2026-11-11 11:31:55
2026 ᠣᠨ᠎ᠤ ᠪᠥᠬᠥ ᠤᠯᠤᠰ᠎ᠤᠨ ᠣᠲᠣ᠌ ᠦᠶ᠎ᠡ᠎ᠶᠢᠨ ᠲᠠᠪᠤᠨ ᠵᠦᠢᠯ᠎ᠦᠨ ᠮᠠᠩᠯᠠᠢ ᠰᠢᠯᠭᠠᠷᠠᠭᠤᠯᠬᠤ ᠤᠷᠤᠯᠳᠤᠭᠠᠨ᠎ᠤ ᠰᠢᠢᠳᠪᠦᠷᠢᠲᠦ ᠤᠷᠤᠯᠳᠤᠭᠠᠨ ᠣᠢᠷ᠎ᠠ᠎ᠳᠤ ᠬᠤᠪᠧᠢ ᠮᠤᠵᠢ᠎ᠶᠢᠨ ᠣᠯᠢᠮᠫᠢᠺ᠎ᠤᠨ ᠪᠡᠶ᠎ᠡ᠎ᠶᠢᠨ ᠲᠠᠮᠢᠷ᠎ᠤᠨ ᠲᠥᠪ᠎ᠲᠦ ᠥᠨᠳᠥᠷᠯᠡᠪᠡ᠃ ᠥᠪᠥᠷ ᠮᠣᠩᠭᠣᠯ᠎ᠤᠨ ᠳᠠᠮᠢᠷᠴᠢᠳ ᠭᠠᠷᠮᠠᠭᠠᠢ ᠦᠷᠢᠰᠦᠯᠳᠦᠵᠦ 4 ᠲᠥᠷᠥᠯ ᠵᠦᠢᠯ᠎ᠦᠨ ᠠᠯᠲᠠᠨ ᠮᠧᠳᠠᠯ᠎ᠢ ᠰᠢᠭᠦᠷᠦᠯᠡ᠃
2026 ᠣᠨ᠎ᠤ ᠤᠷᠤᠯᠳᠤᠭᠠᠨ᠎ᠤ ᠤᠯᠠᠷᠢᠯ᠎ᠤᠨ ᠪᠥᠬᠥ ᠤᠯᠤᠰ᠎ᠤᠨ ᠣᠲᠣ᠌ ᠦᠶ᠎ᠡ᠎ᠶᠢᠨ ᠲᠠᠪᠤᠨ ᠵᠦᠢᠯ᠎ᠦᠨ ᠤᠷᠤᠯᠳᠤᠭᠠᠨ᠎ᠤ ᠰᠢᠰᠲᠧᠮ᠎ᠦᠨ ᠬᠠᠮᠤᠭ᠎ᠤᠨ ᠳᠡᠭᠡᠳᠦ ᠲᠠᠰ᠎ᠤᠨ ᠰᠡᠭᠦᠯ ᠬᠤᠷᠢᠶᠠᠬᠤ ᠳᠤᠰ ᠤᠷᠤᠯᠳᠤᠭᠠᠨ᠎ᠳᠦ ᠥᠪᠥᠷ ᠮᠣᠩᠭᠣᠯ᠂ ᠱᠠᠩᠬᠠᠢ᠂ ᠵᠢᠶᠠᠩᠰᠤ᠂ ᠱᠠᠨᠳᠦ᠋ᠩ᠂ ᠾᠧᠨᠠᠨ᠂ ᠬᠤᠪᠧᠢ᠂ ᠬᠤᠨᠠᠨ᠂ ᠭᠤᠸᠠᠩᠳᠦ᠋ᠩ᠂ ᠬᠠᠢᠨᠠᠨ᠂ ᠰᠸᠴᠤᠸᠠᠨᠵᠡᠷᠭᠡ 10 ᠠᠩᠭᠢ ᠶᠢᠨ 70 ᠣᠷᠣᠢᠯᠠᠭᠰᠠᠨ ᠲᠠᠮᠢᠷᠴᠢᠨ ᠣᠷᠣᠯᠴᠠᠪᠠ᠃
ᠲᠣᠰ ᠤᠳᠠᠭᠠᠨ᠎ᠤ ᠤᠷᠤᠯᠳᠤᠭᠠᠨ᠎ᠳᠤ 6 ᠡᠳᠦᠷ᠎ᠦᠨ ᠰᠢᠷᠦᠭᠦᠨ ᠲᠡᠮᠡᠴᠡᠭᠡᠨ᠎ᠢᠶᠡᠷ ᠳᠡᠮᠵᠢᠨ ᠨᠡᠶ᠋ᠢᠲᠡ 7 ᠮᠠᠩᠯᠠᠢ ᠰᠢᠯᠭᠠᠷᠭᠤᠯᠵᠦ᠂ ᠥᠪᠥᠷ ᠮᠣᠩᠭᠣᠯ᠎ᠤᠨ ᠲᠠᠮᠢᠷᠴᠢᠳ ᠡᠷᠡᠭᠲᠡᠢ᠎ᠶᠢᠨ ᠬᠤᠪᠢ ᠬᠥᠮᠥᠨ᠂ ᠡᠮᠡᠭᠲᠡᠢ᠎ᠶᠢᠨ ᠬᠠᠮᠲᠤ᠂ ᠡᠷᠡᠭᠲᠡᠢ᠎ᠶᠢᠨ ᠪᠤᠤᠬᠢᠶ᠎ᠠ᠂ ᠬᠣᠯᠢᠮᠠᠭ ᠪᠤᠤᠬᠢᠶ᠎ᠠ ᠵᠡᠷᠭᠡ 4 ᠲᠥᠷᠥᠯ ᠵᠦᠢᠯ᠎ᠦᠨ ᠤᠷᠤᠯᠳᠤᠭᠠᠨ ᠳ᠋ᠤ ᠮᠠᠩᠯᠠᠢᠯᠠᠵᠠᠢ᠃ ᠡᠷᠡᠭᠲᠡᠢ᠎ᠶᠢᠨ ᠬᠤᠪᠢ ᠬᠥᠮᠥᠨ᠎ᠦ ᠰᠢᠢᠳᠪᠦᠷᠢᠲᠦ ᠤᠷᠤᠯᠳᠤᠭᠠᠨ᠎ᠳᠤ᠂ ᠥᠪᠥᠷ ᠮᠣᠩᠭᠣᠯ᠎ᠤᠨ ᠠᠩᠭᠢ᠎ᠶᠢᠨ ᠯᠢᠦ ᠵᠧᠨ ᠹᠧᠩ ᠬᠦᠶᠦᠬᠦ ᠵᠢᠨ ᠵᠡᠷᠭᠡ ᠯᠠᠢᠰᠧᠷ ᠵᠢᠨᠷ ᠬᠠᠷᠪᠤᠬᠤ ᠤᠷᠤᠯᠳᠤᠭᠠᠨ᠎ᠳᠤ ᠮᠠᠩᠯᠠᠢᠯᠠᠪᠠ᠃ ᠯᠢᠦ ᠵᠧᠨ ᠹᠧᠩ ᠪᠠᠰᠠ ᠰᠦᠨ ᠬᠣᠩ ᠶᠤᠸᠠᠢ ᠲᠠᠢ ᠬᠠᠮᠲᠤ ᠡᠷᠡᠭᠲᠡᠢ᠎ᠶᠢᠨ ᠪᠤᠤᠬᠢᠶ᠎ᠠ ᠤᠷᠤᠯᠳᠤᠭᠠᠨ᠎ᠤ ᠠᠯᠲᠠᠨ ᠮᠧᠳᠠᠯ᠎ᠢ ᠣᠯᠪᠠ᠃ ᠬᠤᠯᠢᠮᠠᠬ ᠪᠤᠤᠬᠢᠶ᠎ᠠ ᠤᠷᠤᠯᠳᠤᠭᠠᠨ᠎ᠳᠤ᠂ ᠥᠪᠥᠷ ᠮᠣᠩᠭᠣᠯ᠎ᠤᠨ ᠠᠩᠭᠢ᠎ᠶᠢᠨ ᠰᠦᠨ ᠰᠢᠤᠸᠠᠢ ᠨᠢ᠂ ᠸᠠᠩ ᠺᠠᠩ ᠢᠦᠢ ᠠᠯᠲᠠᠨ ᠮᠧᠳᠠᠯ ᠣᠯᠪᠠ᠃ ᠡᠭᠦᠨ᠎ᠡᠴᠡ ᠭᠠᠳᠠᠨ᠎ᠠ᠂ ᠥᠪᠥᠷ ᠮᠣᠩᠭᠣᠯ᠎ᠤᠨ ᠠᠩᠭᠢ ᠵᠢᠨ ᠬᠢᠨ ᠪᠠᠰᠠ ᠬᠠᠮᠲᠤ ᠨᠡᠢᠲᠡ᠎ᠶᠢᠨ ᠳᠠᠪᠠᠭᠤᠯᠢᠭ᠋ᠵᠢᠡᠨ ᠪᠠᠳᠠᠷᠠᠭᠤᠯᠵᠦ ᠡᠮᠡᠭᠲᠡᠢ᠎ᠶᠢᠨ ᠬᠠᠮᠲᠤ ᠵᠢᠨ ᠠᠯᠲᠠᠨ ᠮᠧᠳᠠᠯ ᠪᠠ ᠪᠡᠶ᠎ᠡ᠎ᠶᠢᠨ ᠲᠠᠮᠢᠷ᠎ᠤᠨ ᠶᠣᠰᠣ᠌ ᠰᠤᠷᠲᠠᠬᠤᠨ᠎ᠤ ᠬᠡᠪ ᠰᠤᠷᠲᠠᠯ᠎ᠤᠨ ᠱᠠᠩᠨᠠᠯ᠎ᠢ ᠬᠦᠷᠲᠡᠪᠡ᠃
ᠢᠷᠡᠯᠲᠡ ᠄ ᠲᠠᠯ᠎ᠠ ᠨᠤᠲᠤᠬ᠎ᠤᠨ ᠡᠭᠦᠯᠡ ᠰᠢᠯᠵᠢᠶ᠎ᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃