ᠬᠠᠮᠤᠭ᠎ᠤᠨ ᠶᠡᠬᠡ ᠤᠯᠤᠰ ᠲᠦᠷᠦ᠎ᠶᠢᠨ ᠡᠭᠦᠷᠭᠡ ᠪᠣᠯ ᠂ ᠳᠠᠷᠤᠢ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ᠎ᠶᠢ ᠤᠬᠠᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠎ᠶᠢ ᠦᠷᠭᠦᠯᠵᠢᠯᠡᠨ ᠰᠠᠶᠢᠲᠤᠷ ᠬᠢᠵᠦ ᠂ ᠤᠯᠠᠨ ᠲᠦᠮᠡᠨ᠎ᠤ ᠦᠵᠡᠯ ᠰᠠᠨᠠᠭ᠎ᠠ᠎ᠶᠢ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶᠢᠭᠡᠮ ᠵᠢᠷᠤᠮ᠎ᠤᠨ ᠵᠠᠮ ᠳᠡᠭᠡᠷ᠎ᠡ ᠨᠢᠭᠡᠳᠬᠡᠨ ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶᠢᠭᠡᠮ ᠵᠢᠷᠤᠮ᠎ᠤᠨ ᠠᠭᠤᠤ ᠶᠡᠬᠡ ᠢᠯᠠᠯᠲᠠ᠎ᠶᠢ ᠲᠡᠮᠡᠴᠡᠨ ᠤᠯᠬᠤ ᠳᠡᠭᠡᠷ᠎ᠡ ᠨᠢᠭᠡᠳᠬᠡᠵᠦ ᠂ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠶᠢᠨ ᠳᠤᠮᠳᠠᠳᠤ᠎ᠶᠢᠨ ᠵᠡᠭᠦᠳᠦ᠎ᠶᠢ ᠲᠡᠷᠭᠡᠯᠰᠢᠭᠦᠯᠬᠦ᠎ᠶᠢᠨ ᠲᠥᠯᠥᠭᠡ ᠴᠥᠬᠥᠷᠡᠰᠢ ᠦᠭᠡᠢ ᠲᠡᠮᠡᠴᠡᠬᠦᠯᠬᠦ ᠶᠠᠪᠤᠳᠠᠯ ᠪᠣᠯᠤᠨ᠎ᠠ ᠃

ᠤᠯᠤᠰ ᠲᠦᠷᠦ᠎ᠶᠢᠨ ᠬᠥᠢᠴᠡᠳᠭᠡᠬᠥ ᠴᠢᠳᠠᠪᠥᠷᠢ᠎ᠨᠢ ᠰᠣᠨᠢᠨ ᠮᠡᠳᠡᠭᠡᠨ᠎ᠤ ᠠᠵᠢᠯᠲᠠᠳ᠎ᠤᠨ ᠤᠯᠤᠰ ᠲᠦᠷᠦ᠎ᠶᠢᠨ ᠦᠨᠡᠨᠴᠢ ᠰᠢᠳᠤᠷᠭᠤ᠎ᠶᠢᠨ ᠬᠡᠮᠵᠢᠶ᠎ᠡ ᠂ ᠤᠯᠤᠰ ᠲᠦᠷᠦ᠎ᠶᠢᠨ ᠬᠠᠷᠢᠭᠤᠴᠠᠯᠭᠠᠲᠤ ᠰᠡᠳᠬᠢᠯᠭᠡ ᠂ ᠤᠯᠤᠰ ᠲᠦᠷᠦ᠎ᠶᠢᠨ ᠬᠤᠷᠴᠠ ᠰᠡᠷᠭᠡᠭ ᠴᠢᠨᠠᠷ᠎ᠤᠨ ᠰᠢᠭᠤᠳ ᠰᠢᠯᠭᠠᠯᠲᠠ ᠪᠣᠯᠤᠨ᠎ᠠ ᠂ ᠰᠣᠨᠢᠨ ᠮᠡᠳᠡᠭᠡᠨ᠎ᠤ ᠠᠵᠢᠯᠲᠠᠳ ᠨᠢᠳᠤᠨ᠎ᠳ᠋ᠡᠭᠡᠨ ᠶᠡᠬᠡ ᠲᠠᠯ᠎ᠠ᠎ᠶᠢ ᠬᠠᠷᠠᠵᠤ ᠂ ᠴᠡᠭᠡᠵᠢᠨ᠎ᠳ᠋ᠡᠭᠡᠨ ᠡᠭᠥᠷᠭᠡ ᠬᠠᠷᠢᠭᠤᠴᠠᠯᠭ᠎ᠠ᠎ᠪᠠᠨ ᠪᠠᠬᠳᠠᠭᠠᠨ ᠂ ᠰᠡᠳᠬᠢᠯ᠎ᠳ᠋ᠡᠭᠡᠨ ᠠᠷᠠᠳ ᠲᠦᠮᠡᠨ᠎ᠢ ᠪᠤᠳᠤᠵᠦ ᠂ ︽ ᠲᠦᠷᠪᠡᠨ ᠤᠬᠠᠮᠰᠠᠷ ︾᠎ᠢ ᠪᠤᠢ ᠪᠣᠯᠭᠠᠵᠤ ᠂ ︽ ᠲᠦᠷᠪᠡᠨ ᠢᠲᠡᠭᠡᠯ ︾᠎ᠢᠶᠡᠨ ᠪᠠᠲᠤᠳᠬᠠᠨ ᠂ ︽ ᠬᠣᠶᠠᠷ᠎ᠢ ᠬᠠᠮᠠᠭᠠᠯᠠᠬᠤ ︾᠎ᠶᠢ ᠪᠡᠶᠡᠯᠡᠭᠦᠯᠵᠦ ᠂ ᠡᠷᠡᠰ ᠴᠢᠩᠭ᠎ᠠ ᠤᠯᠤᠰ ᠲᠦᠷᠦ᠎ᠶᠢᠨ ᠬᠥᠢᠴᠡᠳᠭᠡᠬᠥ ᠴᠢᠳᠠᠪᠥᠷᠢ᠎ᠪᠠᠷ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠲᠠᠶᠢᠯᠪᠤᠷᠢᠯᠠᠨ ᠂ ᠲᠡᠮᠡᠴᠡᠯ᠎ᠤᠨ ᠵᠣᠷᠢᠭ ᠰᠠᠨᠠᠭ᠎ᠠ᠎ᠶᠢ ᠪᠠᠳᠠᠷᠠᠭᠤᠯᠵᠤ ᠂ ᠨᠠᠮ ᠪᠣᠯᠤᠨ ᠠᠷᠠᠳ ᠲᠦᠮᠡᠨ᠎ᠤ ᠦᠢᠯᠡᠰ᠎ᠤᠨ ᠲᠥᠯᠥᠭᠡ ᠤᠷᠢᠶᠠᠯᠠᠬᠤ ᠬᠡᠷᠡᠭᠲᠡᠢ ᠃ ᠨᠠᠮ᠎ᠳᠠᠭᠠᠨ ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠶᠢᠵᠦ ᠂ ᠨᠠᠮ᠎ᠤᠨ ᠲᠥᠯᠥᠭᠡ ᠰᠠᠨᠠᠭᠠᠰᠢᠷᠠᠨ ᠂ ᠨᠠᠮ᠎ᠤᠨ ᠲᠥᠯᠥᠭᠡ ᠠᠯᠢᠪᠠ᠎ᠪᠠᠨ ᠵᠣᠷᠢᠭᠤᠯᠬᠤ ᠬᠡᠷᠡᠭᠳᠡᠢ ᠂ ᠢᠯᠠᠩᠭᠤᠶ᠎ᠠ ᠤᠯᠤᠰ᠎ᠤᠨ ᠶᠡᠬᠡ ᠶᠠᠪᠤᠳᠠᠯ᠎ᠳ᠋ᠤ ᠳᠣᠲᠣᠷ᠎ᠠ᠎ᠪᠠᠨ ᠲᠣᠭ᠎ᠠ᠎ᠲᠠᠢ ᠪᠠᠶᠢᠵᠤ ᠂ ᠨᠠᠮ᠎ᠤᠨ ᠲᠥᠪ ᠬᠣᠷᠢᠶ᠎ᠠ ᠶᠠᠭᠤ᠎ᠶᠢ ᠬᠠᠯᠠᠮᠵᠢᠯᠠᠵᠤ ᠪᠠᠶᠢᠬᠤ ᠂ ᠶᠠᠭᠤ᠎ᠶᠢ ᠴᠢᠬᠤᠯᠠᠴᠢᠯᠠᠵᠤ ᠪᠠᠶᠢᠬᠤ᠎ᠶᠢ ᠴᠠᠭ ᠢᠮᠠᠭᠲᠠ ᠠᠩᠬᠠᠷᠴᠤ ᠂ ᠨᠠᠮ ᠪᠠ ᠤᠯᠤᠰ᠎ᠤᠨ ᠬᠠᠮᠤᠭ᠎ᠤᠨ ᠴᠢᠬᠤᠯᠠ ᠠᠰᠢᠭ ᠲᠤᠰᠠ ᠭᠡᠵᠦ ᠶᠠᠭᠤ ᠪᠣᠯᠬᠤ ᠂ ᠬᠠᠮᠤᠭ᠎ᠤᠨ ᠡᠷᠡᠰ ᠬᠠᠮᠠᠭᠠᠯᠠᠬᠤ ᠴᠢᠬᠤᠯᠠᠲᠠᠢ ᠵᠣᠭᠰᠣᠯᠲᠠ ᠶᠠᠭᠤ ᠪᠣᠯᠬᠤ᠎ᠶᠢ ᠭᠦᠨᠵᠡᠭᠡᠢ ᠣᠶᠢᠯᠠᠭᠠᠨ ᠂ ᠤᠯᠤᠰ ᠲᠦᠷᠦ᠎ᠶᠢ ᠡᠷᠬᠢᠮᠯᠡᠬᠦ ᠱᠠᠭᠠᠷᠳᠠᠯᠭ᠎ᠠ᠎ᠶᠢ ᠭᠠᠳᠠᠭᠠᠳᠤ ᠱᠠᠭᠠᠷᠳᠠᠯᠭ᠎ᠠ᠎ᠡᠴᠠ ᠳᠣᠲᠣᠭᠠᠳᠤ ᠰᠠᠨᠠᠭᠠᠴᠢᠯᠠᠭᠠᠲᠤ ᠴᠢᠨᠠᠷ ᠪᠣᠯᠭᠠᠨ ᠬᠤᠪᠢᠷᠠᠭᠤᠯᠵᠤ ᠂ ᠨᠠᠮ᠎ᠤᠨ ᠲᠥᠪ ᠬᠣᠷᠢᠶᠠᠨ᠎ᠤ ᠰᠠᠨᠠᠭᠠᠴᠢᠯᠠᠭ᠎ᠠ᠎ᠶᠢ ᠡᠷᠡᠰ ᠲᠦᠷᠦᠭᠦᠯᠡᠨ ᠴᠤᠤᠷᠢᠶᠠᠲᠤᠵᠤ ᠂ ᠨᠠᠮ᠎ᠤᠨ ᠲᠥᠪ ᠬᠣᠷᠢᠶᠠᠨ᠎ᠤ ᠲᠣᠭᠲᠠᠭᠠᠯ᠎ᠢ ᠡᠷᠡᠰ ᠲᠦᠷᠦᠭᠦᠯᠡᠨ ᠬᠡᠷᠡᠭᠵᠢᠭᠦᠯᠵᠦ ᠂ ᠨᠠᠮ᠎ᠤᠨ ᠲᠥᠪ ᠬᠣᠷᠢᠶᠠᠨ᠎ᠤ ᠬᠤᠷᠢᠭ᠎ᠠ ᠴᠠᠭᠠᠵᠠ᠎ᠶᠢ ᠡᠷᠡᠰ ᠬᠢᠬᠦ ᠦᠭᠡᠢ ᠪᠠᠶᠢᠬᠤ ᠬᠡᠷᠡᠭᠲᠡᠢ ᠃

ᠰᠣᠨᠢᠨ ᠮᠡᠳᠡᠭᠡᠨ᠎ᠤ ᠠᠵᠢᠯᠲᠠᠳ ᠪᠣᠯ ᠦᠵᠡᠯ ᠤᠬᠠᠮᠰᠠᠷ᠎ᠤᠨ ᠬᠡᠯᠪᠡᠷᠢ᠎ᠶᠢᠨ ᠬᠦᠷᠢᠶᠡᠨ᠎ᠳ᠋ᠠᠬᠢ ᠬᠣᠰᠢᠭᠤᠴᠢ ᠴᠡᠷᠢᠭ ᠪᠣᠯᠬᠣᠷ ᠯᠠᠪᠳᠠᠭᠤᠨ ᠲᠣᠭᠲᠠᠭᠤᠨ᠎ᠢᠶᠠᠷ ᠭᠦᠨᠵᠡᠭᠡᠢ ᠪᠠᠶᠢᠴᠠᠭᠠᠨ ᠰᠤᠳᠤᠯᠵᠦ ᠂ ᠡᠯ᠎ᠡ ᠱᠠᠳᠣᠨ᠎ᠤ ᠨᠠᠮ᠎ᠤᠨ ᠬᠤᠷᠢᠶ᠎ᠠ ᠂ ᠵᠠᠰᠠᠭ᠎ᠤᠨ ᠣᠷᠳᠣᠨ᠎ᠳ᠋ᠤ ᠥᠨᠠᠨ ᠪᠤᠳᠠᠳᠠᠢ ᠰᠠᠨᠠᠯ ᠰᠠᠨᠠᠭᠤᠯᠭ᠎ᠠ ᠳᠤᠷᠠᠳᠬᠤ ᠬᠡᠷᠡᠭᠲᠡᠢ ᠃ ᠨᠠᠮ᠎ᠤᠨ ᠤᠨᠦᠯ ᠂ ᠱᠤᠭᠤᠮ ᠂ ᠴᠢᠭᠯᠡᠯᠲᠡ ᠂ ᠲᠤᠢᠷᠦ᠎ᠶᠢᠨ ᠪᠤᠳᠦᠯᠭ᠎ᠠ᠎ᠶᠢ ᠪᠡᠶ᠎ᠡ᠎ᠪᠠᠷ᠎ᠢᠶᠡᠨ ᠲᠦᠷᠦᠭᠦᠯᠡᠨ ᠦᠢᠯᠡᠳᠦᠯᠭᠡᠵᠢᠭᠦᠯᠵᠦ ᠂ ᠠᠷᠠᠳ ᠤᠯᠡᠠ᠎ᠢ ᠬᠦᠳᠦᠯᠦᠠ ᠵᠢᠯᠣᠭᠣᠳᠴᠤ ᠨᠠᠮ᠎ᠤᠨ ᠵᠥᠪ ᠰᠢᠢᠳᠪᠦᠷᠢᠲᠦ ᠪᠤᠳᠦᠯᠭ᠎ᠠ᠎ᠶᠢ ᠬᠡᠷᠡᠭᠵᠢᠭᠦᠯᠬᠦ ᠪᠣᠯᠭᠠᠬᠤ ᠬᠡᠷᠡᠭᠲᠡᠢ ᠃ ᠰᠣᠨᠢᠨ ᠮᠡᠳᠡᠭᠡᠨ᠎ᠤ ᠠᠵᠢᠯᠲᠠᠳ ᠪᠣᠳᠠᠲᠠᠢ ᠵᠥᠷᠢᠴᠡᠯ ᠪᠣᠯᠤᠨ ᠠᠰᠠᠭᠤᠳᠠᠯ᠎ᠳ᠋ᠤ ᠬᠠᠨᠳᠤᠬᠤ᠎ᠳᠠᠭᠠᠨ ᠂ ᠢᠮᠠᠭᠲᠠ ᠴᠠᠭ ᠦᠶ᠎ᠡ᠎ᠶᠢᠨ ᠤᠷᠤᠰᠬᠠᠯ᠎ᠤᠨ ᠡᠮᠦᠨ᠎ᠡ ᠡᠩᠨᠡᠭᠡ᠎ᠳ᠋ᠤ ᠬᠣᠰᠢᠭᠤᠷᠠᠵᠤ ᠂ ᠡᠷᠲᠡᠨ ᠡᠳᠦᠭᠡ᠎ᠶᠢᠨ ᠬᠤᠪᠢᠷᠠᠯᠲᠠ᠎ᠶᠢ ᠨᠡᠪᠲᠡᠷᠬᠡᠢ ᠣᠶᠢᠯᠠᠭᠠᠨ ᠂ ᠨᠠᠮ ᠪᠣᠯᠤᠨ ᠠᠷᠠᠳ ᠲᠦᠮᠡᠨ᠎ᠤ ᠲᠥᠯᠥᠭᠡ ᠢᠳᠡᠪᠬᠢᠲᠡᠢ᠎ᠪᠠᠷ ᠠᠷᠭ᠎ᠠ ᠤᠬᠠᠭᠠᠨ ᠭᠠᠷᠭᠠᠵᠤ ᠂ ᠲᠡᠦᠬᠡ᠎ᠡᠴᠠ ᠣᠯᠭᠣᠭᠰᠠᠨ ᠢᠷᠠᠭᠤ ᠠᠯᠳᠠᠷᠲᠤ ᠡᠭᠦᠷᠭᠡ᠎ᠶᠢ ᠢᠳᠡᠪᠬᠢᠲᠠᠢ ᠡᠭᠦᠷᠭᠡᠯᠡᠬᠦ ᠬᠡᠷᠡᠭᠲᠡᠢ ᠃

2018 ᠣᠨ᠎ᠤ 8 ᠰᠠᠷ᠎ᠠ᠎ᠳ᠋ᠤ ᠂ ᠶᠡᠷᠦᠩᠬᠡᠢ ᠱᠦᠵᠢ ᠰᠢ᠎ᠶᠢᠨ ᠫᠢᠩ ᠪᠦᠬᠦ ᠤᠯᠤᠰ᠎ᠤᠨ ᠰᠤᠷᠲᠠᠯ ᠤᠬᠠᠭᠤᠯᠭ᠎ᠠ ᠦᠵᠡᠯ ᠰᠠᠨᠠᠭᠠᠨ᠎ᠤ ᠠᠵᠢᠯ᠎ᠤᠨ ᠬᠤᠷᠠᠯ ᠳᠡᠭᠡᠷ᠎ᠡ ᠂ ︽ ᠳᠦᠷᠪᠡᠨ ᠴᠢᠳᠠᠪᠤᠷᠢ᠎︾᠎ᠪᠠᠨ ᠲᠠᠰᠤᠷᠠᠯᠳᠡ ᠦᠭᠡᠢ ᠳᠡᠭᠡᠭᠰᠢᠯᠡᠭᠦᠯᠵᠦ ᠂ ᠤᠯᠤᠰ ᠲᠦᠷᠦ᠎ᠶᠢᠨ ᠲᠠᠯ᠎ᠠ᠎ᠪᠠᠷ ᠪᠠᠲᠤ ᠴᠢᠩᠭ᠎ᠠ ᠂ ᠴᠢᠳᠠᠪᠤᠷᠢ ᠰᠠᠢᠨ ᠂ ᠦᠨᠡᠨ᠎ᠢ ᠪᠠᠷᠢᠮᠲᠠᠯᠠᠨ ᠰᠢᠨ᠎ᠡ᠎ᠶᠢ ᠡᠭᠦᠳᠬᠦ ᠂ ᠢᠯᠠᠭᠤᠭᠰᠠᠨ ᠲᠠᠢᠨ ᠬᠢᠵᠦ ᠴᠢᠳᠠᠬᠤ ᠰᠤᠷᠲᠠᠯ ᠤᠬᠠᠭᠤᠯᠭ᠎ᠠ ᠦᠵᠡᠯ ᠰᠠᠨᠠᠭᠠᠨ᠎ᠤ ᠠᠵᠢᠯ᠎ᠤᠨ ᠡᠩᠨᠡᠭᠡ᠎ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ ᠃ ᠥᠷᠭᠡᠨ ᠤᠯᠠᠨ ᠰᠣᠨᠢᠨ ᠮᠡᠳᠡᠭᠡᠨ᠎ᠤ ᠠᠵᠢᠯᠳᠠᠨ ᠡᠨᠡ ᠬᠥ ᠬᠦᠰᠡᠯ ᠨᠠᠶᠢᠳᠠᠯᠭ᠎ᠠ᠎ᠶᠢ ᠪᠠᠲᠤ ᠴᠡᠭᠡᠵᠢᠯᠡᠵᠦ ᠂ ᠵᠣᠷᠢᠭᠲᠠᠢ᠎ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠨ ᠂ ︽ ᠲᠦᠷᠪᠡᠨ ᠴᠢᠳᠠᠪᠥᠷᠢ ︾᠎ᠪᠠᠨ ᠴᠢᠩᠭᠠᠳᠬᠠᠬᠤ ᠦᠢᠯᠡᠳᠦᠯᠭᠡ ᠳᠤᠮᠳᠠ ᠲᠦᠷᠦᠭᠦᠯᠡᠨ ᠰᠤᠷᠤᠯᠴᠠᠵᠤ ᠂ ᠲᠦᠷᠦᠭᠦᠯᠡᠨ ᠤᠷᠤᠭᠰᠢᠯᠠᠵᠤ ᠂ ᠤᠯᠤᠰ ᠲᠦᠷᠦ᠎ᠶᠢᠨ ᠴᠢᠳᠠᠪᠤᠷᠢ᠎ᠪᠠᠨ ᠬᠦᠴᠦᠯᠡᠨ ᠳᠡᠭᠡᠭᠰᠢᠯᠡᠭᠦᠯᠵᠦ ᠂ ᠤᠯᠤᠰ ᠲᠦᠷᠦ᠎ᠶᠢᠨ ᠲᠠᠷᠢᠬᠢ ᠲᠣᠯᠣᠭᠠᠢ᠎ᠪᠠᠨ ᠢᠮᠠᠭᠲᠠ ᠰᠡᠷᠭᠡᠭ ᠪᠠᠶᠢᠯᠭᠠᠬᠤ ᠬᠡᠷᠡᠭᠳᠠᠢ ᠃ ᠨᠠᠮ᠎ᠤᠨ ᠣᠨᠣᠯ ᠂ ᠱᠤᠭᠤᠮ ᠂ ᠴᠢᠭᠯᠡᠯᠲᠡ ᠲᠥᠷᠥ᠎ᠶᠢᠨ ᠪᠣᠳᠣᠯᠭ᠎ᠠ ᠪᠣᠯᠤᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠎ᠶᠢ ᠰᠠᠶᠢᠲᠤᠷ ᠤᠬᠠᠭᠤᠯᠵᠤ ᠂ ᠰᠠᠶᠢᠲᠤᠷ ᠲᠠᠶᠢᠯᠪᠤᠷᠢᠯᠠᠨ ᠂ ᠰᠠᠶᠢᠲᠤᠷ ᠨᠠᠶᠢᠳᠠᠪᠤᠷᠢᠵᠢᠭᠤᠯᠵᠤ ᠂ ᠢᠮᠠᠭᠲᠠ ᠤᠯᠤᠰ ᠲᠥᠷᠥ᠎ᠶᠢᠨ ᠵᠣᠭᠰᠣᠯᠲᠠ ᠂ ᠤᠯᠤᠰ ᠲᠥᠷᠥ᠎ᠶᠢᠨ ᠴᠢᠭᠯᠡᠯ ᠂ ᠤᠯᠤᠰ ᠲᠥᠷᠥ᠎ᠶᠢᠨ ᠵᠠᠷᠴᠢᠮ ᠂ ᠤᠯᠤᠰ ᠲᠥᠷᠥ᠎ᠶᠢᠨ ᠵᠠᠮ ᠳᠡᠭᠡᠷ᠎ᠡ ᠰᠢ᠎ᠶᠢᠨ ᠫᠢᠩ ᠨᠥᠬᠥᠷ᠎ᠢᠶᠠᠷ ᠭᠤᠤᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠶ ᠪᠠᠶᠢᠬᠤ ᠬᠡᠷᠡᠭᠲᠡᠶ ᠃ ᠮᠠᠷᠺᠰ᠎ᠤᠨ ᠦᠵᠡᠯ᠎ᠤᠨ ᠰᠣᠨᠢᠨ ᠮᠡᠳᠡᠭᠡᠨ᠎ᠤ ᠦᠵᠡᠯᠲᠡ᠎ᠶᠢ ᠪᠠᠲᠤ ᠪᠠᠷᠢᠮᠲᠠᠯᠠᠵᠤ ᠂ ᠤᠯᠤᠰ ᠲᠦᠷᠦᠴᠢᠨ ᠰᠣᠨᠢᠨ ᠰᠡᠳᠬᠦᠯ ᠡᠷᠬᠢᠯᠡᠵᠤ ᠂ ᠷᠠᠳᠢᠣ᠋ ᠲᠧᠯᠧᠢᠰ ᠡᠷᠬᠢᠯᠡᠨ ᠂ ᠰᠣᠨᠢᠨ ᠮᠡᠳᠡᠭᠡᠨ᠎ᠤ ᠰᠦᠯᠵᠢᠶ᠎ᠡ᠎ᠶᠢ ᠡᠷᠬᠢᠯᠡᠬᠦ᠎ᠶᠢ ᠪᠠᠷᠢᠮᠲᠠᠯᠠᠨ ᠂ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ᠎ᠶᠢ ᠡᠷᠬᠢᠮᠯᠡᠬᠦ ᠱᠠᠭᠠᠷᠳᠠᠯᠭ᠎ᠠ᠎ᠶᠢ ᠰᠣᠨᠢᠨ ᠮᠡᠳᠡᠭᠡ ᠶᠠᠷᠢᠶ᠎ᠠ ᠬᠡᠯᠡᠯᠴᠡᠭᠡᠨ᠎ᠤ ᠠᠵᠢᠯ᠎ᠤᠨ ᠡᠯ᠎ᠡ ᠭᠣᠭᠴᠣᠭ᠎ᠠ ᠂ ᠪᠦᠬᠦ ᠶᠠᠪᠤᠴᠠ᠎ᠳ᠋ᠤ ᠲᠤᠭᠤᠰᠢᠯᠠᠭᠤᠯᠵᠤ ᠂ ᠤᠯᠤᠰ ᠲᠦᠷᠦ᠎ᠶᠢᠨ ᠴᠢᠭᠯᠡᠯ ᠂ ᠤᠯᠤᠰ ᠲᠦᠷᠦ᠎ᠶᠢᠨ ᠱᠠᠭᠠᠷᠳᠠᠯᠭ᠎ᠠ᠎ᠶᠢ ᠰᠣᠨᠢᠨ ᠮᠡᠳᠡᠭᠡᠨ᠎ᠤ ᠰᠤᠷᠪᠤᠯᠵᠢᠯᠠᠨ ᠨᠠᠶᠢᠷᠠᠭᠤᠯᠬᠤ ᠠᠵᠢᠯ ᠳᠤᠮᠳᠠ᠎ᠪᠠᠨ ᠦᠨᠡᠨ ᠬᠦ ᠢᠯᠡᠷᠡᠭᠦᠯᠬᠦ ᠬᠡᠷᠡᠭᠲᠡᠢ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面