ᠲᠡᠷᠢᠭᠦᠨ ᠨᠢᠭᠤᠷ>ᠨᠠᠭᠠᠳᠤᠮ ᠴᠡᠩᠬᠡᠭᠦᠨ>ᠤᠷᠤᠯᠳᠤᠭᠠᠨ ᠲᠡᠮᠡᠴᠡᠭᠡᠨ

2026-10-30 01:19:30

ᠵᠣᠬᠢᠶᠠᠭ᠍ᠴᠢ᠄ ᠪᠠᠢ ᠰᠡᠴᠡᠨ ᠣᠩᠱᠢᠭ᠍ᠰᠠᠨ ᠣᠳᠠᠭ᠎ᠠ᠄ 3

ᠨᠠᠰᠤᠲᠠᠢᠴᠤᠳ᠎ᠢ ᠬᠦᠨᠳᠦᠯᠡᠬᠦ᠂ ᠨᠠᠰᠤᠲᠠᠢᠴᠤᠳ᠎ᠢ ᠬᠠᠶ᠋ᠢᠷᠠᠯᠠᠬᠤ᠂ ᠨᠠᠰᠤᠲᠠᠢᠴᠤᠳ᠎ᠢ ᠬᠠᠪᠰᠤᠷᠬᠤ ᠤᠯᠠᠮᠵᠢᠯᠠᠯᠲᠤ᠌ ᠰᠠᠶ᠋ᠢᠬᠠᠨ ᠰᠤᠷᠲᠠᠯ ᠎ᠢ ᠶᠡᠭᠡ᠎ᠪᠠᠷ ᠪᠠᠳᠠᠷᠠᠭᠤᠯᠵᠤ᠂ ᠬᠠᠷᠢᠶ᠎ᠠ ᠣᠷᠤᠨ᠎ᠤ ᠨᠠᠰᠤᠲᠠᠶ᠋ᠢᠴᠤᠳ᠎ᠤᠨ ᠣᠶᠤᠨ ᠰᠠᠨᠠᠭ᠎ᠠ ᠰᠣᠶᠤᠯ ᠪᠡᠶ᠎ᠡ᠎ᠶ᠋ᠢᠨ ᠲᠠᠮᠢᠷ᠎ᠤᠨ ᠠᠮᠢᠳᠤᠷᠠᠯ᠎ᠢ ᠪᠠᠶᠠᠯᠢᠭᠵᠢᠭᠤᠯᠵᠤ᠂ ᠨᠠᠰᠤᠲᠠᠶ᠋ᠢᠴᠤᠳ᠎ᠤᠨ ᠪᠡᠶ᠎ᠡ ᠰᠡᠳᠬᠢᠯ᠎ᠤᠨ ᠡᠷᠡᠭᠦᠯ ᠮᠡᠨᠳᠦ᠎ᠶ᠋ᠢ ᠬᠠᠯᠠᠮᠵᠢᠯᠠᠬᠤ ᠭᠦᠨ ᠵᠤᠵᠠᠭᠠᠨ ᠨᠡᠶ᠋ᠢᠭᠡᠮ ᠎ᠤᠨ ᠠᠭᠤᠷ ᠠᠮᠢᠰᠭᠤᠯ᠎ᠢ ᠪᠤᠢ ᠪᠣᠯᠭᠠᠬᠤ᠎ᠶ᠋ᠢᠨ ᠲᠥᠯᠦᠭᠡ ᠣᠶ᠋ᠢᠷ᠎ᠠ᠎ᠳᠤ ᠬᠦᠯᠦᠨ ᠪᠤᠢᠷ ᠬᠤᠳᠠ ᠵᠢᠨ ᠮᠤᠷᠢᠨᠳᠠᠪᠠᠭ᠎ᠠ ᠵᠢᠨ ᠲᠠᠭᠤᠷ ᠦᠨᠳᠦᠰᠦᠳᠡᠨ᠎ᠤ ᠦᠪᠡᠷᠳᠡᠭᠡᠨ ᠵᠠᠰᠠᠬᠤ ᠬᠤᠰᠢᠭᠤᠨ ᠎ᠤ ᠠᠷᠠᠳ ᠎ᠤᠨ ᠶᠠᠪᠤᠳᠠᠯ ᠎ᠤᠨ ᠲᠣᠪᠴᠢᠶ᠎ᠠ ᠠᠷᠪᠠᠨ ᠭᠤᠷᠪᠠᠳᠤᠭᠠᠷ ᠬᠤᠭᠤᠴᠠᠭᠠᠨ᠎ᠤ 《ᠱᠧᠦ ᠺᠠᠩ ᠬᠤᠨᠳᠠᠭᠠᠲᠤ᠌》 ᠡᠭᠦᠳᠡᠨ ᠪᠥᠮᠪᠦᠭᠡ᠎ᠶ᠋ᠢᠨ ᠤᠷᠤᠯᠳᠤᠭᠠᠨ ᠎ᠢ᠋ ᠵᠤᠬᠢᠶᠠᠨ ᠪᠠᠢᠭᠤᠯᠵᠤ ᠶᠠᠪᠤᠭᠳᠠᠭᠤᠯᠪᠠ᠃ ᠡᠭᠦᠳᠡᠨ ᠪᠥᠮᠪᠦᠭᠡ ᠎ᠳᠤ  ᠪᠠᠭ᠍ᠠᠲᠠᠢ ᠨᠠᠰᠤᠲᠠᠶ᠋ᠢᠴᠤᠳ ᠤᠷᠤᠯᠳᠤᠭᠠᠨ ᠳ᠋ᠤ ᠢᠳᠡᠪᠬᠢᠯᠡᠨ ᠤᠷᠤᠯᠴᠠᠵᠤ᠂ ᠪᠤᠭᠤᠷᠤᠯᠴᠤᠳ ᠎ᠦᠨ ᠴᠤᠭ ᠵᠢᠪᠬᠤᠭ᠎ᠠ᠎ᠪᠠᠨ ᠪᠠᠳᠠᠷᠠᠭᠤᠯᠵᠤ᠂ ᠨᠠᠰᠤᠲᠠᠶ᠋ᠢᠴᠤᠳ᠎ᠤᠨ ᠢᠳᠡᠪᠬᠢᠲᠡᠢ ᠥᠭᠡᠳᠡᠷᠬᠡᠭ ᠣᠶᠤᠨ ᠰᠠᠨᠠᠭᠠᠨ ᠎ᠤ ᠳᠦᠷᠰᠦ ᠪᠠᠶ᠋ᠢᠳᠠᠯ᠎ᠢ ᠢᠯᠡᠷᠡᠭᠦᠯᠪᠠ᠃ 

ᠣᠶ᠋ᠢᠯᠠᠭᠠᠭᠰᠠᠨ᠎ᠢᠶᠠᠷ᠂ ᠲᠣᠰ ᠤᠳᠠᠭᠠᠨ᠎ᠤ 《ᠱᠧᠦ ᠺᠠᠩ ᠬᠤᠨᠳᠠᠭᠠᠲᠤ᠌》ᠡᠭᠦᠳᠡᠨ ᠪᠥᠮᠪᠦᠭᠡ᠎ᠶ᠋ᠢᠨ ᠤᠷᠤᠯᠳᠤᠭᠠᠨ ᠳᠥᠷᠪᠡᠨ ᠡᠳᠦᠷ ᠶᠠᠪᠤᠭᠳᠠᠵᠠᠢ᠂《ᠱᠸᠦ᠍ ᠺᠠᠩ ᠬᠤᠨᠳᠠᠭᠠᠲᠤ᠌》ᠡᠭᠦᠳᠡᠨ ᠪᠥᠮᠪᠦᠭᠡ᠎ᠶ᠋ᠢᠨ ᠤᠷᠤᠯᠳᠤᠭᠠᠨ ᠨᠢ ᠣᠯᠠᠨ ᠵᠢᠯ᠎ᠬᠦᠭᠵᠢᠶᠠᠨ ᠲᠠᠢ ᠶᠠᠪᠤᠭᠳᠠᠵᠤ᠂ ᠨᠢᠭᠡᠨᠲᠡ ᠮᠤᠷᠢᠨᠳᠠᠪᠠᠭ᠎ᠠ ᠵᠢᠨ ᠲᠠᠭᠤᠷ ᠦᠨᠳᠦᠰᠦᠳᠡᠨ᠎ᠤ ᠦᠪᠡᠷᠳᠡᠭᠡᠨ ᠵᠠᠰᠠᠬᠤ ᠬᠤᠰᠢᠭᠤᠨ ᠎ᠤ ᠨᠠᠰᠤᠲᠠᠶ᠋ᠢᠴᠤᠳ ᠎ᠢ ᠬᠠᠶ᠋ᠢᠷᠠᠯᠠᠬᠤ᠂ ᠪᠤᠭᠤᠷᠤᠯᠴᠤᠳ᠎ᠦᠨ ᠴᠤᠭ ᠵᠢᠪᠬᠤᠭ᠎ᠠ  ᠵᠢ ᠢᠯᠡᠷᠡᠬᠦᠯᠬᠦ᠂ ᠨᠠᠰᠤᠳᠠᠢᠴᠤᠳ ᠎ᠦᠨ ᠠᠮᠢᠳᠤᠷᠠᠯ ᠎ᠢ  ᠪᠠᠶᠠᠯᠢᠭᠵᠢᠭᠤᠯᠬᠤ ᠣᠨᠴᠠᠯᠢᠭᠲᠤ᠌ ᠲᠦᠷᠦᠯ ᠲᠡᠮᠳᠡᠭᠲᠦ ᠤᠷᠤᠯᠳᠤᠭᠠᠨ ᠪᠣᠯᠤᠭᠰᠠᠨ ᠪᠠᠶ᠋ᠢᠨ᠎ᠠ᠃ ᠤᠷᠤᠯᠳᠤᠭᠠᠨ ᠨᠢ᠂ 《ᠪᠠᠶᠠᠷ ᠬᠥᠷ᠎ᠲᠠᠢ ᠪᠡᠷ ᠪᠡᠶ᠎ᠡ ᠴᠢᠭᠢᠷᠠᠭᠵᠢᠭᠤᠯᠬᠤ᠂ ᠡᠷᠡᠭᠦᠯ ᠮᠡᠨᠳᠦ  ᠪᠡᠷ ᠦᠳᠡᠯᠦᠭᠡ ᠨᠠᠰᠤ ᠪᠠᠨ ᠦᠩᠭᠡᠷᠡᠬᠦᠯᠬᠦ᠂ ᠤᠷᠤᠯᠳᠤᠭᠠᠨ᠎ᠢᠶᠠᠷ ᠬᠠᠶ᠋ᠢᠷ᠎ᠠ ᠰᠡᠳᠬᠢᠯᠭᠡ  ᠪᠠᠨ ᠳᠠᠮᠵᠢᠭᠤᠯᠬᠤ᠂ ᠨᠠᠰᠤᠳᠠᠢᠴᠤᠳ ᠎ᠢ  ᠬᠦᠨᠳᠦᠯᠡᠵᠦ᠍ ᠰᠡᠳᠬᠢᠯ᠎ᠢ ᠨᠢ ᠳᠤᠯᠠᠭᠠᠴᠠᠭᠤᠯᠬᠤ》 ᠣᠶ᠋ᠢᠯᠠᠭᠠᠭᠳᠠᠬᠤᠨ ᠎ᠢ  ᠢᠮᠠᠭᠲᠠ ᠪᠠᠷᠢᠮᠲᠠᠯᠠᠵᠤ᠂ ᠪᠥᠬᠦ᠌ ᠬᠤᠰᠢᠭᠤᠨ ᠎ᠤ ᠨᠠᠰᠤᠲᠠᠶ᠋ᠢᠴᠤᠳ᠎ᠤᠨ ᠰᠣᠯᠢᠯᠴᠠᠭ᠎ᠠ ᠶᠠᠪᠤᠯᠴᠠᠭ᠎ᠠ ᠵᠢ ᠠᠬᠢᠭᠤᠯᠵᠤ᠂ ᠤᠷ᠎ᠠ ᠠᠪᠢᠶᠠᠰ ᠎ᠢᠶᠡᠨ ᠳᠡᠯᠭᠡᠨ ᠦᠵᠡᠭᠦᠯᠬᠦ᠌ ᠲᠠᠪᠴᠠᠩ ᠬᠠᠩᠭᠠᠭᠰᠠᠨ ᠪᠠᠶ᠋ᠢᠨ᠎ᠠ᠃                                                                 

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面