ᠲᠡᠷᠢᠭᠦᠨ ᠨᠢᠭᠤᠷ>ᠨᠠᠭᠠᠳᠤᠮ ᠴᠡᠩᠬᠡᠭᠦᠨ>ᠤᠷᠤᠯᠳᠤᠭᠠᠨ ᠲᠡᠮᠡᠴᠡᠭᠡᠨ

2026-11-03 10:43:56

ᠵᠣᠬᠢᠶᠠᠭ᠍ᠴᠢ᠄ ᠴᠸᠨ ᠨᠠᠷᠠᠨᠳᠤᠨᠭᠭᠠᠯᠠᠭ ᠣᠩᠱᠢᠭ᠍ᠰᠠᠨ ᠣᠳᠠᠭ᠎ᠠ᠄ 3

 ᠦᠪᠦᠷ ᠮᠤᠨᠭᠭᠤᠯ᠎ᠤᠨ ᠦᠪᠡᠷᠲᠡᠭᠡᠨ ᠵᠠᠰᠠᠬᠤ ᠤᠷᠤᠨ᠎ᠤ ᠪᠡᠶ᠎ᠡ᠎ᠶᠢᠨ ᠲᠠᠮᠢᠷ᠎ᠤᠨ ᠲᠤᠪᠴᠢᠶ᠎ᠠ ᠡᠴᠡ ᠤᠢᠯᠠᠭᠠᠭᠰᠠᠨ᠎ᠶ᠋ᠢᠡᠷ᠂10 ᠰᠠᠷ᠎ᠠ᠎ᠶᠢᠨ 20 ᠎ᠤ᠋ ᠡᠳᠦᠷ᠎ᠡᠴᠡ 25᠎ᠤ᠋ ᠡᠳᠦᠷ ᠪᠣᠯᠲᠠᠯ᠎ᠠ  2026 ᠣᠨ᠎ᠤ ᠪᠥᠬᠥ ᠤᠯᠤᠰ᠎ᠤᠨ ᠵᠢᠣᠳᠣᠣ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ (ᠰᠢᠶᠦ᠋ᠩ ᠠᠨ ᠥᠷᠲᠡᠭᠡ) ᠾᠧᠪᠧᠢ ᠮᠤᠵᠢ ᠵᠢᠨ ᠰᠢᠶᠦ᠋ᠩ ᠠᠨ᠎ᠤ ᠪᠡᠶ᠎ᠡ᠎ᠶᠢᠨ ᠲᠠᠮᠢᠷ᠎ᠤᠨ ᠲᠥᠪ ᠲᠸ᠋ ᠶᠠᠪᠤᠭᠳᠠᠪᠠ᠃ ᠲᠤᠰ ᠤᠳᠠᠭ᠎ᠠ᠎ᠶᠢᠨ ᠤᠷᠤᠯᠳᠤᠭᠠᠨ᠎ᠢ ᠳᠤᠮᠳᠠᠳᠤ ᠤᠯᠤᠰ᠎ᠤᠨ ᠵᠢᠣᠳᠣᠣ᠎ᠶᠢᠨ ᠨᠡᠢᠭᠡᠮᠯᠢᠭ᠎ᠡᠴᠡ ᠭᠣᠣᠯᠯᠠᠨ ᠡᠷᠬᠢᠯᠡᠵᠡᠢ᠃ ᠡᠨᠡ ᠪᠤᠯ ᠤᠯᠤᠰ᠎ᠤᠨ ᠳᠣᠲᠣᠭᠠᠳᠤ᠎ᠶᠢᠨ ᠵᠢᠣᠳᠣᠣ᠎ᠶᠢᠨ ᠲᠦᠷᠦᠯ ᠵᠦᠢᠯ᠎ᠦᠨ ᠣᠨ᠎ᠤ ᠬᠠᠮᠤᠭ ᠎ᠤᠨ ᠥᠨᠳᠥᠷ ᠲᠡᠰ᠎ᠤᠨ ᠤᠷᠤᠯᠳᠤᠭᠠᠨ᠎ᠤ ᠨᠢᠭᠡ ᠪᠣᠯᠬᠤ ᠪᠥᠭᠡᠳ ᠪᠦᠬᠦ ᠤᠯᠤᠰ᠎ᠤᠨ ᠵᠢᠣᠳᠣᠣ᠎ᠶᠢᠨ ᠬᠤᠪᠢ ᠬᠤᠷᠠᠮᠳᠤᠭᠤᠯᠬᠤ ᠤᠷᠤᠯᠳᠤᠭᠠᠨ᠎ᠤ ᠴᠢᠬᠤᠯᠠ ᠨᠢᠭᠡ ᠦᠷᠲᠡᠭᠡ ᠪᠣᠯᠣᠨ᠎ᠠ᠃

ᠲᠤᠰ ᠬᠤᠭᠤᠴᠠᠭᠠᠨ᠎ᠤ ᠤᠷᠤᠯᠳᠤᠭᠠᠨ᠎ᠳᠤ ᠪᠦᠬᠦ ᠤᠯᠤᠰ᠎ᠤᠨ ᠡᠯ᠎ᠡ ᠮᠤᠵᠢ (ᠬᠣᠲᠠ᠂ ᠥᠪᠡᠷᠲᠡᠭᠡᠨ ᠵᠠᠰᠠᠬᠤ ᠣᠷᠣᠨ)᠂ ᠠᠵᠢᠯ ᠲᠥᠷᠥᠯ᠎ᠦᠨ ᠪᠡᠶ᠎ᠡ ᠶ᠋ᠢᠨ ᠲᠠᠮᠢᠷ ᠎ᠤᠨ ᠨᠡᠢᠭᠡᠮᠯᠢᠭ ᠵᠢᠴᠢ ᠪᠡᠶ᠎ᠡ ᠶ᠋ᠢᠨ ᠲᠠᠮᠢᠷ᠎ᠤᠨ ᠳᠡᠭᠡᠳᠦ ᠰᠤᠷᠭᠠᠭᠤᠯᠢ ᠶ᠋ᠢᠨ 31 ᠲᠥᠯᠥᠭᠡᠯᠡᠭᠴᠢ ᠵᠢᠨ ᠠᠩᠭᠢ᠂ 390 ᠭᠠᠷᠤᠢ ᠲᠠᠮᠢᠷᠴᠢᠳ ᠣᠷᠣᠯᠴᠠᠵᠤ᠂  ᠤᠯᠤᠰ᠎ᠤᠨ ᠳᠣᠲᠣᠭᠠᠳᠤ ᠶ᠋ᠢᠨ ᠵᠢᠣᠳᠣᠣ ᠶ᠋ᠢᠨ ᠤᠷᠤᠯᠳᠤᠭᠠᠨ᠎ᠤ ᠵᠦᠢᠯ᠎ᠦᠨ ᠬᠠᠮᠤᠭ᠎ᠤᠨ ᠥᠨᠳᠥᠷ ᠬᠢᠷᠢ ᠲᠦᠪᠰᠢᠨ ᠢ᠋ ᠲᠥᠪᠯᠡᠷᠡᠭᠦᠯᠦᠨ ᠬᠠᠷᠠᠭᠤᠯᠵᠠᠢ᠃ ᠲᠤᠰ ᠤᠳᠠᠭ᠎ᠠ᠎ᠶᠢᠨ ᠤᠷᠤᠯᠳᠤᠭᠠᠨ᠎ᠳᠤ᠂ ᠥᠪᠥᠷ ᠮᠣᠩᠭᠣᠯ ᠨᠡᠢ᠍ᠢᠳᠡ 24 ᠲᠠᠮᠢᠷᠴᠢᠨ ᠲᠣᠮᠢᠯᠠᠨ᠂ ᠥᠪᠥᠷ ᠮᠣᠩᠭᠣᠯ᠂ ᠹᠦᠵᠢᠶᠠᠨ᠂ ᠰᠧᠴᠦᠸᠠᠨ᠂ ᠬᠢᠷᠢᠨ ᠵᠡᠷᠭᠡ ᠭᠠᠵᠠᠷ᠎ᠢ ᠲᠥᠯᠥᠭᠡᠯᠡᠨ ᠤᠷᠤᠯᠳᠤᠭᠠᠨ᠎ᠳᠤ ᠣᠷᠣᠯᠴᠠᠭᠤᠯᠵᠤ᠂ 1 ᠠᠯᠳᠠ ᠮᠧᠳᠠᠯ᠂ 1 ᠮᠥᠩᠭᠥᠨ ᠮᠧᠳᠠᠯ᠂ 2 ᠬᠦᠷᠡᠯ ᠮᠧᠳᠠᠯ ᠭᠠᠳᠠᠭᠰᠠᠨ ᠰᠢᠯᠢᠳᠡᠭ ᠬᠢᠷᠢ ᠪᠦᠲᠦᠮᠵᠢ ᠵᠢ ᠡᠬᠦᠳᠴᠡᠢ᠃

ᠲᠤᠰ ᠤᠳᠠᠭ᠎ᠠ ᠦᠪᠦᠷ ᠮᠤᠨᠭᠭᠤᠯ᠎ᠤᠨ ᠲᠠᠮᠢᠷᠴᠢᠳ ᠮᠤᠵᠢ ᠠᠯᠤᠰᠯᠠᠨ ᠤᠷᠤᠯᠳᠤᠭᠠᠨ᠎ᠳᠤ ᠣᠷᠣᠯᠴᠠᠭᠰᠠᠨ ᠪᠥᠭᠡᠳ ᠰᠢᠯᠢᠳᠡᠭ ᠬᠢᠷᠢ ᠪᠦᠲᠦᠮᠵᠢ ᠣᠯᠣᠭᠰᠠᠨ ᠨᠢ ᠥᠪᠥᠷ ᠮᠣᠩᠭᠣᠯ ᠎ᠤᠨ ᠵᠢᠣᠳᠣᠣ ᠎ᠶᠢᠨ ᠴᠢᠳᠠᠪᠤᠷᠢᠲᠠᠨ᠎ᠤ ᠰᠢᠯᠭᠠᠷᠠᠭᠰᠠᠨ ᠪᠣᠳᠠᠲᠤ ᠬᠦᠴᠦᠨ ᠪᠣᠯᠣᠨ ᠰᠠᠢᠨ ᠰᠠᠢᠬᠠᠨ ᠤᠷᠤᠯᠳᠤᠭᠠᠨ᠎ᠤ ᠳᠦᠷᠰᠦ ᠪᠠᠢᠳᠠᠯ᠎ᠢ ᠭᠦᠢᠴᠡᠳ ᠢᠯᠡᠷᠡᠭᠦᠯᠦᠭᠰᠡᠨ᠎ᠢᠶᠡᠷ ᠪᠠᠷᠠᠬᠤ ᠦᠭᠡᠢ ᠪᠠᠰᠠ ᠮᠠᠨ᠎ᠤ ᠣᠷᠣᠨ᠎ᠤ ᠵᠢᠣᠳᠣᠣ᠎ᠶᠢᠨ ᠲᠦᠷᠦᠯ ᠵᠦᠢᠯ᠎ᠦᠨ ᠪᠡᠯᠡᠳᠬᠡᠯ ᠴᠢᠳᠠᠪᠤᠷᠢᠲᠠᠨ᠎ᠤ ᠨᠥᠭᠡᠴᠡ ᠭᠦᠢᠴᠡᠳ ᠪᠠᠢᠬᠤ ᠵᠢ ᠳᠠᠬᠢᠨᠲᠠ ᠭᠡᠷᠡᠴᠢᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面