ᠲᠡᠷᠢᠭᠦᠨ ᠨᠢᠭᠤᠷ>ᠨᠠᠭᠠᠳᠤᠮ ᠴᠡᠩᠬᠡᠭᠦᠨ>ᠤᠷᠤᠯᠳᠤᠭᠠᠨ ᠲᠡᠮᠡᠴᠡᠭᠡᠨ

2026-10-26 15:17:36

ᠵᠣᠬᠢᠶᠠᠭ᠍ᠴᠢ᠄ ᠬᠤᠩ ᠰᠢᠶᠠ ᠣᠩᠱᠢᠭ᠍ᠰᠠᠨ ᠣᠳᠠᠭ᠎ᠠ᠄ 3

10 ᠰᠠᠷ᠎ᠠ᠎ᠶ᠋ᠢᠨ 18᠎ᠤ᠋ ᠡᠳᠦᠷ᠂ ᠬᠥᠬᠡᠬᠤᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠂ ᠰᠤᠷᠭᠠᠨ ᠬᠥᠮᠦᠵᠢᠯ᠎ᠦᠨ ᠲᠣᠪᠴᠢᠶ᠎ᠠ ᠡᠴᠡ ᠬᠠᠮᠲᠤᠷᠠᠨ ᠡᠷᠬᠢᠯᠡᠭᠰᠡᠨ 2026 ᠣᠨ᠎ᠤ ᠬᠥᠬᠡᠬᠤᠲᠠ᠎ᠶ᠋ᠢᠨ ᠵᠠᠯᠠᠭᠤᠴᠤᠳ ᠪᠠᠭᠠᠴᠤᠳ (ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭᠴᠢᠳ) ᠤ᠋ᠨ ᠬᠦᠨᠳᠦ ᠬᠥᠩᠭᠡᠨ ᠪᠡᠶ᠎ᠡ ᠵᠢᠨ ᠲᠠᠮᠢᠷ᠎ᠤᠨ ᠲᠤᠮᠳᠠ ᠬᠤᠯᠠ ᠬᠦᠶᠦᠯᠲᠠ ᠵᠢᠨ ᠤᠷᠤᠯᠳᠤᠭᠠᠨ ᠬᠥᠬᠡᠬᠤᠲᠠ᠎ᠶ᠋ᠢᠨ ᠪᠦᠬᠦ᠌ ᠠᠷᠠᠳ᠎ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ᠎ᠦ ᠲᠥᠪ᠎ᠦᠨ ᠠᠷᠠᠳ᠎ᠤᠨ ᠪᠡᠶ᠎ᠡ᠎ᠶ᠋ᠢᠨ ᠲᠠᠮᠢᠷ᠎ᠤᠨ ᠲᠠᠯᠠᠪᠠᠢ᠎ᠳᠤ ᠡᠬᠢᠯᠡᠪᠡ᠃ ᠡᠨᠡ ᠪᠤᠯ ᠬᠦᠬᠡᠬᠤᠲᠠ᠎ᠶ᠋ᠢᠨ ᠪᠡᠶ᠎ᠡ ᠵᠢᠨ ᠲᠠᠮᠢᠷ ᠪᠠ ᠰᠤᠷᠭᠠᠨ ᠬᠥᠮᠦᠵᠢᠯ᠎ᠤᠨ ᠠᠭᠤᠰᠤᠯᠴᠠᠯ᠎ᠢ ᠭᠦᠨᠵᠡᠭᠡᠶ᠋ᠢᠷᠡᠭᠦᠯᠬᠦ᠂ 《ᠬᠦᠶᠦᠭᠡᠷᠡᠢ·ᠪᠠᠭᠠᠴᠤᠳ ᠮᠢᠨᠢ》ᠭᠤᠤᠯ ᠰᠡᠳᠦᠪᠲᠦ᠍ ᠪᠡᠶ᠎ᠡ ᠴᠢᠭᠢᠷᠠᠭᠵᠢᠭᠤᠯᠬᠤ ᠠᠵᠢᠯᠯᠠᠭ᠎ᠠ᠎ᠶ᠋ᠢ ᠠᠬᠢᠭᠤᠯᠬᠤ ᠴᠢᠬᠤᠯᠠ ᠤᠷᠤᠯᠳᠤᠭᠠᠨ ᠮᠥᠨ᠃

ᠲᠣᠰ ᠤᠳᠠᠭᠠᠨ᠎ᠤ ᠤᠷᠤᠯᠳᠤᠭᠠᠨ᠎ᠤ ᠬᠠᠮᠤᠷᠤᠭᠰᠠᠨ ᠬᠡᠪᠴᠢᠶ᠎ᠡ ᠨᠢ ᠥᠷᠭᠡᠨ᠂ ᠣᠷᠤᠯᠴᠠᠭᠰᠠᠨ ᠬᠡᠮᠵᠢᠶ᠎ᠡ ᠪᠡᠷ ᠤᠯᠠᠨ ᠪᠠᠶ᠋ᠢᠵᠤ᠂ ᠪᠥᠬᠦ᠌ ᠬᠤᠲᠠ᠎ᠶ᠋ᠢᠨ 60 ᠭᠠᠷᠤᠢ ᠳᠤᠮᠳᠠᠳᠤ ᠪᠠᠭ᠎ᠠ ᠰᠤᠷᠭᠠᠭᠤᠯᠢ᠂ 600 ᠭᠠᠷᠤᠢ ᠵᠠᠯᠠᠭᠤᠴᠤᠳ ᠪᠠᠭᠠᠴᠤᠳ ᠲᠠᠮᠢᠷᠴᠢᠳ ᠬᠠᠮᠲᠤ᠎ᠪᠠᠷ ᠦᠷᠢᠰᠦᠯᠳᠦᠪᠡ᠃ ᠤᠷᠤᠯᠳᠤᠭᠠᠨ᠎ᠨᠢ ᠵᠠᠯᠠᠭᠤᠴᠤᠳ ᠪᠠᠭᠠᠴᠤᠳ᠎ᠤᠨ ᠪᠡᠶ᠎ᠡ ᠰᠡᠳᠬᠢᠴᠡ ᠵᠢᠨ ᠬᠥᠭᠵᠢᠯᠲᠡ᠎ᠶ᠋ᠢᠨ ᠵᠢᠮ᠎ᠡ ᠶᠣᠰᠤ ᠪᠠ ᠪᠡᠶ᠎ᠡ ᠵᠢᠨ ᠲᠠᠮᠢᠷ᠎ᠤᠨ ᠴᠢᠳᠠᠪᠤᠷᠢ᠎ᠶ᠋ᠢᠨ ᠣᠨᠴᠠᠯᠢᠭ᠎ᠢ ᠰᠢᠨᠵᠢᠯᠡᠬᠦ᠌ ᠤᠬᠠᠭᠠᠨᠴᠢ᠎ᠪᠠᠷ ᠨᠢᠭᠡᠳᠦᠯᠲᠡᠢ ᠲᠥᠯᠦᠪᠯᠡᠵᠦ᠍᠂ ᠪᠠᠭ᠎ᠠ ᠰᠤᠷᠭᠠᠭᠤᠯᠢ᠎ᠶ᠋ᠢᠨ ᠳᠤᠭᠤᠶ᠋ᠢᠯᠠᠩ᠂ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠳᠤᠭᠤᠶ᠋ᠢᠯᠠᠩ᠂ ᠥᠨᠳᠦᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠳᠤᠭᠤᠶ᠋ᠢᠯᠠᠩ ᠬᠤᠪᠢᠶᠠᠵᠤ᠂ ᠲᠦᠷᠦᠯ ᠵᠦᠢᠯ᠎ᠤᠨ ᠪᠠᠶ᠋ᠢᠷᠢᠯᠠᠭᠤᠯᠤᠯᠲᠠ᠎ᠶ᠋ᠢ ᠪᠠᠶᠠᠯᠢᠭᠵᠢᠭᠤᠯᠤᠨ ᠲᠡᠭᠦᠯᠳᠡᠷᠵᠢᠭᠦᠯᠵᠦ᠍᠂ 400 ᠮᠧᠲᠷ᠂  800 ᠮᠧᠲᠷ᠂ 1500 ᠮᠧᠲᠷ᠂ 3000 ᠮᠧᠲᠷ᠂ 5000 ᠮᠧᠲᠷ᠂ 3000 ᠮᠧᠲᠷ ᠂ 5000 ᠮᠧᠲᠷ᠎ᠤᠨ ᠤᠷᠤᠯᠳᠤᠭᠠᠨ ᠵᠡᠷᠭᠡ ᠲᠦᠷᠦᠯ ᠵᠦᠢᠯ᠎ᠢ ᠲᠤᠬᠢᠷᠠᠭᠤᠯᠵᠤ᠂ ᠲᠠᠮᠢᠷᠴᠢᠳ᠎ᠤᠨ ᠲᠡᠰᠪᠦᠷᠢ ᠲᠡᠪᠴᠢᠶᠡᠷᠢ᠂ ᠬᠤᠷᠳᠤᠴᠠ᠂ ᠰᠡᠳᠬᠢᠴᠡ᠎ᠶ᠋ᠢᠨ ᠬᠡᠪ ᠴᠢᠨᠠᠷ ᠪᠣᠯᠤᠨ ᠡᠷᠡᠯᠬᠡᠭᠯᠡᠨ ᠲᠡᠮᠡᠴᠡᠬᠦ᠌ ᠪᠡᠶ᠎ᠡ᠎ᠶ᠋ᠢᠨ ᠲᠠᠮᠢᠷ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠰᠢᠯᠭᠠᠪᠠ᠃ ᠡᠭᠦᠨ᠎ᠤ ᠬᠠᠮᠲᠤ᠌᠂ ᠤᠷᠤᠯᠳᠤᠭᠠᠨ᠎ᠨᠢ ᠡᠯᠧᠺᠲᠷᠤᠨ ᠴᠠᠭ ᠲᠡᠮᠳᠡᠭᠯᠡᠬᠦ᠌ ᠰᠢᠰᠲᠧᠮ᠎ᠢ ᠬᠡᠷᠡᠭᠯᠡᠵᠦ᠍᠂ ᠬᠢᠷᠢ ᠪᠦᠲᠦᠮᠵᠢ ᠵᠢᠨ ᠬᠢᠨᠠᠨ ᠲᠤᠭᠳᠠᠭᠠᠯᠳᠠ ᠣᠨᠤᠪᠴᠢᠲᠠᠢ᠂ ᠲᠥᠪ ᠭᠤᠤᠯᠴᠢ᠂ ᠥᠨᠳᠦᠷ ᠪᠦᠲᠦᠮᠵᠢᠲᠡᠢ ᠪᠠᠶ᠋ᠢᠬᠤ᠎ᠶ᠋ᠢ ᠪᠠᠲᠤᠯᠠᠵᠤ᠂ ᠲᠠᠮᠢᠷᠴᠢᠳ᠎ᠤᠨ ᠰᠢᠯᠢᠳᠡᠭ ᠬᠢᠷᠢ ᠪᠦᠲᠦᠮᠵᠢ ᠡᠭᠦᠳᠬᠦ᠎ᠳᠤ ᠲᠤᠰᠭᠠᠢ ᠮᠡᠷᠭᠡᠵᠢᠯ᠎ᠤᠨ ᠪᠠᠲᠤᠯᠠᠭ᠎ᠠ ᠬᠠᠩᠭᠠᠵᠠᠢ᠃

ᠲᠤᠮᠳᠠ ᠬᠤᠯᠠ ᠭᠦᠶᠦᠯᠲᠡ᠎ᠶ᠋ᠢᠨ ᠲᠦᠷᠦᠯ ᠵᠦᠢᠯ ᠪᠣᠯ ᠵᠠᠯᠠᠭᠤᠴᠤᠳ ᠪᠠᠭᠠᠴᠤᠳ᠎ᠤᠨ ᠦᠨᠳᠦᠰᠦᠨ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠤᠨ ᠲᠦᠷᠦᠯ ᠵᠦᠢᠯ ᠪᠣᠯᠤᠨ᠎ᠠ᠃ ᠲᠣᠰ ᠤᠳᠠᠭᠠᠨ᠎ᠤ ᠤᠷᠤᠯᠳᠤᠭᠠᠨ ᠨᠢ《ᠤᠷᠤᠯᠳᠤᠭᠠᠨ᠎ᠢᠶᠠᠷ ᠰᠤᠷᠤᠯᠴᠠᠯᠭ᠎ᠠ᠎ᠶ᠋ᠢ ᠠᠬᠢᠭᠤᠯᠬᠤ᠂ ᠤᠷᠤᠯᠳᠤᠭᠠᠨ᠎ᠢᠶᠠᠷ ᠪᠣᠯᠪᠠᠰᠤᠷᠠᠯ᠎ᠢ ᠠᠬᠢᠭᠤᠯᠬᠤ᠂ ᠤᠷᠤᠯᠳᠤᠭᠠᠨ᠎ᠢᠶᠠᠷ ᠪᠥᠲᠦᠭᠡᠨ ᠪᠠᠶ᠋ᠢᠭᠤᠯᠤᠯᠲᠠ᠎ᠶ᠋ᠢ ᠠᠬᠢᠭᠤᠯᠬᠤ》 ᠶ᠋ᠢ ᠪᠠᠷᠢᠮᠲᠠᠯᠠᠵᠤ᠂ ᠡᠯ᠎ᠡ ᠰᠤᠷᠭᠠᠭᠤᠯᠢ᠎ᠶ᠋ᠢᠨ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠤᠨ ᠦᠷ᠎ᠡ ᠪᠦᠲᠦᠮᠵᠢ᠎ᠶ᠋ᠢ ᠪᠦᠲᠦᠮᠵᠢᠲᠡᠢ ᠰᠢᠯᠭᠠᠨ ᠪᠠᠶ᠋ᠢᠴᠠᠭᠠᠭᠰᠠᠨ ᠪᠥᠭᠡᠳ ᠡᠯ᠎ᠡ ᠦᠨᠳᠦᠰᠦᠲᠡᠨ᠎ᠤ ᠰᠤᠷᠤᠭᠴᠢᠳ᠎ᠤᠨ ᠰᠤᠯᠢᠯᠴᠠᠭ᠎ᠠ ᠵᠢ ᠠᠬᠢᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面