2021-10-22 09:20:47
ᠶᠡᠷᠦᠩᠬᠡᠢ ᠱᠦᠵᠢ ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ100 ᠵᠢᠯ᠎ᠦᠨ ᠤᠢ᠎ᠶᠢ ᠪᠡᠯᠭᠡᠯᠡᠬᠦ ᠶᠡᠬᠡ ᠬᠤᠷᠠᠯ ᠳᠡᠭᠡᠷᠡᠬᠢ ᠶᠠᠷᠢᠶᠠᠨ᠎ᠳᠠᠭᠠᠨ᠄ 《ᠤᠭ ᠰᠠᠨᠠᠭ᠎ᠠ ᠵᠢ ᠲᠤᠬᠳᠠᠭᠠᠬᠤ᠎ᠳᠤ ᠬᠢᠯᠪᠠᠷ᠂ ᠢᠮᠠᠭᠲᠠ ᠵᠢᠷᠤᠮᠯᠠᠬᠤ᠎ᠳᠤ ᠬᠦᠴᠢᠷ᠃ ᠲᠡᠦᠬᠡᠪᠡᠷᠲᠤᠯᠢ ᠪᠣᠯᠭᠠᠪᠠᠯ ᠂ ᠲᠦᠷᠦ ᠭᠦᠷᠦᠨ᠎ᠤ ᠮᠠᠨᠳᠤᠵᠤ ᠮᠥᠬᠥᠨ ᠰᠤᠯᠢᠬᠳᠠᠬᠤ ᠶᠤᠰᠤ᠎ᠶᠢ ᠮᠡᠳᠡᠵᠦ ᠪᠣᠯᠤᠨ᠎ᠠ᠃ ᠪᠢᠳᠡᠲᠡᠦᠬᠡᠪᠡᠷ ᠤᠳᠤᠬᠢ᠎ᠵᠢ ᠲᠤᠯᠢᠳᠠᠵᠦ᠂ ᠢᠷᠡᠭᠡᠳᠦᠢ᠎ᠵᠢ ᠪᠠᠷᠠᠯᠠᠨ᠂ ᠳᠤᠮᠳᠠᠳᠤ ᠤᠯᠤᠰ᠎ᠤᠨ ᠡᠪ ᠬᠠᠮᠲᠤ ᠨᠠᠮᠤᠨᠵᠠᠭᠤᠨ ᠵᠢᠯ᠎ᠦᠨ ᠲᠡᠮᠡᠴᠡᠯ᠎ᠤᠨ ᠶᠠᠪᠤᠴᠠ᠎ᠡᠴᠡ ᠥᠩᠭᠡᠷᠡᠭᠰᠡᠨ᠎ᠳᠦ ᠪᠢᠳᠡ ᠶᠠᠭᠠᠬᠢᠭᠠᠳ ᠠᠮᠵᠢᠯᠲᠠ ᠣᠯᠵᠤ ᠴᠢᠳᠠᠭᠰᠠᠨᠢᠲᠣᠳᠣᠷᠬᠠᠢ ᠲᠠᠨᠢᠵᠤ᠂ ᠢᠷᠡᠭᠡᠳᠦᠢ᠎ᠳᠦ ᠪᠢᠳᠡ ᠬᠡᠷᠬᠢᠨ ᠦᠷᠭᠦᠯᠵᠢᠯᠡᠨ ᠠᠮᠵᠢᠯᠲᠠ ᠤᠯᠬᠤ᠎ᠶᠢ ᠲᠣᠳᠣᠷᠬᠠᠢ ᠣᠢᠯᠠᠭᠠᠵᠤ᠂ᠡᠭᠦᠨ᠎ᠦ ᠤᠯᠠᠮ᠎ᠢᠶᠠᠷ ᠰᠢᠨ᠎ᠡ ᠠᠶᠠᠨᠳᠠᠭᠠᠨ ᠨᠡᠩ ᠡᠷᠡᠰ ᠪᠠᠲᠤ᠂ ᠨᠡᠩ ᠤᠬᠠᠮᠰᠠᠷ᠎ᠡᠴᠡ᠎ᠪᠠᠨ ᠤᠭ ᠰᠠᠨᠠᠭᠠᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠰᠠᠢᠨ ᠰᠠᠢᠬᠠᠨ ᠢᠷᠡᠭᠡᠳᠦᠢ᠎ᠪᠡᠨ ᠴᠣᠭᠴᠠᠯᠠᠬᠤ ᠬᠡᠷᠡᠭᠲᠡᠢ》 ᠭᠡᠵᠦ ᠴᠢᠬᠣᠯᠠᠴᠢᠯᠠᠵᠠᠢ᠃ ᠨᠡᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰᠢᠪᠦᠬᠦ ᠲᠠᠯ᠎ᠠ᠎ᠪᠠᠷ ᠪᠦᠳᠦᠭᠡᠨ ᠪᠠᠢᠭᠤᠯᠬᠤ ᠬᠣᠶᠠᠳᠤᠭᠠᠷ ᠵᠠᠭᠤᠨ ᠵᠢᠯ᠎ᠦᠨ ᠲᠡᠮᠡᠴᠡᠬᠦ ᠬᠠᠷᠠᠯᠲᠠ ᠲᠡᠢᠰᠢ ᠤᠷᠤᠭᠰᠢᠯᠠᠬᠤᠳᠤᠪᠢᠳᠡ ᠪᠠᠰᠠ ᠵᠠᠭᠤᠨ ᠵᠢᠯ᠎ᠦᠨ ᠰᠠᠯᠬᠢ ᠪᠣᠷᠣᠭᠠᠨ᠎ᠢ ᠰᠦᠷᠦᠨ ᠤᠷᠤᠭᠰᠢᠯᠠᠵᠤ ᠂ ᠵᠠᠭᠤᠨ ᠵᠢᠯ᠎ᠦᠨ ᠭᠡᠷᠡᠯ ᠰᠠᠴᠤᠷᠠᠩᠭᠤᠢᠠᠮᠵᠢᠯᠲᠠ ᠳᠤᠮᠳᠠ᠎ᠠᠴᠠ ᠰᠦᠷ ᠳᠠᠯᠠᠢᠴᠠᠲᠠᠢ ᠡᠷᠴᠢ ᠬᠦᠴᠦ ᠠᠪᠴᠤ ᠡᠷᠡᠮᠡᠬᠡᠢᠯᠡᠨ ᠤᠷᠤᠭᠰᠢᠯᠠᠬᠤ ᠴᠢᠬᠤᠯᠠᠲᠠᠢ᠃
ᠦᠵᠡᠯ ᠰᠠᠨᠠᠭᠠᠨ ᠤ ᠠᠤᠭ᠎ᠠ ᠬᠦᠴᠦᠨ ᠢ ᠣᠬᠠᠪᠣᠷᠢᠯᠠᠵᠦ ᠡᠷᠡᠯᠬᠡᠭᠯᠡᠨ ᠤᠷᠤᠭᠰᠢᠯᠠᠬᠤᠬᠦᠴᠦᠨᠢᠶᠡᠨ ᠨᠢᠭᠲᠠᠷᠠᠭᠤᠯᠤᠶ᠎ᠠ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠦᠴᠢᠷ ᠪᠡᠷᠬᠡᠰᠢᠶᠡᠯ᠎ᠢ ᠢᠯᠠᠨᠳᠠᠪᠠᠬᠰᠠᠨ ᠵᠠᠭᠤᠨ ᠵᠢᠯ᠎ᠦᠨ ᠲᠡᠮᠡᠴᠡᠯ᠎ᠦᠨ ᠵᠠᠮ᠎ᠢ ᠡᠷᠭᠢᠴᠡᠭᠦᠯᠬᠦ᠎ᠳᠤ ᠣᠷᠴᠢᠨ ᠦᠶ᠎ᠡ᠎ᠶᠢᠨ ᠳᠤᠮᠳᠠᠳᠤ ᠤᠯᠤᠰᠤᠨᠮᠠᠨᠳᠤᠵᠤ ᠮᠥᠬᠥᠬᠦ ᠠᠶᠤᠯ ᠲᠦᠭᠰᠢᠭᠦᠷᠢᠲᠦ ᠴᠠᠭ ᠮᠥᠴᠡ᠎ᠳᠦ ᠳᠤᠮᠳᠠᠳᠤ ᠤᠯᠤᠰ᠎ᠤᠨ ᠡᠪ ᠬᠠᠮᠲᠤᠴᠤᠳ ᠮᠠᠷᠺᠰ ᠯᠧᠨᠢᠨᠦᠦᠵᠡᠯᠢ ᠡᠷᠢᠵᠦ ᠣᠯᠤᠭᠰᠠᠨ ᠪᠥᠭᠡᠳ ᠴᠠᠭ ᠦᠶ᠎ᠡ᠎ᠲᠡᠶ ᠵᠡᠷᠭᠡ᠎ᠪᠡᠷ ᠤᠷᠤᠭᠰᠢᠯᠠᠨ ᠮᠠᠷᠺᠰ ᠯᠧᠨᠢᠨ᠎ᠦ ᠦᠵᠡᠯᠢᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠵᠤ ᠂ ᠮᠠᠷᠺᠰ᠎ᠤᠨ ᠦᠵᠡᠯ᠎ᠦᠨ ᠦᠨᠡᠨ ᠶᠣᠰᠣᠨ᠎ᠤ ᠬᠦᠴᠦᠨᠢᠶᠡᠷᠳᠤᠮᠳᠠᠳᠤᠶᠢᠨ ᠦᠨᠳᠦᠰᠦᠲᠡᠨ᠎ᠦ ᠬᠡᠳᠦᠨ ᠮᠢᠩᠭᠠᠨ ᠵᠢᠯ᠎ᠦᠨ ᠡᠭᠦᠳᠦᠨ ᠪᠦᠲᠦᠭᠡᠭᠰᠡᠨ ᠠᠭᠤᠤ ᠶᠡᠬᠡ ᠪᠣᠯᠪᠠᠰᠤᠨᠢᠬᠥᠭᠵᠢᠭᠡᠵᠦ ᠂ ᠳᠤᠮᠳᠠᠳᠤ᠎ᠶᠢᠨ ᠪᠣᠯᠪᠠᠰᠤᠨ᠎ᠤ ᠬᠦᠴᠦᠷᠬᠡᠭ ᠶᠡᠬᠡ ᠤᠶᠤᠨ ᠰᠠᠨᠠᠭᠠᠨ᠎ᠤ ᠬᠦᠴᠦᠨ᠎ᠢ ᠳᠠᠬᠢᠨᠲᠠᠪᠠᠳᠠᠷᠠᠭᠤᠯᠤᠭᠰᠠᠨ ᠪᠠᠢᠨ᠎ᠠ᠃ ᠵᠠᠭᠤᠨ ᠵᠢᠯ᠎ᠦᠨ ᠲᠤᠷᠰᠢ ᠂ ᠮᠠᠨ᠎ᠤ ᠨᠠᠮ ᠬᠤᠪᠢᠰᠤᠩᠭᠤᠢ ᠪᠣᠳᠠᠰᠴᠢ ᠰᠢᠨᠵᠢᠯᠡᠬᠦᠤᠬᠠᠭᠠᠨᠴᠢ ᠵᠣᠷᠢᠭ ᠰᠠᠨᠠᠭ᠎ᠠ ᠂ ᠭᠣᠶᠠᠴᠢ ᠦᠭᠡᠢ᠂ ᠶᠠᠭᠣᠨ ᠡᠴᠡ ᠴᠤ ᠵᠢᠷᠦᠬᠡᠰᠢᠶᠡᠬᠦ ᠦᠬᠡᠢ ᠵᠣᠷᠢᠭ ᠰᠠᠨᠠᠭ᠎ᠠ᠎ᠪᠡᠷ ᠳᠤᠮᠳᠠᠳᠤ ᠤᠯᠤᠰ᠎ᠤᠨ ᠬᠤᠪᠢᠰᠬᠠᠯ ᠂ ᠪᠦᠲᠦᠭᠡᠨ ᠪᠠᠢᠭᠤᠯᠤᠯᠲᠠ ᠂ ᠥᠭᠡᠷᠡᠴᠢᠯᠡᠯᠲᠡ᠎ᠶᠢ ᠤᠳᠤᠷᠢᠳᠤᠨ ᠠᠬᠢᠭᠤᠯᠵᠤ᠂ ᠡᠪ ᠬᠠᠮᠲᠤ ᠨᠠᠮ᠎ᠤᠨ ᠲᠦᠷᠦ ᠪᠠᠷᠢᠬᠤ ᠵᠢᠮ᠎ᠡ ᠶᠣᠰᠣ ᠂ ᠨᠡᠢᠭᠡᠮ ᠵᠢᠷᠤᠮ᠎ᠤᠨ ᠪᠦᠲᠦᠭᠡᠨ ᠪᠠᠢᠭᠤᠯᠤᠯᠲᠠᠶᠢᠨᠵᠢᠮᠡ ᠶᠣᠰᠣ ᠂ ᠬᠥᠮᠦᠨ ᠲᠥᠷᠥᠯᠬᠢᠲᠡᠨ᠎ᠦ ᠨᠡᠢᠭᠡᠮ᠎ᠦᠨ ᠬᠥᠭᠵᠢᠯᠲᠡ᠎ᠶᠢᠨ ᠵᠢᠮ᠎ᠡ ᠶᠣᠰᠣᠨ᠎ᠤ ᠲᠤᠬᠠᠢ ᠲᠠᠨᠢᠯᠲᠠᠪᠠᠨᠲᠠᠰᠤᠷᠠᠯᠲᠠ ᠦᠭᠡᠢ ᠭᠦᠨᠵᠡᠭᠡᠢᠷᠡᠭᠦᠯᠵᠦ ᠂ ᠳᠤᠮᠳᠠᠳᠤ ᠤᠯᠤᠰᠴᠢᠯᠠᠭᠰᠠᠨ ᠮᠠᠷᠺᠰ᠎ᠤᠨ ᠦᠵᠡᠯ᠎ᠢ ᠲᠠᠰᠤᠷᠠᠯᠲᠠ᠎ᠦᠭᠡᠢ ᠪᠠᠶᠠᠯᠢᠭᠵᠢᠭᠤᠯᠤᠨ ᠬᠥᠭᠵᠢᠭᠦᠯᠪᠡ᠃ ᠶᠠᠮᠠᠷ ᠪᠠᠢᠳᠠᠯ ᠲᠣᠣᠷ᠎ᠠ ᠴᠤ᠂ ᠮᠠᠨ᠎ᠤ ᠨᠠᠮ ᠮᠠᠷᠺᠰ᠎ᠤᠨ ᠦᠵᠡᠯᠦᠨᠲᠤᠬᠠᠢ ᠢᠲᠡᠭᠡᠯ ᠪᠢᠰᠢᠷᠡᠯ᠎ᠢᠶᠡᠨ ᠶᠡᠷᠦ᠎ᠡᠴᠡ ᠭᠤᠢᠪᠢᠯᠵᠠᠭᠤᠯᠤᠭᠰᠠᠨ ᠦᠭᠡᠢ ᠶᠤᠮ᠃ ᠮᠠᠷᠺᠰ᠎ᠤᠨ ᠦᠵᠡᠯ ᠪᠣᠯᠶᠢᠷᠲᠢᠨᠴᠦᠶᠢ ᠲᠠᠨᠢᠬᠤ ᠂ ᠵᠢᠮ᠎ᠡ ᠶᠣᠰᠣ᠎ᠶᠢ ᠡᠵᠡᠮᠰᠢᠬᠦ ᠂ ᠦᠨᠡᠨ ᠶᠣᠰᠣ᠎ᠶᠢ ᠬᠥᠭᠡᠭᠡᠴᠡᠯᠳᠦᠬᠦ ᠂ ᠶᠢᠷᠲᠢᠨᠴᠦᠶᠢᠥᠭᠡᠷᠡᠴᠢᠯᠡᠬᠦ ᠬᠦᠴᠦᠷᠬᠡᠭ ᠶᠡᠬᠡ ᠦᠵᠡᠯ ᠰᠠᠨᠠᠭᠠᠨ᠎ᠤ ᠵᠡᠪᠰᠡᠭ ᠮᠥᠨ ᠂ ᠮᠠᠨ᠎ᠤ ᠨᠠᠮ ᠪᠠ ᠤᠯᠤᠰ᠎ᠤᠨ ᠡᠷᠬᠡᠪᠰᠢᠢᠮᠠᠭᠲᠠ ᠵᠢᠷᠤᠮᠯᠠᠬᠤ ᠬᠡᠷᠡᠭᠲᠡᠢ ᠵᠢᠯᠣᠭᠣᠳᠬᠤ ᠦᠵᠡᠯ ᠰᠠᠨᠠᠭ᠎ᠠ ᠮᠥᠨ ᠭᠡᠳᠡᠭ᠎ᠢ ᠦᠢᠯᠡᠳᠦᠯᠭᠡ ᠭᠡᠷᠡᠴᠢᠯᠡᠭᠰᠡᠨᠪᠠᠢᠨᠠ᠃
ᠨᠠᠮ᠎ᠤᠨ ᠲᠡᠦᠬᠡ᠎ᠶᠢᠨ ᠰᠤᠷᠤᠯᠴᠠᠯᠭ᠎ᠠ᠎ᠠᠴᠠ ᠰᠦᠷ ᠳᠠᠯᠠᠢᠴᠠᠲᠠᠢ ᠬᠦᠴᠦᠨᠢᠰᠢᠩᠭᠡᠭᠡᠨ ᠠᠪᠬᠤ᠎ᠳᠤ ᠂ ᠦᠵᠡᠯ ᠰᠠᠨᠠᠭᠠᠨ᠎ᠤ ᠠᠤᠭ᠎ᠠ ᠬᠦᠴᠦᠨ᠎ᠢ ᠤᠯᠠᠮ ᠴᠢᠨᠠᠭᠰᠢᠳᠠ ᠣᠢᠯᠠᠭᠠᠵᠤ ᠂ ᠨᠠᠮᠤᠨᠰᠢᠨᠡᠶᠢ ᠡᠭᠦᠳᠬᠦ ᠤᠨᠤᠯ᠎ᠢᠶᠠᠷ ᠪᠦᠬᠦ ᠨᠠᠮ᠎ᠤᠨ ᠤᠯᠤᠰ ᠲᠦᠷᠦ᠎ᠶᠢᠨ ᠤᠬᠠᠮᠰᠠᠷ᠎ᠢ ᠵᠡᠪᠰᠡᠭᠯᠡᠬᠦ ᠬᠡᠷᠡᠭᠲᠡᠢ᠃ᠮᠠᠷᠺᠰ᠎ᠤᠨ ᠦᠵᠡᠯ ᠳᠤᠮᠳᠠᠳᠤ ᠤᠯᠤᠰ᠎ᠢ ᠭᠦᠨᠵᠡᠭᠡᠢ ᠬᠤᠪᠢᠷᠠᠭᠤᠯᠤᠭᠰᠠᠨ᠎ᠤ ᠬᠠᠮᠲᠤ ᠪᠠᠰᠠ ᠲᠤᠢᠯ᠎ᠤᠨ ᠶᠡᠬᠡᠬᠦᠭᠵᠢᠭᠰᠡᠨᠪᠠᠢᠨᠠ᠃ ᠵᠠᠭᠤᠨ ᠵᠢᠯ᠎ᠦᠨ ᠲᠤᠷᠰᠢ ᠂ ᠮᠠᠨ᠎ᠤ ᠨᠠᠮ ᠦᠵᠡᠯ ᠰᠠᠨᠠᠭ᠎ᠠ᠎ᠪᠠᠨ ᠴᠢᠯᠥᠭᠡᠯᠡᠬᠦ ᠪᠠ ᠦᠨᠡᠨ᠎ᠡᠴᠡ ᠵᠥᠪᠢᠡᠷᠢᠬᠦᠶᠢ ᠬᠠᠷᠢᠯᠴᠠᠨ ᠨᠢᠭᠡᠳᠦᠯᠳᠡᠢ ᠪᠠᠢᠯᠭᠠᠵᠦ᠂ ᠦᠨᠳᠦᠰᠦ ᠰᠠᠭᠤᠷᠢ᠎ᠶᠢ ᠪᠠᠲᠤᠳᠬᠠᠬᠤ ᠪᠠ ᠲᠥᠪ ᠶᠣᠰᠣᠶᠢᠪᠠᠷᠢᠮᠲᠠᠯᠠᠨ ᠰᠢᠨ᠎ᠡ᠎ᠶᠢ ᠡᠭᠦᠳᠬᠦ᠎ᠶᠢ ᠬᠠᠷᠢᠯᠴᠠᠨ ᠨᠢᠭᠡᠳᠦᠯᠳᠠᠢ ᠪᠠᠢᠯᠭᠠᠬᠣᠶᠢ ᠪᠠᠷᠢᠮᠲᠠᠯᠠᠵᠤ ᠂ ᠮᠠᠷᠺᠰᠤᠨᠦᠵᠡᠯᠢ ᠲᠠᠰᠤᠷᠠᠯᠳᠠ ᠦᠭᠡᠢ ᠬᠦᠭᠵᠢᠬᠦᠯᠵᠦ᠂ ᠮᠠᠤ ᠽᠸ ᠳ᠋ᠦᠩ᠎ᠦᠨ ᠦᠵᠡᠯ ᠰᠠᠨᠠᠭ᠎ᠠ ᠂ ᠳ᠋ᠧᠩ ᠰᠢᠶᠤᠤ ᠫᠢᠩᠦᠨᠤᠨᠤᠯ᠂ 《ᠭᠤᠷᠪᠠ᠎ᠶᠢ ᠲᠥᠯᠥᠭᠡᠯᠡᠬᠦ 》 ᠴᠢᠬᠤᠯᠠᠦᠵᠡᠯ ᠰᠠᠨᠠᠭ᠎ᠠ ᠂ ᠰᠢᠨᠵᠢᠯᠡᠬᠦ ᠤᠬᠠᠭᠠᠨᠴᠢ ᠬᠥᠭᠵᠢᠯᠲᠡ᠎ᠶᠢᠨ ᠦᠵᠡᠯᠲᠡ᠎ᠶᠢ ᠪᠤᠢ ᠪᠣᠯᠭᠠᠵᠤ ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠶᠢᠪᠤᠢ ᠪᠣᠯᠭᠠᠵᠤ ᠂ ᠨᠠᠮ ᠪᠠ ᠠᠷᠠᠳ ᠲᠦᠮᠡᠨ᠎ᠦ ᠦᠢᠯᠡᠰ᠎ᠦᠨ ᠬᠥᠭᠵᠢᠯᠲᠡ᠎ᠳᠦ ᠰᠢᠨᠵᠢᠯᠡᠬᠦ ᠤᠬᠠᠭᠠᠨᠴᠢ ᠤᠨᠤᠯᠤᠨᠵᠢᠯᠤᠭᠤᠳᠤᠯᠭᠠ ᠬᠠᠩᠭᠠᠵᠤ ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠦᠯᠬᠦᠮᠳᠡᠯᠨᠢᠭᠡᠳᠦᠯᠢ ᠴᠢᠩᠭᠠᠳᠬᠠᠬᠤ᠎ᠳᠤ ᠪᠠᠲᠤ ᠪᠡᠬᠢ ᠦᠵᠡᠯ ᠰᠠᠨᠠᠭᠠᠨ᠎ᠤ ᠰᠠᠭᠤᠷᠢ᠎ᠶᠢ ᠬᠠᠩᠭᠠᠭᠰᠠᠨ ᠪᠠᠶᠢᠨ᠎ᠠ᠃ ᠰᠢᠨᠡᠠᠶᠠᠨᠳᠤ ᠪᠢᠳᠡ ᠡᠷᠬᠡᠪᠰᠢ ᠡᠳᠡᠭᠡᠷ ᠰᠢᠨᠵᠢᠯᠡᠬᠦ ᠤᠬᠠᠭᠠᠨᠴᠢ ᠤᠨᠤᠯ᠎ᠤᠨ ᠵᠢᠯᠤᠭᠤᠳᠤᠯᠭ᠎ᠠ᠎ᠶᠢ ᠪᠠᠷᠢᠮᠲᠠᠯᠠᠵᠤ᠂ ᠮᠠᠷᠺᠰ᠎ᠤᠨ ᠦᠵᠡᠯ᠎ᠦᠨ ᠦᠨᠳᠦᠰᠦᠨ ᠤᠭ ᠶᠣᠰᠣ᠎ᠶᠢ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠬᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠲᠠᠶ ᠤᠶᠠᠯᠳᠤᠭᠤᠯᠬᠤ᠎ᠶᠢ ᠪᠠᠷᠢᠮᠲᠠᠯᠠᠵᠤ ᠂ ᠮᠠᠷᠺᠰᠤᠨᠦᠵᠡᠯᠢᠶᠡᠷ ᠴᠠᠭ ᠦᠶ᠎ᠡ᠎ᠶᠢ ᠠᠵᠢᠬᠯᠠᠵᠤ ᠂ ᠴᠠᠭ ᠦᠶ᠎ᠡ᠎ᠶᠢ ᠡᠵᠡᠮᠳᠡᠵᠦ᠂ ᠴᠠᠭ ᠦᠶ᠎ᠡ᠎ᠶᠢ ᠬᠦᠳᠦᠯᠦᠨ ᠳᠠᠭᠠᠭᠤᠯᠵᠤ᠂ ᠤᠳᠤ ᠦᠶ᠎ᠡ᠎ᠶᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ ᠂ 21᠎ᠳᠦᠭᠡᠷ ᠵᠠᠭᠤᠨ᠎ᠤ ᠮᠠᠷᠺᠰ᠎ᠤᠨ ᠦᠵᠡᠯ᠎ᠢ ᠦᠷᠭᠦᠯᠵᠢᠯᠡᠨ ᠬᠥᠭᠵᠢᠭᠦᠯᠬᠦ ᠬᠡᠷᠡᠭᠲᠡᠢ᠃
ᠬᠦᠰᠡᠯᠡᠩ ᠢᠲᠡᠭᠡᠯ ᠪᠢᠰᠢᠷᠡᠯ᠎ᠢᠶᠡᠨ ᠪᠠᠲᠤᠳᠬᠠᠵᠤ ᠣᠶᠤᠨ ᠰᠠᠨᠠᠭ᠎ᠠ ᠪᠠᠨ ᠪᠠᠬᠢᠵᠢᠬᠦᠯᠦᠶ᠎ᠡ
ᠶᠡᠷᠦᠩᠬᠡᠢ ᠱᠦᠵᠢ ᠰᠢ ᠵᠢᠨ ᠫᠢᠩ ᠴᠢᠩᠬᠤᠸᠠ ᠶᠡᠬᠡ ᠰᠤᠷᠭᠠᠭᠤᠯᠢ᠎ᠳᠤ ᠰᠢᠨᠵᠢᠯᠡᠨᠪᠠᠢᠴᠠᠭᠠᠬᠤᠳᠠᠭᠠᠨ ᠄ 《ᠥᠷᠭᠡᠨ ᠤᠯᠠᠨ ᠵᠠᠯᠠᠭᠤᠴᠤᠳ ᠤᠯᠤᠰ᠎ᠢᠶᠠᠨ ᠬᠠᠢᠷᠠᠯᠠᠵᠤ ᠠᠷᠠᠳ᠎ᠢᠶᠠᠨ ᠬᠠᠢᠷᠠᠯᠠᠵᠤ᠂ ᠨᠠᠮ᠎ᠤᠨ ᠲᠡᠦᠬᠡ᠎ᠶᠢᠨ ᠰᠤᠷᠤᠯᠴᠠᠯᠭ᠎ᠠ᠎ᠠᠴᠠ ᠢᠲᠡᠭᠡᠯ ᠪᠢᠰᠢᠷᠡᠯ᠎ᠢᠶᠡᠨ ᠬᠥᠭᠵᠢᠭᠡᠵᠦ ᠂ ᠰᠡᠩᠬᠡᠷᠡᠭᠦᠯᠦᠯᠪᠡ ᠡᠷᠴᠢ ᠬᠦᠴᠦᠨ ᠣᠯᠵᠤ᠂ 〈 ᠲᠦᠷᠪᠡᠨ ᠢᠲᠡᠭᠡᠯ 〉 ᠵᠢᠡᠨ ᠲᠠᠰᠤᠷᠠᠯᠳᠠ ᠦᠭᠡᠢ ᠪᠠᠲᠤᠳᠬᠠᠵᠤ ᠂ ᠳᠤᠮᠳᠠᠳᠤ ᠵᠢᠨ ᠬᠥᠮᠦᠨ ᠪᠣᠯᠬᠤ ᠰᠥᠰᠥ ᠵᠣᠷᠢᠭ᠂ ᠢᠲᠡᠭᠡᠯ ᠵᠣᠷᠢᠭ᠎ᠢᠶᠠᠨ ᠲᠠᠰᠤᠷᠠᠯᠳᠠ ᠦᠭᠡᠢ ᠴᠢᠩᠭᠠᠳᠬᠠᠵᠤ ᠂ ᠡᠬᠡ ᠤᠯᠤᠰ᠎ᠤᠨ᠎ᠢᠶᠠᠨ ᠲᠥᠯᠥᠭᠡ ᠠᠷᠠᠳ ᠲᠦᠮᠡᠨᠦᠲᠥᠯᠥᠭᠡ ᠡᠭᠦᠷᠢᠳᠡ ᠲᠡᠮᠡᠴᠡᠬᠦ ᠂ ᠦᠨᠡᠨᠴᠢ ᠰᠢᠳᠤᠷᠭᠤ᠎ᠪᠠᠷ ᠬᠤᠪᠢ ᠨᠡᠮᠡᠷᠢ ᠦᠵᠡᠭᠦᠯᠬᠦ ᠡᠷᠡᠰ ᠪᠠᠲᠤ ᠬᠦᠰᠡᠯᠡᠩᠢᠪᠤᠢ ᠪᠣᠯᠭᠠᠬᠤ ᠬᠡᠷᠡᠭᠲᠡᠢ 《ᠭᠡᠵᠦ ᠵᠢᠭᠠᠵᠦ ᠭᠠᠷᠭᠠᠪᠠ᠃ ᠪᠢᠳᠡ ᠭᠠᠭᠴᠠ᠎ᠬᠦ ᠨᠠᠮ᠎ᠤᠨ ᠲᠡᠦᠬᠡ ᠭᠡᠬᠦ ᠡᠨᠡ ᠬᠦ《ᠬᠢᠴᠢᠶᠡᠯ᠎ᠦᠨ ᠪᠢᠴᠢᠭ》 ᠢᠭᠦᠨᠵᠡᠭᠡᠢ ᠤᠩᠰᠢᠪᠠᠯ ᠰᠠᠶᠢ ᠠᠮᠢᠳᠤᠷᠠᠬᠤᠢ᠎ᠶᠢᠨ ᠦᠨ᠎ᠡ ᠦᠷᠲᠡᠭ᠎ᠢᠶᠡᠨ ᠨᠡᠩ ᠰᠠᠢᠨ ᠪᠡᠶᠡᠯᠡᠭᠦᠯᠵᠦ ᠂ ᠠᠮᠢᠳᠤᠷᠠᠬᠤᠢᠶᠢᠨᠲᠦᠪᠰᠢᠨᠢᠶᠡᠨ ᠳᠡᠭᠡᠭᠰᠢᠯᠡᠭᠦᠯᠵᠦ ᠴᠢᠳᠠᠨ᠎ᠠ᠃ ᠵᠠᠭᠤᠨ ᠵᠢᠯ᠎ᠦᠨ ᠨᠠᠮ᠎ᠤᠨ ᠲᠡᠦᠬᠡ᠎ᠶᠢ ᠡᠷᠭᠢᠴᠡᠭᠦᠯᠪᠡᠯ ᠰᠦᠷᠳᠠᠯᠠᠢᠴᠠᠲᠠᠢ ᠭᠣᠢᠳᠠ ᠵᠢᠷᠤᠭ ᠬᠥᠮᠦᠰ᠎ᠦᠨ ᠰᠡᠳᠬᠢᠯ᠎ᠢ ᠳᠣᠭᠳᠣᠯᠤᠭᠤᠯᠵᠤ ᠂ ᠡᠮᠦᠨᠡᠬᠢ ᠨᠢ ᠤᠨᠠᠪᠠᠯ ᠬᠣᠢᠨᠠᠬᠢ᠎ᠨᠢ ᠵᠠᠯᠭᠠᠮᠵᠢᠯᠠᠳᠠᠭ ᠪᠠᠭᠠᠲᠤᠷ ᠬᠥᠮᠦᠰ ᠮᠠᠨ᠎ᠦ ᠵᠣᠷᠢᠭᠢᠬᠥᠪᠴᠢᠯᠡᠵᠤ ᠪᠠᠢᠨ᠎ᠠ᠃
ᠰᠢᠨ᠎ᠡ ᠴᠠᠭ ᠦᠶ᠎ᠡ᠎ᠳᠤ ᠮᠠᠨ᠎ᠤ ᠨᠠᠮ ᠠᠭᠤᠤ ᠶᠡᠬᠡ ᠲᠡᠮᠡᠴᠡᠯ ᠦᠷᠨᠢᠬᠦᠯᠵᠦ᠂ᠠᠭᠤᠤ ᠶᠡᠬᠡ ᠢᠨᠵᠧᠨᠧᠷᠢᠩ᠎ᠢ ᠪᠦᠳᠦᠬᠡᠨ ᠪᠠᠢᠢᠭᠣᠯᠬᠣ᠂ ᠠᠭᠤᠤ ᠶᠡᠬᠡ ᠦᠢᠯᠡᠰ᠎ᠢ ᠠᠬᠢᠭᠤᠯᠬᠤ᠂ ᠠᠭᠤᠤ ᠶᠡᠬᠡ ᠬᠦᠰᠡᠯᠵᠡᠭᠦᠳᠦᠶᠢ ᠪᠡᠶᠡᠯᠡᠭᠦᠯᠬᠦ ᠲᠡᠦᠬᠡᠨ ᠠᠶᠠᠨ ᠵᠠᠮ᠎ᠳᠠᠭᠠᠨ᠂ ᠪᠢᠳᠡ ᠪᠠᠭᠠᠲᠤᠷ ᠵᠢ᠍ᠱᠶ᠋ᠶᠠᠴᠢᠶᠢᠨ ᠬᠦᠰᠡᠯᠡᠩᠢᠲᠡᠭᠡᠯ ᠪᠢᠰᠢᠷᠡᠯ᠎ᠦᠨ ᠲᠤᠬᠠᠢ ᠡᠷᠡᠰ ᠭᠤᠢᠪᠢᠰᠢ ᠦᠭᠡᠢ ᠵᠣᠷᠢᠭ ᠰᠠᠨᠠᠭ᠎ᠠ᠎ᠶᠢ ᠰᠤᠷᠤᠯᠴᠠᠬᠤ ᠬᠡᠷᠡᠭᠲᠡᠢ᠃ ᠨᠠᠮᠤᠨᠠᠭᠤᠤ ᠶᠡᠬᠡ ᠠᠮᠵᠢᠯᠲᠠ᠎ᠪᠠᠷ ᠥᠪᠡᠷ᠎ᠢ᠎ᠪᠡᠨ ᠵᠣᠷᠢᠭᠵᠢᠭᠤᠯᠵᠦ᠂ ᠨᠠᠮ᠎ᠤᠨ ᠠᠮᠵᠢᠯᠲᠠ᠎ᠲᠠᠶ ᠲᠤᠷᠰᠢᠯᠭᠠᠪᠠᠷᠥᠪᠡᠷᠢᠪᠡᠨ ᠬᠥᠮᠦᠵᠢᠭᠦᠯᠵᠦ ᠂ ᠨᠠᠮ᠎ᠤᠨ ᠲᠡᠦᠬᠡᠨ ᠰᠤᠷᠭᠠᠮᠵᠢ᠎ᠪᠠᠷ ᠥᠪᠡᠷ᠎ᠢ᠎ᠪᠡᠨ ᠰᠡᠷᠡᠮᠵᠢᠯᠡᠭᠦᠯᠵᠦ᠂ ᠬᠦᠰᠡᠯᠡᠩᠢᠲᠡᠭᠡᠯ ᠪᠢᠰᠢᠷᠡᠯ᠎ᠢᠶᠠᠨ ᠤᠯᠠᠮ ᠪᠠᠲᠤᠳᠬᠠᠬᠤ ᠬᠡᠷᠡᠭᠲᠡᠶ᠃ ᠵᠣᠷᠢᠯᠲᠠ᠎ᠶᠢᠨ ᠤᠬᠠᠮᠰᠠᠷ᠎ᠢᠶᠠᠨ ᠳᠡᠭᠡᠭᠰᠢᠯᠡᠭᠦᠯᠵᠦ᠂ᠢᠲᠡᠭᠡᠯ ᠪᠢᠰᠢᠷᠡᠯ᠎ᠦᠨ ᠰᠠᠭᠤᠷᠢ᠎ᠶᠢ ᠪᠡᠬᠢᠵᠢᠭᠦᠯᠬᠦ ᠬᠡᠷᠡᠭᠳᠡᠢ᠃
ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠵᠤ ᠭᠣᠣᠯᠯᠠᠭᠴᠢ ᠦᠢᠯᠡᠳᠦᠯ᠎ᠢ ᠪᠠᠳᠠᠷᠠᠭᠤᠯᠤᠶ᠎ᠠ
ᠳᠤᠮᠳᠠᠳᠤ ᠤᠯᠤᠰ᠎ᠤᠨ ᠤᠴᠢᠷ ᠶᠠᠪᠤᠳᠠᠯ᠎ᠢ ᠰᠠᠢᠲᠤᠷ ᠬᠢᠬᠦ᠎ᠶᠢᠨ ᠵᠠᠩᠭᠢᠯᠠᠭ᠎ᠠ᠎ᠨᠢ ᠨᠠᠮ᠎ᠳᠤ ᠪᠤᠢ᠃ ᠳᠤᠮᠳᠠᠳᠤ᠎ᠶᠢᠨ ᠦᠨᠳᠦᠰᠦᠲᠡᠨ᠎ᠦ ᠤᠢᠷ᠎ᠠ ᠦᠶ᠎ᠡ᠎ᠡᠴᠡ ᠨᠠᠭᠠᠰᠢᠬᠢ 180 ᠭᠠᠷᠤᠢ ᠵᠢᠯᠦᠨᠲᠡᠦᠬᠡ ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ᠎ᠠᠴᠠ ᠨᠠᠭᠠᠰᠢᠬᠢ 100 ᠵᠢᠯ᠎ᠦᠨ ᠲᠡᠦᠬᠡ᠂ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ᠎ᠠᠴᠠ ᠨᠠᠭᠠᠰᠢᠬᠢ 70 ᠭᠠᠷᠤᠢ ᠵᠢᠯᠦᠨᠲᠡᠦᠬᠡ ᠴᠥᠮ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠢᠵᠤ ᠴᠢᠳᠠᠬᠤ᠎ᠦᠭᠡᠢ ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠪᠠᠢᠵᠤ ᠴᠢᠳᠠᠬᠤ ᠦᠭᠡᠢ ᠭᠡᠳᠡᠭᠢᠭᠦᠢᠴᠡᠳ ᠭᠡᠷᠡᠴᠢᠯᠡᠪᠡ᠃ ᠲᠡᠦᠬᠡ ᠪᠠ ᠠᠷᠠᠳ ᠲᠦᠮᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠰᠣᠩᠭᠣᠪᠠ᠃ ᠳᠤᠮᠳᠠᠳᠤᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮᠤᠨᠬᠠᠮᠤᠭᠤᠨ ᠮᠥᠨ ᠴᠢᠨᠠᠷ᠎ᠤᠨ ᠣᠨᠴᠠᠯᠢᠭ ᠮᠥᠨ ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮᠳᠤ ᠪᠠᠢᠭᠤᠯᠤᠯᠤᠨᠬᠠᠮᠤᠭᠤᠨ ᠶᠡᠬᠡ ᠳᠠᠪᠠᠭᠤᠯᠢᠭ ᠮᠥᠨ ᠂ ᠨᠠᠮ ᠪᠣᠯᠤᠨ ᠤᠯᠤᠰ᠎ᠤᠨ ᠦᠨᠳᠦᠰᠦ ᠂ ᠠᠮᠢᠨ ᠰᠤᠳᠠᠰᠤ ᠮᠥᠨ ᠂ ᠪᠦᠬᠦᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠰᠢᠭ ᠲᠤᠰᠠ ᠂ ᠬᠤᠪᠢ ᠵᠠᠶᠠᠭ᠎ᠠ᠎ᠲᠠᠶ ᠬᠣᠯᠪᠣᠭᠳᠠᠵᠤᠪᠠᠢᠳᠠᠭ᠃
ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ ᠡᠳᠦᠷᠡᠴᠡᠪᠡᠨᠡᠬᠢᠯᠡᠨ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠥᠪᠡᠷ᠎ᠦᠨ ᠲᠡᠦᠬᠡᠲᠦ ᠡᠭᠦᠷᠭᠡᠪᠡᠨᠪᠣᠯᠭᠠᠵᠤ ᠂ ᠦᠨᠳᠦᠰᠦᠲᠡᠨ᠎ᠦ ᠲᠤᠰᠠᠭᠠᠷ ᠲᠣᠭᠲᠠᠨᠢᠯ᠎ᠢ ᠬᠠᠮᠤᠭ᠎ᠤᠨ ᠡᠷᠡᠰ ᠪᠠᠲᠤ ᠬᠠᠮᠠᠭᠠᠯᠠᠵᠤ ᠂ ᠦᠨᠳᠦᠰᠦᠲᠡᠨᠦᠠᠰᠢᠭ ᠲᠤᠰᠠ᠎ᠶᠢ ᠬᠠᠮᠤᠭ᠎ᠤᠨ ᠡᠷᠡᠰ ᠰᠢᠭᠤᠷᠬᠠᠢ ᠬᠠᠮᠠᠭᠠᠯᠠᠵᠤ ᠂ ᠭᠠᠳᠠᠭᠠᠳᠤ᠎ᠶᠢᠨ ᠲᠦᠷᠢᠮᠡᠬᠡᠢᠯᠡᠯ᠎ᠢ ᠬᠠᠮᠤᠭᠤᠨᠡᠷᠡᠯᠬᠡᠭ ᠪᠠᠭᠠᠲᠤᠷᠯᠢᠭ ᠵᠢᠡᠷ ᠡᠰᠡᠷᠭᠦᠴᠡᠭᠰᠡᠨ ᠶᠤᠮ᠃ ᠦᠨᠳᠦᠰᠦᠲᠡᠨ ᠮᠥᠬᠥᠬᠦ ᠠᠶᠤᠯ᠎ᠳᠤ ᠲᠤᠯᠭᠠᠷᠠᠭᠰᠠᠨ ᠲᠡᠦᠬᠡᠶᠢᠨᠵᠠᠩᠭᠢᠯᠠᠭᠠᠶᠢᠨ ᠴᠠᠭ ᠦᠶ᠎ᠡ᠎ᠳᠦ ᠂ ᠳᠤᠮᠳᠠᠳᠤ ᠤᠯᠤᠰ᠎ᠤᠨ ᠡᠪ ᠬᠠᠮᠲᠤ ᠨᠠᠮ ᠭᠠᠷᠮᠠᠭᠠᠢ ᠤᠯᠤᠰ ᠲᠦᠷᠦᠶᠢᠨᠤᠳᠤᠷᠢᠳᠬᠤ ᠬᠦᠴᠦᠨ ᠪᠠ ᠵᠥᠪ ᠪᠠᠢᠯᠳᠤᠬᠤ ᠪᠤᠳᠤᠯᠭ᠎ᠠ᠎ᠶᠢᠨ ᠠᠷᠭ᠎ᠠ ᠪᠤᠳᠤᠯᠭ᠎ᠠ᠎ᠪᠠᠷ ᠳᠤᠮᠳᠠᠳᠤ᠎ᠶᠢᠨ ᠦᠨᠳᠦᠰᠦᠲᠡᠨᠦᠮᠥᠬᠥᠯᠡᠴᠡ ᠠᠪᠤᠷᠠᠨ ᠣᠷᠣᠰᠢᠨ ᠲᠣᠭᠲᠠᠨᠢᠬᠤ ᠬᠦᠰᠡᠯ ᠡᠷᠡᠮᠡᠯᠵᠡᠯ᠎ᠢ ᠲᠤᠯᠭᠠᠭᠤᠷᠢᠯᠠᠵᠤ ᠂ ᠳᠤᠮᠳᠠᠳᠤ ᠤᠯᠤᠰᠤᠨᠠᠷᠠᠳ ᠲᠦᠮᠡᠨ᠎ᠢ ᠤᠳᠤᠷᠢᠳᠤᠨ ᠦᠨᠳᠦᠰᠦᠲᠡᠨ᠎ᠦ ᠲᠤᠰᠠᠭᠠᠷ ᠲᠣᠭᠲᠠᠨᠢᠯ ᠪᠠ ᠠᠷᠠᠳ ᠲᠦᠮᠡᠨ᠎ᠦ ᠴᠢᠯᠥᠭᠡᠯᠡᠯᠲᠡᠶᠢᠲᠡᠮᠡᠴᠡᠨ ᠤᠯᠬᠤ ᠪᠠᠲᠤ ᠴᠢᠩᠭ᠎ᠠ ᠭᠣᠣᠯᠯᠠᠭᠴᠢ ᠬᠦᠴᠦᠨ ᠪᠣᠯᠤᠭᠰᠠᠨ ᠪᠠᠢᠨ᠎ᠠ᠃ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨᠠᠴᠠᠨᠠᠭᠠᠰᠢ ᠢᠯᠠᠩᠭᠤᠶ᠎ᠠ ᠥᠭᠡᠷᠡᠴᠢᠯᠡᠯᠲᠡ ᠨᠡᠭᠡᠭᠡᠯᠳᠠ ᠬᠢᠭᠰᠡᠨ 40 ᠭᠠᠷᠤᠢ ᠵᠢᠯ᠎ᠦᠨ ᠲᠤᠷᠰᠢ ᠂ ᠳᠤᠮᠳᠠᠳᠤ ᠤᠯᠤᠰᠤᠨᠡᠪ ᠬᠠᠮᠲᠤ ᠨᠠᠮ ᠭᠡᠬᠦ ᠡᠨᠡ ᠬᠦ ᠪᠠᠲᠤ ᠴᠢᠩᠭ᠎ᠠ ᠤᠳᠤᠷᠢᠳᠬᠤ ᠭᠣᠣᠯᠯᠠᠭᠴᠢ ᠪᠠᠢᠭᠰᠠᠨ᠎ᠠᠴᠠ ᠳᠤᠮᠳᠠᠳᠤ ᠤᠯᠤᠰᠤᠨᠠᠷᠠᠳ ᠲᠦᠮᠡᠨ ᠪᠣᠯᠤᠨ ᠳᠤᠮᠳᠠᠳᠤ᠎ᠶᠢᠨ ᠦᠨᠳᠦᠰᠦᠲᠡᠨ ᠪᠣᠰᠴᠤ ᠵᠣᠭᠰᠣᠵᠤ ᠪᠠᠶᠠᠵᠢᠭᠰᠠᠨ᠎ᠠᠴᠠ᠎ᠪᠠᠨ ᠬᠦᠴᠦᠷᠬᠡᠭᠵᠢᠭᠰᠡᠨᠠᠭᠤᠤ ᠶᠡᠬᠡ ᠦᠰᠦᠷᠦᠯᠲᠡ᠎ᠶᠢ ᠪᠡᠶᠡᠯᠡᠭᠦᠯᠪᠡ᠃
ᠣᠷᠴᠢᠨ ᠦᠶ᠎ᠡ᠎ᠶᠢᠨ ᠳᠤᠮᠳᠠᠳᠤ ᠤᠯᠤᠰ᠎ᠲᠤ ᠂ ᠨᠠᠮ᠎ᠤᠨ ᠤᠳᠤᠷᠢᠳᠤᠯᠭᠠᠵᠢᠨᠭᠣᠣᠯᠯᠠᠭᠴᠢ ᠪᠠᠢᠷᠢ ᠰᠠᠭᠤᠷᠢ ᠵᠢ ᠪᠠᠷᠢᠮᠳᠠᠯᠠᠬᠣ ᠪᠣᠯ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠤᠨ ᠲᠦᠷᠦᠶᠢᠵᠠᠰᠠᠵᠤ ᠵᠠᠰᠠᠭ᠎ᠢ ᠡᠷᠬᠢᠯᠡᠬᠦ᠎ᠶᠢᠨ ᠦᠨᠳᠦᠰᠦᠨ ᠤᠷᠢᠲᠠᠯ ᠮᠥᠨ ᠂ ᠤᠷᠤᠭᠰᠢᠯᠠᠯᠲᠠ᠎ᠶᠢᠨ ᠵᠠᠮ ᠳᠡᠭᠡᠷ᠎ᠡ ᠵᠠᠢᠯᠠᠰᠢ᠎ᠦᠭᠡᠢ ᠢᠯᠡᠷᠡᠬᠦ ᠡᠯ᠎ᠡ ᠵᠦᠢᠯ᠎ᠦᠨ ᠠᠶᠤᠯ ᠲᠦᠭᠰᠢᠭᠦᠷᠢ ᠥᠷᠢᠰᠥᠯᠳᠦᠭᠡᠨ᠎ᠢ ᠠᠷᠭᠠᠴᠠᠭᠠᠬᠤ ᠲᠣᠭᠲᠠᠪᠤᠷᠢᠵᠢᠭᠤᠯᠬᠤ《ᠰᠢᠳᠢᠲᠦ ᠵᠡᠭᠦᠦ》 ᠮᠥᠨ᠃ ᠰᠢᠨ᠎ᠡ ᠠᠶᠠᠨ᠎ᠳᠤ ᠂ ᠪᠢᠳᠡ ᠡᠷᠬᠡᠪᠰᠢ ᠨᠠᠮ᠎ᠤᠨ ᠪᠥᠬᠥ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠵᠤ ᠂ ᠨᠠᠮ ᠤᠨ ᠤᠳᠤᠷᠢᠳᠤᠯᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ ᠂ 《 ᠳᠥᠷᠪᠡᠨ ᠤᠬᠠᠮᠰᠠᠷ 》 ᠵᠢᠡᠨ ᠴᠢᠩᠭᠠᠳᠬᠠᠵᠤ ᠂《 ᠳᠥᠷᠪᠡᠨ ᠢᠲᠡᠭᠡᠯ 》 ᠢᠶᠡᠨ ᠪᠠᠲᠤᠳᠬᠠᠵᠤ ᠂ 《 ᠬᠣᠶᠠᠷ᠎ᠢ ᠬᠠᠮᠠᠭᠠᠯᠠᠬᠤ 》 ᠶ᠋ᠢ ᠪᠡᠶᠡᠯᠡᠭᠦᠯᠵᠦ᠂ 《 ᠤᠯᠤᠰ᠎ᠤᠨ ᠶᠡᠬᠡ ᠲᠠᠯ᠎ᠠ 》 ᠵᠢ ᠪᠠᠲᠤ ᠴᠡᠭᠡᠵᠢᠯᠡᠵᠦ ᠂ ᠨᠠᠮ᠎ᠤᠨ ᠰᠢᠨᠵᠢᠯᠡᠬᠦ ᠤᠬᠠᠭᠠᠨᠴᠢ᠎ᠪᠠᠷ ᠲᠥᠷᠥ ᠪᠠᠷᠢᠬᠤ ᠂ᠠᠷᠠᠳᠴᠢᠯᠠᠯ᠎ᠢᠶᠠᠷ ᠲᠥᠷᠥ ᠪᠠᠷᠢᠬᠤ ᠂ ᠬᠠᠤᠯᠢ ᠶᠣᠰᠣᠭᠠᠷ ᠲᠥᠷᠥ ᠪᠠᠷᠢᠬᠤ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠮ᠎ᠤᠨ ᠪᠥᠬᠥ ᠲᠠᠯ᠎ᠠ᠎ᠶᠢ ᠶᠡᠷᠦᠩᠬᠡᠢᠯᠡᠨ ᠡᠵᠡᠮᠳᠡᠬᠦ ᠂ ᠡᠯ᠎ᠡ ᠲᠠᠯ᠎ᠠ᠎ᠶᠢ ᠵᠣᠬᠢᠴᠠᠭᠤᠯᠬᠤ ᠤᠳᠤᠷᠢᠳᠬᠤᠭᠤᠤᠯᠯᠠᠭᠴᠢᠶᠢᠨ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭᠲᠡᠶ᠃
ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠥᠯᠥ ᠮᠠᠷᠲᠠᠨ ᠠᠷᠠᠳ ᠲᠦᠮᠡᠨᠦᠵᠣᠭᠰᠣᠯᠲᠠ ᠪᠠᠨ ᠪᠠᠳᠣ ᠰᠠᠬᠢᠶ᠎ᠠ
ᠵᠠᠭᠤᠨ ᠵᠢᠯ᠎ᠦᠨ ᠠᠶᠠᠨ ᠰᠦᠷ ᠳᠠᠯᠠᠢᠴᠠᠲᠠᠢ ᠂ ᠵᠠᠭᠤᠨ ᠵᠢᠯ᠎ᠦᠨ ᠤᠬ ᠰᠠᠨᠠᠭᠠᠶᠠᠪᠤᠬᠤ ᠲᠤᠳᠤᠮ ᠪᠡᠬᠢᠵᠢᠪᠡ᠃ ᠮᠠᠨ᠎ᠤ ᠨᠠᠮ᠎ᠤᠨ ᠵᠠᠭᠤᠨ ᠵᠢᠯ ᠪᠣᠯ ᠤᠭ ᠰᠠᠨᠠᠭ᠎ᠠ ᠡᠭᠦᠷᠭᠡ ᠬᠠᠷᠢᠭᠤᠴᠠᠯᠭᠠᠪᠠᠨᠵᠣᠷᠢᠭ ᠰᠢᠭᠤᠳᠤᠨ ᠦᠢᠯᠡᠳᠦᠯᠭᠡᠵᠢᠭᠦᠯᠦᠭᠰᠡᠨ ᠵᠠᠭᠤᠨ ᠵᠢᠯ ᠮᠥᠨ ᠂ ᠬᠦᠴᠢᠷ ᠪᠡᠷᠬᠡᠰᠢᠶᠡᠯ᠎ᠢ ᠢᠯᠠᠨ ᠳᠠᠪᠠᠵᠤᠰᠠᠭᠤᠷᠢ ᠲᠠᠯᠪᠢᠨ ᠦᠢᠯᠡᠰ ᠪᠤᠰᠬᠠᠬᠰᠠᠨ ᠵᠠᠭᠤᠨ ᠵᠢᠯ ᠮᠥᠨ ᠂ ᠭᠡᠷᠡᠯ ᠰᠠᠴᠤᠷᠠᠩᠭᠤᠢ ᠠᠮᠵᠢᠯᠲᠠ᠎ᠶᠢ ᠪᠦᠳᠦᠭᠡᠵᠦᠢᠷᠡᠭᠡᠳᠦᠢᠶᠢ ᠨᠡᠭᠡᠭᠡᠭᠰᠡᠨ ᠵᠠᠭᠤᠨ ᠵᠢᠯ ᠮᠥᠨ᠃ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠨᠢ ᠳᠤᠮᠳᠠᠳᠤᠤᠯᠤᠰ᠎ᠤᠨ ᠡᠪ ᠬᠠᠮᠲᠤ ᠨᠠᠮ᠎ᠤᠨ 《ᠬᠣᠶᠠᠷ ᠬᠣᠰᠢᠭᠤᠴᠢ ᠠᠩᠭᠢ 》 ᠶ᠋ᠢᠨ ᠰᠢᠨᠵᠢ ᠴᠢᠨᠠᠷ ᠪᠠ ᠪᠦᠬᠦ ᠰᠡᠳᠬᠢᠯ ᠪᠦᠬᠦ ᠵᠣᠷᠢᠭᠢᠶᠠᠷᠢᠶᠠᠨᠠᠷᠠᠳ ᠲᠦᠮᠡᠨ᠎ᠳᠦ ᠦᠢᠯᠡᠴᠢᠯᠡᠬᠦ ᠦᠨᠳᠦᠰᠦᠨ ᠵᠣᠷᠢᠯᠲᠠ᠎ᠶᠢ ᠲᠣᠳᠣᠷᠬᠠᠢᠯᠠᠨ ᠥᠭᠦᠯᠡᠵᠦ ᠂ ᠳᠤᠮᠳᠠᠳᠤ ᠤᠯᠤᠰᠤᠨᠡᠪ ᠬᠠᠮᠲᠤ ᠨᠠᠮ᠎ᠤᠨ ᠪᠤᠰᠤᠳ ᠲᠦᠷᠦ᠎ᠶᠢᠨ ᠨᠠᠮ᠎ᠠᠴᠠ ᠢᠯᠭᠠᠭᠳᠠᠬᠤ ᠢᠯᠡ ᠲᠣᠳᠣ ᠣᠨᠴᠠᠯᠢᠭ᠎ᠢ ᠢᠯᠡᠷᠡᠭᠦᠯᠪᠡ᠃ᠲᠥᠷᠥ ᠵᠠᠰᠠᠭ ᠪᠣᠯ ᠳᠠᠷᠤᠶ ᠠᠷᠠᠳ ᠲᠦᠮᠡᠨ ᠂ ᠠᠷᠠᠳ ᠲᠦᠮᠡᠨ ᠪᠣᠯ ᠲᠠᠷᠣᠢ ᠲᠥᠷᠥ ᠵᠠᠰᠠᠭ ᠮᠦᠨ᠃ ᠨᠠᠮ᠎ᠤᠨ ᠲᠡᠦᠬᠡᠪᠣᠯ ᠳᠠᠷᠤᠢ ᠨᠠᠮ ᠪᠣᠯᠤᠨ ᠠᠷᠠᠳ ᠲᠦᠮᠡᠨ ᠰᠡᠳᠬᠢᠯ ᠵᠢᠷᠦᠬᠡ᠎ᠪᠡᠨ ᠬᠣᠯᠪᠣᠵᠤ ᠂ ᠬᠤᠪᠢ ᠵᠠᠶᠠᠭ᠎ᠠ᠎ᠪᠠᠨ ᠬᠠᠮᠲᠤᠳᠬᠠᠭᠰᠠᠨᠲᠡᠦᠬᠡ ᠮᠥᠨ ᠂ ᠳᠠᠷᠤᠢ ᠨᠠᠮ ᠪᠣᠯᠤᠨ ᠠᠷᠠᠳ ᠲᠦᠮᠡᠨ ᠵᠢᠷᠭᠠᠯ ᠵᠣᠪᠠᠯᠠᠩ᠎ᠢᠶᠠᠨ ᠬᠠᠮᠲᠤᠳᠬᠠᠵᠤ ᠂ ᠦᠬᠦᠵᠦ ᠰᠡᠭᠡᠬᠦᠪᠡᠨᠬᠠᠮᠲᠤᠳᠬᠠᠭᠰᠠᠨ ᠲᠡᠦᠬᠡ ᠮᠥᠨ᠃ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠨᠢ ᠵᠠᠭᠤᠨ ᠵᠢᠯ᠎ᠦᠨ ᠲᠡᠦᠬᠡᠲᠡᠶᠲᠤᠮᠤ ᠨᠠᠮ᠎ᠤᠨ ᠨᠠᠮ ᠪᠠᠢᠭᠤᠯᠬᠤ᠎ᠶᠢᠨ ᠦᠨᠳᠦᠰᠦ ᠨᠢ ᠠᠷᠠᠳ ᠲᠦᠮᠡᠨ᠎ᠳᠦ ᠪᠤᠢ ᠂ ᠬᠦᠴᠦᠨ ᠴᠢᠳᠠᠯ᠎ᠤᠨ ᠡᠬᠢ ᠰᠤᠷᠪᠤᠯᠵᠢ᠎ᠨᠢ ᠠᠷᠠᠳ ᠲᠦᠮᠡᠨ᠎ᠳᠦ ᠪᠤᠢ ᠭᠡᠳᠡᠭ᠎ᠢ ᠲᠣᠳᠣᠷᠬᠠᠢᠯᠠᠪᠠ᠃ ᠠᠷᠠᠳ ᠲᠦᠮᠡᠨ᠎ᠢᠶᠡᠷ ᠲᠦᠪ ᠪᠣᠯᠭᠠᠬᠤ᠎ᠶᠢ ᠪᠠᠷᠢᠮᠲᠠᠯᠠᠬᠤᠪᠣᠯ ᠰᠢᠨ᠎ᠡ ᠴᠠᠭ ᠦᠶ᠎ᠡ᠎ᠳᠦ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦᠶᠢᠨᠦᠨᠳᠦᠰᠦᠨ ᠵᠣᠭᠰᠣᠯᠲᠠ ᠮᠥᠨ ᠂ ᠮᠠᠨ᠎ᠤ ᠤᠯᠤᠰ᠎ᠤᠨ ᠤᠯᠤᠰ᠎ᠤᠨ ᠪᠠᠢᠭᠤᠯᠤᠯ ᠪᠣᠯᠤᠨ ᠤᠯᠤᠰ᠎ᠤᠨ ᠵᠠᠰᠠᠯᠲᠠᠶᠢᠨᠰᠢᠰᠲ᠋ᠧᠮᠦᠨ ᠮᠥᠨ ᠴᠢᠨᠠᠷ᠎ᠤᠨ ᠰᠢᠨᠵᠢ ᠴᠢᠨᠠᠷ᠎ᠢ ᠭᠦᠨᠵᠡᠭᠡᠢ ᠢᠯᠡᠷᠡᠭᠦᠯᠵᠦ ᠪᠠᠢᠨ᠎ᠠ᠃
ᠶᠡᠷᠦᠩᠬᠡᠢ ᠱᠦᠵᠢ ᠰᠢ ᠵᠢᠨ ᠫᠢᠩ᠄ 《 ᠠᠷᠠᠳ ᠲᠦᠮᠡᠨ᠎ᠦ ᠢᠲᠡᠭᠡᠯ᠎ᠢ ᠣᠯᠵᠤ ᠂ ᠠᠷᠠᠳ ᠲᠦᠮᠡᠨ᠎ᠦ ᠳᠡᠮᠵᠢᠯᠭᠡ᠎ᠶᠢ ᠣᠯᠪᠠᠯ ᠨᠠᠮᠳᠠᠷᠤᠢ ᠶᠠᠮᠠᠷᠪᠠ ᠬᠦᠴᠢᠷ ᠪᠡᠷᠬᠡᠰᠢᠶᠡᠯ᠎ᠢ ᠢᠯᠠᠨ ᠳᠠᠪᠠᠵᠤ ᠴᠢᠳᠠᠨ᠎ᠠ ᠂ ᠬᠠᠨᠳᠤᠭᠰᠠᠨ ᠵᠦᠭ᠎ᠲᠦ ᠢᠯᠠᠯᠲᠠ ᠣᠯᠵᠤᠴᠢᠳᠠᠨᠠ》 ᠭᠡᠵᠦ ᠵᠢᠭᠠᠵᠦ ᠭᠠᠷᠭᠠᠪᠠ᠃ ᠨᠠᠮ ᠪᠣᠯᠤᠨ ᠠᠷᠠᠳ ᠤᠯᠠᠨ᠎ᠤ ᠮᠢᠬ᠎ᠠ ᠴᠢᠰᠤᠨ᠎ᠤ ᠪᠠᠷᠢᠯᠳᠤᠯᠭᠠᠶᠢᠪᠠᠲᠤᠯᠠᠬᠤ ᠪᠣᠯ ᠨᠠᠮ᠎ᠤᠨ ᠳᠤᠮᠳᠠᠳᠤ ᠤᠯᠤᠰ᠎ᠤᠨ ᠬᠤᠪᠢᠰᠬᠠᠯ ᠂ ᠪᠦᠳᠦᠭᠡᠨ ᠪᠠᠢᠭᠤᠯᠤᠯᠲᠠ ᠪᠣᠯᠤᠨ ᠥᠭᠡᠷᠡᠴᠢᠯᠡᠯᠲᠡᠶᠢᠤᠳᠤᠷᠢᠳᠴᠤ ᠢᠯᠠᠯᠳᠠ ᠤᠯᠤᠭᠰᠠᠨᠦ ᠠᠨᠢᠰᠤ ᠮᠥᠨ᠃ ᠰᠢᠨ᠎ᠡ ᠠᠶᠠᠨ᠎ᠳᠦ᠂ ᠪᠢᠳᠡ ᠡᠷᠬᠡᠪᠰᠢ ᠠᠷᠠᠳ ᠲᠦᠮᠡᠨ᠎ᠳᠦ ᠴᠢᠩᠭᠠᠲᠦᠰᠢᠭᠯᠡᠨ ᠲᠡᠦᠬᠡ᠎ᠶᠢ ᠡᠭᠦᠳᠦᠨ ᠪᠦᠲᠦᠭᠡᠵᠦ ᠂ ᠪᠦᠬᠦ ᠰᠡᠳᠬᠢᠯ ᠪᠦᠬᠦ ᠵᠣᠷᠢᠭ᠎ᠢᠶᠠᠷ᠎ᠢᠶᠠᠨ ᠠᠷᠠᠳ ᠲᠦᠮᠡᠨᠳᠦᠦᠢᠯᠡᠴᠢᠯᠡᠬᠦ ᠦᠨᠳᠦᠰᠦᠨ ᠵᠣᠷᠢᠯᠲᠠ᠎ᠶᠢ ᠪᠠᠷᠢᠮᠲᠠᠯᠠᠨ ᠂ ᠠᠷᠠᠳ ᠲᠦᠮᠡᠨ᠎ᠦ ᠵᠣᠭᠰᠣᠯᠲᠠ᠎ᠳᠤ ᠪᠠᠲᠤ ᠵᠣᠭᠰᠣᠵᠤ᠂ ᠨᠠᠮ᠎ᠤᠨ ᠤᠯᠠᠨ ᠲᠦᠮᠡᠨᠴᠢ ᠱᠤᠭᠤᠮ᠎ᠢ ᠲᠤᠭᠤᠰᠢᠯᠠᠭᠤᠯᠤᠨ ᠂ ᠠᠷᠠᠳ ᠲᠦᠮᠡᠨ᠎ᠦ ᠡᠭᠦᠳᠦᠨ ᠪᠦᠲᠦᠭᠡᠬᠦ ᠵᠣᠷᠢᠭᠰᠠᠨᠠᠭ᠎ᠠ᠎ᠶᠢ ᠬᠦᠨᠳᠦᠳᠬᠡᠵᠦ ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭᠠᠶᠢᠦᠢᠯᠡᠳᠦᠯᠭᠡᠵᠢᠭᠦᠯᠦᠨ ᠂ ᠪᠦᠬᠦ ᠶᠠᠪᠤᠴᠠ᠎ᠶᠢᠨ ᠠᠷᠠᠳ᠎ᠤᠨ ᠠᠷᠠᠳᠴᠢᠯᠠᠯ᠎ᠢ ᠬᠥᠭᠵᠢᠭᠦᠯᠵᠦ ᠂ ᠨᠡᠢᠭᠡᠮ᠎ᠦᠨ ᠲᠥᠪᠭᠣᠣᠯᠴᠢ ᠰᠢᠳᠤᠷᠭᠤ ᠶᠣᠰᠣ᠎ᠶᠢ ᠬᠠᠮᠠᠭᠠᠯᠠᠨ ᠂ ᠬᠥᠭᠵᠢᠯᠲᠡ᠎ᠶᠢᠨ ᠲᠡᠩᠴᠡᠭᠦᠷᠢ ᠦᠭᠡᠢ ᠭᠦᠢᠴᠡᠳ ᠦᠭᠡᠢ ᠪᠠᠢᠬᠤᠠᠰᠠᠭᠤᠳᠠᠯ ᠪᠠ ᠠᠷᠠᠳ ᠤᠯᠠᠨ᠎ᠤ ᠪᠠᠴᠢᠮᠳᠠᠨ ᠵᠣᠪᠠᠨᠢᠵᠤ ᠬᠦᠰᠡᠨ ᠬᠦᠯᠢᠶᠡᠵᠦ ᠪᠠᠢᠭ᠎ᠠ ᠠᠰᠠᠭᠤᠳᠠᠯ᠎ᠢ ᠬᠦᠴᠦᠯᠡᠨᠰᠢᠢᠳᠪᠦᠷᠢᠯᠡᠵᠦ ᠂ ᠬᠥᠮᠦᠨ᠎ᠦ ᠪᠦᠬᠦ ᠲᠠᠯ᠎ᠠ᠎ᠶᠢᠨ ᠬᠥᠭᠵᠢᠯᠲᠡ᠎ᠶᠢ ᠠᠬᠢᠭᠤᠯᠤᠨ ᠂ ᠪᠦᠬᠦ ᠠᠷᠠᠳ ᠲᠦᠮᠡᠨ᠎ᠦ ᠬᠠᠮᠲᠤᠶᠢᠨᠴᠢᠨᠡᠭᠡᠯᠢᠭᠵᠢᠯᠢ ᠨᠡᠩ ᠢᠯᠡᠷᠬᠡᠢ ᠮᠥᠨ ᠴᠢᠨᠠᠷ᠎ᠤᠨ ᠠᠬᠢᠴᠠ᠎ᠲᠠᠶ ᠪᠣᠯᠭᠠᠬᠤ ᠬᠡᠷᠡᠭᠲᠡᠢ᠃
ᠰᠢᠯᠢᠳᠡᠭ ᠤᠯᠠᠮᠵᠢᠯᠠᠯ᠎ᠢᠶᠠᠨ ᠪᠠᠳᠠᠷᠠᠭᠤᠯᠵᠤ ᠵᠣᠷᠢᠭ ᠰᠠᠨᠠᠭᠠᠨ ᠤ ᠰᠢᠮᠡᠲᠡᠵᠢᠭᠡᠯ ᠬᠦᠷᠲᠡᠶ᠎ᠡ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠦᠨ ᠲᠡᠦᠬᠡ᠎ᠶᠢ ᠶᠡᠷᠦᠩᠬᠡᠢᠳᠦᠨᠢᠠᠵᠢᠬᠯᠠᠪᠠᠯ ᠂ ᠲᠡᠮᠡᠴᠡᠯ᠎ᠦᠨ ᠶᠠᠪᠤᠴᠠ᠎ᠳᠤ ᠪᠦᠷᠢᠯᠳᠦᠭᠰᠡᠨ ᠡᠯᠪᠡᠭ ᠪᠠᠶᠠᠯᠢᠭ ᠤᠶᠤᠨ ᠰᠠᠨᠠᠭᠠᠨ᠎ᠤ ᠥᠪ ᠬᠦᠷᠦᠨᠭᠭᠡ᠎ᠨᠢ ᠲᠡᠦᠬᠡ᠎ᠶᠢᠨ ᠤᠷᠤᠭᠰᠢᠯᠠᠯᠲᠠ᠎ᠶᠢ ᠠᠬᠢᠭᠤᠯᠬᠤ ᠤᠶᠤᠨ ᠰᠠᠨᠠᠭᠠᠨ᠎ᠤ ᠬᠥᠳᠡᠯᠭᠡᠬᠦ ᠬᠦᠴᠦᠨ᠎ᠢ ᠣᠯᠭᠣᠵᠤ ᠂ ᠬᠦᠴᠦᠷᠬᠡᠭᠶᠡᠬᠡ ᠲᠥᠪᠯᠡᠷᠨᠩᠭᠦᠢ ᠬᠦᠴᠦᠨ ᠂ ᠨᠢᠭᠲᠠᠷᠠᠯ᠎ᠤᠨ ᠬᠦᠴᠦᠨ ᠂ ᠤᠷᠢᠶᠠᠯᠠᠬᠤ ᠬᠦᠴᠦᠨ᠎ᠢ ᠪᠤᠢ ᠪᠣᠯᠭᠠᠵᠠᠢ᠃ ᠳᠤᠮᠳᠠᠳᠤᠤᠯᠤᠰ᠎ᠤᠨ ᠡᠪ ᠬᠠᠮᠲᠤ ᠨᠠᠮ᠎ᠤᠨ ᠠᠬᠠᠮᠠᠳ ᠦᠶ᠎ᠠ ᠵᠢᠨ ᠬᠢᠨ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠡᠭᠦᠳᠦᠨᠪᠠᠢᠭᠤᠯᠵᠤ ᠂ ᠦᠨᠡᠨ ᠶᠣᠰᠣ᠎ᠶᠢ ᠪᠠᠷᠢᠮᠲᠠᠯᠠᠬᠤ ᠂ ᠬᠦᠰᠡᠯᠡᠩ᠎ᠢᠶᠡᠨ ᠪᠠᠲᠤ ᠰᠠᠬᠢᠬᠤ ᠂ ᠤᠭ ᠰᠠᠨᠠᠭᠠᠪᠠᠨᠦᠢᠯᠡᠳᠦᠯᠭᠡᠵᠢᠭᠦᠯᠬᠦ ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠂ ᠦᠷᠡᠭᠳᠡᠯ ᠰᠦᠢᠳᠦᠯ᠎ᠡᠴᠡ ᠠᠶᠤᠬᠤ ᠦᠭᠡᠢ᠂ ᠡᠷᠡᠯᠬᠡᠭ ᠪᠠᠭᠠᠲᠤᠷᠯᠢᠭ᠎ᠢᠶᠠᠷ ᠲᠡᠮᠡᠴᠡᠬᠦ ᠂ ᠨᠠᠮ᠎ᠳᠠᠭᠠᠨ ᠦᠨᠡᠨᠴᠢ ᠰᠢᠳᠤᠷᠭᠤ ᠂ ᠠᠷᠠᠳ ᠲᠦᠮᠡᠨᠳᠡᠭᠡᠨᠣᠰᠣᠯᠳᠠᠬᠤ ᠦᠭᠡᠢ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠶᠢ ᠪᠦᠷᠢᠯᠳᠦᠭᠦᠯᠪᠡ ᠂ ᠡᠨᠡ ᠪᠣᠯ ᠳᠤᠮᠳᠠᠳᠤᠤᠯᠤᠰ᠎ᠤᠨ ᠡᠪ ᠬᠠᠮᠲᠤ ᠨᠠᠮ᠎ᠤᠨ ᠵᠣᠷᠢᠭ ᠰᠠᠨᠠᠭᠠᠨ᠎ᠤ ᠡᠬᠢ ᠰᠤᠷᠪᠤᠯᠵᠢ ᠮᠥᠨ᠃
ᠵᠠᠭᠤᠨ ᠵᠢᠯ᠎ᠦᠨ ᠶᠡᠷᠦ ᠪᠤᠰᠤ᠎ᠶᠢᠨ ᠲᠡᠮᠡᠴᠡᠯ᠎ᠦᠨ ᠶᠠᠪᠤᠴᠠ᠎ᠳᠤ ᠂ ᠦᠶ᠎ᠡ ᠦᠶᠡᠶᠢᠨᠳᠤᠮᠳᠠᠳᠤ ᠤᠯᠤᠰ᠎ᠤᠨ ᠡᠪ ᠬᠠᠮᠲᠤᠴᠤᠳ ᠡᠷᠡᠯᠬᠡᠭᠯᠡᠨ ᠲᠡᠮᠡᠴᠡᠵᠦ ᠂ ᠴᠥᠬᠥᠷᠡᠰᠢ ᠦᠭᠡᠢ ᠲᠡᠮᠡᠴᠡᠵᠦ ᠂ ᠵᠢᠩᠭᠠᠩᠱᠠᠨᠤᠵᠣᠷᠢᠭ ᠰᠠᠨᠠᠭ᠎ᠠ ᠂ ᠤᠷᠳᠤ ᠵᠠᠮ᠎ᠤᠨ ᠠᠶᠠᠨ ᠲᠠᠢᠢᠨᠦ ᠵᠣᠷᠢᠭ ᠰᠠᠨᠠᠭ᠎ᠠ ᠂ ᠽᠦᠨ ᠢ ᠵᠢᠨ ᠬᠤᠷᠠᠯ᠎ᠤᠨ ᠵᠣᠷᠢᠭᠰᠠᠨᠠᠭ᠎ᠠ ᠂ ᠶᠠᠨ ᠠᠨ᠎ᠤ ᠵᠣᠷᠢᠭ ᠰᠠᠨᠠᠭ᠎ᠠ ᠂ ᠰᠢ ᠪᠠᠢ ᠫᠦᠸᠸ ᠵᠢᠨ ᠵᠣᠷᠢᠭ ᠰᠠᠨᠠᠭ᠎ᠠ ᠂ ᠠᠮᠧᠷᠢᠺᠠ᠎ᠶᠢ ᠡᠰᠡᠷᠭᠦᠴᠡᠵᠦᠰᠣᠯᠣᠩᠭᠣᠰᠢ ᠲᠤᠰᠠᠯᠠᠬᠤ ᠵᠣᠷᠢᠭ ᠰᠠᠨᠠᠭ᠎ᠠ ᠂《 ᠬᠣᠶᠠᠷ ᠪᠥᠮᠪᠥᠭᠡ ᠨᠢᠭᠡ ᠤᠳᠤᠨ》ᠤ᠋ᠵᠣᠷᠢᠭ ᠰᠠᠨᠠᠭ᠎ᠠ ᠂ ᠣᠨᠴᠠᠭᠠᠢ ᠣᠷᠣᠨ᠎ᠤ ᠵᠣᠷᠢᠭ ᠰᠠᠨᠠᠭ᠎ᠠ ᠂ ᠦᠶᠡᠷ᠎ᠲᠡᠶ ᠲᠡᠮᠡᠴᠡᠬᠦᠵᠣᠷᠢᠭ ᠰᠠᠨᠠᠭ᠎ᠠ ᠂ ᠭᠠᠵᠠᠷ ᠬᠥᠳᠡᠯᠦᠯᠲᠡ᠎ᠲᠡᠶ ᠲᠡᠮᠡᠴᠡᠵᠦ ᠭᠠᠮᠰᠢᠭ᠎ᠠᠴᠠ ᠠᠪᠤᠷᠠᠬᠤ ᠵᠣᠷᠢᠭ ᠰᠠᠨᠠᠭ᠎ᠠ ᠂ᠬᠢᠵᠢᠭ᠎ᠲᠡᠶ ᠲᠡᠮᠡᠴᠡᠬᠦ ᠠᠭᠤᠤ ᠶᠡᠬᠡ ᠵᠣᠷᠢᠭ ᠰᠠᠨᠠᠭ᠎ᠠ ᠵᠡᠷᠭᠡ ᠠᠭᠤᠤ ᠶᠡᠬᠡ ᠵᠣᠷᠢᠭ ᠰᠠᠨᠠᠭ᠎ᠠ᠎ᠶᠢ ᠪᠦᠷᠢᠯᠳᠦᠭᠦᠯᠵᠦ᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠵᠣᠷᠢᠭ ᠰᠠᠨᠠᠭᠠᠨ᠎ᠤ ᠰᠢᠰᠲᠸᠮ ᠢ ᠴᠣᠭᠴᠠᠯᠠᠵᠠᠢ᠃ ᠨᠠᠮ᠎ᠤᠨ ᠵᠠᠭᠤᠨᠵᠢᠯ᠎ᠦᠨ ᠲᠡᠦᠬᠡ᠎ᠶᠢᠨ ᠠᠬᠢᠴᠠ ᠳᠤᠮᠳᠠ ᠪᠦᠷᠢᠯᠳᠦᠭᠰᠡᠨ ᠤᠶᠤᠨ ᠰᠠᠨᠠᠭᠠᠨ᠎ᠤ ᠴᠠᠳᠢᠭ ᠪᠣᠯ ᠴᠥᠮ ᠠᠭᠤᠤ ᠶᠡᠬᠡᠨᠠᠮ ᠪᠠᠢᠭᠤᠯᠬᠤ ᠵᠣᠷᠢᠭ ᠰᠠᠨᠠᠭᠠᠨ᠎ᠤ ᠵᠢᠯᠤᠭᠤᠳᠤᠯᠭ᠎ᠠ ᠂ ᠵᠣᠷᠢᠭᠵᠢᠭᠤᠯᠤᠯ ᠂ ᠲᠤᠯᠭᠠᠭᠤᠷᠢᠯᠠᠯ ᠳᠣᠣᠷ᠎ᠠ ᠂ᠰᠢᠨ᠎ᠡ ᠲᠡᠦᠬᠡᠲᠦ ᠡᠭᠦᠷᠭᠡ ᠂ ᠴᠠᠭ ᠦᠶ᠎ᠡ᠎ᠶᠢᠨ ᠣᠨᠴᠠᠯᠢᠭ᠎ᠲᠠᠶ ᠤᠶᠠᠯᠳᠤᠵᠦ ᠪᠣᠢ ᠪᠣᠯᠣᠬᠰᠠᠨ ᠶᠣᠮ᠂《ᠡᠬᠢ ᠡᠭᠦᠰᠦᠯ 》 ᠪᠣᠯᠤᠨ 《 ᠤᠷᠤᠰᠬᠠᠯ 》 ᠦᠨ ᠬᠠᠷᠢᠴᠠᠭᠠᠭᠡᠵᠦ ᠬᠡᠯᠡᠵᠦ ᠪᠣᠯᠤᠨ᠎ᠠ᠃ ᠲᠡᠷᠡ ᠨᠢ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠲᠠᠶ ᠤᠳᠤᠮ ᠨᠢᠭᠡᠲᠡᠢᠪᠥᠭᠡᠳ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠶᠢ ᠲᠠᠰᠤᠷᠠᠯᠳᠠ ᠦᠭᠡᠢ ᠪᠠᠶᠠᠯᠢᠭᠵᠢᠭᠤᠯᠤᠨ ᠬᠥᠭᠵᠢᠭᠦᠯᠵᠦ᠂ ᠴᠠᠭ ᠦᠶᠡᠴᠢ ᠴᠢᠨᠠᠷ ᠪᠠ ᠰᠢᠨ᠎ᠡ᠎ᠶᠢ ᠡᠭᠦᠳᠬᠦ ᠴᠢᠨᠠᠷ᠎ᠢᠶᠠᠷ ᠪᠠᠶᠠᠯᠢᠭ ᠪᠣᠯᠭᠠᠵᠤ ᠂ ᠨᠠᠮ ᠪᠠᠢᠭᠤᠯᠬᠤ ᠠᠭᠤᠤᠶᠡᠬᠡ ᠵᠣᠷᠢᠭ ᠰᠠᠨᠠᠭ᠎ᠠ᠎ᠶᠢᠨ ᠡᠬᠢ ᠡᠭᠦᠰᠦᠯ᠎ᠦᠨ ᠴᠠᠭ ᠣᠷᠣᠨ ᠵᠠᠢ᠎ᠶᠢ ᠰᠤᠨᠳᠠᠯᠠᠭᠰᠠᠨ ᠠᠮᠢᠵᠢᠷᠠᠯ᠎ᠤᠨ ᠬᠦᠴᠦᠨᠢᠢᠯᠡᠷᠡᠭᠦᠯᠵᠦ ᠂ ᠳᠤᠮᠳᠠᠳᠤ ᠤᠯᠤᠰ᠎ᠤᠨ ᠵᠣᠷᠢᠭ ᠰᠠᠨᠠᠭ᠎ᠠ᠎ᠶᠢ ᠨᠢᠭᠲᠠᠷᠠᠭᠤᠯᠵᠤ ᠂ ᠳᠤᠮᠳᠠᠳᠤ ᠤᠯᠤᠰ᠎ᠤᠨ ᠬᠦᠴᠦᠨᠢᠨᠢᠭᠲᠠᠷᠠᠭᠤᠯᠵᠤ ᠂ ᠳᠤᠮᠳᠠᠳᠤ ᠤᠯᠤᠰ᠎ᠤᠨ ᠭᠠᠢᠬᠠᠮᠰᠢᠭ᠎ᠢ ᠡᠭᠦᠳᠴᠦ ᠂ ᠳᠤᠮᠳᠠᠳᠤ ᠤᠯᠤᠰ᠎ᠤᠨ ᠤᠶᠤᠨ ᠤᠬᠠᠭᠠᠨᠢᠢᠯᠡᠷᠡᠭᠦᠯᠪᠡ᠃
ᠵᠠᠭᠤᠨ ᠵᠢᠯ᠎ᠦᠨ ᠨᠠᠮ᠎ᠤᠨ ᠲᠡᠦᠬᠡ᠎ᠡᠴᠡ ᠡᠯᠪᠡᠭ ᠪᠠᠶᠠᠯᠢᠭ ᠤᠶᠤᠨ ᠰᠠᠨᠠᠭᠠᠨᠤᠰᠢᠮᠡ ᠲᠡᠵᠢᠭᠡᠯ ᠬᠦᠷᠳᠡᠬᠦ᠎ᠳᠦ ᠪᠢᠳᠡ ᠨᠡᠩ ᠴᠤ ᠲᠡᠮᠡᠴᠡᠯᠦᠨᠵᠣᠷᠢᠭᠢᠶᠠᠨ ᠬᠥᠪᠴᠢᠯᠡᠵᠦ ᠂ ᠴᠢᠭᠯᠡᠯ᠎ᠢᠶᠡᠨ ᠲᠣᠳᠣᠷᠬᠠᠢᠯᠠᠵᠤ ᠂ ᠳᠤᠮᠳᠠᠳᠤ ᠤᠯᠤᠰ᠎ᠤᠨ ᠡᠪ ᠬᠠᠮᠲᠤᠴᠤᠳ ᠤᠨᠰᠢᠯᠢᠳᠡᠭ ᠤᠯᠠᠮᠵᠢᠯᠠᠯ᠎ᠢ ᠵᠠᠯᠭᠠᠮᠵᠢᠯᠠᠨ ᠪᠠᠳᠠᠷᠠᠭᠤᠯᠵᠤ ᠂ ᠤᠶᠤᠨ ᠰᠠᠨᠠᠭᠠᠨ᠎ᠤ ᠭᠡᠷᠡᠯ ᠭᠢᠯᠪᠠᠭ᠎ᠠ ᠪᠠᠨᠰᠠᠴᠤᠷᠠᠭᠤᠯᠵᠤ ᠂ ᠳᠤᠮᠳᠠᠳᠤ᠎ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠶᠢ ᠪᠡᠶᠡᠯᠡᠭᠦᠯᠬᠦᠠᠤᠭᠠ ᠬᠠᠷᠠᠯᠲᠠ ᠲᠡᠢᠰᠢ ᠡᠷᠡᠯᠬᠡᠭᠯᠡᠨ ᠤᠷᠤᠭᠰᠢᠯᠠᠬᠤ ᠬᠡᠷᠡᠭᠲᠡᠢ᠃
(ᠵᠣᠬᠢᠶᠠᠭᠴᠢ ᠄ ᠥᠪᠥᠷ ᠮᠣᠩᠭᠣᠯ᠎ᠤᠨ ᠡᠳ᠋ ᠦᠨ ᠵᠠᠰᠠᠭ ᠠᠵᠤ ᠠᠬᠤᠢ ᠶᠢᠨ ᠶᠡᠬᠡᠰᠤᠷᠭᠠᠭᠤᠯᠢ ᠶᠢᠨ ᠮᠠᠷᠺᠰ ᠤᠨ ᠦᠵᠡᠯ ᠦᠨ ᠳᠡᠭᠡᠳᠦ ᠰᠤᠷᠭᠠᠭᠤᠯᠢ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃