2026-11-26 11:11:53
2026 ᠣᠨ᠎ᠤ ᠪᠥᠬᠥ ᠤᠯᠤᠰ᠎ᠤᠨ ᠰᠤᠨᠤᠷ ᠠᠯᠳᠠᠭᠰᠠᠳ᠎ᠤᠨ ᠰᠠᠭᠰᠤᠨ ᠪᠥᠮᠪᠥᠭᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ 22᠎ᠤ᠋ᠨ ᠡᠳᠦᠷ ᠪᠡᠭᠡᠵᠢᠩ᠎ᠤᠨ ᠳᠤᠮᠳᠠᠳᠤ ᠤᠯᠤᠰ᠎ᠤᠨ ᠵᠡᠮᠳᠡᠭᠴᠦᠳ᠎ᠦᠨ ᠪᠡᠶ᠎ᠡ᠎ᠶᠢᠨ ᠲᠠᠮᠢᠷ᠎ᠤᠨ ᠬᠠᠮᠢᠶᠠᠷᠤᠯᠲᠠ᠎ᠶᠢᠨ ᠲᠥᠪ᠎ᠲᠦ ᠡᠬᠢᠯᠡᠪᠡ᠃ ᠲᠣᠰ ᠤᠳᠠᠭᠠᠨ᠎ᠤ ᠤᠷᠤᠯᠳᠤᠭᠠᠨ᠎ᠢ ᠳᠤᠮᠳᠠᠳᠤ ᠤᠯᠤᠰ᠎ᠤᠨ ᠵᠡᠮᠳᠡᠭᠴᠦᠳ᠎ᠦᠨ ᠬᠣᠯᠪᠣᠭ᠎ᠠ᠂ ᠳᠤᠮᠳᠠᠳᠤ ᠤᠯᠤᠰ᠎ᠤᠨ ᠰᠤᠨᠤᠷ ᠠᠯᠳᠠᠭᠰᠠᠳ᠎ᠤᠨ ᠪᠡᠶ᠎ᠡ᠎ᠶᠢᠨ ᠲᠠᠮᠢᠷ᠎ᠤᠨ ᠨᠡᠢᠭᠡᠮᠯᠢᠭ᠎ᠡᠴᠡ ᠭᠣᠣᠯᠯᠠᠨ ᠡᠷᠭᠢᠯᠡᠵᠦ᠂ ᠳᠤᠮᠳᠠᠳᠤ ᠤᠯᠤᠰ᠎ᠤᠨ ᠵᠡᠮᠳᠡᠭᠴᠦᠳ᠎ᠦᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠬᠠᠮᠢᠶᠠᠷᠤᠯᠲᠠ᠎ᠶᠢᠨ ᠲᠥᠪ᠎ᠡᠴᠡ ᠳᠠᠭᠠᠭᠠᠴᠢᠯᠠᠨ ᠡᠷᠭᠢᠯᠡᠵᠦ᠂ ᠡᠨᠡ ᠨᠢ ᠤᠯᠤᠰ᠎ᠤᠨ ᠳᠣᠲᠣᠭᠠᠳᠤ᠎ᠶᠢᠨ ᠰᠤᠨᠤᠷ ᠠᠯᠳᠠᠭᠰᠠᠳ᠎ᠤᠨ ᠰᠠᠭᠰᠤᠨ ᠪᠥᠮᠪᠥᠭᠡ᠎ᠶᠢᠨ ᠲᠥᠷᠥᠯ ᠵᠦᠢᠯ᠎ᠦᠨ ᠬᠠᠮᠤᠭ᠎ᠤᠨ ᠥᠨᠳᠥᠷ ᠬᠢᠷᠢ ᠲᠦᠪᠰᠢᠨ ᠪᠦᠬᠦᠢ ᠤᠯᠤᠰ᠎ᠤᠨ ᠲᠠᠰ᠎ᠤᠨ ᠲᠤᠰᠬᠠᠢ ᠮᠡᠷᠭᠡᠵᠢᠯ᠎ᠦᠨ ᠤᠷᠤᠯᠳᠤᠭᠠᠨ ᠪᠣᠯᠣᠨ᠎ᠠ᠃
ᠤᠷᠤᠯᠳᠤᠭᠠᠨ᠎ᠳᠤ ᠲᠠᠪᠤᠨ ᠬᠥᠮᠥᠨ᠎ᠦ ᠳᠦᠷᠢᠮᠲᠦ ᠡᠷᠡᠭᠲᠡᠢ᠂ ᠲᠠᠪᠤᠨ ᠬᠥᠮᠥᠨ᠎ᠦ ᠳᠦᠷᠢᠮᠲᠦ ᠡᠮᠡᠭᠲᠡᠢ᠂ ᠭᠤᠷᠪᠠᠨ ᠬᠥᠮᠥᠨ᠎ᠦ ᠳᠦᠷᠢᠮᠲᠦ ᠡᠷᠡᠭᠲᠡᠢ᠂ ᠭᠤᠷᠪᠠᠨ ᠬᠥᠮᠥᠨ᠎ᠦ ᠳᠦᠷᠢᠮᠲᠦ ᠡᠮᠡᠭᠲᠡᠢ᠎ᠶᠢᠨ ᠳᠥᠷᠪᠡᠨ ᠤᠷᠤᠯᠳᠤᠭᠠᠨ᠎ᠤ ᠳᠤᠭᠤᠢᠯᠠᠩ ᠲᠣᠬᠢᠷᠠᠭᠤᠯᠵᠤ᠂ ᠡᠯ᠎ᠡ ᠲᠥᠯᠥᠭᠡᠯᠡᠭᠴᠢᠳ᠎ᠦᠨ ᠠᠩᠭᠢ ᠤᠷᠤᠯᠳᠤᠭᠠᠨ᠎ᠳᠤ ᠣᠷᠣᠯᠴᠠᠬᠤ ᠳᠠᠩᠰᠠᠯᠠᠯᠳᠠ᠂ ᠬᠥᠭᠡᠷᠦᠭᠦᠯᠬᠦ ᠡᠮ ᠬᠡᠷᠡᠭᠯᠡᠬᠦ᠎ᠶᠢ ᠬᠢᠵᠠᠭᠠᠷᠯᠠᠬᠤ ᠬᠥᠮᠦᠵᠢᠯ᠂ ᠪᠡᠶ᠎ᠡ᠎ᠶᠢᠨ ᠪᠠᠢᠴᠠᠭᠠᠯᠲᠠ᠎ᠶᠢᠨ ᠳᠠᠭᠠᠳᠬᠠᠯ ᠵᠡᠷᠭᠡ ᠪᠥᠬᠥ ᠶᠠᠪᠤᠴᠠ᠎ᠶᠢᠨ ᠬᠢᠷᠢ ᠬᠡᠮ᠎ᠦᠨ ᠬᠢᠨᠠᠨ ᠪᠠᠢᠴᠠᠭᠠᠯᠲᠠ᠎ᠶᠢ ᠴᠢᠩᠭ᠎ᠠ ᠬᠡᠷᠡᠭᠵᠢᠭᠦᠯᠵᠦ᠂ ᠤᠷᠤᠯᠳᠤᠭᠠᠨ᠎ᠤ ᠡᠷᠬᠡ ᠲᠡᠭᠰᠢ ᠡᠮᠬᠢ ᠵᠢᠷᠤᠮ᠎ᠲᠠᠢ ᠶᠠᠪᠤᠭᠳᠠᠬᠤ᠎ᠶᠢ ᠦᠨᠡᠨ ᠬᠦ᠌ ᠪᠠᠲᠤᠯᠠᠪᠠ᠃ ᠪᠡᠭᠡᠵᠢᠩ᠂ ᠲᠢᠶᠠᠨᠵᠢᠨ᠂ ᠾᠧᠪᠧᠢ᠂ ᠯᠢᠶᠣᠤᠨᠢᠩ᠂ ᠱᠠᠨᠳᠦ᠋ᠩ᠂ ᠭᠤᠸᠠᠩᠳᠦ᠋ᠩ᠂ ᠰᠸᠴᠤᠸᠠᠨ᠂ ᠬᠥᠬᠡᠨᠠᠭᠤᠷ᠎ᠤᠨ 8 ᠲᠦᠯᠦᠬᠡᠯᠡᠭᠴᠢ᠎ᠶᠢᠨ ᠪᠦᠯᠬᠦᠮ ᠤ᠋ᠨ 236 ᠲᠠᠮᠢᠷᠴᠢᠨ᠂ ᠳᠠᠰᠬᠠᠯᠵᠢᠭᠤᠯᠤᠭ᠍ᠴᠢ ᠵᠢᠴᠢ ᠠᠵᠢᠯᠲᠠᠨ ᠪᠡᠭᠡᠵᠢᠩ᠎ᠳᠦ ᠴᠤᠭᠯᠠᠷᠠᠵᠤ᠂ 10 ᠡᠳᠦᠷ᠎ᠦᠨ ᠬᠤᠭᠤᠴᠠᠭ᠎ᠠ᠎ᠲᠠᠢ ᠤᠷᠤᠯᠳᠤᠭᠠᠨ ᠶᠠᠪᠤᠭᠳᠠᠭᠤᠯᠤᠨ᠎ᠠ᠃
ᠰᠤᠨᠤᠷ ᠠᠯᠳᠠᠭᠰᠠᠳ᠎ᠤᠨ ᠰᠠᠭᠰᠤᠨ ᠪᠥᠮᠪᠥᠭᠡ᠎ᠶᠢᠨ ᠤᠷᠤᠯᠳᠤᠭᠠᠨ᠎ᠤ ᠲᠠᠯᠠᠪᠤᠷ᠎ᠲᠤ᠂ ᠲᠠᠮᠢᠷᠴᠢᠨ ᠭᠠᠷᠤᠨ ᠳᠣᠬᠢᠶ᠎ᠠ᠂ ᠬᠠᠷᠠᠴᠠ ᠪᠣᠯᠣᠨ ᠰᠡᠳᠬᠢᠯ ᠰᠠᠨᠠᠭᠠᠨ᠎ᠤ ᠮᠡᠳᠡᠷᠡᠯᠴᠡᠯ ᠵᠡᠷᠬᠡ ᠪᠠᠢᠯᠳᠤᠬᠤ ᠠᠷᠭ᠎ᠠ᠎ᠶᠢᠨ ᠬᠠᠮᠵᠢᠯᠴᠠᠭ᠎ᠠ ᠪᠡᠷ ᠤᠷᠤᠯᠳᠤᠭᠠᠨ᠎ᠢᠶᠡᠨ ᠪᠡᠶᠡᠯᠡᠬᠦᠯᠦᠨ᠎ᠡ᠃ ᠤᠷᠤᠯᠳᠤᠭᠠᠨ᠎ᠳᠤ ᠰᠤᠨᠤᠷ ᠠᠯᠳᠠᠭᠰᠠᠳ᠎ᠤᠨ ᠰᠠᠭᠰᠤᠨ ᠪᠥᠮᠪᠥᠭᠡ᠎ᠶᠢᠨ ᠣᠨᠴᠠᠭᠠᠶ ᠤᠷᠤᠯᠳᠤᠭᠠᠨ᠎ᠤ ᠲᠣᠭᠲᠠᠭᠠᠯ᠎ᠢ ᠴᠢᠩᠭ᠎ᠠ ᠨᠠᠢᠳᠠᠪᠤᠷᠢᠵᠢᠭᠤᠯᠵᠤ᠂ ᠲᠠᠯᠠᠪᠤᠷ ᠳᠡᠭᠡᠷᠡᠬᠢ ᠲᠠᠮᠢᠷᠴᠢᠳ ᠰᠣᠨᠣᠷ ᠲᠤᠳᠤᠤᠡᠬᠠᠭᠤᠷ ᠵᠡᠭᠦᠵᠦ ᠪᠣᠯᠬᠤ ᠦᠭᠡᠢ᠂ ᠬᠢᠮᠡᠯ ᠴᠢᠬᠢᠨ ᠲᠤᠩ ᠵᠡᠭᠦᠭᠰᠡᠨ ᠲᠠᠮᠢᠷᠴᠢᠳ ᠭᠠᠳᠠᠷ ᠴᠢᠬᠢᠨ᠎ᠦ ᠬᠤᠷᠢᠶᠠᠭᠤᠷ ᠬᠡᠷᠡᠭᠯᠡᠵᠦ ᠪᠣᠯᠬᠤ ᠦᠭᠡᠢ᠂ ᠬᠠᠷᠢᠭᠤᠴᠠᠯᠭ᠎ᠠ ᠬᠡᠯᠲᠦᠷᠢᠭᠦᠯᠬᠦ ᠢᠯᠡᠷᠬᠡᠢᠯᠡᠯᠲᠡ᠎ᠳᠦ ᠭᠠᠷᠤᠨ ᠥᠰᠥᠭ ᠵᠢᠷᠤᠭᠰᠠᠨ᠎ᠤ ᠳᠠᠷᠠᠭ᠎ᠠ ᠰᠠᠶᠢ ᠲᠠᠯᠠᠪᠠᠶ᠎ᠳᠤ ᠣᠷᠣᠵᠤ ᠤᠷᠤᠯᠳᠤᠭᠠᠨ᠎ᠳᠤ ᠣᠷᠣᠯᠴᠠᠵᠤ ᠪᠣᠯᠣᠨ᠎ᠠ᠃ ᠤᠷᠤᠯᠳᠤᠭᠠᠨ ᠨᠢ ᠳᠤᠮᠳᠠᠳᠤ ᠤᠯᠤᠰ᠎ᠤᠨ ᠰᠠᠭᠰᠤᠨ ᠪᠥᠮᠪᠥᠭᠡ᠎ᠶᠢᠨ ᠨᠡᠢᠭᠡᠮᠯᠢᠭ᠎ᠦᠨ ᠬᠠᠮᠤᠭ᠎ᠤᠨ ᠰᠢᠨ᠎ᠡ ᠰᠠᠭᠰᠤᠨ ᠪᠥᠮᠪᠥᠭᠡ᠎ᠶᠢᠨ ᠳᠦᠷᠢᠮ ᠵᠢᠴᠢ ᠳᠤᠮᠳᠠᠳᠤ ᠤᠯᠤᠰ᠎ᠤᠨ ᠰᠤᠨᠤᠷ ᠠᠯᠳᠠᠭᠰᠠᠳ᠎ᠤᠨ ᠪᠡᠶ᠎ᠡ᠎ᠶᠢᠨ ᠲᠠᠮᠢᠷ᠎ᠤᠨ ᠨᠡᠢᠭᠡᠮᠯᠢᠭ᠎ᠦᠨ ᠲᠥᠷᠥᠯ ᠵᠦᠢᠯ᠎ᠦᠨ ᠲᠠᠰ ᠬᠤᠪᠢᠶᠠᠬᠤ ᠲᠣᠭᠲᠠᠭᠠᠯ᠎ᠢ ᠬᠡᠷᠡᠭᠵᠢᠭᠦᠯᠵᠦ᠂ ᠤᠷᠤᠯᠳᠤᠭᠠᠨ᠎ᠤ ᠡᠷᠬᠡ ᠲᠡᠭᠰᠢ᠎ᠶᠢᠨ ᠬᠣᠷᠢᠭ᠎ᠠ ᠱᠤᠭᠤᠮ᠎ᠢ ᠪᠥᠬᠥ ᠲᠠᠯ᠎ᠠ᠎ᠪᠠᠷ ᠪᠡᠬᠢᠵᠢᠭᠦᠯᠪᠡ᠃ ᠤᠷᠤᠯᠳᠤᠭᠠᠨ᠎ᠳᠤ 《ᠪᠡᠶ᠎ᠡ᠎ᠶᠢᠨ ᠲᠠᠮᠢᠷ᠎ᠤᠨ ᠶᠣᠰᠣ᠌ ᠮᠣᠷᠠᠯ᠎ᠤᠨ ᠬᠡᠪ ᠰᠤᠷᠲᠠᠯ᠎ᠤᠨ ᠱᠠᠩᠨᠠᠯ》᠂ ᠭᠤᠷᠪᠠᠨ ᠬᠥᠮᠥᠨ᠎ᠦ ᠳᠦᠷᠢᠮᠲᠦ ᠪᠠ ᠲᠠᠪᠤᠨ ᠬᠥᠮᠥᠨ᠎ᠦ ᠳᠦᠷᠢᠮᠲᠦ ᠬᠠᠮᠤᠭ᠎ᠤᠨ ᠦᠨ᠎ᠡ ᠥᠷᠲᠡᠭ᠎ᠲᠠᠢ ᠪᠥᠮᠪᠥᠭᠡᠴᠢᠨ᠂ ᠬᠠᠮᠤᠭ᠎ᠤᠨ ᠰᠢᠯᠢᠳᠡᠭ ᠪᠦᠯᠬᠦᠮ ᠵᠡᠷᠭᠡ ᠣᠨᠴᠠᠯᠢᠭ᠍ᠲᠤ ᠱᠠᠩᠨᠠᠯ᠎ᠤᠨ ᠵᠦᠢᠯ᠎ᠢ ᠲᠣᠬᠢᠷᠠᠭᠤᠯᠪᠠ᠃
ᠤᠷᠤᠯᠳᠤᠭᠠᠨ᠎ᠢ ᠵᠣᠬᠢᠶᠠᠨ ᠪᠠᠶ᠋ᠢᠭᠤᠯᠬᠤ ᠲᠠᠯ᠎ᠠ᠂ ᠲᠣᠰ ᠤᠳᠠᠭ᠎ᠠ ᠶᠢᠨ ᠪᠥᠬᠥ ᠤᠯᠤᠰ᠎ᠤᠨ ᠰᠤᠨᠤᠷ ᠠᠯᠳᠠᠭᠰᠠᠳ ᠤ᠋ᠨ ᠰᠠᠭᠰᠤᠨ ᠪᠥᠮᠪᠥᠭᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠪᠣᠯ ᠪᠥᠬᠥ ᠤᠯᠤᠰ᠎ᠤᠨ ᠰᠤᠨᠤᠷ ᠠᠯᠳᠠᠭᠰᠠᠳ᠎ᠤᠨ ᠰᠠᠭᠰᠤᠨ ᠪᠥᠮᠪᠥᠭᠡ᠎ᠶᠢᠨ ᠬᠥᠳᠡᠯᠭᠡᠭᠡᠨ᠎ᠦ ᠬᠢᠷᠢ ᠲᠦᠪᠰᠢᠨ᠎ᠢ ᠲᠥᠪᠯᠡᠷᠡᠭᠦᠯᠦᠨ ᠰᠢᠯᠭᠠᠨ ᠦᠵᠡᠬᠦ ᠶᠠᠪᠤᠳᠠᠯ ᠪᠣᠯᠬᠤ ᠪᠥᠭᠡᠳ ᠪᠠᠰᠠ ᠴᠤ᠌ ᠵᠡᠮᠳᠡᠭᠴᠦᠳ᠎ᠦᠨ ᠣᠯᠠᠨ ᠲᠦᠮᠡᠨ᠎ᠦ ᠪᠡᠶ᠎ᠡ᠎ᠶᠢᠨ ᠲᠠᠮᠢᠷ᠎ᠤᠨ ᠬᠥᠭᠵᠢᠯᠲᠡ᠎ᠶᠢ ᠠᠬᠢᠭᠤᠯᠬᠤ᠂ ᠵᠡᠮᠳᠡᠭᠴᠦᠳ᠎ᠦᠨ ᠡᠷᠡᠭᠦᠯ ᠮᠡᠨᠳᠦ᠎ᠶᠢᠨ ᠠᠭᠤᠰᠤᠯᠴᠠᠯ᠎ᠢ ᠠᠬᠢᠭᠤᠯᠬᠤ ᠴᠢᠬᠤᠯᠠ ᠲᠠᠪᠴᠠᠩ ᠪᠣᠯᠣᠨ᠎ᠠ᠃ ᠤᠷᠤᠯᠳᠤᠭᠠᠨ᠎ᠢ ᠵᠣᠬᠢᠶᠠᠨ ᠪᠠᠶ᠋ᠢᠭᠤᠯᠬᠤ ᠲᠠᠯ᠎ᠠ᠎ᠶᠢᠨ ᠬᠢᠨ ᠡᠯ᠎ᠡ ᠵᠦᠢᠯ᠎ᠦᠨ ᠶᠡᠷᠦᠩᠬᠡᠢᠯᠡᠭᠰᠡᠨ ᠪᠠᠲᠤᠯᠠᠭ᠎ᠠ᠎ᠶᠢ ᠨᠢᠭᠡᠳᠦᠯᠲᠡᠢ ᠲᠥᠯᠥᠪᠵᠢᠬᠦᠯᠦᠨ ᠰᠠᠢᠲᠤᠷ ᠬᠢᠵᠦ᠂ ᠵᠢᠩᠬᠢᠨᠢ ᠤᠷᠤᠯᠳᠤᠭᠠᠨ᠎ᠤ ᠲᠠᠯᠠᠪᠤᠷ᠎ᠡᠴᠡ ᠭᠠᠳᠠᠨ᠎ᠠ᠂ ᠡᠯ᠎ᠡ ᠠᠩᠭᠢ᠎ᠶᠢᠨ ᠤᠷᠢᠳᠴᠢᠯᠠᠨ ᠪᠣᠯᠵᠣᠬᠤ ᠪᠣᠯᠪᠠᠰᠤᠷᠠᠯ᠎ᠳᠤ ᠲᠤᠰᠬᠠᠢ ᠪᠣᠯᠪᠠᠰᠤᠷᠠᠯ᠎ᠤᠨ ᠲᠠᠯᠠᠪᠤᠷ ᠭᠠᠷᠭᠠᠵᠤ᠂ ᠡᠭᠦᠨ᠎ᠦ ᠬᠠᠮᠲᠤ ᠡᠯ᠎ᠡ ᠭᠠᠵᠠᠷ᠎ᠤᠨ ᠲᠠᠨᠢᠯᠴᠠᠭᠤᠯᠤᠭᠰᠠᠨ ᠳᠠᠳᠤᠯᠭ᠎ᠠ᠎ᠶᠢᠨ ᠬᠢᠨᠠᠭ᠍ᠴᠢ᠎ᠶᠢ ᠵᠣᠬᠢᠶᠠᠨ ᠪᠠᠢᠭᠤᠯᠵᠤ ᠲᠤᠬᠠᠢᠯᠠᠭᠰᠠᠨ ᠠᠵᠢᠯ᠎ᠤᠨ ᠪᠣᠯᠪᠠᠰᠤᠷᠠᠯ ᠪᠠ ᠲᠤᠬᠠᠢ᠎ᠶᠢᠨ ᠲᠠᠯᠠᠪᠤᠷ᠎ᠤᠨ ᠳᠠᠳᠤᠯᠭ᠎ᠠ᠎ᠳᠤ ᠣᠷᠣᠯᠴᠠᠭᠤᠯᠵᠤ᠂ ᠰᠤᠨᠤᠷ ᠠᠯᠳᠠᠭᠰᠡᠳ᠎ᠤᠨ ᠰᠠᠭᠰᠤᠨ ᠪᠥᠮᠪᠥᠭᠡ᠎ᠶᠢᠨ ᠲᠥᠷᠥᠯ ᠵᠦᠢᠯ᠎ᠳᠦ ᠬᠢᠨᠠᠭ᠍ᠴᠢ᠎ᠶᠢᠨ ᠴᠢᠳᠠᠪᠤᠷᠢᠲᠠᠨ᠎ᠢ ᠨᠥᠭᠡᠴᠡᠯᠡᠨ᠎ᠡ ᠭᠡᠵᠦ ᠢᠯᠡᠳᠭᠡᠪᠡ᠃
(ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃