2026-11-10 09:04:22
ᠦᠪᠦᠷ ᠮᠤᠨᠭᠭᠤᠯ᠎ᠤᠨ ᠦᠪᠡᠷᠲᠡᠭᠡᠨ ᠵᠠᠰᠠᠬᠤ ᠤᠷᠤᠨ᠎ᠤ ᠪᠡᠶ᠎ᠡ᠎ᠶᠢᠨ ᠲᠠᠮᠢᠷ᠎ᠤᠨ ᠲᠤᠪᠴᠢᠶ᠎ᠠ ᠡᠴᠡ ᠤᠢᠯᠠᠭᠠᠭᠰᠠᠨ᠎ᠶ᠋ᠢᠡᠷ᠂ 10 ᠰᠠᠷ᠎ᠠ᠎ᠶᠢᠨ 27᠎ᠤ᠋ ᠡᠳᠦᠷ᠎ᠡᠴᠡ 11 ᠰᠠᠷ᠎ᠠ᠎ᠶᠢᠨ 1᠎ᠤ᠋ ᠡᠳᠦᠷ ᠪᠣᠯᠲᠠᠯ᠎ᠠ 2026 ︱ 2027 ᠤᠷᠤᠯᠳᠤᠭᠠᠨ᠎ᠤ ᠤᠯᠠᠷᠢᠯ᠎ᠤᠨ ᠪᠥᠬᠥ ᠤᠯᠤᠰ᠎ᠤᠨ ᠪᠣᠯᠣᠳ ᠠᠷᠠᠯ᠎ᠳᠦ ᠴᠠᠰᠤᠨ ᠲᠡᠷᠭᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠪᠡᠭᠡᠵᠢᠩ ᠬᠣᠲᠠ᠎ᠶᠢᠨ ᠶᠠᠨᠴᠢᠩ ᠲᠣᠭᠣᠷᠢᠭ᠋᠎ᠤᠨ ᠤᠯᠤᠰ᠎ᠤᠨ ᠴᠢᠷᠭ᠎ᠠ᠎ᠶᠢᠨ ᠲᠥᠪ᠎ᠲᠦ ᠶᠠᠪᠤᠭᠳᠠᠪᠠ᠃
ᠲᠤᠰ ᠤᠳᠠᠭ᠎ᠠ᠎ᠶᠢᠨ ᠤᠷᠤᠯᠳᠤᠭᠠᠨ ᠪᠣᠯ ᠤᠯᠤᠰ᠎ᠤᠨ ᠳᠣᠲᠣᠭᠠᠳᠤ᠎ᠶᠢᠨ ᠪᠣᠯᠣᠳ ᠠᠷᠠᠯ᠎ᠳᠦ ᠴᠠᠰᠤᠨ ᠲᠡᠷᠭᠡ᠎ᠶᠢᠨ ᠲᠦᠷᠦᠯ ᠵᠦᠢᠯ᠎ᠦᠨ ᠣᠨ᠎ᠤ ᠭᠣᠣᠯᠳᠠᠯᠭ᠎ᠠ᠎ᠲᠠᠢ ᠤᠷᠤᠯᠳᠤᠭᠠᠨ ᠪᠣᠯᠣᠨ᠎ᠠ᠂ ᠪᠦᠬᠦ ᠤᠯᠤᠰ᠎ᠤᠨ ᠡᠯ᠎ᠡ ᠮᠤᠵᠢ ᠬᠤᠳᠠ᠎ᠶᠢᠨ ᠰᠢᠯᠢᠳᠡᠭ ᠪᠣᠯᠣᠳ ᠠᠷᠠᠯ᠎ᠳᠦ ᠴᠠᠰᠤᠨ ᠲᠡᠷᠭᠡ᠎ᠶᠢᠨ ᠲᠠᠮᠢᠷᠴᠢᠳ ᠬᠠᠮᠲᠤ᠎ᠪᠠᠷ ᠤᠷᠤᠯᠳᠤᠭᠠᠨ᠎ᠳᠤ ᠣᠷᠣᠯᠴᠠᠵᠦ᠂ ᠲᠠᠮᠢᠷᠴᠢᠳ᠎ᠤᠨ ᠱᠠᠲᠤ ᠦᠶᠡᠴᠢ ᠴᠢᠨᠠᠷᠲᠠᠢ ᠪᠣᠯᠪᠠᠰᠤᠷᠠᠯ᠎ᠤᠨ ᠦᠷ᠎ᠡ ᠪᠦᠲᠦᠭᠡᠯ᠎ᠢ ᠰᠢᠯᠭᠠᠨ ᠪᠠᠢᠴᠠᠭᠠᠪᠠ᠃
ᠦᠪᠦᠷ ᠮᠤᠨᠭᠭᠤᠯ᠎ᠤᠨ ᠦᠪᠡᠷᠲᠡᠭᠡᠨ ᠵᠠᠰᠠᠬᠤ ᠤᠷᠤᠨ᠎ᠤ ᠲᠠᠮᠢᠷᠴᠢᠨ ᠵᠤᠤ ᠳ᠋ᠠᠨ ᠬᠤᠷᠴᠠ ᠰᠢᠷᠦᠭᠦᠨ ᠥᠷᠢᠰᠦᠯᠳᠦᠭᠡᠨ ᠳ᠋ᠤ ᠵᠤᠷᠢᠭᠳᠠᠢ ᠲᠡᠮᠡᠴᠡᠵᠦ᠂ ᠡᠮᠡᠭᠲᠡᠢ᠎ᠶᠢᠨ ᠭᠠᠭᠴᠠ ᠬᠥᠮᠥᠨ᠎ᠦ ᠤᠷᠤᠯᠳᠤᠭᠠᠨ᠎ᠤ ᠲᠦᠷᠦᠯ ᠵᠦᠢᠯ᠎ᠳᠦ 2 ᠮᠢᠨᠦ᠋ᠲ 03 ᠰᠧᠺᠦ᠋ᠨ᠋ᠳ᠋ 37 ᠶ᠋ᠢᠨ ᠬᠢᠷᠢ ᠪᠦᠲᠦᠮᠵᠢ᠎ᠪᠡᠷ ᠮᠠᠩᠯᠠᠢᠯᠠᠵᠠᠢ᠃ ᠵᠠᠯᠭᠠᠭᠠᠳ ᠶᠠᠪᠤᠭᠳᠠᠭᠰᠠᠨ ᠡᠷᠡᠭᠲᠠᠢ ᠡᠮᠡᠭᠲᠠᠢ ᠵᠢᠨ ᠬᠠᠮᠳᠤᠷᠠᠭᠰᠠᠨ ᠪᠦᠯᠬᠦᠮ᠎ᠦᠨ ᠥᠷᠢᠰᠦᠯᠳᠦᠭᠡᠨ᠎ᠳᠦ ᠵᠤᠤ ᠳ᠋ᠠᠨ ᠤᠯᠤᠰ᠎ᠤᠨ ᠠᠩᠭᠢ᠎ᠶᠢᠨ ᠵᠦ᠍ ᠬᠠᠢ ᠹᠸᠩ ᠲᠠᠢ ᠬᠠᠮᠳᠤ 2 ᠮᠢᠨᠦ᠋ᠲ 02 ᠰᠧᠺᠦ᠋ᠨ᠋ᠳ᠋ 37 ᠶ᠋ᠢᠨ ᠬᠢᠷᠢ ᠪᠦᠲᠦᠮᠵᠢ᠎ᠪᠡᠷ ᠳᠠᠬᠢᠨᠲᠠ ᠮᠠᠩᠯᠠᠢᠯᠠᠵᠤ᠂ ᠬᠤᠶᠠᠷ ᠠᠯᠳᠠᠨ ᠮᠸᠳᠠᠯ ᠭᠠᠷᠳᠠᠭᠰᠠᠨ ᠪᠠᠢᠨ᠎ᠠ᠃
ᠥᠪᠥᠷ ᠮᠣᠩᠭᠣᠯ᠎ᠤᠨ ᠬᠥᠮᠥᠵᠢᠭᠦᠯᠦᠭᠰᠡᠨ ᠰᠢᠯᠢᠳᠡᠭ ᠲᠠᠮᠢᠷᠴᠢᠨ ᠪᠣᠯᠤᠭᠰᠠᠨ᠎ᠤ ᠬᠤᠪᠢ᠎ᠳᠤ ᠵᠤᠤ ᠳ᠋ᠠᠨ ᠡᠨᠡ ᠤᠳᠠᠭ᠎ᠠ ᠬᠤᠶᠠᠷ ᠠᠯᠳᠠᠨ ᠮᠸᠳᠠᠯ ᠭᠠᠷᠳᠠᠭᠰᠠᠨ ᠨᠢ ᠲᠡᠭᠦᠨ᠎ᠦ ᠱᠠᠲᠤᠴᠢ ᠴᠢᠨᠠᠷᠲᠠᠢ ᠪᠣᠯᠪᠠᠰᠤᠷᠠᠯ᠎ᠤᠨ ᠦᠷ᠎ᠡ ᠪᠦᠲᠦᠭᠡᠯ᠎ᠢ ᠬᠦᠢᠴᠡᠳ ᠨᠤᠲᠠᠯᠠᠭᠰᠠᠨ ᠪᠦᠭᠡᠳ ᠪᠠᠰᠠ ᠮᠠᠨ᠎ᠤ ᠣᠷᠣᠨ᠎ᠤ ᠮᠥᠰᠥ ᠴᠠᠰᠤᠨ᠎ᠤ ᠤᠷᠤᠯᠳᠤᠭᠠᠨ᠎ᠤ ᠲᠦᠷᠦᠯ ᠵᠦᠢᠯ᠎ᠳᠦ ᠳᠠᠬᠢᠨᠲᠠ ᠭᠢᠯᠠᠯᠵᠠᠭᠰᠠᠨ ᠠᠮᠵᠢᠯᠲᠠ ᠣᠯᠵᠤ᠂ ᠥᠪᠥᠷ ᠮᠣᠩᠭᠣᠯ᠎ᠤᠨ ᠡᠪᠦᠯ᠎ᠦᠨ ᠤᠯᠠᠷᠢᠯ᠎ᠤᠨ ᠲᠦᠷᠦᠯ ᠵᠦᠢᠯ᠎ᠦᠨ ᠡᠩᠨᠡᠭᠡ᠎ᠶᠢᠨ ᠤᠷᠤᠯᠳᠤᠭᠠᠨ᠎ᠳᠤ ᠪᠡᠯᠡᠳᠬᠡᠬᠦ ᠢᠲᠡᠭᠡᠯ ᠵᠣᠷᠢᠭ᠋᠎ᠢ ᠤᠯᠠᠮ ᠴᠢᠨᠠᠭᠰᠢᠳᠠ ᠬᠥᠪᠴᠢᠯᠡᠭᠰᠡᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃