2026-10-28 10:47:42
ᠬᠣᠶᠠᠷ ᠡᠳᠦᠷ᠎ᠦᠨ ᠰᠢᠷᠦᠭᠦᠨ ᠥᠷᠢᠰᠦᠯᠳᠦᠭᠡᠨ᠎ᠢᠶᠡᠷ ᠳᠠᠮᠵᠢᠨ 2026 ᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠥᠪᠥᠷ ᠮᠣᠩᠭᠣᠯ᠎ᠤᠨ ᠥᠲᠥᠨ ᠪᠥᠮᠪᠥᠭᠡ᠎ᠶᠢᠨ ᠢᠯᠡ ᠤᠷᠤᠯᠳᠤᠭᠠᠨ ᠡᠮᠦᠨᠡᠬᠡᠨ ᠬᠥᠬᠡᠬᠣᠲᠠ᠎ᠳᠤ ᠥᠨᠳᠥᠷᠯᠡᠪᠡ᠃ ᠪᠦᠬᠦ ᠤᠯᠤᠰ᠎ᠤᠨ 22 ᠮᠤᠵᠢ ᠬᠣᠲᠠ ᠣᠷᠣᠨ ᠠ᠋ᠴᠠ ᠢᠷᠡᠭᠰᠡᠨ 836 ᠲᠠᠮᠢᠷᠴᠢᠨ ᠡᠯ᠎ᠡ ᠵᠦᠢᠯ᠎ᠦᠨ ᠤᠷᠤᠯᠳᠤᠭᠠᠨ᠎ᠳᠤ ᠣᠷᠣᠯᠴᠠᠪᠠ᠃
ᠲᠤᠰ ᠬᠤᠭᠤᠴᠠᠭᠠᠨ᠎ᠤ ᠤᠷᠤᠯᠳᠤᠭᠠᠨ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠥᠳᠥᠨ ᠪᠥᠮᠪᠥᠭᠡ᠎ᠶᠢᠨ ᠬᠥᠳᠡᠯᠭᠡᠭᠡᠨ᠎ᠦ ᠨᠡᠢᠭᠡᠮᠯᠢᠭ᠎ᠡᠴᠡ ᠭᠣᠣᠯᠯᠠᠨ ᠡᠷᠭᠢᠯᠡᠵᠡᠢ᠃ ᠲᠤᠰ ᠤᠷᠤᠯᠳᠤᠭᠠᠨ ᠪᠤᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠷᠥᠯ ᠲᠡᠮᠳᠡᠭᠲᠦ ᠤᠷᠤᠯᠳᠤᠭᠠᠨ ᠪᠠᠢᠵᠤ᠂ ᠳᠤᠮᠳᠠᠳᠤ ᠤᠯᠤᠰ᠎ᠤᠨ ᠥᠳᠥᠨ ᠪᠥᠮᠪᠥᠭᠡ᠎ᠶᠢᠨ ᠨᠡᠢᠭᠡᠮᠯᠢᠭ᠎ᠦᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠬᠤᠪᠢ ᠬᠤᠷᠠᠮᠳᠤᠭᠤᠯᠬᠤ ᠤᠷᠤᠯᠳᠤᠭᠠᠨ᠎ᠤ ᠨᠡᠷᠡᠰ᠎ᠦᠨ ᠵᠢᠭ᠍ᠰᠠᠭᠠᠯᠲᠠ᠎ᠳᠤ ᠤᠷᠤᠵᠤ᠂ ᠨᠡᠶ᠋ᠢᠲᠡ 8 ᠨᠠᠰᠤᠨ᠎ᠤ ᠳᠤᠭᠤᠢᠯᠠᠩ᠎ᠤᠨ 27 ᠤᠷᠤᠯᠳᠤᠭᠠᠨ᠎ᠤ ᠲᠥᠷᠥᠯ ᠵᠦᠢᠯ᠎ᠢ ᠲᠣᠬᠢᠷᠠᠭᠤᠯᠵᠤ᠂ 9 ︱ 64 ᠨᠠᠰᠤᠨ᠎ᠤ ᠬᠦᠮᠦᠰ᠎ᠢ ᠬᠠᠮᠤᠷᠤᠨ᠂ ᠥᠷᠭᠡᠨ ᠳᠡᠯᠭᠡᠷ ᠣᠯᠠᠨ ᠲᠦᠮᠡᠨᠴᠢ ᠰᠠᠭᠤᠷᠢ᠎ᠵᠢ ᠢᠯᠡᠷᠡᠬᠦᠯᠦᠭᠰᠡᠨ ᠪᠠᠢᠨ᠎ᠠ᠃
ᠲᠣᠰ ᠤᠳᠠᠭᠠᠨ᠎ᠤ ᠤᠷᠤᠯᠳᠤᠭᠠᠨ ᠨᠢ 《ᠪᠡᠶ᠎ᠡ᠎ᠶᠢᠨ ᠲᠠᠮᠢᠷ+》 ᠠᠭᠤᠰᠤᠯᠴᠠᠨ ᠬᠥᠭᠵᠢᠬᠦ ᠵᠠᠭᠪᠤᠷ᠎ᠢ ᠭᠦᠨᠵᠡᠭᠡᠢ ᠦᠢᠯᠡᠳᠦᠯᠭᠡᠵᠢᠭᠦᠯᠵᠦ᠂ 《ᠤᠷᠤᠯᠳᠤᠭᠠᠨ᠎ᠢ ᠳᠠᠭᠠᠵᠤ ᠵᠢᠭᠤᠯᠴᠢᠯᠠᠬᠤ》 ᠬᠡᠷᠡᠭᠯᠡᠭᠡ᠎ᠶᠢ ᠠᠬᠢᠭᠤᠯᠬᠤ ᠠᠵᠢᠯ᠎ᠤᠨ ᠱᠠᠭᠠᠷᠳᠠᠯᠭ᠎ᠠ᠎ᠶᠢ ᠨᠠᠢᠳᠠᠪᠤᠷᠢᠵᠢᠭᠤᠯᠤᠨ᠂ ᠪᠡᠶ᠎ᠡ᠎ᠶᠢᠨ ᠲᠠᠮᠢᠷ᠎ᠤᠨ ᠤᠷᠤᠯᠳᠤᠭᠠᠨ ᠪᠠ ᠵᠢᠭᠤᠯᠴᠢᠯᠠᠯ᠎ᠤᠨ ᠠᠭᠤᠰᠤᠯᠴᠠᠨ ᠬᠦᠭᠵᠢᠬᠦ᠎ᠵᠢ ᠠᠬᠢᠭᠤᠯᠪᠠ᠃ ᠤᠷᠤᠯᠳᠤᠭᠠᠨ᠎ᠳᠤ ᠣᠷᠣᠯᠴᠠᠭᠰᠠᠳ ᠤᠷᠤᠯᠳᠤᠭᠠᠨ᠎ᠳᠤ ᠣᠷᠣᠯᠴᠠᠬᠤ᠎ᠶᠢᠨ ᠳᠠᠭᠠᠤ ᠬᠥᠬᠡᠬᠣᠲᠠ᠎ᠶᠢᠨ ᠥᠩᠭᠡ ᠦᠵᠡᠮᠵᠢ᠎ᠶᠢ ᠲᠣᠭᠣᠷᠢᠨ ᠦᠵᠡᠵᠦ᠂ ᠤᠮᠠᠷᠠᠲᠤ ᠬᠢᠯᠢ᠎ᠶᠢᠨ ᠤᠷᠤᠨ ᠨᠤᠲᠤᠭ᠎ᠤᠨ ᠰᠣᠶᠣᠯ ᠢᠷᠭᠡᠨᠰᠢᠯ᠎ᠢ ᠪᠠᠶᠡᠴᠢᠯᠠᠨ ᠤᠢᠯᠠᠭᠠᠪᠠ᠃
ᠲᠣᠰ ᠬᠤᠭᠤᠴᠠᠭᠠᠨ᠎ᠤ ᠤᠷᠤᠯᠳᠤᠭᠠᠨ᠎ᠢ ᠠᠮᠵᠢᠯᠲᠠ᠎ᠲᠠᠢ ᠡᠷᠭᠢᠯᠡᠭᠰᠡᠨ ᠨᠢ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠤᠯᠤᠰ᠎ᠤᠨ ᠪᠠᠢᠯᠳᠤᠬᠤ ᠪᠣᠳᠣᠯᠭ᠎ᠠ᠎ᠶᠢ ᠤᠯᠠᠮ ᠨᠢᠭᠡ ᠠᠯᠬᠤᠮ ᠭᠦᠨᠵᠡᠭᠡᠢ ᠨᠠᠢᠳᠠᠪᠤᠷᠢᠵᠢᠭᠤᠯᠵᠤ᠂ ᠥᠷᠭᠡᠨ ᠣᠯᠠᠨ ᠥᠲᠥᠨ ᠪᠥᠮᠪᠥᠭᠡ᠎ᠳᠦ ᠪᠠᠬᠠᠲᠠᠢ ᠬᠥᠮᠥᠰ᠎ᠲᠦ ᠬᠠᠷᠢᠯᠴᠠᠨ ᠤᠷ᠎ᠠ ᠮᠡᠷᠭᠡᠵᠢᠯ᠎ᠶ᠋ᠢᠡᠨ ᠰᠤᠷᠤᠯᠴᠠᠵᠦ᠂ ᠰᠠᠨᠠᠯ ᠵᠦᠪᠯᠡᠯᠭᠡ ᠪᠠᠨ ᠰᠣᠯᠢᠯᠴᠠᠬᠤ ᠥᠷᠭᠡᠨ ᠠᠭᠤᠳᠠᠮ ᠲᠠᠪᠴᠠᠩ ᠪᠠᠢᠭᠤᠯᠤᠨ ᠥᠭᠴᠦ᠂ ᠥᠲᠥᠨ ᠪᠥᠮᠪᠥᠭᠡ᠎ᠶᠢᠨ ᠬᠥᠳᠡᠯᠭᠡᠭᠡᠨ᠎ᠢ ᠲᠦᠭᠡᠮᠡᠯᠵᠢᠭᠦᠯᠦᠨ ᠳᠡᠭᠡᠭᠰᠢᠯᠡᠭᠦᠯᠬᠦ᠂ ᠪᠡᠶ᠎ᠡ᠎ᠶᠢᠨ ᠲᠠᠮᠢᠷ᠎ᠤᠨ ᠪᠡᠯᠡᠳᠬᠡᠯ ᠴᠢᠳᠠᠪᠤᠷᠢᠲᠠᠨ᠎ᠢ ᠢᠯᠡᠷᠡᠭᠦᠯᠬᠦ᠎ᠶᠢ ᠠᠬᠢᠭᠤᠯᠤᠭᠰᠠᠨ᠎ᠢᠶᠠᠷ ᠪᠠᠷᠠᠬᠤ ᠦᠭᠡᠢ ᠨᠠᠩ ᠴᠤ᠌ ᠪᠡᠶ᠎ᠡ᠎ᠶᠢᠨ ᠲᠠᠮᠢᠷ ᠪᠠ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ᠎ᠶᠢ ᠠᠬᠢᠭᠤᠯᠵᠤ᠂ ᠡᠷᠡᠭᠦᠯ ᠡᠩᠬᠡ ᠥᠪᠥᠷ ᠮᠣᠩᠭᠣᠯ᠎ᠤᠨ ᠪᠠᠢᠭᠤᠯᠤᠯᠳᠠ᠎ᠳᠤ ᠲᠠᠰᠤᠷᠠᠯᠲᠠ ᠦᠭᠡᠢ ᠰᠢᠨ᠎ᠡ ᠠᠮᠢᠵᠢᠷᠠᠯ᠎ᠤᠨ ᠬᠦᠴᠦᠨ᠎ᠢ ᠨᠡᠮᠡᠷᠢᠯᠡᠭᠰᠡᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃