2026-11-11 11:26:09
ᠣᠢᠷ᠎ᠠ᠎ᠳᠤ᠂ 2026 ᠣᠨ᠎ᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠰᠠᠭᠤᠷᠢ ᠮᠥᠩᠭᠥ᠎ᠶᠢᠨ ᠤᠷᠠᠯᠢᠭ᠋᠎ᠤᠨ ᠤᠬᠠᠭᠠᠨ᠎ᠤ ᠰᠡᠳᠦᠪ ᠲᠣᠭᠲᠠᠭᠠᠭᠰᠠᠨ ᠦᠷ᠎ᠡ ᠳ᠋ᠦᠩ᠎ᠢ ᠨᠡᠢᠲᠡᠯᠡᠵᠦ᠂ ᠡᠬᠦᠨ᠎ᠳᠦ ᠥᠪᠥᠷ ᠮᠣᠩᠭᠣᠯ᠎ᠤᠨ ᠪᠠᠷᠠᠭᠤᠨ ᠣᠷᠣᠨ᠎ᠤ 3 ᠰᠤᠳᠤᠯᠭᠠᠨ᠎ᠤ ᠰᠡᠳᠦᠪ ᠵᠥᠪᠰᠢᠶᠡᠷᠡᠭᠳᠡᠪᠡ᠃
ᠲᠣᠰ ᠤᠳᠠᠭᠠᠨ᠎ᠤ ᠰᠡᠳᠦᠪ ᠨᠢ ᠭᠤᠷᠪᠠᠨ ᠣᠨᠴᠠᠯᠢᠭ᠍ᠲᠤ ᠰᠤᠳᠤᠯᠭᠠᠨ᠎ᠤ ᠴᠢᠭᠯᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ ᠂ ᠥᠪᠥᠷ ᠮᠣᠩᠭᠣᠯ᠎ᠤᠨ ᠰᠣᠶᠣᠯ᠎ᠤᠨ ᠠᠭᠤᠯᠤᠭᠳᠠᠬᠤᠨ᠎ᠢ ᠭᠦᠨᠵᠡᠭᠡᠢ ᠲᠣᠳᠣᠷᠬᠠᠢᠯᠠᠨ ᠥᠭᠦᠯᠡᠪᠡ᠄ ᠨᠢᠭᠡ᠎ᠨᠢ᠂ ᠤᠯᠠᠭᠠᠨᠮᠥ᠋ᠴᠢᠷ᠎ᠦᠨ ᠰᠢ ᠵᠦᠴᠦᠭᠡ᠎ᠶᠢᠨ ᠬᠥᠭᠵᠢᠯᠲᠡ᠎ᠶᠢᠨ ᠲᠡᠦᠬᠡᠨ ᠶᠠᠪᠤᠴᠠ᠎ᠶᠢᠨ ᠰᠤᠳᠤᠯᠭᠠᠨ ︱ ᠬᠤᠪᠢᠰᠬᠠᠯᠲᠤ ᠤᠳᠬ᠎ᠠ ᠤᠷᠠᠯᠢᠭ᠋᠎ᠤᠨ ᠲᠣᠭ ᠲᠡᠮᠳᠡᠭ᠎ᠤᠨ ᠦᠨᠳᠦᠰᠦᠨ ᠱᠠᠲᠤᠨ᠎ᠳᠤ ᠦᠨᠳᠦᠰᠦᠯᠡᠭᠰᠡᠨ᠂ ᠠᠷᠠᠳ ᠲᠦᠮᠡᠨ᠎ᠳᠤ ᠦᠢᠯᠡᠴᠢᠯᠡᠭᠰᠡᠨ ᠳᠠᠯ᠎ᠠ ᠰᠢᠬᠠᠮ ᠵᠢᠯ ᠤᠨ ᠬᠥᠭᠵᠢᠯᠲᠡ᠎ᠶᠢᠨ ᠰᠤᠳᠠᠰᠤ᠎ᠶᠢ ᠰᠢᠰᠲᠧᠮ᠎ᠲᠠᠢ ᠡᠮᠬᠢᠯᠡᠨ ᠳᠢᠭᠯᠡᠵᠦ᠂ ᠲᠡᠭᠦᠨ᠎ᠦ ᠣᠶᠤᠨ ᠰᠠᠨᠠᠭᠠᠨ᠎ᠤ ᠴᠥᠮ᠎ᠡ᠎ᠶᠢ ᠠᠭᠤᠳᠠᠯᠤᠨ ᠪᠣᠯᠪᠠᠰᠤᠷᠠᠭᠤᠯᠤᠨ᠎ᠠ︔ ᠬᠣᠶᠠᠷ᠎ᠨᠢ᠂ ᠴᠤᠭᠤᠷ ᠳᠠᠭᠤᠤ ᠬᠥᠭᠵᠢᠮ᠎ᠤᠨ ᠠᠮᠢᠳᠤ ᠤᠯᠠᠮᠵᠢᠯᠠᠯ᠎ᠤᠨ ᠰᠤᠳᠤᠯᠭᠠᠨ ︱ ᠣᠯᠠᠨ ᠬᠤᠭᠤᠯᠠᠢ᠎ᠲᠦ ᠤᠯᠠᠮᠵᠢᠯᠠᠯᠲᠤ ᠳᠠᠭᠤᠤ ᠬᠥᠭᠵᠢᠮ᠎ᠢ ᠣᠳᠣ᠌ ᠦᠶ᠎ᠡ᠎ᠶᠢᠨ ᠬᠡᠯᠡᠨ᠎ᠦ ᠣᠷᠴᠢᠨ᠎ᠳᠤ ᠬᠠᠮᠠᠭᠠᠯᠠᠨ ᠤᠯᠠᠮᠵᠢᠯᠠᠬᠤ ᠵᠠᠮ᠎ᠢ ᠬᠠᠢᠨ ᠰᠦᠪᠡᠭᠴᠢᠯᠡᠨ᠎ᠡ︔ ᠭᠤᠷᠪᠠ᠎ᠨᠢ᠂ ᠶᠤᠸᠠᠨ ᠤᠯᠤᠰ᠂ ᠮᠢᠩ ᠤᠯᠤᠰ᠂ ᠴᠢᠩ ᠤᠯᠤᠰ᠎ᠤᠨ ᠦᠶ᠎ᠡ ᠵᠢᠨ ᠱᠠᠨ ᠰᠢ ᠪᠠ ᠦᠪᠦᠷ ᠮᠣᠩᠭᠣᠯ ᠣᠷᠣᠨ᠎ᠤ ᠤᠯᠠᠮᠵᠢᠯᠠᠯᠲᠤ ᠬᠠᠨ᠎ᠠ᠎ᠶᠢᠨ ᠵᠢᠷᠤᠭ᠎ᠤᠨ ᠬᠤᠪᠢᠷᠠᠯᠲᠠ᠎ᠶᠢᠨ ᠰᠤᠳᠤᠯᠭᠠᠨ︱ ᠬᠠᠨ᠎ᠠ᠎ᠶᠢᠨ ᠵᠢᠷᠤᠭ᠎ᠤᠨ ᠪᠣᠳᠠᠲᠤ ᠪᠣᠳᠠᠰ᠎ᠤᠨ ᠲᠡᠦᠬᠡᠨ ᠮᠠᠲᠧᠷᠢᠶᠠᠯ᠎ᠳᠤ ᠲᠦᠰᠢᠭᠯᠡᠨ᠂ ᠤᠮᠠᠷᠠᠲᠤ᠎ᠶᠢᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠤᠯᠠ ᠮᠥᠷ᠎ᠢ ᠠᠭᠤᠳᠠᠯᠤᠨ᠎ᠠ᠃ ᠭᠤᠷᠪᠠᠨ ᠰᠡᠳᠦᠪ᠎ᠨᠢ ᠠᠳᠠᠯᠢ ᠪᠤᠰᠤ ᠲᠠᠯ᠎ᠠ᠎ᠠᠴᠠ ᠥᠪᠥᠷ ᠮᠣᠩᠭᠣᠯ᠎ᠤᠨ ᠣᠨᠴᠠᠯᠢᠭ᠍ᠲᠤ ᠰᠣᠶᠣᠯ᠎ᠤᠨ ᠡᠬᠢ ᠪᠠᠶᠠᠯᠢᠭ᠋᠎ᠢ ᠴᠢᠨᠠᠷ ᠰᠠᠢᠲᠠᠢ ᠤᠷᠠᠯᠢᠭ᠋᠎ᠤᠨ ᠡᠷᠳᠡᠮ ᠰᠢᠨᠵᠢᠯᠡᠭᠡᠨ᠎ᠦ ᠰᠤᠳᠤᠯᠭᠠᠨ᠎ᠤ ᠰᠡᠳᠦᠪ ᠪᠣᠯᠭᠠᠨ ᠬᠤᠪᠢᠷᠠᠭᠤᠯᠬᠤ᠎ᠶᠢ ᠠᠬᠢᠭᠤᠯᠬᠤ ᠪᠤᠯᠤᠨ᠎ᠠ᠃
ᠣᠯᠠᠨ ᠵᠢᠯ᠎ᠦᠨ ᠲᠤᠷᠰᠢ᠂ ᠥᠪᠥᠷ ᠮᠣᠩᠭᠣᠯ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠥᠷᠥᠯ ᠵᠦᠢᠯ᠎ᠦᠨ ᠪᠣᠢᠵᠢᠭᠤᠯᠤᠯᠲᠠ᠎ᠶᠢ ᠦᠷᠭᠦᠯᠵᠢᠯᠡᠨ ᠴᠢᠩᠭᠠᠳᠬᠠᠵᠤ᠂ ᠡᠷᠳᠡᠮ ᠰᠢᠨᠵᠢᠯᠡᠭᠡᠨ᠎ᠦ ᠰᠣᠯᠢᠯᠴᠠᠭ᠎ᠠ ᠰᠤᠳᠤᠯᠭᠠᠨ᠎ᠤ ᠲᠠᠪᠴᠠᠩ᠎ᠢ ᠪᠠᠢᠭᠤᠯᠤᠨ᠂ ᠲᠣᠰ ᠭᠠᠵᠠᠷ ᠣᠷᠣᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠴᠢᠳᠠᠪᠤᠷᠢᠲᠠᠨ᠎ᠤ ᠡᠩᠨᠡᠭᠡ᠎ᠶᠢ ᠪᠠᠢᠭᠤᠯᠤᠨ ᠬᠦᠴᠦᠷᠬᠡᠭᠵᠢᠭᠦᠯᠵᠦ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠳ᠎ᠢ ᠬᠥᠲᠥᠯᠥᠨ ᠵᠢᠯᠤᠭᠣᠳᠴᠤ ᠪᠠᠢᠭᠠᠳ ᠲᠣᠰ ᠭᠠᠵᠠᠷ ᠣᠷᠣᠨ᠎ᠤ ᠰᠣᠶᠣᠯ᠎ᠤᠨ ᠡᠬᠢ ᠪᠠᠶᠠᠯᠢᠭ᠋᠎ᠤᠨ ᠤᠭ ᠰᠤᠷᠪᠤᠯᠵᠢ᠎ᠳᠤ ᠰᠠᠭᠤᠷᠢᠯᠠᠨ ᠭᠦᠨ ᠬᠠᠭᠠᠯᠪᠤᠷᠢᠯᠠᠨ ᠨᠠᠷᠢᠨ ᠰᠤᠳᠤᠯᠵᠤ᠂ ᠰᠣᠶᠣᠯ᠎ᠤᠨ ᠡᠬᠢ ᠪᠠᠶᠠᠯᠢᠭ᠋᠎ᠢ ᠠᠭᠤᠳᠠᠯᠬᠤ᠂ ᠰᠡᠳᠦᠪ ᠭᠤᠶᠤᠴᠢᠯᠠᠨ ᠮᠡᠳᠡᠭᠦᠯᠵᠦ ᠪᠣᠭᠣᠮᠲᠠ ᠰᠢᠪᠲᠤᠯᠬᠤ᠎ᠠᠴᠠ ᠡᠷᠳᠡᠮ ᠰᠢᠨᠵᠢᠯᠡᠭᠡᠨ᠎ᠦ ᠦᠷ᠎ᠡ ᠪᠦᠲᠦᠭᠡᠯ ᠭᠠᠷᠭᠠᠬᠤ᠂ ᠦᠭᠡ ᠬᠡᠯᠡᠨ᠎ᠦ ᠰᠢᠰᠲᠧᠮ᠎ᠢ ᠪᠠᠶ᠋ᠢᠭᠤᠯᠬᠤ ᠬᠦᠷᠲᠡᠯᠡᠬᠢ ᠥᠪᠥᠷ ᠮᠣᠩᠭᠣᠯ᠎ᠤᠨ ᠤᠷᠠᠯᠢᠭ᠋᠎ᠤᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠥᠭᠵᠢᠯᠲᠡ᠎ᠶᠢᠨ ᠠᠷᠭ᠎ᠠ ᠵᠠᠮ᠎ᠢ ᠠᠯᠬᠤᠮ ᠠᠯᠬᠤᠮ᠎ᠢᠶᠠᠷ ᠪᠣᠶ ᠪᠣᠯᠭᠠᠵᠤ᠂ ᠦᠷ᠎ᠡ ᠪᠦᠲᠦᠭᠡᠯ᠎ᠦᠨ ᠰᠡᠳᠦᠪ ᠲᠣᠭᠲᠠᠭᠠᠬᠤ᠎ᠳᠤ ᠯᠠᠪᠳᠠᠭᠤᠨ ᠪᠠᠲᠤᠲᠠᠢ ᠠᠵᠢᠯ᠎ᠤᠨ ᠰᠠᠭᠤᠷᠢ᠎ᠶᠢ ᠲᠠᠯᠪᠢᠵᠤ ᠥᠭᠴᠡᠢ᠃
ᠲᠠᠷᠠᠭᠠᠴᠢ᠎ᠶᠢᠨ ᠠᠯᠬᠤᠮ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠲᠥᠷᠥᠯ ᠵᠦᠢᠯ᠎ᠦᠨ ᠮᠥᠷᠳᠡᠨ ᠦᠢᠯᠡᠴᠢᠯᠡᠬᠦ ᠪᠠ ᠪᠥᠬᠥ ᠶᠠᠪᠤᠴᠠ᠎ᠶᠢᠨ ᠬᠠᠮᠢᠶᠠᠷᠤᠯᠲᠠ᠎ᠶᠢ ᠯᠠᠪᠳᠠᠭᠤᠨ ᠪᠠᠲᠤᠲᠠᠢ ᠰᠠᠢᠲᠤᠷ ᠬᠢᠵᠦ᠂ ᠤᠷᠠᠯᠢᠭ᠋᠎ᠤᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠤᠯᠭᠠᠭᠤᠷᠢᠯᠠᠯ᠎ᠤᠨ ᠪᠠᠲᠤᠯᠠᠭ᠎ᠠ᠎ᠶᠢᠨ ᠰᠢᠰᠲᠧᠮ᠎ᠢ ᠦᠷᠭᠦᠯᠵᠢᠯᠡᠨ ᠲᠡᠭᠦᠯᠳᠡᠷᠵᠢᠭᠦᠯᠵᠦ᠂ ᠰᠤᠳᠤᠯᠭᠠᠨ᠎ᠤ ᠦᠷ᠎ᠡ ᠪᠦᠲᠦᠭᠡᠯ᠎ᠢ ᠤᠯᠠᠷᠢᠭᠤᠯᠤᠨ ᠬᠡᠷᠡᠭᠯᠡᠬᠦ᠎ᠶᠢ ᠠᠬᠢᠭᠤᠯᠵᠤ᠂ ᠡᠷᠳᠡᠮ ᠰᠢᠨᠵᠢᠯᠡᠭᠡᠨ᠎ᠦ ᠰᠤᠳᠤᠯᠭᠠᠨ᠎ᠢᠶᠠᠷ ᠰᠣᠶᠣᠯ᠎ᠤᠨ ᠦᠨᠳᠦᠰᠦ ᠰᠤᠳᠠᠰᠤ᠎ᠶᠢ ᠯᠠᠪᠳᠠᠭᠤᠨ ᠪᠠᠲᠤᠲᠠᠢ ᠰᠠᠬᠢᠨ ᠬᠠᠮᠠᠭᠠᠯᠠᠵᠤ᠂ ᠥᠪᠥᠷ ᠮᠣᠩᠭᠣᠯ᠎ᠤᠨ ᠰᠣᠶᠣᠯ᠎ᠤᠨ ᠴᠢᠨᠠᠷ ᠰᠠᠢᠲᠠᠢ ᠬᠥᠭᠵᠢᠯᠲᠡ᠎ᠳᠦ ᠣᠶᠤᠨ᠎ᠤ ᠲᠤᠯᠭᠠᠭᠤᠷᠢᠯᠠᠯ ᠬᠠᠩᠭᠠᠨ᠎ᠠ᠃
ᠢᠷᠡᠯᠲᠡ᠄ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃