ᠲᠡᠷᠢᠭᠦᠨ ᠨᠢᠭᠤᠷ>ᠨᠠᠭᠠᠳᠤᠮ ᠴᠡᠩᠬᠡᠭᠦᠨ>ᠤᠷᠤᠯᠳᠤᠭᠠᠨ ᠲᠡᠮᠡᠴᠡᠭᠡᠨ

2026-11-10 09:04:13

ᠵᠣᠬᠢᠶᠠᠭ᠍ᠴᠢ᠄ ​ ᠴᠸᠨ ᠨᠠᠷᠠᠨᠳᠤᠨᠭᠭᠠᠯᠠᠭ ᠣᠩᠱᠢᠭ᠍ᠰᠠᠨ ᠣᠳᠠᠭ᠎ᠠ᠄ 3

ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠤᠯᠤᠰ᠎ᠤᠨ ᠪᠠᠢᠯᠳᠤᠬᠤ ᠪᠣᠳᠣᠯᠭ᠎ᠠ᠎ᠶᠢ ᠭᠦᠨᠵᠡᠭᠡᠢ ᠳᠤᠭᠤᠰᠢᠯᠠᠭᠤᠯᠵᠦ᠂ ᠣᠯᠠᠨ ᠲᠦᠮᠡᠨᠴᠢ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠤ ᠠᠵᠢᠯᠯᠠᠭ᠎ᠠ᠎ᠶᠢ ᠪᠠᠶᠠᠯᠢᠭ᠍ᠵᠢᠭᠤᠯᠵᠤ ᠂ ᠮᠠᠨ᠎ᠤ ᠣᠷᠣᠨ᠎ᠤ ᠫᠢᠩᠫᠠᠩ ᠪᠥᠮᠪᠥᠭᠡ᠎ᠶᠢᠨ ᠬᠥᠳᠡᠯᠭᠡᠭᠡᠨ᠎ᠦ ᠲᠦᠭᠡᠮᠡᠯᠵᠢᠨ ᠬᠥᠭᠵᠢᠬᠦ᠎ᠶᠢ ᠲᠦᠯᠬᠢᠨ ᠠᠬᠢᠭᠤᠯᠬᠤ ᠵᠢᠨ ᠲᠦᠯᠦᠭᠡ 《ᠳᠤᠮᠳᠠᠳᠤ ᠤᠯᠤᠰ᠎ᠤᠨ ᠪᠡᠶ᠎ᠡ᠎ᠶᠢᠨ ᠲᠠᠮᠢᠷ᠎ᠤᠨ ᠱᠠᠩᠨᠠᠯᠲᠤ ᠰᠤᠭᠤᠯᠤᠭ᠎ᠠ ᠬᠤᠨᠳᠠᠭᠠᠲᠤ》ᠠᠷᠪᠠᠨ ᠨᠢᠭᠡᠳᠦᠭᠡᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠫᠢᠩᠫᠠᠩ ᠪᠥᠮᠪᠥᠭᠡ᠎ᠶᠢᠨ ᠠᠵᠢᠯ᠎ᠤᠨ ᠴᠢᠯᠦᠭᠡᠨ᠎ᠦ ᠲᠠᠮᠢᠷᠴᠢᠳ᠎ᠤᠨ ᠨᠡᠷᠡᠰ᠎ᠤᠨ ᠵᠢᠭ᠍ᠰᠠᠭᠠᠯᠲᠠ᠎ᠶᠢᠨ ᠤᠷᠤᠯᠳᠤᠭᠠᠨ ᠵᠢᠴᠢ ᠶᠢᠰᠦᠳᠦᠭᠡᠷ ᠬᠤᠭᠤᠴᠠᠭᠠᠨ᠎ᠤ 《ᠡᠷᠡᠭᠦᠯ ᠴᠢᠬᠢᠷᠠᠭ ᠪᠠᠶᠠᠷ ᠬᠥᠷ᠎ᠲᠠᠢ ᠡᠶ᠎ᠡ ᠵᠣᠬᠢᠴᠠᠩᠭᠤᠢ ᠭᠡᠷ ᠪᠦᠯᠢ ᠬᠤᠨᠳᠠᠭᠠᠲᠤ》 ᠫᠢᠩᠫᠠᠩ ᠪᠥᠮᠪᠥᠭᠡ᠎ᠶᠢᠨ ᠤᠷᠢᠯᠭ᠎ᠠ᠎ᠶᠢᠨ ᠤᠷᠤᠯᠳᠤᠭᠠᠨ 10 ᠰᠠᠷ᠎ᠠ᠎ᠶᠢᠨ 31᠎ᠤ᠋  ᠡᠳᠦᠷ᠎ᠡᠴᠡ 11ᠰᠠᠷ᠎ᠠ᠎ᠶᠢᠨ 1᠎ᠤ᠋ ᠡᠳᠦᠷ ᠪᠣᠯᠲᠠᠯ᠎ᠠ ᠬᠥᠬᠡᠬᠣᠲᠠ᠎ᠶᠢᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ᠎ᠦ ᠲᠥᠪ᠎ᠦᠨ ᠫᠢᠩᠫᠠᠩ ᠪᠥᠮᠪᠥᠭᠡ᠎ᠶᠢᠨ ᠣᠷᠳᠣᠨ᠎ᠳᠦ ᠶᠠᠪᠤᠭᠳᠠᠪᠠ᠃

ᠲᠣᠰ ᠤᠳᠠᠭᠠᠨ᠎ᠤ ᠤᠷᠤᠯᠳᠤᠭᠠᠨ᠎ᠢ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠶᠡᠷᠦᠩᠬᠡᠢ ᠡᠪᠯᠡᠯ᠎ᠡᠴᠡ ᠵᠢᠯᠤᠭᠣᠳᠴᠤ᠂ ᠥᠪᠥᠷ ᠮᠣᠩᠭᠣᠯ᠎ᠤᠨ ᠫᠢᠩᠫᠠᠩ ᠪᠥᠮᠪᠥᠭᠡ᠎ᠶᠢᠨ ᠬᠥᠳᠡᠯᠭᠡᠭᠡᠨ᠎ᠦ ᠨᠡᠢᠭᠡᠮᠯᠢᠭ ᠂ ᠬᠥᠬᠡᠬᠣᠲᠠ᠎ᠶᠢᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ᠎ᠦ ᠲᠥᠪ᠎ᠡᠴᠡ ᠳᠠᠭᠠᠭᠠᠴᠢᠯᠠᠨ ᠡᠷᠬᠢᠯᠡᠵᠦ᠂  ᠨᠡᠶ᠋ᠢᠲᠡ 20 ᠭᠡᠷ ᠪᠦᠯᠢ᠎ᠶᠢᠨ ᠪᠦᠯᠬᠦᠮ᠎ᠦᠨ ᠲᠥᠯᠥᠭᠡᠯᠡᠭᠴᠢᠳ᠎ᠦᠨ ᠠᠩᠭᠢ᠂ 220 ᠭᠠᠷᠤᠢ ᠲᠠᠮᠢᠷᠴᠢᠨ ᠨᠡᠷ᠎ᠡ ᠮᠡᠳᠡᠭᠦᠯᠵᠦ ᠤᠷᠤᠯᠴᠠᠪᠠ᠃

ᠲᠤᠰ ᠤᠷᠤᠯᠳᠤᠭᠠᠨ ᠨᠢ ᠥᠪᠡᠷᠲᠡᠭᠡᠨ ᠵᠠᠰᠠᠬᠤ ᠣᠷᠣᠨ᠎ᠤ ᠣᠯᠠᠨ ᠲᠦᠮᠡᠨᠴᠢ ᠫᠢᠩᠫᠠᠩ ᠪᠥᠮᠪᠥᠭᠡ᠎ᠶᠢᠨ ᠬᠦᠷᠢᠶᠡᠨ᠎ᠳᠡᠬᠢ ᠨᠥᠯᠥᠭᠡ ᠶᠡᠬᠡᠲᠡᠢ ᠨᠠᠷᠠᠲᠤ ᠲᠦᠷᠦᠯ ᠲᠡᠮᠳᠡᠭᠲᠦ ᠤᠷᠤᠯᠳᠤᠭᠠᠨ ᠪᠣᠯᠤᠭᠰᠠᠨ᠎ᠤ ᠬᠤᠪᠢ᠎ᠳᠤ ᠤᠷᠤᠯᠳᠤᠭᠠᠨ ᠡᠬᠢᠯᠡᠭᠰᠡᠨ᠎ᠡᠴᠡ ᠨᠠᠭᠠᠰᠢ  ᠭᠦᠨ ᠵᠤᠵᠠᠭᠠᠨ ᠤᠷᠤᠯᠳᠤᠭᠠᠨ᠎ᠤ ᠠᠭᠤᠷ ᠠᠮᠢᠰᠬᠤᠯ ᠪᠠ ᠢᠯᠡ ᠲᠣᠳᠣ᠌ ᠭᠡᠷ ᠪᠦᠯᠢ᠎ᠶᠢᠨ ᠣᠨᠴᠠᠯᠢᠭ᠋᠎ᠢᠶᠠᠷ᠎ᠢᠶᠠᠨ ᠥᠷᠭᠡᠨ ᠣᠯᠠᠨ ᠫᠢᠩᠫᠠᠩ ᠪᠥᠮᠪᠥᠭᠡ᠎ᠶᠢᠨ ᠪᠠᠬᠠᠲᠠᠳ᠎ᠤᠨ ᠠᠩᠬᠠᠷᠤᠯ᠎ᠳᠦ ᠬᠦᠷᠪᠡ᠃ ᠤᠷᠤᠯᠳᠤᠭᠠᠨ ᠨᠢ ᠬᠤᠪᠢ ᠬᠥᠮᠥᠨ᠎ᠦ ᠮᠥᠷᠥᠢᠴᠡᠭᠡᠨ ᠪᠠ ᠭᠡᠷ ᠪᠦᠯᠢ᠎ᠶᠢᠨ ᠪᠦᠯᠬᠦᠮ᠎ᠦᠨ ᠬᠠᠮᠵᠢᠯᠴᠠᠭ᠎ᠠ᠎ᠶᠢ ᠬᠠᠮᠲᠤ ᠳ᠋ᠤᠨᠢ ᠬᠠᠷᠠᠭᠠᠯᠵᠠᠵᠤ᠂ ᠪᠥᠮᠪᠥᠭᠡᠨ ᠮᠡᠷᠭᠡᠵᠢᠯ᠎ᠢ ᠮᠥᠷᠥᠢᠴᠡᠬᠦ ᠎ᠶᠢᠨ ᠬᠠᠮᠲᠤ 《ᠡᠷᠡᠭᠦᠯ ᠴᠢᠭᠢᠷᠠᠭ ᠪᠠᠶᠠᠷ ᠪᠠᠶᠠᠰᠤᠯ᠎ᠲᠠᠢ ᠡᠶ᠎ᠡ ᠵᠣᠬᠢᠴᠠᠩᠭᠤᠢ ᠭᠡᠷ ᠪᠦᠯᠢ》 ᠭᠡᠬᠦ ᠭᠣᠣᠯ ᠰᠡᠳᠦᠪ᠎ᠦᠨ ᠲᠣᠭᠣᠷᠢᠨ᠎ᠳᠤ ᠫᠢᠩᠫᠠᠩ ᠪᠥᠮᠪᠥᠭᠡ᠎ᠶᠢᠨ ᠲᠠᠮᠢᠷ᠎ᠤᠨ ᠬᠥᠳᠡᠯᠭᠡᠭᠡᠨ ᠪᠠ ᠭᠡᠷ ᠪᠦᠯᠢ᠎ᠶᠢᠨ ᠬᠠᠢᠷ᠎ᠠ ᠰᠡᠳᠬᠢᠯᠭᠡ᠎ᠶᠢ ᠨᠢᠭᠡ ᠴᠣᠭᠴᠠ ᠪᠣᠯᠭᠠᠨ ᠠᠭᠤᠰᠤᠯᠴᠠᠭᠤᠯᠪᠠ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面