ᠲᠡᠷᠢᠭᠦᠨ ᠨᠢᠭᠤᠷ>ᠮᠣᠩᠭᠣᠯ ᠰᠣᠳᠣᠯᠣᠯ>ᠲᠡᠤᠬᠡ

2020-08-06 10:23:02

ᠵᠣᠬᠢᠶᠠᠭ᠍ᠴᠢ᠄ ᠤᠯᠠᠭᠠᠨᠲᠤᠶᠠᠭ᠎ᠠ ᠣᠩᠱᠢᠭ᠍ᠰᠠᠨ ᠣᠳᠠᠭ᠎ᠠ᠄ 3

ᠲᠡᠤᠬᠡ᠎ᠶᠢᠨ ᠳᠤᠷᠠᠰᠬᠠᠯᠲᠤ ᠪᠣᠯ ᠬᠥᠮᠦᠨ ᠲᠥᠷᠥᠯᠬᠢᠲᠡᠨ᠎ᠤ ᠲᠡᠤᠬᠡᠨ ᠬᠥᠭᠵᠢᠯᠲᠡ᠎ᠶᠢᠨ ᠶᠠᠪᠤᠴᠠ᠎ᠳ᠋ᠤ ᠦᠯᠡᠳᠡᠭᠳᠡᠭᠰᠡᠨ ᠬᠠᠭᠤᠴᠢ ᠦᠪ ᠪᠤᠯᠬᠤ ᠶᠤᠮ ᠃ ᠡᠯ᠎ᠡ ᠲᠦᠷᠦᠯ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠨᠢ ᠡᠯ᠎ᠡ ᠲᠡᠦᠬᠡᠨ ᠴᠠᠭ ᠦᠶ᠎ᠡ᠎ᠶᠢᠨ ᠬᠥᠮᠦᠨ ᠲᠥᠷᠥᠯᠬᠢᠲᠡᠨ᠎ᠤ ᠨᠡᠶᠢᠭᠡᠮ᠎ᠤᠨ ᠠᠵᠢᠯᠯᠠᠭ᠎ᠠ ᠂ ᠨᠡᠶᠢᠭᠡᠮ᠎ᠤᠨ ᠬᠠᠷᠢᠴᠠᠭ᠎ᠠ ᠂ ᠦᠵᠡᠯ ᠤᠬᠠᠮᠰᠠᠷ᠎ᠤᠨ ᠬᠡᠯᠪᠡᠷᠢ ᠵᠢᠴᠢ ᠪᠠᠶᠢᠭᠠᠯᠢ᠎ᠶᠢ ᠠᠰᠢᠬᠯᠠᠬᠤ ᠂ ᠪᠠᠶᠢᠭᠠᠯᠢ᠎ᠶᠢ ᠥᠭᠡᠷᠡᠴᠢᠯᠡᠬᠦ ᠪᠠ ᠲᠤᠬᠠᠢ᠎ᠶᠢᠨ ᠦᠶ᠎ᠡ᠎ᠶᠢᠨ ᠠᠮᠢ ᠠᠬᠤᠢ ᠣᠷᠴᠢᠨ ᠲᠣᠭᠣᠷᠢᠨ᠎ᠤ ᠪᠠᠶᠢᠳᠠᠯ᠎ᠢ ᠠᠳᠠᠯᠢ ᠪᠤᠰᠤ ᠲᠠᠯ᠎ᠠ᠎ᠡᠴᠠ ᠳᠤᠰᠬᠠᠵᠤ ᠂ ᠲᠡᠷᠡ᠎ᠨᠢ ᠬᠥᠮᠦᠨ ᠲᠥᠷᠥᠯᠬᠢᠲᠡᠨ᠎ᠤ ᠬᠤᠪᠤᠷ ᠨᠠᠨᠳᠢᠨ ᠲᠡᠤᠬᠡ ᠰᠣᠶᠣᠯ᠎ᠤᠨ ᠥᠪ ᠬᠥᠷᠥᠩᠭᠡ ᠪᠤᠯᠤᠨ᠎ᠠ ᠃ ᠲᠡᠤᠬᠡ᠎ᠶᠢᠨ ᠳᠤᠷᠠᠰᠬᠠᠯᠲᠤ ᠵᠦᠢᠯᠡᠰ᠎ᠢ ᠬᠠᠮᠠᠭᠠᠯᠠᠨ ᠬᠠᠮᠢᠶᠠᠷᠬᠤ ᠪᠠ ᠰᠢᠨᠵᠢᠯᠡᠬᠦ ᠤᠬᠠᠭᠠᠨ᠎ᠤ ᠰᠤᠳᠤᠯᠭᠠᠨ ᠬᠢᠬᠦ᠎ᠨᠢ ᠬᠥᠮᠦᠰ᠎ᠤᠨ ᠥᠪᠡᠷ᠎ᠤᠨ ᠲᠡᠦᠬᠡ ᠪᠠ ᠡᠭᠦᠳᠦᠨ ᠪᠦᠲᠦᠭᠡᠬᠦ ᠬᠦᠴᠦᠨ ᠴᠢᠳᠠᠯ᠎ᠢᠶᠡᠨ ᠲᠠᠨᠢᠵᠤ ᠂ ᠬᠥᠮᠦᠨ ᠲᠥᠷᠥᠯᠬᠢᠲᠡᠨ᠎ᠤ ᠨᠡᠶᠢᠭᠡᠮ᠎ᠤᠨ ᠬᠥᠭᠵᠢᠯᠲᠡ᠎ᠶᠢᠨ ᠪᠤᠰᠤᠳᠴᠢ ᠵᠢᠮ᠎ᠡ ᠶᠣᠰᠣ᠎ᠶᠢ ᠢᠯᠡᠷᠡᠭᠦᠯᠦᠨ ᠂ ᠤᠳᠤ ᠦᠶ᠎ᠡ᠎ᠶᠢᠨ ᠪᠠ ᠢᠷᠡᠭᠡᠳᠦᠶ᠎ᠶᠢᠨ ᠨᠡᠶᠢᠭᠡᠮ᠎ᠤᠨ ᠬᠥᠭᠵᠢᠯᠲᠡ᠎ᠶᠢ ᠲᠠᠨᠢᠵᠤ ᠠᠬᠢᠭᠤᠯᠬᠤ᠎ᠳ᠋ᠤ ᠬᠦᠨᠳᠤ ᠴᠢᠬᠤᠯᠠ ᠠᠴᠢ ᠬᠣᠯᠪᠣᠭᠳᠠᠯ᠎ᠲᠠᠢ ᠪᠢᠯᠡ ᠃

未标题-7.jpg

ᠦᠯᠡᠳᠡᠭᠳᠡᠯ  ᠭᠡᠷᠡᠯ ᠰᠠᠴᠤᠷᠠᠩᠭᠤᠢ ᠦᠪ ᠰᠤᠶᠤᠯ᠎ᠤᠨ ᠬᠦᠷᠦᠡᠭᠭᠡ

ᠥᠪᠡᠷᠲᠡᠭᠡᠨ ᠵᠠᠰᠠᠬᠤ ᠣᠷᠣᠨ᠎ᠤ ᠲᠡᠦᠬᠡ᠎ᠶᠢᠨ ᠳᠤᠷᠠᠰᠬᠠᠯᠲᠤ ᠵᠦᠢᠯᠡᠰ ᠂ ᠡᠷᠲᠡᠨ᠎ᠤ ᠦᠯᠡᠳᠡᠭᠳᠡᠯ ᠣᠯᠠᠨ ᠪᠠᠶᠢᠵᠤ ᠂ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠬᠠᠳᠠᠭᠠᠯᠠᠭᠳᠠᠴᠠ ᠡᠯᠪᠡᠭ ᠪᠠᠶᠠᠯᠢᠭ ᠂ ᠢᠯᠠᠩᠭᠤᠶ᠎ᠠ ᠬᠢᠳᠠᠨ ᠯᠢᠶᠣᠤ ᠤᠯᠤᠰ᠎ᠤᠨ ᠦᠶ᠎ᠡ᠎ᠶᠢᠨ ᠲᠡᠦᠬᠡ᠎ᠶᠢᠨ ᠳᠤᠷᠠᠰᠬᠠᠯᠲᠤ ᠵᠦᠢᠯᠡᠰ ᠂ ᠮᠣᠩᠭᠣᠯ ᠶᠤᠸᠠᠨ᠎ᠤ ᠲᠡᠦᠬᠡ᠎ᠶᠢᠨ ᠳᠤᠷᠠᠰᠬᠠᠯᠲᠤ ᠵᠦᠢᠯᠡᠰ᠎ᠨᠢ ᠰᠣᠶᠣᠯ᠎ᠤᠨ ᠣᠨᠴᠠᠯᠢᠭ᠎ᠢᠶᠠᠷ ᠬᠠᠮᠤᠭ ᠳᠤᠪᠤᠢᠮ᠎ᠠ ᠪᠠᠶᠢᠳᠠᠭ ᠃ ᠲᠡᠤᠬᠡ᠎ᠶᠢᠨ ᠳᠤᠷᠠᠰᠬᠠᠯᠲᠤ ᠵᠦᠢᠯᠡᠰ᠎ᠤᠨ ᠬᠡᠮᠵᠢᠶ᠎ᠡ᠎ᠪᠠᠷ ᠮᠠᠨ᠎ᠤ ᠣᠷᠣᠨ ᠪᠥᠬᠥ ᠤᠯᠤᠰ᠎ᠲᠤ 8 ᠳ᠋ᠤᠭᠠᠷ᠎ᠲᠤ ᠵᠢᠭᠰᠠᠭᠠᠭᠳᠠᠵᠤ ᠂ ᠪᠥᠬᠥ ᠤᠯᠤᠰ᠎ᠲᠠᠬᠢ ᠲᠡᠤᠬᠡ᠎ᠶᠢᠨ ᠳᠤᠷᠠᠰᠬᠠᠯᠲᠤ ᠵᠦᠢᠯᠡᠰ ‍ᠤᠨ ᠲᠣᠮᠣ ᠮᠤᠵᠢ ᠤᠷᠤᠨ᠎ᠤ ᠨᠢᠭᠡ ᠪᠣᠯᠤᠬᠰᠠᠨ ᠪᠠᠢᠨ᠎ᠠ ᠃ ᠪᠦᠷᠢᠳᠬᠡᠯ᠎ᠢ ᠦᠨᠳᠦᠰᠦᠯᠡᠪᠡᠯ ᠂ ᠪᠦᠬᠦ ᠣᠷᠣᠨ᠎ᠳ᠋ᠤ ᠣᠳᠣ ᠰᠢᠯᠵᠢᠭᠦᠯᠵᠦ ᠦᠯᠦ ᠪᠤᠯᠬᠤ ᠲᠡᠤᠬᠡ᠎ᠶᠢᠨ ᠳᠤᠷᠠᠰᠬᠠᠯᠲᠤ ᠵᠦᠢᠯᠡᠰ 21099 ᠪᠠᠶᠢᠵᠤ ᠂ ᠲᠦᠷᠦᠭᠦᠤ ᠪᠦᠯᠦᠭ ᠲᠤᠭᠲᠠᠭᠠᠭᠰᠠᠨ ᠬᠤᠪᠢᠰᠬᠠᠯᠳᠤ ᠲᠡᠤᠬᠡ᠎ᠶᠢᠨ ᠳᠤᠷᠠᠰᠬᠠᠯᠲᠤ ᠵᠦᠢᠯᠡᠰ᠎ᠢ ᠬᠠᠮᠠᠭᠠᠯᠠᠬᠤ ᠨᠢᠭᠡᠴᠢ 116 ᠪᠠᠶᠢᠳᠠᠭ ᠃ ᠪᠦᠬᠦ ᠣᠷᠣᠨ᠎ᠳ᠋ᠤ ᠣᠳᠣ ᠮᠦᠽᠸᠢ᠎ᠳ᠋ᠤ ᠬᠠᠳᠠᠭᠠᠯᠠᠵᠤ ᠪᠠᠶᠢᠭ᠎ᠠ ᠲᠡᠤᠬᠡ᠎ᠶᠢᠨ ᠳᠤᠷᠠᠰᠬᠠᠯᠲᠤ ᠵᠦᠶᠯᠡᠰ 112.5 ᠲᠦᠮᠡ ᠭᠠᠷᠤᠶ ᠬᠤᠪᠢ ︵ ᠢᠵᠢ ︶ ᠪᠠᠶᠢᠵᠤ ᠂ ᠡᠭᠦᠨ᠎ᠳ᠋ᠤ ᠬᠤᠪᠢᠰᠬᠠᠯᠳᠤ ᠲᠡᠦᠬᠡ᠎ᠶᠢᠨ ᠳᠤᠷᠠᠰᠬᠠᠯᠲᠤ ᠵᠦᠢᠯᠡᠰ 12403 ᠬᠤᠪᠢ ︵ ᠢᠵᠢ ︶ ᠪᠠᠶᠢᠳᠠᠭ ᠃ ᠬᠠᠮᠤᠭ᠎ᠡᠴᠠ ᠲᠠᠪᠠᠭᠤᠯᠢᠭ ᠤᠨᠴᠠᠯᠢᠭ᠎ᠲᠠᠢ᠎ᠨᠢ ᠬᠠᠲᠤᠨ ᠭᠣᠤᠯ᠎ᠤᠨ ᠰᠠᠪᠠ ᠭᠠᠵᠠᠷ᠎ᠤᠨ ᠰᠣᠶᠣᠯ᠎ᠤᠨ ᠥᠪ ᠪᠤᠯᠤᠨ᠎ᠠ ᠃ ᠬᠠᠲᠤᠨ ᠭᠣᠤᠯ ᠳᠠᠭᠠᠤ᠎ᠳ᠋ᠤ ᠦᠬᠠᠶ ᠬᠣᠲᠠ ᠂ ᠣᠷᠳᠣᠰ ᠬᠣᠲᠠ ᠂ ᠪᠠᠶᠠᠨᠨᠠᠭᠤᠷ ᠬᠣᠲᠠ ᠂ ᠪᠤᠭᠤᠲᠤ ᠬᠣᠲᠠ ᠂ ᠬᠥᠬᠡᠬᠣᠲᠠ᠎ᠶᠢᠨ ᠳᠣᠯᠣᠭᠠᠨ ᠴᠢᠬᠤᠯᠠ ᠭᠠᠵᠠᠷ ᠣᠷᠣᠨ ᠲᠠᠷᠬᠠᠵᠤ ᠂ ᠡᠨᠡ ᠬᠦ ᠭᠠᠵᠠᠷ ᠣᠷᠣᠨ᠎ᠨᠢ ᠮᠥᠨ ᠴᠦ ᠮᠠᠨ᠎ᠤ ᠣᠷᠣᠨ᠎ᠤ ᠰᠣᠶᠣᠯ᠎ᠤᠨ ᠥᠪ ᠲᠥᠪᠯᠡᠷᠡᠨ ᠲᠠᠷᠬᠠᠵᠤ ᠪᠠᠢᠭ᠎ᠠ ᠭᠠᠵᠠᠷ ᠣᠷᠣᠨ ᠪᠤᠯᠵᠤ ᠂ ᠵᠥᠪᠬᠡᠨ ᠤᠯᠤᠰ᠎ᠤᠨ ᠭᠣᠣᠯᠳᠠᠯᠭ᠎ᠠ᠎ᠲᠠᠢ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠬᠠᠮᠠᠭᠠᠯᠠᠯᠲᠠ᠎ᠶᠢᠨ ᠨᠢᠭᠡᠴᠢ ᠳᠠᠷᠤᠢ 62 ᠪᠠᠶᠢᠵᠤ ᠂ ᠥᠪᠥᠷ ᠮᠣᠩᠭᠣᠯ ᠣᠷᠣᠨ᠎ᠤ ᠲᠡᠦᠬᠡ ᠰᠣᠶᠣᠯ ᠬᠠᠮᠤᠭ᠎ᠤᠨ ᠬᠥᠭᠵᠢᠭᠰᠡᠨ ᠭᠠᠵᠠᠷ ᠣᠷᠣᠨ ᠪᠣᠯᠤᠨ᠎ᠠ ᠃ ᠡᠳᠡᠭᠡᠷ ᠰᠣᠶᠣᠯ᠎ᠤᠨ ᠥᠪ ᠪᠣᠯ ᠮᠠᠨ᠎ᠤ ᠣᠷᠣᠨ᠎ᠤ ᠬᠣᠪᠣᠷ ᠨᠠᠨᠳᠢᠨ ᠰᠣᠶᠣᠯ᠎ᠤᠨ ᠡᠬᠢ ᠪᠠᠶᠠᠯᠢᠭ ᠪᠠᠢᠵᠤ ᠂ ᠳᠤᠮᠳᠠᠳᠤ᠎ᠶᠢᠨ ᠪᠣᠯᠪᠠᠰᠤᠨ᠎ᠤ ᠭᠣᠣᠯ ᠪᠣᠯᠬᠤ ᠪᠣᠳᠠᠰ᠎ᠤᠨ ᠠᠴᠢᠶᠠᠯᠠᠪᠤᠷᠢ ᠪᠣᠯᠬᠤ ᠪᠥᠭᠡᠳ ᠮᠦᠨ ᠴᠦ ᠲᠠᠯ᠎ᠠ ᠨᠤᠲᠤᠭ᠎ᠤᠨ ᠰᠣᠶᠣᠯ᠎ᠢ ᠤᠯᠠᠮᠵᠢᠯᠠᠨ ᠪᠠᠳᠠᠷᠠᠭᠤᠯᠤᠭᠰᠠᠨ ᠴᠢᠬᠤᠯᠠ ᠪᠤᠳᠠᠳᠤ ᠵᠢᠱᠢᠶ᠎ᠡ ᠪᠠᠢᠵᠤ ᠂ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠬᠥᠭᠵᠢᠯᠲᠡ᠎ᠶᠢᠨ ᠬᠠᠨᠳᠤᠰᠢ ᠪᠣᠯᠤᠨ ᠯᠤᠲᠤ ᠶᠡᠬᠡ ᠳᠠᠯᠳᠠ ᠬᠦᠴᠦᠨ᠎ᠢ ᠢᠯᠡᠷᠡᠭᠦᠯᠵᠦ ᠪᠠᠢᠳᠠᠭ ᠃

ᠰᠣᠶᠣᠯ᠎ᠤᠨ ᠥᠪ ᠪᠣᠯ ᠳᠤᠮᠳᠠᠳᠤ᠎ᠶᠢᠨ ᠪᠣᠯᠪᠠᠰᠤᠨ᠎ᠤ 5000 ᠵᠢᠯ᠎ᠤᠨ ᠲᠡᠦᠬᠡ᠎ᠶᠢᠨ ᠪᠣᠳᠠᠲᠤ ᠭᠡᠷᠡᠴᠢ ᠮᠥᠨ ᠃ ᠥᠪᠡᠷᠲᠡᠭᠡᠨ ᠵᠠᠰᠠᠬᠤ ᠣᠷᠣᠨ᠎ᠳ᠋ᠤ ᠠᠪᠴᠤ ᠬᠡᠯᠡᠪᠡᠯ ᠂ ᠡᠳᠡᠭᠡᠷ ᠰᠣᠶᠣᠯ᠎ᠤᠨ ᠥᠪ᠎ᠨᠢ ᠲᠠᠯ᠎ᠠ ᠨᠤᠲᠤᠭ᠎ᠤᠨ ᠰᠣᠶᠣᠯ᠎ᠤᠨ ᠰᠤᠳᠤᠯᠭᠠᠨ᠎ᠤ ᠣᠨᠣᠯ᠎ᠤᠨ ᠰᠠᠭᠤᠷᠢ᠎ᠶᠢ ᠪᠠᠲᠤᠳᠬᠠᠵᠤ ᠂ ᠳᠤᠮᠳᠠᠳᠤ᠎ᠶᠢᠨ ᠰᠣᠶᠣᠯ᠎ᠤᠨ ᠠᠭᠤᠯᠤᠭᠳᠠᠬᠤᠨ᠎ᠢ ᠪᠠᠶᠠᠯᠢᠭᠵᠢᠭᠤᠯᠤᠭᠰᠠᠨ ᠪᠠᠢᠨ᠎ᠠ ᠃ ᠵᠢᠱᠢᠶᠡᠯᠡᠪᠡᠯ ᠬᠥᠬᠡᠬᠣᠲᠠ᠎ᠶᠢᠨ ᠵᠡᠭᠦᠨ ᠳᠡᠭᠦᠷᠭᠡ᠎ᠶᠢᠨ ᠳ᠋ᠠ ᠶᠣᠣ᠎ᠶᠢᠨ ᠬᠠᠭᠤᠴᠢᠨ ᠴᠢᠯᠠᠭᠤᠨ ᠵᠡᠪᠰᠡᠭ᠎ᠤᠨ ᠪᠠᠭᠤᠷᠢ᠎ᠶᠢᠨ ᠲᠤᠬᠠᠢ ᠬᠠᠭᠤᠴᠢ ᠰᠤᠳᠤᠯᠭᠠᠨ ᠬᠢᠬᠦ᠎ᠪᠠᠷ ᠳᠠᠮᠵᠢᠨ ᠂ ᠪᠡᠭᠡᠵᠢᠩ᠎ᠤᠨ ᠵᠧᠦ ᠺᠸᠦ ᠳ᠋ᠢᠶᠠᠨ᠎ᠤ ᠨᠢᠭᠡᠳᠦᠭᠡᠷ ᠭᠠᠵᠠᠷ᠎ᠤᠨ᠎ᠬᠢ᠎ᠲᠠᠢ ᠠᠳᠠᠯᠢᠪᠲᠤᠷ ᠰᠤᠶᠤᠯ᠎ᠤᠨ ᠳᠦᠷᠰᠦ ᠪᠠᠢᠳᠠᠯ᠎ᠢ ᠢᠯᠡᠷᠡᠭᠦᠯᠵᠦ ᠂ ᠥᠪᠥᠷ ᠮᠣᠩᠭᠣᠯ᠎ᠤᠨ ᠲᠠᠯ᠎ᠠ ᠨᠤᠲᠤᠭ᠎ᠤᠨ ᠬᠥᠮᠦᠨ ᠲᠥᠷᠥᠯᠬᠢᠲᠡᠨ᠎ᠤ ᠲᠡᠦᠬᠡ᠎ᠶᠢ 50 ᠲᠦᠮᠡᠨ ᠵᠢᠯ ᠤᠷᠢᠳᠴᠢᠯᠠᠭᠤᠯᠪᠠ ︔ ᠪᠠᠰᠠ ᠵᠢᠱᠢᠶᠡᠯᠡᠪᠡᠯ ᠬᠠᠲᠤᠨ ᠭᠣᠤᠯ᠎ᠤᠨ ᠰᠠᠪᠠ ᠭᠠᠵᠠᠷ᠎ᠤᠨ ᠶᠠᠩ ᠱᠤᠤ᠎ᠶᠢᠨ ᠰᠣᠶᠣᠯ᠎ᠤᠨ ᠠᠯᠢ ᠤᠯᠠᠨ ᠰᠢᠨ᠎ᠡ ᠴᠢᠯᠠᠭᠤᠨ ᠵᠡᠪᠰᠡᠭ᠎ᠤᠨ ᠦᠶ᠎ᠡ᠎ᠶᠢᠨ ᠲᠡᠤᠬᠡ᠎ᠶᠢᠨ ᠳᠤᠷᠠᠰᠬᠠᠯᠲᠤ ᠵᠦᠢᠯᠡᠰ᠎ᠤᠨ ᠪᠠᠭᠤᠷᠢ᠎ᠳ᠋ᠤ ᠬᠠᠭᠤᠴᠢ ᠰᠤᠳᠤᠯᠭᠠᠨ ᠬᠢᠬᠦ᠎ᠪᠠᠷ ᠳᠠᠮᠵᠢᠨ ᠳᠤᠮᠳᠠᠳᠤ᠎ᠶᠢᠨ ᠪᠣᠯᠪᠠᠰᠤᠨ᠎ᠤ 5000 ᠵᠢᠯ᠎ᠤᠨ ᠲᠡᠦᠬᠡ᠎ᠶᠢ ᠬᠦᠴᠦᠲᠡᠢ ᠭᠡᠷᠡᠴᠢᠯᠡᠭᠰᠡᠨ ᠪᠠᠶᠢᠨ᠎ᠠ ᠃

未标题-8.jpg

ᠬᠠᠮᠠᠭᠠᠯᠠᠯ  ᠬᠤᠪᠤᠷ ᠨᠠᠨᠳᠢᠨ ᠦᠪ ᠰᠤᠶᠤᠯ᠎ᠤᠨ ᠪᠡᠬᠢᠵᠢᠭᠦᠯᠦᠯ

ᠰᠣᠶᠣᠯ᠎ᠤᠨ ᠥᠪ᠎ᠢ ᠬᠠᠮᠠᠭᠠᠯᠠᠨ ᠠᠰᠢᠬᠯᠠᠵᠤ ᠳᠡᠯᠭᠡᠨ ᠦᠵᠡᠭᠦᠯᠬᠦ᠎ᠨᠢ ᠰᠣᠶᠣᠯ᠎ᠤᠨ ᠡᠬᠢ ᠪᠠᠶᠠᠯᠢᠭ᠎ᠢᠶᠠᠷ ᠠᠷᠠᠳ ᠣᠯᠠᠨ᠎ᠳ᠋ᠤ ᠠᠰᠢᠭ ᠬᠦᠷᠲᠡᠭᠡᠬᠦ ᠵᠠᠶᠢᠯᠠᠰᠢ ᠦᠭᠡᠢ ᠱᠠᠭᠠᠷᠳᠠᠯᠭ᠎ᠠ ᠪᠠ ᠪᠦᠲᠦᠮᠵᠢᠲᠡᠶ ᠠᠷᠭ᠎ᠠ ᠵᠠᠮ ᠪᠣᠯᠬᠤ ᠪᠥᠭᠡᠳ ᠮᠦᠨ ᠴᠤ ᠦᠨᠳᠦᠰᠦᠲᠡᠨ᠎ᠤ ᠰᠣᠶᠣᠯ᠎ᠤᠨ ᠲᠤᠬᠠᠢ ᠲᠠᠨᠢᠯᠲᠠ᠎ᠶᠢ ᠨᠡᠮᠡᠭᠳᠡᠭᠦᠯᠵᠤ ᠢᠳᠡᠬᠡᠯ᠎ᠢ ᠪᠠᠳᠤᠳᠬᠠᠬᠤ ᠴᠢᠬᠤᠯᠠ ᠲᠠᠪᠴᠠᠩ ᠪᠤᠯᠤᠨ᠎ᠠ ᠃ ᠰᠣᠶᠣᠯ᠎ᠤᠨ ᠥᠪ᠎ᠤᠨ ᠠᠴᠢᠶᠠᠯᠠᠵᠤ ᠪᠠᠢᠭ᠎ᠠ ᠮᠡᠳᠡᠭᠡ ᠵᠠᠩᠭᠢ ᠪᠠᠶᠠᠯᠢᠭ ᠂ ᠠᠯᠳᠠᠷᠰᠢᠯ ᠥᠨᠳᠥᠷ ᠂ ᠠᠷᠠᠳ ᠲᠦᠮᠡᠨ᠎ᠤ ᠤᠶᠤᠨ ᠰᠠᠨᠠᠭ᠎ᠠ ᠰᠤᠶᠤᠯ᠎ᠤᠨ ᠠᠮᠢᠳᠤᠷᠠᠯ᠎ᠢ ᠪᠠᠶᠠᠯᠢᠭᠵᠢᠭᠤᠯᠤᠨ ᠂ ᠵᠤᠷᠢᠬ ᠬᠦᠴᠦᠨ᠎ᠢ ᠡᠷᠴᠢᠯᠡᠨ ᠨᠡᠮᠡᠭᠳᠡᠭᠦᠯᠬᠦ ᠴᠢᠬᠤᠯᠠ ᠵᠠᠭᠤᠴᠢ ᠪᠠᠢᠵᠤ ᠂ ᠨᠡᠢᠭᠡᠮ ᠨᠡᠢᠲᠡ᠎ᠳ᠋ᠤ ᠯᠤᠳᠤ ᠶᠡᠬᠡ ᠨᠦᠯᠦᠭᠡ᠎ᠲᠠᠢ ᠶᠤᠮ ᠃ ᠠᠷᠠᠳ ᠣᠯᠠᠨ ᠪᠣᠯ ᠰᠣᠶᠣᠯ᠎ᠤᠨ ᠥᠪ᠎ᠤᠨ ᠥᠮᠴᠢᠯᠡᠭᠴᠢ ᠂ ᠰᠣᠨᠢᠷᠬᠠᠭᠴᠢ ᠪᠠ ᠤᠯᠠᠮᠵᠢᠯᠠᠬᠴᠢ ᠮᠥᠨ ᠂ ᠰᠣᠶᠣᠯ᠎ᠤᠨ ᠥᠪ᠎ᠤᠨ ᠬᠠᠮᠠᠭᠠᠯᠠᠯᠲᠠ᠎ᠨᠢ ᠡᠷᠬᠡᠪᠰᠢ ᠠᠷᠠᠳ ᠣᠯᠠᠨ᠎ᠳ᠋ᠤ ᠲᠦᠰᠢᠭᠯᠡᠵᠦ ᠂ ᠰᠣᠶᠣᠯ᠎ᠤᠨ ᠦᠪ᠎ᠤᠨ ᠬᠠᠮᠠᠭᠠᠯᠠᠯᠲᠠ᠎ᠶᠢᠨ ᠦᠷ᠎ᠡ ᠪᠦᠲᠦᠭᠡᠯ᠎ᠢ ᠮᠦᠨ ᠡᠷᠬᠡᠪᠰᠢ ᠨᠡᠶᠢᠭᠡᠮ᠎ᠳ᠋ᠤ ᠠᠭᠤᠰᠤᠯᠴᠠᠭᠤᠯᠤᠨ ᠂ ᠨᠡᠢᠭᠡᠮ᠎ᠳ᠋ᠤ ᠠᠰᠢᠭ ᠬᠦᠷᠲᠡᠭᠡᠪᠡᠯ ᠵᠤᠬᠢᠨ᠎ᠠ ᠃ ᠥᠪᠡᠷᠲᠡᠭᠡᠨ ᠵᠠᠰᠠᠬᠤ ᠣᠷᠣᠨ᠎ᠳ᠋ᠤ ᠬᠠᠳᠠᠭᠠᠯᠠᠭᠳᠠᠵᠤ ᠪᠠᠢᠭ᠎ᠠ ᠰᠣᠶᠣᠯ᠎ᠤᠨ ᠥᠪ᠎ᠤᠨ ᠡᠬᠢ ᠪᠠᠶᠠᠯᠢᠭ ᠡᠯᠪᠡᠭ ᠂ ᠥᠪ ᠰᠣᠶᠣᠯ᠎ᠤᠨ ᠣᠨᠴᠠᠯᠢᠭ ᠣᠯᠠᠨ ᠡᠰᠢᠲᠦ ᠪᠠᠢᠵᠤ ᠂ ᠳᠤᠮᠳᠠᠳᠤ᠎ᠶᠢᠨ ᠦᠨᠳᠦᠰᠦᠲᠡᠨ᠎ᠤ ᠨᠢᠭᠡ ᠴᠣᠭᠴᠠᠵᠢᠭᠰᠠᠨ ᠰᠣᠶᠣᠯ᠎ᠤᠨ ᠬᠥᠭᠵᠢᠯᠲᠡ᠎ᠶᠢ ᠭᠡᠷᠡᠴᠢᠯᠡᠵᠦ ᠪᠠᠢᠳᠠᠭ ᠃

ᠦᠪᠡᠷᠲᠡᠭᠡᠨ ᠵᠠᠰᠠᠬᠤ ᠤᠷᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠬᠠᠮᠠᠭᠠᠯᠠᠯᠲᠠ᠎ᠶᠢ ᠯᠠᠪᠳᠠᠭᠤᠨ ᠪᠠᠳᠤᠳᠠᠢ ᠠᠬᠢᠭᠤᠯᠵᠤ ᠂ 2019 ᠤᠨ᠎ᠳ᠋ᠤ ᠪᠦᠬᠦ ᠣᠷᠣᠨ᠎ᠤ ᠨᠠᠢᠮᠠᠳᠤᠭᠠᠷ ᠪᠦᠯᠦᠭ ᠪᠦᠬᠦ ᠤᠯᠤᠰ᠎ᠤᠨ ᠭᠤᠤᠯᠳᠠᠯᠭ᠎ᠠ᠎ᠲᠠᠢ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠬᠠᠮᠠᠭᠠᠯᠠᠯᠲᠠ᠎ᠶᠢᠨ ᠨᠢᠭᠡᠴᠢ᠎ᠶᠢᠨ ᠮᠡᠳᠡᠭᠦᠯᠬᠦ ᠠᠵᠢᠯ᠎ᠢ ᠪᠡᠶᠡᠯᠡᠭᠦᠯᠵᠦ ᠂ ᠮᠠᠨ᠎ᠤ ᠣᠷᠣᠨ᠎ᠤ 8 ᠭᠠᠵᠠᠷ ᠰᠣᠩᠭᠣᠭᠳᠠᠵᠤ ᠂ ᠮᠠᠨ᠎ᠤ ᠣᠷᠣᠨ᠎ᠳ᠋ᠠᠬᠢ ᠪᠥᠬᠥ ᠤᠯᠤᠰ᠎ᠤᠨ ᠭᠣᠤᠯᠳᠠᠯᠭ᠎ᠠ᠎ᠲᠠᠢ ᠲᠡᠤᠬᠡ᠎ᠶᠢᠨ ᠳᠤᠷᠠᠰᠬᠠᠯᠲᠤ ᠵᠦᠢᠯᠡᠰ᠎ᠤᠨ ᠬᠠᠮᠠᠭᠠᠯᠠᠯᠲᠠ᠎ᠶᠢᠨ ᠨᠢᠭᠡᠴᠢ ᠨᠡᠮᠡᠭᠳᠡᠭᠡᠳ 149 ᠪᠣᠯᠤᠭᠰᠠᠨ ᠪᠠᠢᠨ᠎ᠠ ᠃ ᠥᠪᠡᠷᠲᠡᠭᠡᠨ ᠵᠠᠰᠠᠬᠤ ᠣᠷᠣᠨ ᠪᠠᠰᠠ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠲᠥᠷᠥᠯ ᠵᠦᠢᠯ᠎ᠢ ᠮᠡᠳᠡᠭᠦᠯᠬᠦ ᠪᠠ ᠬᠢᠨᠠᠨ ᠬᠠᠮᠢᠶᠠᠷᠬᠤ ᠠᠵᠢᠯ᠎ᠢ ᠴᠢᠩᠭᠠᠳᠬᠠᠵᠤ ᠂ ᠲᠦᠷᠦᠯ ᠵᠦᠢᠯ᠎ᠢ ᠬᠠᠮᠠᠭᠠᠯᠠᠬᠤ ᠲᠤᠰᠬᠠᠶ ᠵᠦᠢᠯ᠎ᠤᠨ ᠨᠥᠬᠥᠪᠥᠷᠢ ᠮᠥᠩᠭᠥ᠎ᠶᠢ 1.94 ᠳ᠋ᠦᠩᠰᠢᠭᠤᠷ ᠲᠥᠭᠥᠷᠢᠭ ᠭᠤᠶᠤᠴᠢᠯᠠᠨ ᠮᠡᠳᠡᠭᠦᠯᠵᠦ ᠂ ᠲᠡᠤᠬᠡ᠎ᠶᠢᠨ ᠳᠤᠷᠠᠰᠬᠠᠯᠲᠤ ᠵᠦᠢᠯᠡᠰ᠎ᠢ ᠬᠠᠮᠠᠭᠠᠯᠠᠬᠤ 19 ᠢᠨᠵᠧᠨᠧᠷᠢᠩ᠎ᠢ ᠰᠢᠯᠭᠠᠨ ᠠᠪᠤᠭᠰᠠᠨ ᠪᠠᠢᠨ᠎ᠠ ᠃ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠠᠮᠤᠷ ᠲᠦᠪᠰᠢᠨ᠎ᠤ ᠠᠵᠢᠯ᠎ᠤᠨ ᠪᠠᠲᠤᠯᠠᠭ᠎ᠠ᠎ᠶᠢᠨ ᠲᠣᠭᠲᠠᠴᠠ᠎ᠶᠢ ᠲᠡᠭᠦᠯᠳᠡᠷᠵᠢᠭᠦᠯᠵᠦ ᠂ ︽ ᠥᠪᠡᠷᠲᠡᠭᠡᠨ ᠵᠠᠰᠠᠬᠤ ᠣᠷᠣᠨ᠎ᠤ ᠲᠡᠤᠬᠡ᠎ᠶᠢᠨ ᠳᠤᠷᠠᠰᠬᠠᠯᠲᠤ ᠵᠦᠢᠯᠡᠰ᠎ᠤᠨ ᠬᠠᠮᠠᠭᠠᠯᠠᠯᠲᠠ ᠪᠣᠯᠤᠨ ᠠᠶᠤᠯᠭᠦᠢ ᠠᠵᠢᠯ᠎ᠤᠨ ᠲᠢᠩᠬᠢᠮ᠎ᠤᠨ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠳᠦᠷᠢᠮ ︾᠎ᠢ ᠪᠠᠶᠢᠭᠤᠯᠤᠨ ᠂ ᠪᠦᠬᠦ ᠣᠷᠣᠨ᠎ᠤ ᠲᠡᠦᠬᠡ᠎ᠶᠢᠨ ᠳᠤᠷᠠᠰᠬᠠᠯᠲᠤ ᠵᠦᠶᠯᠡᠰ᠎ᠤᠨ ᠬᠠᠮᠠᠭᠠᠯᠠᠯᠲᠠ ᠪᠣᠯᠤᠨ ᠲᠡᠤᠬᠡ᠎ᠶᠢᠨ ᠳᠤᠷᠠᠰᠬᠠᠯᠲᠤ ᠵᠦᠢᠯᠡᠰ᠎ᠤᠨ ᠠᠶᠤᠯᠭᠦᠢ ᠠᠵᠢᠯ᠎ᠤᠨ ᠨᠡᠶᠢᠯᠡᠮᠡᠯ ᠬᠦᠴᠦᠨ᠎ᠢ ᠲᠠᠰᠤᠷᠠᠯᠲᠠ ᠦᠭᠡᠢ ᠴᠢᠡᠭᠭᠠᠷᠠᠭᠤᠯᠵᠤ ᠪᠤᠢ ᠃

ᠡᠨᠡ ᠵᠢᠯ᠎ᠤᠨ 5 ᠰᠠᠷ᠎ᠠ᠎ᠶᠢᠨ ᠰᠡᠭᠦᠯᠴᠢ᠎ᠪᠠᠷ ᠂ ᠪᠦᠬᠦ ᠤᠷᠤᠨ᠎ᠤ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠠᠮᠤᠷ ᠲᠦᠪᠰᠢᠨ᠎ᠤ ᠪᠤᠯᠪᠠᠰᠤᠷᠠᠯ ᠵᠢᠴᠢ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠬᠠᠮᠠᠭᠠᠯᠠᠯᠲᠠ᠎ᠶᠢᠨ ᠠᠵᠢᠯ᠎ᠤᠨ ᠪᠠᠢᠷᠢᠯᠠᠭᠤᠯᠤᠯᠲᠠ᠎ᠶᠢᠨ ᠲᠸᠯᠸᠢᠰ ᠤᠳᠠᠰᠤ ᠬᠤᠷᠠᠯ ᠬᠤᠷᠠᠯᠳᠤᠵᠤ ᠂ ᠬᠤᠷᠠᠯ᠎ᠳ᠋ᠤ ᠶᠡᠷᠦᠩᠬᠡᠢ ᠱᠦᠵᠢ ᠰᠢ᠎ᠶᠢᠨ ᠫᠢᠩ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠠᠵᠢᠯ᠎ᠤᠨ ᠲᠤᠬᠠᠢ ᠴᠢᠬᠤᠯᠠ ᠦᠭᠦᠯᠡᠯᠲᠡ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ︽ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠬᠠᠮᠠᠭᠠᠯᠠᠯᠲᠠ᠎ᠶᠢᠨ ᠬᠠᠤᠯᠢ ︾ ᠪᠤᠯᠤᠨ ︽ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠲᠡᠦᠬᠡ᠎ᠶᠢᠨ ᠳᠤᠷᠠᠰᠬᠠᠯᠲᠤ ᠵᠦᠢᠯᠡᠰ᠎ᠢ ᠬᠠᠮᠠᠭᠠᠯᠠᠬᠤ ᠳᠦᠷᠢᠮ ︾᠎ᠢ ᠰᠤᠷᠤᠯᠴᠠᠨ ᠲᠤᠭᠤᠰᠢᠯᠠᠭᠤᠯᠵᠤ ᠂ ᠬᠤᠷᠠᠯ᠎ᠳ᠋ᠤ ᠤᠷᠤᠯᠴᠠᠭᠰᠠᠳ᠎ᠲᠤ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠠᠮᠤᠷ ᠲᠦᠪᠰᠢᠨ᠎ᠤ ᠲᠤᠬᠠᠢ ᠪᠤᠯᠪᠠᠰᠤᠷᠠᠯ ᠬᠦᠷᠲᠡᠭᠡᠨ ᠂ ᠪᠦᠬᠦ ᠤᠷᠤᠨ᠎ᠤ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠬᠠᠮᠠᠭᠠᠯᠠᠯᠲᠠ᠎ᠶᠢᠨ ᠠᠵᠢᠯ ᠪᠤᠯᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠠᠮᠤᠷ ᠲᠦᠪᠰᠢᠨ᠎ᠢ ᠶᠡᠬᠡ᠎ᠪᠠᠷ ᠪᠠᠢᠴᠠᠭᠠᠬᠤ ᠠᠵᠢᠯ᠎ᠢ ᠲᠤᠬᠢᠷᠠᠭᠤᠯᠤᠨ ᠪᠠᠢᠷᠢᠯᠠᠭᠤᠯᠵᠤ ᠠᠬᠢᠭᠤᠯᠤᠭᠰᠠᠨ ᠪᠠᠢᠨ᠎ᠠ ᠃

7 ᠰᠠᠷ᠎ᠠ᠎ᠶᠢᠨ ᠡᠬᠢᠨ᠎ᠢᠶᠠᠷ ᠂ ᠬᠦᠬᠡᠬᠤᠲᠠ᠎ᠶᠢᠨ ᠨᠠᠮ᠎ᠤᠨ ᠬᠤᠷᠢᠶ᠎ᠠ ᠵᠠᠰᠠᠭ᠎ᠤᠨ ᠤᠷᠳᠤᠨ᠎ᠤ ᠬᠠᠮᠢᠶ᠎ᠠ ᠪᠦᠬᠦᠢ ᠤᠳᠤᠷᠢᠳᠤᠯᠭ᠎ᠠ ᠦᠪᠡᠷᠲᠡᠭᠡᠨ ᠵᠠᠰᠠᠬᠤ ᠤᠷᠤᠨ᠎ᠤ ᠵᠠᠩᠵᠤᠨ᠎ᠤ ᠶᠠᠮᠤᠨ᠎ᠤ ᠮᠦᠽᠸᠢ᠎ᠳ᠋ᠤ ᠬᠦᠷᠴᠦ ᠂ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠬᠠᠮᠠᠭᠠᠯᠠᠯᠲᠠ᠎ᠶᠢᠨ ᠠᠵᠢᠯ᠎ᠳ᠋ᠤ ᠲᠤᠬᠠᠢ᠎ᠶᠢᠨ ᠭᠠᠵᠠᠷ᠎ᠤᠨ ᠪᠠᠢᠴᠠᠭᠠᠨ ᠰᠤᠳᠤᠯᠤᠯᠲᠠ ᠬᠢᠵᠦ ᠂ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠬᠠᠮᠠᠭᠠᠯᠠᠯᠲᠠ᠎ᠶᠢᠨ ᠵᠠᠷᠤᠳᠠᠯ᠎ᠤᠨ ᠬᠡᠷᠡᠭᠯᠡᠬᠡᠨ ᠂ ᠭᠠᠯ ᠤᠨᠲᠠᠷᠠᠭᠠᠬᠤ ᠦᠷᠲᠡᠭᠡ ᠪᠤᠯᠤᠨ ᠠᠮᠤᠷ ᠲᠦᠪᠰᠢᠨ᠎ᠤ ᠬᠢᠨᠠᠨ ᠡᠵᠡᠮᠳᠡᠬᠦ ᠲᠠᠰᠤᠭ ᠪᠠ ᠦᠵᠡᠮᠵᠢ᠎ᠶᠢᠨ ᠤᠷᠤᠨ᠎ᠤ ᠬᠠᠮᠢᠶᠠᠷᠤᠯᠲᠠ ᠂ ᠰᠡᠯᠪᠢᠨ ᠵᠠᠰᠠᠵᠤ ᠬᠠᠮᠠᠭᠠᠯᠠᠵᠤ ᠪᠠᠢᠭ᠎ᠠ ᠪᠠᠢᠳᠠᠯ ᠵᠡᠷᠭᠡ᠎ᠶᠢ ᠨᠠᠷᠢᠨ ᠨᠢᠭᠲᠠ ᠪᠠᠢᠴᠠᠭᠠᠭᠰᠠᠨ ᠪᠠᠢᠨ᠎ᠠ ︔ ᠲᠦᠷᠦᠭᠦᠬᠡᠨ ᠬᠢᠩᠭᠠᠨ ᠠᠢᠮᠠᠭ ᠲᠡᠤᠬᠡ᠎ᠶᠢᠨ ᠳᠤᠷᠠᠰᠬᠠᠯᠲᠤ ᠵᠦᠶᠯᠡᠰ᠎ᠤᠨ ᠬᠠᠮᠠᠭᠠᠯᠠᠯᠲᠠ᠎ᠶᠢᠨ ᠠᠵᠢᠯ᠎ᠤᠨ ᠣᠳᠣᠬᠢ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ᠎ᠢ ᠪᠦᠬᠦ ᠲᠠᠯ᠎ᠠ᠎ᠪᠠᠷ ᠣᠶᠢᠯᠠᠭᠠᠨ ᠲᠣᠳᠣᠯᠠᠨ ᠴᠡᠭᠴᠡᠯᠡᠨ ᠰᠠᠢᠵᠢᠷᠠᠭᠤᠯᠬᠤ᠎ᠶᠢ ᠪᠦᠬᠦ ᠬᠦᠴᠦᠨ᠎ᠢᠶᠠᠷ ᠠᠬᠢᠭᠤᠯᠵᠤ ᠂ ᠪᠥᠬᠥ ᠠᠶᠢᠮᠠᠭ᠎ᠤᠨ 6 ᠬᠣᠰᠢᠭᠤ ᠰᠢᠶᠠᠨ ᠬᠣᠲᠠ᠎ᠶᠢᠨ 6 ᠭᠣᠤᠯᠳᠠᠯᠭ᠎ᠠ᠎ᠲᠠᠢ ᠲᠡᠤᠬᠡ᠎ᠶᠢᠨ ᠳᠤᠷᠠᠰᠬᠠᠯᠲᠤ ᠵᠦᠢᠯᠡᠰ᠎ᠤᠨ ᠬᠠᠮᠠᠭᠠᠯᠠᠯᠲᠠ᠎ᠶᠢᠨ ᠨᠢᠭᠡᠴᠢ ᠂ ᠤᠷᠤᠨ᠎ᠤ ᠳᠡᠰ᠎ᠤᠨ 16 ᠭᠣᠤᠯᠳᠠᠯᠭ᠎ᠠ᠎ᠲᠠᠢ ᠲᠡᠤᠬᠡ᠎ᠶᠢᠨ ᠳᠤᠷᠠᠰᠬᠠᠯᠲᠤ ᠵᠦᠢᠯᠡᠰ᠎ᠤᠨ ᠬᠠᠮᠠᠭᠠᠯᠠᠯᠲᠠ᠎ᠶᠢᠨ ᠨᠢᠭᠡᠴᠢ᠎ᠳ᠋ᠤ ᠪᠦᠬᠦ ᠲᠠᠯ᠎ᠠ᠎ᠶᠢᠨ ᠪᠠᠶᠢᠴᠠᠭᠠᠯᠲᠠ ᠥᠷᠨᠢᠭᠦᠯᠬᠦ᠎ᠶᠢᠨ ᠬᠠᠮᠲᠤ ᠂ ᠡᠯ᠎ᠡ ᠬᠤᠰᠢᠭᠤ ᠰᠢᠶᠠᠨ ᠬᠤᠲᠠ᠎ᠶᠢᠨ᠎ᠬᠢᠨ᠎ᠢ ᠱᠠᠭᠠᠷᠳᠠᠨ ᠂ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠠᠮᠤᠷ ᠲᠦᠪᠰᠢᠨ᠎ᠤ ᠭᠡᠮ ᠰᠤᠭᠤᠬ ᠂ ᠭᠤᠤᠯᠳᠠᠯᠭ᠎ᠠ᠎ᠲᠠᠢ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠬᠠᠮᠠᠭᠠᠯᠠᠯᠲᠠ᠎ᠶᠢᠨ ᠲᠦᠷᠦᠯ ᠵᠦᠢᠯ ᠵᠡᠷᠭᠡ᠎ᠳ᠋ᠤ ᠪᠦᠬᠦ ᠲᠠᠯ᠎ᠠ᠎ᠶᠢᠨ ᠪᠠᠢᠴᠠᠭᠠᠯᠲᠠ ᠦᠷᠨᠢᠭᠦᠯᠵᠦ ᠂ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠠᠮᠤᠷ ᠲᠦᠪᠰᠢᠨ᠎ᠤ ᠠᠵᠢᠯ᠎ᠢ ᠪᠦᠲᠦᠮᠵᠢᠲᠡᠢ ᠨᠠᠢᠳᠠᠪᠤᠷᠢᠵᠢᠭᠤᠯᠬᠤ᠎ᠶᠢ ᠦᠨᠡᠨ ᠬᠦ ᠪᠠᠲᠤᠯᠠᠵᠤ ᠪᠤᠢ ︔ ᠲᠡᠦᠬᠡ᠎ᠶᠢᠨ ᠳᠤᠷᠠᠰᠬᠠᠯᠲᠤ ᠵᠦᠢᠯᠡᠰ᠎ᠢ ᠬᠠᠮᠢᠶᠠᠷᠴᠤ ᠬᠠᠮᠠᠭᠠᠯᠠᠬᠤ ᠡᠷᠴᠢᠮ᠎ᠢᠶᠡᠨ ᠤᠯᠠᠮ ᠴᠢᠩᠭᠠᠳᠬᠠᠵᠤ ᠂ ᠰᠢᠯᠵᠢᠭᠦᠯᠵᠦ ᠦᠯᠦ ᠪᠤᠯᠬᠤ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠡᠪᠳᠡᠭᠳᠡᠬᠦ᠎ᠡᠴᠠ ᠰᠡᠷᠭᠡᠢᠯᠡᠨ ᠂ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠠᠮᠤᠷ ᠲᠦᠪᠰᠢᠨ᠎ᠤ ᠠᠵᠢᠯ᠎ᠢ ᠲᠡᠷᠢᠭᠦᠨ ᠪᠠᠢᠷᠢᠨ᠎ᠳ᠋ᠤ ᠲᠠᠯᠪᠢᠵᠤ ᠂ ᠬᠠᠮᠢᠶᠠᠷᠴᠤ ᠬᠠᠮᠠᠭᠠᠯᠠᠬᠤ᠎ᠶᠢ ᠴᠢᠩᠭᠠᠳᠬᠠᠬᠤ ᠪᠠ ᠬᠠᠤᠯᠢ᠎ᠶᠢ ᠴᠢᠩᠭ᠎ᠠ ᠬᠡᠷᠡᠭᠵᠢᠭᠦᠯᠬᠦ᠎ᠶᠢ ᠤᠶᠠᠯᠳᠤᠭᠤᠯᠤᠨ ᠂ ᠨᠡᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠲᠡᠦᠬᠡ᠎ᠶᠢᠨ ᠳᠤᠷᠠᠰᠬᠠᠯᠲᠤ ᠵᠦᠢᠯᠡᠰ᠎ᠢ ᠬᠠᠮᠠᠭᠠᠯᠠᠬᠤ ᠠᠵᠢᠯ᠎ᠳ᠋ᠤ ᠤᠷᠤᠯᠴᠠᠬᠤ᠎ᠶᠢ ᠭᠦᠢᠴᠡᠳ ᠳᠠᠢᠴᠢᠯᠠᠬᠤ᠎ᠶᠢᠨ ᠲᠦᠯᠦᠭᠡ ᠂ ᠠᠯᠠᠱᠠ ᠪᠠᠷᠠᠭᠤᠨ ᠬᠤᠰᠢᠭᠤᠨ᠎ᠤ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠬᠠᠮᠠᠭᠠᠯᠠᠯᠲᠠ᠎ᠶᠢᠨ ᠲᠦᠪ᠎ᠨᠢ ᠲᠡᠮᠡᠭᠡᠲᠦ ︵ ᠤᠷᠲᠤ ᠴᠠᠭᠠᠨ ᠬᠡᠷᠡᠮ ︶ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠬᠠᠮᠠᠭᠠᠯᠠᠯᠳᠠ᠎ᠶᠢᠨ ᠠᠩᠭᠢ᠎ᠳ᠋ᠤ ᠰᠢᠨ᠎ᠡ᠎ᠪᠠᠷ ᠡᠯᠰᠡᠭᠰᠡᠨ ᠭᠡᠰᠢᠭᠦᠳ᠎ᠲᠠᠢ ᠲᠡᠦᠬᠡ᠎ᠶᠢᠨ ᠳᠤᠷᠠᠰᠬᠠᠯᠲᠤ ᠵᠦᠢᠯᠡᠰ᠎ᠢ ᠬᠠᠮᠠᠭᠠᠯᠠᠬᠤ ᠬᠡᠯᠡᠯᠴᠡᠭᠡᠷ ᠲᠤᠭᠲᠠᠵᠤ ᠂ ᠬᠠᠮᠢᠶ᠎ᠠ ᠪᠦᠬᠦᠢ ᠪᠤᠯᠪᠠᠰᠤᠷᠠᠯ ᠬᠦᠷᠲᠡᠭᠡᠬᠦ᠎ᠶᠢᠨ ᠬᠠᠮᠲᠤ ᠲᠤᠬᠠᠢᠯᠠᠬᠰᠠᠠ ᠡᠭᠦᠷᠭᠡ ᠬᠠᠷᠢᠭᠤᠴᠠᠯᠭ᠎ᠠ᠎ᠶᠢ ᠲᠤᠳᠤᠷᠬᠠᠢᠯᠠᠬᠰᠠᠠ ᠪᠠᠢᠨ᠎ᠠ ᠃ ᠠᠯᠠᠱᠠ ᠪᠠᠷᠠᠭᠤᠨ ᠬᠤᠰᠢᠭᠤ᠎ᠨᠢ 2016 ᠤᠨ᠎ᠳ᠋ᠤ ᠲᠡᠮᠡᠭᠡᠲᠦ ︵ ᠤᠷᠲᠤ ᠴᠠᠭᠠᠨ ᠬᠡᠷᠡᠮ ︶ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠬᠠᠮᠠᠭᠠᠯᠠᠯᠳᠠ᠎ᠶᠢᠨ ᠠᠩᠬᠢ ᠪᠠᠢᠭᠤᠯᠤᠭᠰᠠᠨ᠎ᠡᠴᠠ ᠨᠠᠭᠠᠰᠢ ᠲᠡᠦᠬᠡ᠎ᠶᠢᠨ ᠳᠤᠷᠠᠰᠬᠠᠯᠲᠤ ᠵᠦᠢᠯᠡᠰ᠎ᠢ ᠬᠠᠮᠠᠭᠠᠯᠠᠬᠤ ᠭᠡᠰᠢᠭᠦᠨ᠎ᠢ 24 ᠡᠯᠰᠡᠵᠦ ᠂ ᠲᠡᠦᠬᠡ᠎ᠶᠢᠨ ᠳᠤᠷᠠᠰᠬᠠᠯᠲᠤ ᠵᠦᠢᠯᠡᠰ᠎ᠢ ᠬᠠᠮᠠᠭᠠᠯᠠᠬᠤ ᠠᠵᠢᠯ᠎ᠢ ᠦᠨᠡᠨ ᠬᠦ ᠠᠬᠢᠭᠤᠯᠵᠤ ᠪᠠᠢᠨ᠎ᠠ ᠃

未标题-9.jpg

︽ ᠠᠮᠢᠯᠠᠭᠤᠯᠤᠯ ︾  ᠦᠨᠢᠷ ᠪᠠᠶᠠᠯᠢᠭ ᠦᠪ ᠰᠤᠶᠤᠯ᠎ᠤᠨ ᠤᠯᠠᠮᠵᠢᠯᠠᠯ

ᠲᠡᠤᠬᠡ᠎ᠶᠢᠨ ᠳᠤᠷᠠᠰᠬᠠᠯᠲᠤ ᠵᠦᠶᠯᠡᠰ᠎ᠨᠢ ᠲᠡᠤᠬᠡ ᠰᠣᠶᠣᠯ᠎ᠢ ᠠᠴᠢᠶᠠᠯᠠᠵᠤ ᠂ ᠳᠤᠮᠳᠠᠳᠤ᠎ᠶᠢᠨ ᠦᠨᠳᠦᠰᠦᠲᠡᠨ᠎ᠤ ᠵᠣᠷᠢᠭ ᠰᠠᠨᠠᠭ᠎ᠠ᠎ᠶᠢ ᠤᠯᠠᠮᠵᠢᠯᠠᠨ ᠵᠠᠯᠭᠠᠮᠵᠢᠯᠠᠬᠤ᠎ᠶᠢᠨ ᠪᠣᠳᠠᠲᠤ ᠭᠡᠷᠡᠴᠢ ᠪᠠᠢᠵᠤ ᠂ ᠠᠷᠠᠳ ᠤᠯᠠᠨ᠎ᠤ ᠰᠣᠶᠣᠯ᠎ᠤᠨ ᠬᠡᠷᠡᠭᠴᠡᠭᠡ᠎ᠶᠢ ᠬᠠᠩᠭᠠᠬᠤ ᠂ ᠠᠵᠤ ᠠᠬᠤᠶ ᠨᠡᠶᠢᠭᠡᠮ᠎ᠤᠨ ᠬᠥᠭᠵᠢᠯᠲᠡ᠎ᠳ᠋ᠤ ᠦᠶᠯᠡᠴᠢᠯᠡᠬᠦ ᠴᠢᠬᠤᠯᠠ ᠡᠬᠢ ᠪᠠᠶᠠᠯᠢᠭ ᠮᠥᠨ ᠃ ᠲᠡᠤᠬᠡ᠎ᠶᠢᠨ ᠳᠤᠷᠠᠰᠬᠠᠯᠲᠤ ᠵᠦᠶᠯᠡᠰ᠎ᠤᠨ ᠦᠢᠯᠡᠰ᠎ᠤᠨ ᠲᠠᠰᠤᠷᠠᠯᠲᠠ ᠦᠭᠡᠢ ᠬᠥᠭᠵᠢᠯᠲᠡ᠎ᠶᠢ ᠳᠠᠭᠠᠯᠳᠤᠨ ᠂ ᠬᠥᠮᠦᠰ᠎ᠤᠨ ᠰᠣᠶᠣᠯ᠎ᠤᠨ ᠬᠡᠷᠡᠭᠴᠡᠭᠡ ᠱᠠᠭᠠᠷᠳᠠᠯᠭ᠎ᠠ ᠨᠡᠩ ᠥᠨᠳᠥᠷ ᠪᠣᠯᠵᠤ ᠂ ᠮᠦᠽᠧᠶ᠎ᠳ᠋ᠤ ᠬᠦᠷᠴᠦ ᠦᠵᠡᠭᠦᠯᠭᠡ᠎ᠶᠢ ᠰᠤᠨᠢᠷᠬᠠᠬᠤ᠋᠎ᠪᠠᠷ ᠳᠠᠮᠵᠢᠨ ᠲᠡᠤᠬᠡ᠎ᠶᠢ ᠣᠶᠢᠯᠠᠭᠠᠨ ᠂ ᠬᠥᠮᠦᠵᠢᠯ ᠬᠦᠷᠲᠡᠵᠦ ᠮᠡᠳᠡᠯᠭᠡ᠎ᠪᠠᠨ ᠨᠡᠮᠡᠭᠳᠡᠭᠦᠯᠬᠦ ᠬᠦᠰᠡᠯ ᠨᠡᠩ ᠴᠢᠩᠭᠠᠷᠠᠵᠤ ᠂ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠦᠢᠯᠡᠰ᠎ᠤᠨ ᠬᠥᠭᠵᠢᠯᠲᠡ᠎ᠳ᠋ᠤ ᠨᠡᠩ ᠥᠨᠳᠥᠷ ᠬᠦᠰᠡᠯ ᠡᠷᠡᠮᠡᠯᠵᠡᠯ᠎ᠲᠠᠢ ᠪᠤᠯᠤᠭᠰᠠᠨ ᠪᠠᠢᠨ᠎ᠠ ᠃

ᠦᠪᠡᠷᠲᠡᠭᠡᠨ ᠵᠠᠰᠠᠬᠤ ᠤᠷᠤᠨ ᠲᠠᠯ᠎ᠠ ᠨᠤᠲᠤᠭ᠎ᠤᠨ ᠲᠤᠷᠭᠠᠨ ᠵᠠᠮ ᠳᠠᠭᠠᠤ᠎ᠶᠢᠨ ᠤᠯᠤᠰ᠎ᠲᠤ ᠦᠪᠦᠷ ᠮᠤᠩᠭᠤᠯ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠰᠤᠳᠤᠨ ᠪᠦᠲᠦᠭᠡᠯ᠎ᠢ ᠳᠡᠯᠭᠡᠨ ᠦᠵᠡᠭᠦᠯᠬᠦ ᠠᠵᠢᠯ᠎ᠢ ᠦᠷᠭᠦᠯᠵᠢᠯᠡᠨ ᠴᠢᠩᠭᠠᠳᠬᠠᠵᠤ ᠂ ᠳᠤᠮᠳᠠᠳᠤ ᠮᠤᠩᠭᠤᠯ ᠤᠯᠤᠰ᠎ᠤᠨ ᠬᠠᠮᠲᠤᠷᠠᠭᠰᠠᠨ ︽ ᠲᠠᠯ᠎ᠠ ᠨᠤᠲᠤᠭ᠎ᠤᠨ ᠲᠤᠷᠭᠠᠨ ᠵᠠᠮ᠎ᠤᠨ ᠰᠤᠶᠤᠯ᠎ᠤᠨ ᠦᠪ᠎ᠤᠨ ᠲᠤᠭᠠᠴᠢᠯᠠᠭᠰᠠᠨ ᠢᠨᠵᠸᠨ᠋ᠸᠷᠢᠩ᠎ᠤᠨ ᠲᠦᠷᠦᠯ ᠵᠦᠢᠯ ︾᠎ᠢ ᠦᠷᠭᠦᠯᠵᠢᠯᠡᠨ ᠠᠬᠢᠭᠤᠯᠤᠨ ᠂ ᠳᠤᠮᠳᠠᠳᠤ ᠮᠤᠩᠭᠤᠯ᠎ᠤᠨ ᠬᠠᠭᠤᠴᠢ ᠰᠤᠳᠤᠯᠤᠯ᠎ᠤᠨ ᠬᠠᠮᠲᠤᠷᠠᠭᠰᠠᠨ ᠪᠠᠢᠴᠠᠭᠠᠯᠲᠠ ᠪᠤᠯᠤᠨ ᠨᠡᠭᠡᠭᠡᠨ ᠠᠭᠤᠳᠠᠯᠬᠤ ᠲᠦᠷᠦᠯ ᠵᠦᠢᠯ᠎ᠢ ᠦᠷᠨᠢᠭᠦᠯᠵᠦ ᠂ ︽ ᠲᠦᠮᠡᠨ ᠭᠠᠵᠠᠷ᠎ᠤᠨ ᠴᠠᠢ᠎ᠶᠢᠨ ᠵᠠᠮ ︾᠎ᠤᠨ ᠮᠤᠩᠭᠤᠯ ᠤᠯᠤᠰ᠎ᠤᠨ ᠬᠢᠯᠢ᠎ᠳ᠋ᠠᠬᠢ ᠵᠠᠮ ᠱᠤᠭᠤᠮ᠎ᠤᠨ ᠪᠠᠢᠴᠠᠭᠠᠯᠲᠠ᠎ᠶᠢᠨ ᠲᠦᠷᠦᠯ ᠵᠦᠢᠯ᠎ᠢ ᠦᠷᠨᠢᠭᠦᠯᠦᠭᠰᠡᠨ ᠪᠠᠢᠨ᠎ᠠ ᠃ ᠦᠪᠦᠷ ᠮᠤᠩᠭᠤᠯ᠎ᠤᠨ ᠮᠦᠽᠸᠢ᠎ᠶᠢᠨ ︽ ᠶᠡᠬᠡ ᠯᠢᠶᠤᠤ ᠤᠯᠤᠰ ᠬᠢᠳᠠᠨ  ᠳᠤᠮᠳᠠᠳᠤ ᠤᠯᠤᠰ᠎ᠤᠨ ᠦᠪᠦᠷ ᠮᠤᠩᠭᠤᠯ᠎ᠤᠨ ᠯᠢᠶᠤᠤ ᠤᠯᠤᠰ᠎ᠤᠨ ᠦᠶ᠎ᠡ᠎ᠶᠢᠨ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠰᠤᠳᠤᠨ ᠪᠦᠲᠦᠭᠡᠯ᠎ᠤᠨ ᠦᠵᠡᠭᠦᠯᠭᠡ ︾᠎ᠶᠢ ᠮᠤᠩᠭᠤᠯ ᠤᠯᠤᠰ᠎ᠤᠨ ᠮᠦᠽᠸᠢ᠎ᠳ᠋ᠤ ᠶᠠᠪᠤᠭᠳᠠᠭᠤᠯᠵᠤ ᠂ ᠮᠤᠩᠭᠤᠯ ᠤᠯᠤᠰ᠎ᠤᠨ ᠡᠯ᠎ᠡ ᠬᠦᠷᠢᠶ᠎ᠡ ᠴᠠᠷᠠᠭ᠎ᠠ᠎ᠶᠢᠨ᠎ᠬᠢᠨ᠎ᠤ ᠦᠨᠳᠦᠷ ᠦᠨᠡᠯᠡᠯᠲᠡ᠎ᠶᠢ ᠤᠯᠤᠭᠰᠠᠨ ᠪᠠᠢᠨ᠎ᠠ ᠃

ᠭᠤᠸᠠᠩᠳᠦ᠋ᠩ ᠮᠤᠵᠢ᠎ᠶᠢᠨ ᠰᠣᠶᠣᠯ ᠪᠠ ᠵᠢᠭᠤᠯᠴᠢᠯᠠᠯ᠎ᠤᠨ ᠲᠢᠩᠬᠢᠮ ᠪᠤᠯᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠭᠣᠤᠯᠯᠠᠨ ᠡᠷᠭᠢᠯᠡᠵᠦ ᠂ ᠭᠤᠸᠠᠩᠳᠦ᠋ᠩ ᠮᠤᠵᠢ᠎ᠶᠢᠨ ᠮᠦᠽᠧᠶ ᠪᠠ ᠥᠪᠥᠷ ᠮᠣᠩᠭᠣᠯ᠎ᠤᠨ ᠮᠦᠽᠧᠶ᠎ᠶᠢᠨ ᠳᠠᠭᠠᠭᠠᠴᠢᠯᠠᠨ ᠡᠷᠭᠢᠯᠡᠭᠰᠡᠨ ︽ ᠬᠢᠳᠠᠨ᠎ᠤ ᠰᠠᠭᠤᠭᠳᠠᠯ  ᠯᠢᠶᠣᠤ ᠤᠯᠤᠰ᠎ᠤᠨ ᠦᠶ᠎ᠡ᠎ᠶᠢᠨ ᠲᠡᠤᠬᠡ᠎ᠶᠢᠨ ᠳᠤᠷᠠᠰᠬᠠᠯᠲᠤ ᠵᠦᠢᠯᠡᠰ᠎ᠤᠨ ᠰᠣᠳᠣᠨ ᠪᠦᠲᠦᠭᠡᠯ᠎ᠤᠨ ᠦᠵᠡᠰᠬᠦᠯᠡᠩ ︾᠎ᠨᠢ ᠲᠦᠷᠦᠭᠦᠬᠡᠨ ᠭᠤᠸᠠᠩᠳᠦ᠋ᠩ ᠮᠤᠵᠢ᠎ᠶᠢᠨ ᠮᠦᠽᠸᠢ᠎ᠳ᠋ᠤ ᠡᠭᠦᠯᠡᠨ ᠡᠬᠢᠯᠡᠯᠲᠡ᠎ᠶᠢᠨ ᠶᠤᠰᠤᠯᠠᠯ ᠶᠠᠪᠤᠭᠳᠠᠪᠠ ᠃ ᠦᠵᠡᠰᠭᠦᠯᠡᠩ᠎ᠳ᠋ᠤ 128 ᠬᠤᠪᠢ / ᠢᠵᠢ ᠲᠡᠤᠬᠡ᠎ᠶᠢᠨ ᠳᠤᠷᠠᠰᠬᠠᠯᠲᠤ ᠵᠦᠢᠯᠡᠰ᠎ᠤᠨ ᠰᠣᠳᠣᠨ ᠪᠦᠲᠦᠭᠡᠯ᠎ᠢ ᠳᠡᠯᠭᠡᠨ ᠦᠵᠡᠭᠦᠯᠵᠦ ᠂ ᠲᠥᠷᠥᠯ ᠵᠦᠢᠯ᠎ᠨᠢ ᠣᠯᠠᠨ ᠶᠠᠩᠵᠤ᠎ᠶᠢᠨ ᠪᠠᠢᠵᠤ ᠂ ᠠᠯᠲᠠ ᠮᠥᠩᠭᠥᠨ ᠬᠡᠷᠡᠭᠰᠡᠯ ᠂ ᠵᠡᠰ ᠲᠡᠮᠦᠷ ᠪᠠᠭᠠᠵᠢ ᠂ ᠸᠠᠭᠠᠷ ᠱᠠᠭᠠᠵᠠᠩ ᠪᠠᠭᠠᠵᠢ ᠂ ᠲᠣᠷᠭᠠᠨ ᠨᠡᠬᠡᠮᠡᠯ ᠵᠢᠴᠢ ᠮᠠᠨᠤ ᠂ ᠬᠤᠪᠠ ᠵᠡᠷᠭᠡ ᠣᠯᠠᠨ ᠵᠦᠢᠯ᠎ᠤᠨ ᠪᠦᠲᠦᠴᠡ᠎ᠶᠢᠨ᠎ᠬᠢ᠎ᠶᠢ ᠪᠠᠭᠲᠠᠭᠠᠨ ᠂ ᠬᠣᠪᠣᠷ ᠨᠠᠨᠳᠢᠨ ᠲᠡᠦᠬᠡ᠎ᠶᠢᠨ ᠳᠤᠷᠠᠰᠬᠠᠯᠲᠤ ᠵᠦᠢᠯᠡᠰ 116 ᠬᠤᠪᠢ / ᠢᠵᠢ ᠪᠠᠢᠵᠤ ᠂ ᠡᠭᠦᠨ᠎ᠳ᠋ᠤ ᠨᠢᠭᠡᠳᠦᠭᠡᠷ ᠳᠡᠰ᠎ᠤᠨ ᠲᠡᠦᠬᠡ᠎ᠶᠢᠨ ᠳᠤᠷᠠᠰᠬᠠᠯᠲᠤ ᠵᠦᠢᠯᠡᠰ 76 ᠬᠤᠪᠢ / ᠢᠵᠢ ᠪᠠᠭᠲᠠᠵᠤ ᠂ ᠦᠵᠡᠰᠭᠦᠯᠡᠩ᠎ᠨᠢ 10 ᠰᠠᠷ᠎ᠠ᠎ᠶᠢᠨ ᠰᠡᠭᠦᠯᠴᠢ ᠪᠤᠯᠲᠠᠯ᠎ᠠ ᠶᠠᠪᠤᠭᠳᠠᠬᠤ ᠪᠤᠯᠤᠨ᠎ᠠ ᠃

ᠣᠶᠢᠷ᠎ᠠ᠎ᠳ᠋ᠤ ᠂ ︽ ᠴᠢᠯᠠᠭᠤᠨ ᠵᠡᠪᠰᠡᠭ᠎ᠤᠨ ᠴᠠᠭ ᠦᠶ᠎ᠡ  ᠵᠡᠭᠦᠨ ᠦᠵᠦᠮᠦᠴᠢᠨ ᠬᠣᠰᠢᠭᠤᠨ᠎ᠤ ᠤᠯᠤᠰ᠎ᠤᠨ ᠲᠠᠰ᠎ᠤᠨ ᠭᠣᠤᠯᠳᠠᠯᠭ᠎ᠠ᠎ᠲᠠᠢ ᠲᠡᠤᠬᠡ᠎ᠶᠢᠨ ᠳᠤᠷᠠᠰᠬᠠᠯᠲᠤ ᠵᠦᠢᠯᠡᠰ᠎ᠤᠨ ᠬᠠᠮᠠᠭᠠᠯᠠᠯᠲᠠ᠎ᠶᠢᠨ ᠨᠢᠭᠡᠴᠢ ᠪᠤᠯᠬᠤ ᠵᠢᠩᠰᠡᠲᠠᠢ ᠠᠭᠤᠶ᠎ᠶᠢᠨ ᠪᠠᠭᠤᠷᠢ᠎ᠡᠴᠠ ᠮᠠᠯᠲᠠᠵᠤ ᠭᠠᠷᠭᠠᠭᠰᠠᠨ ᠲᠡᠤᠬᠡ᠎ᠶᠢᠨ ᠳᠤᠷᠠᠰᠬᠠᠯᠲᠤ ᠵᠦᠢᠯᠡᠰ᠎ᠤᠨ ᠦᠵᠡᠭᠦᠯᠭᠡ ︾ ᠰᠢᠯᠢ᠎ᠶᠢᠨ ᠭᠣᠤᠯ ᠠᠶᠢᠮᠠᠭ᠎ᠤᠨ ᠮᠦᠽᠧᠶ᠎ᠳ᠋ᠤ ᠶᠠᠪᠤᠭᠳᠠᠵᠤ ᠂ ᠨᠡᠶᠢᠲᠡ 370 ᠬᠤᠪᠢ ᠲᠡᠤᠬᠡ᠎ᠶᠢᠨ ᠳᠤᠷᠠᠰᠬᠠᠯᠲᠤ ᠵᠦᠢᠯᠡᠰ᠎ᠢ ᠳᠡᠯᠭᠡᠨ ᠦᠵᠡᠭᠦᠯᠵᠦ ᠂ ᠠᠬᠤᠢ ᠲᠠᠯᠠᠪᠠᠢ᠎ᠳ᠋ᠤ ᠦᠷᠭᠡᠨ ᠤᠯᠠᠨ ᠦᠵᠡᠭᠴᠢᠳ᠎ᠲᠤ ᠵᠢᠩᠰᠡᠲᠠᠢ ᠠᠭᠤᠢ᠎ᠶᠢᠨ ᠪᠠᠭᠤᠷᠢ᠎ᠡᠴᠠ ᠮᠠᠯᠲᠠᠨ ᠭᠠᠷᠭᠠᠭᠰᠠᠨ ᠬᠠᠭᠤᠴᠢᠨ ᠴᠢᠯᠠᠭᠤᠨ ᠵᠡᠪᠰᠡᠭ᠎ᠤᠨ ᠲᠤᠬᠠᠢ ᠲᠠᠢᠯᠪᠤᠷᠢᠯᠠᠵᠤ ᠂ ᠬᠦᠮᠦᠨ ᠲᠦᠷᠦᠯᠬᠢᠲᠡᠨ ᠬᠡᠷᠬᠢᠨ ᠠᠯᠬᠤᠮ ᠠᠯᠬᠤᠮ᠎ᠢᠶᠠᠷ ᠤᠳᠤ ᠦᠶ᠎ᠡ᠎ᠶᠢᠨ ᠪᠤᠯᠪᠠᠰᠤᠨ᠎ᠳ᠋ᠤ ᠬᠦᠷᠦᠭᠰᠡᠨ᠎ᠢ ᠲᠠᠨᠢᠯᠴᠠᠭᠤᠯᠤᠭᠰᠠᠨ ᠪᠠᠢᠨ᠎ᠠ ᠃

ᠡᠭᠦᠨ᠎ᠡᠴᠠ ᠭᠠᠳᠠᠨ᠎ᠠ ᠂ ᠭᠡᠨᠡᠳᠲᠡ ᠡᠭᠦᠰᠦᠭᠰᠡᠨ ᠬᠢᠵᠢᠭ᠎ᠤᠨ ᠪᠠᠢᠳᠠᠯ᠎ᠤᠨ ᠨᠦᠯᠦᠭᠡ᠎ᠡᠴᠠ ᠪᠤᠯᠵᠤ ᠂ ᠦᠪᠡᠷᠲᠡᠭᠡᠨ ᠵᠠᠰᠠᠬᠤ ᠤᠷᠤᠨ᠎ᠤ ᠡᠯ᠎ᠡ ᠭᠠᠵᠠᠷ᠎ᠤᠨ ᠮᠦᠽᠸᠢ᠎ᠨᠢ ᠰᠢᠨ᠎ᠡ ᠮᠡᠷᠭᠡᠵᠢᠯ ᠰᠢᠨ᠎ᠡ ᠵᠠᠭᠤᠴᠢᠯᠠᠭᠤᠷ᠎ᠢ ᠠᠰᠢᠬᠯᠠᠨ ᠂ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠦᠵᠡᠭᠦᠯᠭᠡ᠎ᠶᠢᠨ ᠰᠢᠨ᠎ᠡ ᠬᠡᠪ ᠵᠠᠭᠪᠤᠷ᠎ᠢ ᠴᠤᠭᠴᠠᠯᠠᠨ ᠂ ᠰᠢᠭᠤᠳ ᠨᠡᠪᠲᠡᠷᠡᠭᠦᠯᠭᠡ ᠂ ᠳᠠᠭᠤ ᠰᠢᠩᠭᠡᠭᠡᠯᠲᠡ ᠂ ᠳᠦᠷᠰᠦ ᠰᠢᠩᠭᠡᠭᠡᠯᠲᠡ ᠪᠠ ᠰᠦᠯᠵᠢᠶᠡᠨ᠎ᠳ᠋ᠠᠬᠢ ᠬᠠᠮᠲᠤᠷᠠᠭᠰᠠᠨ ᠠᠵᠢᠯᠯᠠᠭ᠎ᠠ ᠵᠡᠷᠭᠡ ᠤᠯᠠᠨ ᠵᠦᠢᠯ᠎ᠤᠨ ᠬᠡᠯᠪᠡᠷᠢ᠎ᠪᠠᠷ ᠠᠷᠠᠳ ᠤᠯᠠᠨ᠎ᠳ᠋ᠤ ︽ ᠡᠭᠦᠯᠡᠨ ᠦᠢᠯᠡᠴᠢᠯᠡᠭᠡ ︾ ᠬᠠᠩᠭᠠᠵᠤ ᠂ ᠲᠡᠦᠬᠡ᠎ᠶᠢᠨ ᠳᠤᠷᠠᠰᠬᠠᠯᠲᠤ ᠵᠦᠢᠯᠡᠰ᠎ᠢ ᠦᠨᠡᠨ ᠬᠦ ︽ ᠠᠮᠢᠯᠠᠭᠤᠯᠵᠤ ︾ ᠂ ᠲᠠᠯ᠎ᠠ ᠨᠤᠲᠤᠭ᠎ᠤᠨ ᠰᠤᠶᠤᠯ ᠪᠤᠯᠪᠠᠰᠤᠨ᠎ᠤ ᠭᠡᠷᠡᠯ ᠭᠢᠯᠪᠠᠭ᠎ᠠ᠎ᠶᠢ ᠪᠦᠬᠦ ᠤᠯᠤᠰ ᠂ ᠴᠢᠨᠠᠭᠰᠢᠯᠠᠨ ᠪᠦᠬᠦ ᠳᠡᠯᠡᠬᠡᠢ᠎ᠳ᠋ᠤ ᠰᠠᠴᠤᠷᠠᠭᠤᠯᠵᠤ ᠪᠠᠢᠳᠠᠭ ᠰᠠᠨ ᠃

ᠦᠪᠡᠷᠲᠡᠭᠡᠨ ᠵᠠᠰᠠᠬᠤ ᠤᠷᠤᠨ᠎ᠤ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠰᠢᠰᠲ᠋ᠸᠮ ‍ᠤᠨ᠎ᠬᠢᠨ ᠢᠮᠠᠭᠲᠠ ᠶᠡᠷᠦᠩᠬᠡᠢ ᠱᠦᠵᠢ ᠰᠢ᠎ᠶᠢᠨ ᠫᠢᠩ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠠᠵᠢᠯ᠎ᠤᠨ ᠲᠤᠬᠠᠢ ᠴᠢᠬᠤᠯᠠ ᠦᠭᠦᠯᠡᠯᠲᠡ᠎ᠶᠢᠨ ᠵᠤᠷᠢᠭ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ ᠂ ᠪᠦᠬᠦ ᠤᠷᠤᠨ᠎ᠤ ᠦᠭᠡᠷᠡᠴᠢᠯᠡᠯᠲᠡ ᠬᠦᠭᠵᠢᠯᠲᠡ᠎ᠶᠢᠨ ᠶᠡᠬᠡ ᠲᠠᠯ᠎ᠠ᠎ᠲᠠᠢ ᠤᠶᠠᠯᠳᠤᠭᠤᠯᠤᠨ ᠂ ᠲᠡᠦᠬᠡ᠎ᠶᠢᠨ ᠳᠤᠷᠠᠰᠬᠠᠯᠲᠤ ᠵᠦᠢᠯᠡᠰ᠎ᠢ ᠬᠠᠮᠠᠭᠠᠯᠠᠨ ᠠᠰᠢᠬᠯᠠᠬᠤ ᠠᠵᠢᠯ᠎ᠢ ᠲᠠᠰᠤᠷᠠᠯᠲᠠ ᠦᠭᠡᠢ ᠴᠢᠩᠭᠠᠷᠠᠭᠤᠯᠤᠨ ᠂ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠠᠮᠤᠷ ᠲᠦᠪᠰᠢᠨ᠎ᠢ ᠴᠡᠭᠴᠡᠯᠡᠨ ᠵᠠᠰᠠᠬᠤ ᠠᠵᠢᠯ ᠢᠯᠡᠷᠬᠡᠢ ᠦᠷ᠎ᠡ ᠪᠦᠲᠦᠮᠵᠢ ᠤᠯᠵᠤ ᠂ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠮᠦᠽᠸᠢ ᠨᠢᠭᠡᠴᠢ᠎ᠶᠢᠨ ᠤᠯᠠᠨ ᠨᠡᠢᠲᠡ᠎ᠶᠢᠨ ᠦᠢᠯᠡᠴᠢᠯᠡᠭᠡᠨ᠎ᠤ ᠴᠢᠳᠠᠪᠤᠷᠢ᠎ᠶᠢ ᠲᠠᠰᠤᠷᠠᠯᠲᠠ ᠦᠭᠡᠢ ᠳᠡᠭᠡᠭᠰᠢᠯᠡᠭᠦᠯᠦᠨ ᠂ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠭᠠᠳᠠᠭᠠᠳᠤ᠎ᠯᠤᠭ᠎ᠠ᠎ᠶᠢᠨ ᠬᠠᠮᠲᠤᠷᠠᠯᠴᠠᠭ᠎ᠠ ᠰᠤᠯᠢᠯᠴᠠᠭ᠎ᠠ ᠠᠯᠬᠤᠮ ᠠᠯᠬᠤᠮ᠎ᠢᠶᠠᠷ ᠦᠷᠭᠡᠳᠴᠦ ᠂ ᠲᠡᠦᠬᠡ᠎ᠶᠢᠨ ᠳᠤᠷᠠᠰᠬᠠᠯᠲᠤ ᠵᠦᠢᠯᠡᠰ ᠪᠤᠯᠤᠨ ᠵᠢᠭᠤᠯᠴᠢᠯᠠᠯ᠎ᠢ ᠠᠭᠤᠰᠤᠯᠴᠠᠭᠤᠯᠤᠨ ᠬᠦᠭᠵᠢᠭᠦᠯᠬᠦ ᠠᠵᠢᠯ᠎ᠢ ᠨᠡᠩ ᠢᠯᠡᠭᠦᠦ ᠭᠦᠨᠵᠡᠭᠡᠢᠷᠡᠭᠦᠯᠦᠨ ᠂ ᠡᠯ᠎ᠡ ᠵᠦᠢᠯ᠎ᠤᠨ ᠠᠵᠢᠯ᠎ᠳᠠᠭᠠᠨ ᠢᠯᠠᠭᠤᠬᠰᠠᠨ ᠠᠮᠵᠢᠯᠲᠠ ᠤᠯᠵᠤ ᠪᠠᠢᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面