ᠲᠡᠷᠢᠭᠦᠨ ᠨᠢᠭᠤᠷ>ᠨᠠᠭᠠᠳᠤᠮ ᠴᠡᠩᠬᠡᠭᠦᠨ>ᠤᠷᠤᠯᠳᠤᠭᠠᠨ ᠲᠡᠮᠡᠴᠡᠭᠡᠨ

2026-10-26 15:20:21

ᠵᠣᠬᠢᠶᠠᠭ᠍ᠴᠢ᠄ ᠬᠠᠨ ᠯᠢᠩ ᠯᠢᠩ ᠣᠩᠱᠢᠭ᠍ᠰᠠᠨ ᠣᠳᠠᠭ᠎ᠠ᠄ 3

ᠲᠦᠷᠦᠭᠦᠭᠡᠨ᠂《ᠳᠤᠮᠳᠠᠳᠤ᠎ᠶᠢᠨ ᠵᠡᠭᠦᠳᠦ·ᠬᠥᠳᠡᠯᠮᠦᠷᠢ ᠰᠠᠢᠬᠠᠨ》 ᠪᠥᠬᠥ ᠤᠯᠤᠰ᠎ᠤᠨ ᠠᠵᠢᠯᠲᠠᠨ ᠠᠵᠢᠯᠴᠢᠨ᠎ᠤ ᠠᠵᠢᠯ᠎ᠤᠨ ᠵᠠᠪᠰᠠᠷᠯᠠᠭ᠎ᠠ᠎ᠶᠢᠨ ᠲᠠᠮᠢᠷ᠎ᠤᠨ ᠤᠷᠤᠯᠳᠤᠭᠠᠨ ᠰᠢᠶᠠᠮᠧᠨ᠎ᠳᠦ  ᠥᠨᠳᠥᠷᠯᠡᠵᠦ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠦᠨ ᠲᠥᠯᠥᠭᠡᠯᠡᠭᠴᠢᠳ᠎ᠦᠨ ᠠᠩᠭᠢ ᠶᠢᠰᠦᠳᠦᠭᠡᠷ ᠷᠠᠳᠢᠣ᠋ ᠲᠠᠮᠢᠷ᠎ᠤᠨ ᠲᠦᠷᠦᠯ᠎ᠤᠨ ᠭᠤᠷᠪᠠᠳᠤᠭᠠᠷ ᠳᠡᠰ᠎ᠤᠨ ᠱᠠᠩᠨᠠᠯ ᠵᠢᠴᠢ ᠶᠣᠰᠣ᠌ ᠮᠣᠷᠠᠯ ᠬᠡᠪ ᠰᠤᠷᠲᠠᠯ᠎ᠤᠨ ᠱᠠᠩᠨᠠᠯ᠎ᠢ  ᠭᠥᠷᠳᠡᠪᠡ᠃

ᠲᠤᠰ ᠤᠳᠠᠭᠠᠨ᠎ᠤ ᠤᠷᠤᠯᠳᠤᠭᠠᠨ ᠨᠢ 《ᠡᠷᠡᠭᠦᠯ ᠮᠡᠨᠳᠦ᠎ᠪᠡᠷ ᠢᠷᠡᠭᠡᠳᠦᠢ᠎ᠶᠢᠨ ᠬᠦᠰᠡᠯ ᠵᠡᠭᠦᠳᠦ᠎ᠪᠡᠨ ᠲᠡᠷᠬᠡᠯᠰᠢᠭᠦᠯᠬᠦ》 ᠪᠡᠷ ᠭᠣᠣᠯ ᠰᠡᠳᠦᠪ ᠪᠣᠯᠭᠠᠵᠤ᠂  ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠣᠢᠯᠠᠭᠠᠭᠳᠠᠬᠤᠨ᠎ᠢ ᠴᠢᠩᠭ᠎ᠠ ᠠᠳᠬᠤᠵᠦ᠂ ᠶᠢᠰᠦᠳᠦᠭᠡᠷ ᠷᠠᠳᠢᠣ᠋ ᠲᠠᠮᠢᠷ᠂ ᠨᠡᠷᠡᠬᠦᠢ ᠨᠢᠲᠤᠷᠭ᠎ᠠ ᠢ᠋ᠢᠨ ᠪᠡᠶ᠎ᠡ ᠴᠢᠬᠢᠷᠠᠬᠵᠢᠭᠤᠯᠤᠯᠲᠠ ᠭᠡᠬᠦ ᠬᠣᠶᠠᠷ ᠲᠣᠮᠣ᠌ ᠤᠷᠤᠯᠳᠤᠭᠠᠨ᠎ᠤ ᠲᠦᠷᠦᠯ᠎ᠢ ᠲᠣᠬᠢᠷᠠᠭᠤᠯᠵᠤ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠎ᠶᠢᠨ ᠠᠵᠢᠯᠴᠢᠨ᠎ᠤ ᠶᠡᠷᠦᠩᠬᠡᠢ ᠡᠪᠯᠡᠯ᠂ ᠡᠯ᠎ᠡ ᠪᠦᠬᠦ ᠤᠯᠤᠰ᠎ᠤᠨ ᠠᠵᠤ ᠦᠢᠯᠡᠰ᠎ᠦᠨ ᠠᠵᠢᠯᠴᠢᠨ᠎ᠤ ᠡᠪᠯᠡᠯ᠂ ᠲᠥᠪ᠎ᠦᠨ ᠪᠠ ᠲᠥᠷᠥ᠎ᠶᠢᠨ ᠪᠠᠢᠭᠤᠯᠭ᠎ᠠ᠎ᠶᠢᠨ ᠠᠵᠢᠯᠴᠢᠨ᠎ᠤ ᠡᠪᠯᠡᠯ᠎ᠦᠨ ᠬᠣᠯᠪᠣᠭᠠᠲᠤ ᠬᠤᠷᠠᠯ᠂ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲ᠋ᠦᠸᠠᠨ᠎ᠤ ᠠᠵᠢᠯᠴᠢᠨ᠎ᠤ ᠶᠡᠷᠦᠩᠬᠡᠢ ᠡᠪᠯᠡᠯ᠎ᠦᠨ ᠵᠣᠬᠢᠶᠠᠨ ᠪᠠᠢᠭᠤᠯᠤᠭᠰᠠᠨ 38 ᠲᠥᠯᠥᠭᠡᠯᠡᠭᠴᠢᠳ᠎ᠦᠨ ᠠᠩᠭᠢ᠎ᠶᠢ ᠴᠤᠭᠯᠠᠭᠤᠯᠤᠨ᠂ ᠨᠡᠶ᠋ᠢᠲᠡ 728 ᠠᠵᠢᠯᠲᠠᠨ ᠠᠵᠢᠯᠴᠢᠨ ᠬᠠᠮᠲᠤ᠎ᠪᠠᠷ ᠤᠷᠤᠯᠳᠤᠭᠠᠨ᠎ᠳᠤ  ᠣᠷᠣᠯᠴᠠᠪᠠ᠃

ᠥᠪᠥᠷ ᠮᠣᠩᠭᠣᠯ᠎ᠢ ᠲᠥᠯᠥᠭᠡᠯᠡᠨ ᠤᠷᠤᠯᠳᠤᠭᠠᠨ᠎ᠳᠤ ᠣᠷᠣᠯᠴᠠᠭᠰᠠᠳ ᠪᠣᠯ ᠴᠥᠮ ᠦᠢᠯᠡᠳᠪᠦᠷᠢᠯᠡᠯ᠎ᠦᠨ ᠠᠵᠢᠯ᠎ᠤᠨ ᠪᠠᠢᠷᠢᠨ᠎ᠳᠤ ᠠᠵᠢᠯᠯᠠᠵᠤ ᠪᠠᠢᠭ᠎ᠠ ᠨᠢᠭᠡᠳᠦᠭᠡᠷ ᠹᠷᠣᠨᠲ᠎ᠤᠨ ᠠᠵᠢᠯᠲᠠᠨ ᠠᠵᠢᠯᠴᠢᠨ ᠪᠣᠯᠣᠨ᠎ᠠ᠃ ᠤᠷᠤᠯᠳᠤᠭᠠᠨ᠎ᠤ ᠲᠠᠯᠠᠪᠤᠷ᠎ᠲᠤ ᠂ ᠤᠷᠤᠯᠳᠤᠭᠠᠨ᠎ᠳᠦ ᠤᠷᠤᠯᠴᠠᠬᠰᠡᠳ ᠥᠪᠥᠷ ᠮᠣᠩᠭᠣᠯ᠎ᠤᠨ ᠠᠵᠢᠯᠲᠠᠨ ᠠᠵᠢᠯᠴᠢᠨ᠎ᠤ ᠣᠮᠣᠭ ᠲᠡᠭᠦᠯᠳᠡᠷ᠎ᠢᠶᠡᠷ ᠥᠭᠡᠳᠡᠯᠡᠨ ᠲᠠᠪᠰᠢᠬᠤ᠂ ᠪᠣᠳᠠᠲᠠᠢ ᠠᠵᠢᠯᠯᠠᠵᠤ ᠡᠷᠡᠯᠬᠡᠭᠯᠡᠨ ᠤᠷᠤᠭᠰᠢᠯᠠᠬᠤ ᠤᠶᠤᠨ ᠰᠠᠨᠠᠭᠠᠨ᠎ᠤ ᠳᠦᠷᠰᠦ ᠪᠠᠢᠳᠠᠯ᠎ᠢ ᠭᠦᠢᠴᠡᠳ ᠢᠯᠡᠷᠡᠭᠦᠯᠵᠦ᠂ ᠬᠥᠳᠡᠯᠮᠦᠷᠢᠴᠢᠳ᠎ᠦᠨ ᠴᠤᠭ ᠵᠢᠪᠬᠤᠭ᠎ᠠ᠎ᠶᠢ ᠪᠦᠬᠦ ᠤᠯᠤᠰ᠎ᠤᠨ ᠤᠷᠤᠯᠳᠤᠭᠠᠨ᠎ᠤ ᠲᠠᠯᠠᠪᠤᠷ᠎ᠲᠤ ᠢᠯᠡᠷᠡᠭᠦᠯᠵᠦ᠂ ᠰᠢᠯᠭᠠᠷᠠᠭᠤᠯᠬᠤ ᠺᠣᠮᠢᠰ᠎ᠤᠨ ᠭᠡᠰᠢᠭᠦᠨ ᠪᠣᠯᠣᠨ ᠲᠤᠬᠠᠢ᠎ᠶᠢᠨ ᠲᠠᠯᠠᠪᠤᠷ᠎ᠤᠨ ᠦᠵᠡᠭᠴᠢᠳ᠎ᠦᠨ ᠰᠠᠢᠨ ᠦᠨᠡᠯᠡᠯᠲᠡ᠎ᠶᠢ ᠣᠯᠵᠠᠢ᠃

ᠣᠢᠷ᠎ᠠ᠎ᠶᠢᠨ ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠤᠯᠤᠰ᠎ᠤᠨ ᠪᠠᠢᠯᠳᠤᠬᠤ ᠪᠣᠳᠣᠯᠭ᠎ᠠ᠎ᠶᠢ ᠬᠦᠨᠵᠡᠭᠡᠢ ᠨᠠᠢᠲᠠᠪᠤᠷᠢᠵᠢᠭᠤᠯᠵᠦ᠂ ᠠᠵᠢᠯᠲᠠᠨ ᠠᠵᠢᠯᠴᠢᠨ᠎ᠤ ᠰᠣᠶᠣᠯ᠎ᠤᠨ ᠪᠠᠢᠭᠤᠯᠤᠯᠲᠠ᠎ᠶᠢ ᠶᠡᠬᠡ ᠪᠡᠷ ᠠᠬᠢᠭᠤᠯᠤᠨ᠂《ᠡᠷᠡᠭᠦᠯ ᠴᠢᠬᠢᠷᠠᠭ ᠪᠣᠯᠪᠠᠰᠤᠨ᠂ ᠴᠣᠭ ᠪᠠᠳᠠᠷᠠᠩᠭᠤᠢ ᠥᠭᠡᠳᠡᠷᠬᠡᠭ᠂ ᠪᠥᠬᠥ ᠠᠵᠢᠯᠲᠠᠨ ᠣᠷᠣᠯᠴᠠᠭᠰᠠᠨ》ᠠᠵᠢᠯᠲᠠᠨ ᠠᠵᠢᠯᠴᠢᠨ᠎ᠤ ᠰᠣᠶᠣᠯ᠎ᠢ ᠪᠣᠶ ᠪᠣᠯᠭᠠᠬᠤ᠎ᠶᠢ ᠪᠠᠷᠢᠮᠲᠠᠯᠠᠨ᠂ ᠠᠵᠢᠯ᠎ᠤᠨ ᠵᠠᠪᠰᠠᠷᠯᠠᠭ᠎ᠠ ᠢ᠋ᠢᠨ ᠲᠠᠮᠢᠷ  ᠵᠡᠷᠭᠡ ᠠᠵᠢᠯᠲᠠᠨ ᠠᠵᠢᠯᠴᠢᠨ᠎ᠤ ᠪᠡᠶ᠎ᠡ ᠴᠢᠭᠢᠷᠠᠭᠵᠢᠭᠤᠯᠬᠤ ᠲᠥᠷᠥᠯ ᠵᠦᠢᠯ᠎ᠢ ᠥᠷᠭᠡᠨ᠎ᠢᠶᠡᠷ ᠳᠡᠯᠭᠡᠷᠡᠭᠦᠯᠵᠦ᠂ ᠥᠷᠭᠡᠨ ᠣᠯᠠᠨ ᠠᠵᠢᠯᠲᠠᠨ ᠠᠵᠢᠯᠴᠢᠨ᠎ᠢ  ᠬᠥᠲᠥᠯᠥᠨ ᠵᠢᠯᠤᠭᠣᠳᠴᠤ ᠪᠡᠶ᠎ᠡ ᠴᠢᠭᠢᠷᠠᠭᠵᠢᠭᠤᠯᠬᠤ ᠠᠮᠢᠵᠢᠷᠠᠯ᠎ᠤᠨ ᠬᠦᠴᠦᠨ᠎ᠢ ᠠᠵᠢᠯ᠎ᠤᠨ ᠪᠠᠢᠷᠢ᠎ᠳᠠᠭᠠᠨ ᠭᠠᠪᠢᠶ᠎ᠠ ᠪᠠᠶ᠋ᠢᠭᠤᠯᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠪᠠ᠃

ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠲᠤᠰ ᠤᠳᠠᠭ᠎ᠠ᠎ᠶᠢᠨ ᠤᠷᠤᠯᠳᠤᠭᠠᠨ᠎ᠢᠶᠠᠷ ᠠᠵᠠ ᠲᠣᠬᠢᠶᠠᠯ ᠪᠣᠯᠭᠠᠵᠤ᠂ ᠠᠵᠢᠯᠲᠠᠨ ᠠᠵᠢᠯᠴᠢᠨ᠎ᠤ ᠰᠣᠶᠣᠯ ᠪᠡᠶ᠎ᠡ᠎ᠶᠢᠨ ᠲᠠᠮᠢᠷ᠎ᠤᠨ ᠠᠵᠢᠯᠯᠠᠭ᠎ᠠ᠎ᠶᠢᠨ ᠬᠠᠩᠭᠠᠯᠭ᠎ᠠ᠎ᠶᠢ ᠦᠷᠭᠦᠯᠵᠢᠯᠡᠨ ᠪᠠᠶᠠᠯᠢᠭ᠍ᠵᠢᠭᠤᠯᠵᠤ᠂ ᠠᠵᠢᠯᠲᠠᠨ ᠠᠵᠢᠯᠴᠢᠨ᠎ᠤ ᠪᠡᠶ᠎ᠡ ᠴᠢᠭᠢᠷᠠᠭᠵᠢᠭᠤᠯᠬᠤ ᠠᠵᠢᠯᠯᠠᠭ᠎ᠠ᠎ᠶᠢᠨ ᠪᠦᠷᠬᠦᠴᠡ᠎ᠶᠢ ᠲᠠᠰᠤᠷᠠᠯᠳᠡ ᠦᠭᠡᠢ ᠥᠷᠭᠡᠳᠬᠡᠵᠦ᠂ ᠥᠷᠭᠡᠨ ᠤᠯᠠᠨ ᠠᠵᠢᠯᠲᠠᠨ ᠠᠵᠢᠯᠴᠢᠨ᠎ᠤ ᠨᠡᠩ ᠡᠷᠡᠭᠦᠯ ᠴᠢᠭᠢᠷᠠᠭ ᠪᠡᠶ᠎ᠡ ᠮᠠᠬᠠᠪᠤᠳ᠂ ᠨᠡᠩ ᠲᠡᠭᠦᠰ ᠲᠡᠭᠦᠯᠳᠡᠷ ᠤᠶᠤᠨ ᠰᠠᠨᠠᠭᠠᠨ᠎ᠤ ᠳᠦᠷᠰᠦ ᠪᠠᠢᠳᠠᠯ᠎ᠢᠶᠠᠷ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢᠨ ᠠᠮᠢᠳᠤᠯᠢᠭ᠋ ᠦᠢᠯᠡᠳᠦᠯᠭᠡ᠎ᠳᠦ ᠣᠷᠣᠯᠴᠠᠬᠤ᠎ᠶᠢ ᠵᠣᠷᠢᠭ᠍ᠵᠢᠭᠤᠯᠤᠨ᠎ᠠ᠃



  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面