2021-01-31 12:13:28
ᠣᠶᠢᠷ᠎ᠠ᠎ᠳ᠋ᠤ ᠂ ᠵᠠᠷᠢᠮ ᠰᠦᠯᠵᠢᠶᠠᠨ ᠠᠨᠳᠠ᠎ᠶᠢᠨ ᠮᠡᠳᠡᠭᠡᠯᠡᠭᠰᠡᠨ᠎ᠢᠶᠠᠷ ᠂ ᠨᠢᠭᠡᠨ ︽ ᠡᠷᠡᠭᠦᠯ ᠮᠡᠨᠳᠦ᠎ᠶᠢᠨ ᠺᠣᠳ᠋᠎ᠤᠨ ᠦᠵᠡᠭᠦᠯᠦᠯᠭᠡ ︾ ᠭᠡᠳᠡᠭ ᠬᠡᠷᠡᠭᠯᠡᠭᠡᠨ᠎ᠤ APP᠎ᠨᠢ ᠬᠤᠪᠢ ᠬᠥᠮᠦᠨ᠎ᠤ ᠬᠡᠷᠡᠭᠴᠡᠭᠡ᠎ᠪᠠᠨ ᠦᠨᠳᠦᠰᠦᠯᠡᠨ ᠡᠯ᠎ᠡ ᠭᠠᠵᠠᠷ᠎ᠤᠨ ᠡᠷᠡᠭᠦᠯ ᠮᠡᠨᠳᠦ᠎ᠶᠢᠨ ᠺᠣᠳ᠋᠎ᠢ ᠳᠤᠷ᠎ᠠ᠎ᠪᠠᠷ᠎ᠢᠶᠡᠨ ᠢᠯᠡᠷᠡᠭᠦᠯᠵᠦ ᠂ ᠡᠷᠡᠭᠦᠯ ᠮᠡᠨᠳᠦ᠎ᠶᠢᠨ ᠺᠣᠳ᠋᠎ᠤᠨ ᠥᠩᠭᠡ᠎ᠶᠢ ᠰᠣᠯᠢᠵᠤ ᠪᠣᠯᠤᠨ᠎ᠠ ᠂ ᠴᠢᠨᠠᠭᠰᠢᠯᠠᠪᠠᠯ ᠭᠠᠵᠠᠷ ᠣᠷᠣᠨ ᠂ ᠬᠣᠲᠠ ᠂ ᠣᠪᠣᠭ ᠨᠡᠷ᠎ᠡ ᠵᠡᠷᠭᠡ᠎ᠶᠢ ᠴᠥᠮ ᠥᠪᠡᠰᠦᠪᠡᠨ ᠲᠣᠳᠣᠷᠬᠠᠶᠢᠯᠠᠵᠤ ᠪᠣᠯᠤᠨ᠎ᠠ ᠂ ᠡᠨᠡ ᠬᠦ ᠶᠠᠪᠤᠳᠠᠯ᠎ᠨᠢ ᠣᠯᠠᠨ᠎ᠢ ᠬᠢᠯᠢᠩᠨᠡᠭᠦᠯᠪᠡ ᠃ ᠣᠳᠣᠬᠠᠨ᠎ᠳ᠋ᠤ ᠲᠤᠰ APP᠎ᠶᠢ ᠨᠢᠭᠡᠨᠲᠡ ᠵᠣᠭᠰᠣᠭᠠᠭᠰᠠᠨ ᠪᠥᠭᠡᠳ ᠬᠠᠩᠵᠧᠦ᠎ᠶᠢᠨ ᠳᠣᠲᠤᠭᠠᠳᠤ᠎ᠶᠢ ᠬᠠᠮᠠᠭᠠᠯᠠᠬᠤ ᠪᠠᠢᠭᠤᠯᠭ᠎ᠠ ᠴᠤ ᠰᠡᠵᠢᠭᠳᠡᠨ᠎ᠳ᠋ᠤ ᠡᠷᠡᠭᠦᠦ᠎ᠶᠢᠨ ᠬᠡᠷᠡᠭ᠎ᠤᠨ ᠠᠯᠪᠠᠳᠠᠯᠭ᠎ᠠ᠎ᠶᠢᠨ ᠠᠷᠭ᠎ᠠ ᠬᠡᠮᠵᠢᠶ᠎ᠡ ᠠᠪᠴᠤ ᠂ ᠬᠡᠷᠡᠭ᠎ᠢ ᠤᠯᠠᠮ ᠨᠢᠭᠡ ᠠᠯᠬᠤᠮ ᠳᠡᠩᠨᠡᠨ ᠰᠢᠢᠳᠪᠦᠷᠢᠯᠡᠵᠦ ᠪᠠᠶᠢᠨ᠎ᠠ ᠃
︽ ᠪᠡᠭᠡᠵᠢᠩ᠎ᠤᠨ ᠵᠠᠯᠠᠭᠤᠴᠤᠳ ᠰᠣᠨᠢᠨ ︾᠎ᠡᠴᠠ
ᠦᠨᠡᠯᠡᠬᠦᠢ ᠄ ᠡᠷᠡᠭᠦᠯ ᠮᠡᠨᠳᠦ᠎ᠶᠢᠨ ᠺᠤᠳ᠋᠎ᠲᠤ ᠳᠤᠷ᠎ᠠ᠎ᠪᠠᠷ᠎ᠢᠶᠡᠨ ᠨᠣᠭᠣᠭᠠᠨ ᠳ᠋ᠧᠩ ᠠᠰᠠᠭᠠᠬᠤ᠎ᠨᠢ ᠬᠢᠵᠢᠭ᠎ᠤᠨ ᠪᠠᠶᠢᠳᠠᠯ᠎ᠤᠨ ᠲᠠᠷᠬᠠᠭᠠᠬᠤ ᠠᠶᠤᠯ ᠲᠦᠭᠰᠢᠭᠦᠷᠢ᠎ᠶᠢ ᠪᠤᠢ ᠪᠣᠯᠭᠠᠬᠤ᠎ᠪᠠᠷ ᠪᠠᠷᠠᠬᠤ ᠦᠭᠡᠢ ᠂ ᠨᠡᠩ ᠴᠤ ᠠᠶᠠᠯᠠᠯ᠎ᠤᠨ ᠱᠤᠭᠤᠮ᠎ᠢ ᠮᠦᠷᠳᠡᠬᠦ ᠠᠵᠢᠯ᠎ᠢ ᠬᠦᠨᠳᠦ ᠨᠣᠴᠢᠲᠠᠢ ᠬᠠᠷᠰᠢᠯᠠᠵᠤ ᠂ ᠴᠢᠨᠠᠭᠰᠢᠯᠠᠪᠠᠯ ᠬᠢᠯᠪᠠᠷ ᠪᠤᠰᠤ᠎ᠪᠠᠷ ᠢᠷᠡᠭᠰᠡᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ᠎ᠢ ᠲᠠᠯᠠᠭᠠᠷᠳᠠᠭᠤᠯᠬᠤ ᠪᠣᠯᠤᠨ᠎ᠠ ᠃ ᠬᠠᠭᠤᠷᠮᠠᠬᠯᠡᠨ ᠵᠤᠬᠢᠶᠠᠵᠤ ᠳᠤᠷ᠎ᠠ ᠵᠤᠷᠢᠬᠢᠶᠠᠷᠢᠶᠡᠨ ᠠᠭᠠᠰᠢᠯᠠᠬᠤ᠎ᠨᠢ ᠠᠭᠤᠴᠢᠯᠠᠵᠤ ᠪᠤᠯᠤᠰᠢ ᠦᠭᠡᠢ ︕
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠼᠠᠢ ᠬᠤᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃