ᠲᠡᠷᠢᠭᠦᠨ ᠨᠢᠭᠤᠷ>ᠨᠠᠭᠠᠳᠤᠮ ᠴᠡᠩᠬᠡᠭᠦᠨ>ᠤᠷᠤᠯᠳᠤᠭᠠᠨ ᠲᠡᠮᠡᠴᠡᠭᠡᠨ

2026-11-10 09:04:39

ᠵᠣᠬᠢᠶᠠᠭ᠍ᠴᠢ᠄ ᠴᠸᠨ ᠨᠠᠷᠠᠨᠳᠤᠨᠭᠭᠠᠯᠠᠭ ᠣᠩᠱᠢᠭ᠍ᠰᠠᠨ ᠣᠳᠠᠭ᠎ᠠ᠄ 3

ᠦᠪᠦᠷ ᠮᠤᠨᠭᠭᠤᠯ᠎ᠤᠨ ᠦᠪᠡᠷᠲᠡᠭᠡᠨ ᠵᠠᠰᠠᠬᠤ ᠤᠷᠤᠨ᠎ᠤ ᠪᠡᠶ᠎ᠡ᠎ᠶᠢᠨ ᠲᠠᠮᠢᠷ᠎ᠤᠨ ᠲᠤᠪᠴᠢᠶ᠎ᠠ ᠡᠴᠡ ᠤᠢᠯᠠᠭᠠᠭᠰᠠᠨ᠎ᠶ᠋ᠢᠡᠷ᠂ 2026 ᠣᠨ᠎ᠤ ᠪᠥᠬᠥ ᠤᠯᠤᠰ᠎ᠤᠨ ᠪᠠᠭᠠᠴᠤᠳ᠎ᠤᠨ ᠵᠢᠣᠳᠣᠣ᠎ᠪᠦᠬᠡ ᠵᠢᠨ ᠮᠠᠩᠯᠠᠢ ᠰᠢᠯᠭᠠᠷᠠᠭᠤᠯᠬᠤ ᠤᠷᠤᠯᠳᠤᠭᠠᠨ (U14 ᠳᠤᠭᠤᠢᠯᠠᠩ᠂ U16 ᠳᠤᠭᠤᠢᠯᠠᠩ) ᠤ᠋ ᠬᠣᠶᠠᠳᠤᠭᠠᠷ ᠥᠷᠲᠡᠭᠡ ᠵᠢᠨ ᠤᠷᠤᠯᠳᠤᠭᠠᠨ 10 ᠰᠠᠷ᠎ᠠ᠎ᠶᠢᠨ 11᠎ᠤ᠋ ᠡᠳᠦᠷ᠎ᠡᠴᠡ 17᠎ᠤ᠋ ᠡᠳᠦᠷ ᠪᠣᠯᠲᠠᠯ᠎ᠠ ᠭᠤᠸᠠᠩᠳᠦ᠋ᠩ ᠮᠤᠵᠢ᠎ᠶᠢᠨ ᠰᠧ ᠬᠣᠶ ᠬᠣᠲᠠ᠎ᠳᠤ ᠶᠠᠪᠤᠭᠳᠠᠵᠤ᠂ ᠥᠪᠥᠷ ᠮᠣᠩᠭᠣᠯ᠎ᠤᠨ ᠠᠩᠭᠢ 1 ᠠᠯᠲᠠᠨ ᠮᠧᠳᠠᠯ᠂ 2 ᠮᠥᠩᠭᠥᠨ ᠮᠧᠳᠠᠯ᠂ 1 ᠬᠦᠷᠡᠯ ᠮᠧᠳᠠᠯ ᠭᠠᠷᠳᠠᠵᠠᠢ᠃

ᠲᠤᠰ ᠤᠷᠤᠯᠳᠤᠭᠠᠨ᠎ᠪᠤᠯ ᠤᠯᠤᠰ᠎ᠤᠨ ᠪᠡᠶ᠎ᠡ᠎ᠶᠢᠨ ᠲᠠᠮᠢᠷ᠎ᠤᠨ ᠶᠡᠷᠦᠩᠬᠡᠢ ᠲᠣᠪᠴᠢᠶ᠎ᠠ᠎ᠶᠢᠨ ᠬᠦᠨᠳᠦ ᠡᠷᠭᠦᠯᠲᠡ᠎ᠵᠢᠣᠳᠣᠣ᠎ᠪᠦᠬᠡ ᠵᠢᠨ ᠬᠦᠳᠡᠯᠬᠡᠬᠡᠨ᠎ᠤ ᠬᠠᠮᠢᠶᠠᠷᠤᠯᠲᠠ᠎ᠶᠢᠨ ᠲᠥᠪ᠂ ᠳᠤᠮᠳᠠᠳᠤ ᠤᠯᠤᠰ᠎ᠤᠨ ᠵᠢᠣᠳᠣᠣ᠎ᠪᠦᠬᠡ ᠵᠢᠨ ᠨᠡᠢᠭᠡᠮᠯᠢᠭ᠎ᠡᠴᠡ ᠭᠣᠣᠯᠯᠠᠨ ᠡᠷᠭᠢᠯᠡᠭᠰᠡᠨ ᠤᠯᠤᠰ᠎ᠤᠨ ᠳᠣᠲᠣᠭᠠᠳᠤ᠎ᠶᠢᠨ ᠵᠠᠯᠠᠭᠤᠴᠤᠳ ᠪᠠᠭᠠᠴᠤᠳ᠎ᠤᠨ ᠵᠢᠣᠳᠣᠣ᠎ᠪᠦᠬᠡ ᠵᠢᠨ ᠥᠨᠳᠥᠷ ᠬᠢᠷᠢ ᠲᠦᠪᠰᠢᠨ ᠪᠦᠬᠦᠢ ᠤᠷᠤᠯᠳᠤᠭᠠᠨ᠎ᠪᠤᠯᠤᠨ᠎ᠠ᠃ ᠤᠷᠤᠯᠳᠤᠭᠠᠨ ᠳ᠋ᠤ U14᠂ U16 ᠨᠠᠰᠤᠨ᠎ᠤ ᠳᠤᠭᠤᠢᠯᠠᠩ ᠲᠣᠬᠢᠷᠠᠭᠤᠯᠵᠤ᠂ ᠪᠦᠬᠦ ᠤᠯᠤᠰ᠎ᠤᠨ 33 ᠲᠥᠯᠥᠭᠡᠯᠡᠭᠴᠢᠳ᠎ᠦᠨ ᠠᠩᠭᠢ᠎ᠶᠢᠨ 403 ᠲᠠᠮᠢᠷᠴᠢᠨ ᠣᠷᠣᠯᠴᠠᠵᠠᠢ᠃ ᠥᠪᠥᠷ ᠮᠣᠩᠭᠣᠯ 8 ᠲᠠᠮᠢᠷᠴᠢᠨ ᠲᠣᠮᠢᠯᠠᠨ U14 ᠳᠤᠭᠤᠢᠯᠠᠩ᠎ᠤᠨ 7 ᠳᠡᠰ᠎ᠤᠨ ᠤᠷᠤᠯᠳᠤᠭᠠᠨ᠎ᠳᠤ ᠣᠷᠣᠯᠴᠠᠭᠤᠯᠪᠠ᠃ ᠡᠭᠦᠨ᠎ᠳᠦ ᠪᠤᠶᠠᠠᠢᠪᠡᠬᠡᠯ U14 ᠳᠤᠭᠤᠢᠯᠠᠩ᠎ᠤᠨ ᠡᠷᠡᠭᠲᠡᠢ᠎ᠶᠢᠨ 81 ᠺᠢᠯᠣᠭ᠌ᠷᠠᠮ᠎ᠠᠴᠠ ᠳᠡᠭᠡᠭᠰᠢ ᠳᠡᠰ᠎ᠤᠨ ᠮᠠᠩᠯᠠᠢ᠎ᠳᠤ ᠰᠢᠯᠭᠠᠷᠠᠵᠤ᠂ ᠠᠶ᠋ᠢᠵᠠᠮ U14 ᠳᠤᠭᠤᠢᠯᠠᠩ᠎ᠤᠨ ᠡᠷᠡᠭᠲᠡᠢ᠎ᠶᠢᠨ 73 ᠺᠢᠯᠣᠭ᠌ᠷᠠᠮ᠎ᠤᠨ ᠳᠡᠰ᠎ᠲᠤ ᠳᠡᠳ᠋ᠯᠡᠵᠦ᠂ ᠲᠦᠰᠢᠭ᠌ᠪᠠᠲᠤ U14 ᠳᠤᠭᠤᠢᠯᠠᠩ᠎ᠤᠨ ᠡᠷᠡᠭᠲᠡᠢ᠎ᠶᠢᠨ 55 ᠺᠢᠯᠣᠭ᠌ᠷᠠᠮ᠎ᠤᠨ ᠳᠡᠰ᠎ᠤᠨ ᠤᠷᠤᠯᠳᠤᠭᠠᠨ ᠳ᠋ᠤ ᠳᠡᠳ᠋ᠯᠡᠵᠦ᠂ ᠪᠢᠰᠢᠷᠠᠯ U14 ᠳᠤᠭᠤᠢᠯᠠᠩ᠎ᠤᠨ ᠡᠷᠡᠭᠲᠡᠢ᠎ᠶᠢᠨ 81 ᠺᠢᠯᠣᠭ᠌ᠷᠠᠮ᠎ᠤᠨ ᠳᠡᠰ᠎ᠲᠤ᠌ ᠭᠤᠳᠠᠭᠠᠷ ᠲᠤ᠌ ᠰᠢᠯᠭᠠᠷᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面