ᠲᠡᠷᠢᠭᠦᠨ ᠨᠢᠭᠤᠷ>ᠮᠣᠩᠭᠣᠯ ᠰᠣᠳᠣᠯᠣᠯ>ᠮᠡᠳᠡᠭᠡ ᠰᠡᠯᠲᠡ

2026-11-16 17:12:01

ᠵᠣᠬᠢᠶᠠᠭ᠍ᠴᠢ᠄ ᠳᠡᠯᠭᠡᠷᠬᠦᠦ ᠣᠩᠱᠢᠭ᠍ᠰᠠᠨ ᠣᠳᠠᠭ᠎ᠠ᠄ 3

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠦᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠡᠴᠡ ᠭᠤᠤᠯᠯᠠᠨ ᠡᠷᠭᠢᠯᠡᠵᠦ᠍᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠦᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠨᠣᠮ᠎ᠤᠨ ᠰᠠᠩ᠎ᠡᠴᠡ ᠳᠠᠭᠠᠭᠠᠴᠢᠯᠠᠨ ᠡᠷᠭᠢᠯᠡᠭᠰᠡᠨ 《ᠣᠯᠠᠨ ᠬᠡᠯᠡᠨ᠎ᠦ ᠡᠷᠲᠡᠨ᠎ᠦ ᠰᠤᠷᠪᠤᠯᠵᠢ ᠪᠢᠴᠢᠭ᠎ᠦᠨ ᠬᠡᠯᠬᠢᠶᠠᠰᠤ᠎ᠶᠢᠨ ᠴᠤᠪᠤᠷᠠᠯ ᠪᠢᠴᠢᠭ ᠵᠢᠴᠢ 〈ᠮᠣᠩᠭᠣᠯ᠎ᠤᠨ ᠨᠢᠭᠤᠴᠠ ᠲᠣᠪᠴᠢᠶᠠᠨ〉 ᠵᠡᠷᠭᠡ ᠰᠣᠩᠭᠣᠳᠠᠭ ᠲᠤᠯᠭᠤᠷ ᠪᠢᠴᠢᠭ᠎ᠢ ᠡᠮᠬᠢᠳᠬᠡᠨ ᠰᠤᠳᠤᠯᠵᠤ ᠬᠡᠪᠯᠡᠭᠦᠯᠬᠦ᠌ ᠡᠷᠳᠡᠮ ᠰᠢᠨᠵᠢᠯᠡᠭᠡᠨ᠎ᠦ ᠰᠤᠳᠤᠯᠤᠨ ᠶᠠᠷᠢᠯᠴᠠᠬᠤ ᠬᠤᠷᠠᠯ》 ᠤᠢᠷ᠎ᠠ ᠳ᠋ᠤ ᠬᠥᠬᠡᠬᠣᠲᠠ᠎ᠳᠤ ᠶᠠᠪᠤᠭᠳᠠᠪᠠ᠃ ᠤᠯᠤᠰ᠎ᠤᠨ ᠳᠣᠲᠣᠭᠠᠳᠤ᠎ᠶᠢᠨ ᠤᠯᠠᠨ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠬᠡᠪᠯᠡᠯ᠎ᠦᠨ ᠪᠠᠶ᠋ᠢᠭᠤᠯᠤᠮᠵᠢ᠎ᠶᠢᠨ ᠲᠤᠰᠬᠠᠶ ᠮᠡᠷᠭᠡᠵᠢᠯᠲᠡᠨ ᠡᠷᠳᠡᠮᠲᠡᠨ ᠨᠢᠭᠡ ᠲᠠᠩᠬᠢᠮ᠎ᠳᠤ ᠴᠤᠭᠯᠠᠷᠠᠵᠤ᠂ ᠣᠯᠠᠨ ᠬᠡᠯᠡᠨ᠎ᠦ ᠡᠷᠲᠡᠨ᠎ᠦ ᠨᠣᠮ ᠪᠢᠴᠢᠭ᠎ᠢ ᠡᠮᠬᠢᠳᠬᠡᠬᠦ᠌᠂ ᠰᠤᠳᠤᠯᠬᠤ ᠪᠠ ᠬᠡᠪᠯᠡᠭᠦᠯᠬᠦ᠌ ᠲᠤᠬᠠᠢ ᠰᠤᠳᠤᠯᠤᠨ ᠶᠠᠷᠢᠯᠴᠠᠵᠠᠢ᠃

ᠰᠤᠳᠤᠯᠤᠨ ᠶᠠᠷᠢᠯᠴᠠᠬᠤ ᠬᠤᠷᠠᠯ᠎ᠳᠤ᠂ ᠲᠤᠰᠬᠠᠢ ᠮᠡᠷᠬᠡᠵᠢᠯᠳᠡᠨ ᠡᠷᠳᠡᠮᠳᠡᠳ ᠡᠴᠡ《ᠴᠢᠩ ᠤᠯᠤᠰ᠎ᠤᠨ ᠬᠢᠯᠢ ᠬᠢᠵᠠᠭᠠᠷ᠎ᠤᠨ ᠲᠡᠦᠬᠡ ᠭᠠᠵᠠᠷ ᠵᠦᠶ᠎ᠶᠢᠨ ᠰᠤᠳᠤᠯᠤᠯ᠎ᠳᠡᠬᠢ ᠣᠯᠠᠨ ᠬᠡᠯᠡᠨ᠎ᠤ ᠰᠤᠷᠪᠤᠯᠵᠢ ᠪᠢᠴᠢᠭ᠎ᠤᠨ ᠠᠴᠢ ᠬᠣᠯᠪᠣᠭᠳᠠᠯ — ᠮᠣᠩᠭᠣᠯ ᠪᠢᠴᠢᠭ᠎ᠦᠨ ᠳᠠᠩᠰᠠ ᠡᠪᠬᠡᠮᠡᠯ᠎ᠦᠨ ᠵᠢᠱᠢᠶᠠᠨ ᠳᠡᠭᠡᠷ᠎ᠡ》᠂ 《ᠥᠪᠥᠷ ᠮᠣᠩᠭᠣᠯ᠎ᠤᠨ ᠦᠪᠡᠷᠳᠡᠭᠡᠨ ᠵᠠᠰᠠᠬᠤ ᠤᠷᠤᠨ᠎ᠤ ᠨᠡᠶ᠋ᠢᠭᠡᠮ᠎ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠨᠣᠮ᠎ᠤᠨ ᠰᠠᠩ᠎ᠳᠤ ᠬᠠᠳᠠᠭᠠᠯᠠᠭᠳᠠᠵᠤ ᠪᠠᠶ᠋ᠢᠭ᠎ᠠ ᠡᠷᠲᠡᠨ᠎ᠦ ᠬᠤᠪᠤᠷ ᠴᠤᠬᠠᠭ ᠰᠤᠳᠤᠷ ᠪᠢᠴᠢᠭ᠎ᠢ ᠡᠮᠭᠢᠯᠡᠨ ᠨᠠᠶ᠋ᠢᠷᠠᠭᠤᠯᠵᠤ ᠬᠡᠪᠯᠡᠬᠦᠯᠬᠦ᠌ ᠠᠵᠢᠯ᠎ᠤᠨ ᠣᠳᠣᠬᠢ ᠪᠠᠶ᠋ᠢᠳᠠᠯ ᠬᠢᠭᠡᠳ ᠢᠷᠡᠭᠡᠳᠦᠶ᠎ᠶᠢᠨ ᠪᠠᠷᠠᠯᠠᠯ》᠂ 《〈ᠮᠤᠩᠭᠤᠯ᠎ᠤᠨ ᠨᠢᠭᠤᠴᠠ ᠳᠤᠪᠴᠢᠶᠠᠨ〉 ᠳ᠋ᠡᠬᠢ 〈ᠲᠠᠭᠤᠯᠵᠤ᠂ ᠲᠠᠭᠤᠯᠪᠠᠢ〉 ᠭᠡᠬᠦ᠌ ᠦᠭᠡ᠎ᠶᠢᠨ ᠤᠴᠢᠷ ᠬᠣᠯᠪᠤᠭᠳᠠᠯ》᠂ 《ᠬᠡᠯᠡᠨ᠎ᠤ ᠵᠦᠢ᠎ᠶᠢᠨ ᠲᠡᠥᠬᠡᠨ ᠮᠦᠷᠳᠡᠯᠳᠡ ᠪᠠ ᠮᠤᠩᠭᠤᠯ ᠬᠡᠯᠡᠨ᠎ᠤ ᠲᠡᠦᠬᠡᠨ ᠴᠤᠬᠴᠠᠯᠠᠯᠳᠡ — 〈ᠮᠤᠩᠭᠤᠯ᠎ᠤᠨ ᠨᠢᠭᠤᠴᠠ ᠲᠤᠪᠴᠢᠶᠠᠨ ᠪᠠ ᠡᠷᠳᠡᠨᠢ᠎ᠶᠢᠨ ᠲᠤᠪᠴᠢ ᠶ᠋ᠢᠨ ᠬᠡᠯᠡᠨ᠎ᠤ ᠵᠦᠢ᠎ᠶᠢᠨ ᠬᠡᠯᠪᠡᠷᠢ ᠨᠤᠬᠦᠳ᠎ᠤᠨ ᠬᠠᠷᠢᠴᠠᠭᠤᠯᠤᠬᠰᠠᠨ ᠰᠤᠳᠤᠯᠭᠠᠨ〉 ᠢ᠋ ᠦᠨᠡᠯᠡᠨ ᠦᠬᠦᠯᠡᠬᠦ ᠨᠢ》᠂ 《〈ᠣᠯᠠᠨ ᠬᠡᠯᠡ ᠬᠠᠪᠰᠤᠷᠭᠠᠭᠰᠠᠨ ᠲᠣᠯᠢ (2)〉 ᠳ᠋ᠠᠬᠢ ᠮᠠᠨᠵᠤ ᠮᠤᠩᠭᠤᠯ ᠰᠤᠶᠤᠯ᠎ᠤᠨ ᠡᠯᠸᠮᠸᠨ᠋ᠲ᠎ᠦᠨ ᠳᠦᠬᠦᠮ ᠰᠢᠨᠵᠢᠯᠡᠯ》ᠵᠡᠷᠬᠡ ᠡᠷᠳᠡᠮ ᠰᠢᠨᠵᠢᠯᠡᠭᠡᠨ᠎ᠦ ᠢᠯᠡᠳᠭᠡᠯ ᠬᠢᠵᠤ᠂ ᠰᠤᠳᠤᠯᠭᠠᠨ᠎ᠤ ᠦᠷ᠎ᠡ ᠪᠦᠳᠦᠭᠡᠯ᠎ᠢᠶᠡᠨ ᠬᠤᠪᠢᠶᠠᠯᠴᠠᠵᠠᠢ᠃

ᠬᠤᠷᠠᠯ᠎ᠤᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠨᠡᠶ᠋ᠢᠭᠡᠮ᠎ᠦᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠬᠢᠨ ᠥᠪᠥᠷ ᠮᠣᠩᠭᠣᠯ᠎ᠤᠨ ᠨᠡᠶ᠋ᠢᠭᠡᠮ᠎ᠦᠨ ᠰᠢᠨᠵᠢᠯᠡᠬᠦ᠌ ᠤᠬᠠᠭᠠᠨ᠎ᠤ ᠬᠣᠯᠪᠣᠭ᠎ᠠ᠎ᠳᠤ ᠨᠣᠮ᠎ᠤᠨ ᠰᠠᠩ᠎ᠤᠨ᠎ᠢᠶᠡᠨ ᠬᠡᠪᠯᠡᠭᠦᠯᠦᠭᠰᠡᠨ ᠠᠯᠳᠠᠨ 《ᠭᠠᠨᠵᠤᠤᠷ》 ᠪᠠ ᠪᠢᠴᠢᠮᠡᠯ 《ᠭᠠᠨᠵᠤᠤᠷ》 ᠢ᠋ᠶ᠋ᠡᠨ ᠲᠤᠰ ᠲᠤᠰ ᠨᠢᠬᠡ ᠢᠵᠢ ᠪᠡᠯᠡᠭᠯᠡᠪᠡ᠃ ᠡᠭᠦᠨ᠎ᠦ ᠬᠠᠮᠲᠤ᠌᠂ ᠣᠶ᠋ᠢᠷ᠎ᠠ᠎ᠶᠢᠨ ᠵᠢᠯ᠎ᠦᠨ ᠲᠤᠷᠰᠢᠬᠢ ᠥᠪᠥᠷ ᠮᠣᠩᠭᠣᠯ᠎ᠤᠨ ᠨᠡᠶ᠋ᠢᠭᠡᠮ᠎ᠦᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠨᠣᠮ᠎ᠤᠨ ᠰᠠᠩ᠎ᠤᠨ ᠬᠡᠪᠯᠡᠭᠦᠯᠦᠭᠰᠡᠨ ᠡᠷᠲᠡᠨ᠎ᠦ ᠰᠤᠷᠪᠤᠯᠵᠢ ᠪᠢᠴᠢᠭ᠎ᠢ ᠡᠮᠬᠢᠳᠬᠡᠭᠰᠡᠨ ᠦᠷ᠎ᠡ ᠪᠦᠲᠦᠭᠡᠯ᠎ᠢᠶᠡᠨ ᠲᠤᠬᠠᠶ᠎ᠶᠢᠨ ᠲᠠᠯᠠᠪᠠᠶ᠎ᠳᠤ ᠳᠡᠯᠭᠡᠨ ᠦᠵᠡᠭᠦᠯᠵᠠᠢ᠃ ᠬᠤᠷᠠᠯ᠎ᠳᠤ ᠣᠷᠣᠯᠴᠠᠭᠰᠠᠨ ᠡᠷᠳᠡᠮᠲᠡᠳ ᠣᠯᠠᠨ ᠵᠦᠢᠯ᠎ᠦᠨ ᠬᠡᠯᠡᠨ᠎ᠦ ᠬᠣᠪᠣᠷ ᠨᠠᠨᠳᠢᠨ ᠡᠷᠲᠡᠨ᠎ᠦ ᠨᠣᠮ ᠪᠢᠴᠢᠭ᠂ ᠬᠢᠯᠢ ᠬᠢᠵᠠᠭᠠᠷ᠎ᠤᠨ ᠲᠡᠦᠬᠡ᠎ᠶᠢᠨ ᠲᠠᠩᠰᠠ ᠡᠪᠬᠡᠮᠡᠯ᠂ 《ᠮᠣᠩᠭᠣᠯ᠎ᠤᠨ ᠨᠢᠭᠤᠴᠠ ᠲᠤᠪᠴᠢᠶᠠᠨ》 ᠵᠡᠷᠭᠡ ᠰᠣᠩᠭᠣᠳᠠᠭ ᠲᠤᠯᠭᠤᠷ ᠪᠢᠴᠢᠭ᠂ ᠡᠷᠲᠡᠨ᠎ᠦ ᠨᠣᠮ ᠪᠢᠴᠢᠭ᠎ᠦᠨ ᠲᠣᠭᠠᠴᠢᠯᠠᠭᠰᠠᠨ ᠪᠠᠶ᠋ᠢᠭᠤᠯᠤᠯᠲᠠ ᠵᠡᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍ ᠡᠷᠳᠡᠮ ᠰᠢᠨᠵᠢᠯᠡᠭᠡᠨ᠎ᠦ ᠰᠣᠯᠢᠯᠴᠠᠭ᠎ᠠ ᠥᠷᠨᠢᠭᠦᠯᠵᠠᠢ᠃

ᠲᠣᠰ ᠤᠳᠠᠭᠠᠨ᠎ᠤ ᠰᠤᠳᠤᠯᠤᠨ ᠶᠠᠷᠢᠯᠴᠠᠬᠤ ᠬᠤᠷᠠᠯ᠎ᠨᠢ ᠣᠯᠠᠨ ᠬᠡᠯᠡᠨ᠎ᠦ ᠡᠷᠲᠡᠨ᠎ᠦ ᠨᠣᠮ ᠪᠢᠴᠢᠭ᠎ᠢ ᠡᠮᠬᠢᠳᠬᠡᠨ ᠰᠤᠳᠤᠯᠬᠤ ᠥᠨᠳᠥᠷ ᠲᠦᠪᠰᠢᠨ ᠪᠥᠬᠥᠶ ᠡᠷᠳᠡᠮ ᠰᠢᠨᠵᠢᠯᠡᠭᠡᠨ᠎ᠦ ᠰᠣᠯᠢᠯᠴᠠᠭᠠᠨ᠎ᠤ ᠲᠠᠪᠴᠠᠩ᠎ᠢ ᠪᠠᠶ᠋ᠢᠭᠤᠯᠵᠤ᠂ ᠥᠪᠥᠷ ᠮᠣᠩᠭᠣᠯ᠎ᠤᠨ ᠨᠡᠶ᠋ᠢᠭᠡᠮ᠎ᠦᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠨᠣᠮ᠎ᠤᠨ ᠰᠠᠩ᠎ᠤᠨ ᠡᠷᠲᠡᠨ᠎ᠦ ᠨᠣᠮ ᠪᠢᠴᠢᠭ᠎ᠢ ᠬᠠᠮᠠᠭᠠᠯᠠᠨ ᠡᠮᠬᠢᠳᠬᠡᠭᠰᠡᠨ ᠱᠠᠲᠤ᠌ ᠦᠶᠡᠴᠢ ᠴᠢᠨᠠᠷᠲᠠᠶ ᠦᠷ᠎ᠡ ᠪᠦᠲᠦᠭᠡᠯ᠎ᠢ ᠲᠥᠪᠯᠡᠷᠡᠭᠦᠯᠦᠨ ᠳᠡᠯᠭᠡᠨ ᠦᠵᠡᠭᠦᠯᠵᠦ᠍᠂ 《ᠮᠣᠩᠭᠣᠯ᠎ᠤᠨ ᠨᠢᠭᠤᠴᠠ ᠲᠣᠪᠴᠢᠶᠠᠨ》 ᠵᠡᠷᠭᠡ ᠰᠣᠩᠭᠣᠳᠠᠭ ᠲᠤᠯᠭᠤᠷ ᠪᠢᠴᠢᠭ᠎ᠦᠨ ᠬᠠᠮᠢᠶ᠎ᠠ ᠪᠥᠬᠥᠶ ᠰᠤᠳᠤᠯᠭᠠᠨ᠎ᠢ ᠭᠦᠨᠵᠡᠭᠡᠶ᠋ᠢᠷᠡᠭᠦᠯᠵᠦ᠍᠂ ᠣᠯᠠᠨ  ᠬᠡᠯᠡᠨ᠎ᠦ ᠡᠷᠲᠡᠨ᠎ᠦ ᠨᠣᠮ ᠪᠢᠴᠢᠭ᠎ᠦᠨ ᠬᠡᠯᠬᠢᠶᠠᠰᠤ᠎ᠶᠢᠨ ᠴᠤᠪᠤᠷᠠᠯ ᠪᠢᠴᠢᠭ᠎ᠢ ᠨᠠᠶ᠋ᠢᠷᠠᠭᠤᠯᠤᠨ ᠬᠡᠪᠯᠡᠭᠦᠯᠬᠦ᠌᠎ᠳᠦ ᠬᠠᠮᠲᠤ᠎ᠶᠢᠨ ᠲᠠᠨᠢᠯᠲᠠ ᠪᠠᠨ ᠨᠢᠭᠲᠠᠷᠠᠭᠤᠯᠵᠤ᠂ ᠡᠷᠲᠡᠨ᠎ᠦ ᠨᠣᠮ ᠪᠢᠴᠢᠭ᠎ᠢ ᠬᠠᠮᠠᠭᠠᠯᠠᠨ ᠤᠯᠠᠮᠵᠢᠯᠠᠬᠤ ᠦᠢᠯᠡᠰ᠎ᠦᠨ ᠴᠢᠨᠠᠷ  ᠰᠠᠶ᠋ᠢᠲᠠᠶ  ᠬᠥᠭᠵᠢᠯᠲᠡ᠎ᠳᠦ ᠬᠦᠴᠦᠨ  ᠨᠡᠮᠡᠷᠢᠯᠡᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面