ᠲᠡᠷᠢᠭᠦᠨ ᠨᠢᠭᠤᠷ>ᠨᠠᠭᠠᠳᠤᠮ ᠴᠡᠩᠬᠡᠭᠦᠨ>ᠪᠡᠶ᠎ᠡ᠎ᠶ᠋ᠢᠨ ᠲᠠᠮᠢᠷ

2025-12-30 16:15:14

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠤᠯᠤᠰ᠎ᠤᠨ ᠪᠡᠶ᠎ᠡ᠎ᠶ᠋ᠢᠨ ᠲᠠᠮᠢᠷ᠎ᠤᠨ ᠶᠡᠷᠦᠩᠬᠡᠶ ᠲᠣᠪᠴᠢᠶ᠎ᠠ᠎ᠶ᠋ᠢᠨ ᠵᠣᠬᠢᠶᠠᠨ ᠪᠠᠢᠭᠤᠯᠵᠤ ᠨᠠᠢᠷᠠᠭᠤᠯᠤᠭ᠍ᠰᠠᠨ 《ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠤᠨ ᠰᠤᠷᠤᠯᠴᠠᠯᠭ᠎ᠠ᠎ᠶ᠋ᠢᠨ ᠤᠩᠱᠢᠬᠤ ᠪᠢᠴᠢᠭ》 ᠢ᠋ ᠣᠢᠷ᠎ᠠ᠎ᠳᠤ ᠠᠷᠠᠳ᠎ᠤᠨ ᠬᠡᠪᠯᠡᠯ᠎ᠦᠨ ᠬᠣᠷᠢᠶ᠎ᠠ᠎ᠡᠴᠡ ᠬᠡᠪᠯᠡᠨ ᠲᠠᠷᠬᠠᠭᠠᠪᠠ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠪᠡᠶ᠎ᠡ᠎ᠶ᠋ᠢᠨ ᠲᠠᠮᠢᠷ᠎ᠤᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ 2035 ᠣᠨ ᠪᠣᠯᠬᠤ᠎ᠳᠤ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠢ ᠪᠠᠢᠭᠤᠯᠬᠤ ᠬᠠᠷᠠᠯᠲᠠ᠎ᠶ᠋ᠢ ᠳᠤᠷᠠᠳᠴᠠᠢ᠃ ᠶᠡᠷᠦᠩᠬᠡᠶ ᠱᠦᠵᠢ ᠰᠢ ᠵᠢᠨ ᠫᠢᠩ᠎ᠦᠨ ᠪᠡᠶ᠎ᠡ᠎ᠶ᠋ᠢᠨ ᠲᠠᠮᠢᠷ᠎ᠤᠨ ᠲᠤᠬᠠᠶ ᠴᠢᠬᠤᠯᠠ ᠥᠭᠦᠯᠡᠯᠲᠡ ᠪᠠ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠢ ᠲᠦᠷᠭᠡᠳᠭᠡᠨ ᠪᠥᠲᠥᠭᠡᠨ ᠪᠠᠢᠭᠤᠯᠬᠤ ᠲᠤᠬᠠᠶ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ᠎ᠶ᠋ᠢᠨ ᠴᠢᠬᠤᠯᠠ ᠠᠴᠢ ᠬᠣᠯᠪᠣᠭ᠍ᠳᠠᠯ᠂ ᠲᠡᠦᠬᠡ᠎ᠶ᠋ᠢᠨ ᠰᠤᠳᠠᠰᠤ᠂ ᠪᠠᠶᠠᠯᠢᠭ ᠠᠭᠤᠯᠤᠭ᠍ᠳᠠᠬᠤᠨ ᠪᠠ ᠬᠠᠷᠠᠯᠲᠠ ᠡᠭᠦᠷᠭᠡ᠎ᠶ᠋ᠢ ᠱᠢᠰᠲ᠋ᠧᠮ᠎ᠲᠡᠶ ᠲᠣᠳᠣᠷᠬᠠᠢᠯᠠᠨ ᠲᠠᠢᠯᠪᠤᠷᠢᠯᠠᠬᠤ᠎ᠶ᠋ᠢᠨ ᠲᠥᠯᠥᠭᠡ᠂ ᠪᠡᠶ᠎ᠡ᠎ᠶ᠋ᠢᠨ ᠲᠠᠮᠢᠷ᠎ᠤᠨ ᠶᠡᠷᠦᠩᠬᠡᠶ ᠲᠣᠪᠴᠢᠶ᠎ᠠ᠎ᠡᠴᠡ ᠬᠣᠯᠪᠣᠭ᠍ᠳᠠᠯ ᠪᠥᠬᠥᠶ ᠲᠤᠰᠭᠠᠶ ᠮᠡᠷᠭᠡᠵᠢᠯᠲᠡᠨ ᠡᠷᠳᠡᠮᠲᠡᠨ᠎ᠢ ᠵᠣᠬᠢᠶᠠᠨ ᠪᠠᠢᠭᠤᠯᠵᠤ ᠭᠦᠨᠵᠡᠭᠡᠶ ᠰᠤᠳᠤᠯᠭᠠᠨ ᠥᠷᠨᠢᠭᠦᠯᠦᠭ᠌ᠰᠡᠨ ᠪᠥᠭᠡᠳ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠡᠯ᠎ᠡ ᠭᠤᠤᠯᠳᠠᠯᠭ᠎ᠠ᠎ᠲᠠᠶ ᠬᠦᠷᠢᠶᠡᠨ᠎ᠦ ᠠᠵᠢᠯ ᠵᠢᠴᠢ ᠠᠬᠢᠴᠠ᠎ᠶ᠋ᠢᠨ ᠦᠷ᠎ᠡ ᠪᠦᠲᠦᠮᠵᠢ᠎ᠶ᠋ᠢ ᠨᠠᠷᠢᠨ ᠬᠢᠨᠠᠮᠠᠭᠠᠶ ᠡᠮᠬᠢᠯᠡᠪᠡ᠃

ᠲᠤᠰ ᠨᠣᠮ᠎ᠳᠤ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠬᠤ ᠪᠣᠯ ᠤᠢ᠍ᠢᠷ᠎ᠠ᠎ᠶ᠋ᠢᠨ ᠵᠢᠯ᠎ᠦᠨ ᠲᠤᠷᠱᠢᠬᠢ ᠮᠠᠨ᠎ᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ ᠤᠨᠤᠯ᠎ᠤᠨ ᠲᠠᠨᠢᠯᠲᠠ ᠪᠠ ᠦᠢᠯᠡᠳᠦᠯᠭᠡ᠎ᠶ᠋ᠢᠨ ᠬᠥᠭ᠌ᠵᠢᠯᠲᠡ᠎ᠶ᠋ᠢᠨ ᠱᠠᠳᠤᠴᠢ ᠴᠢᠨᠠᠷᠲᠠᠢ ᠳ᠋ᠦᠩᠨᠡᠯᠲᠡ ᠪᠣᠯᠤᠨ᠎ᠠ᠂ ᠨᠡᠯᠢᠶᠡᠳ ᠴᠢᠩᠭ᠎ᠠ ᠤᠨᠤᠯ᠎ᠤᠨ ᠴᠢᠨᠠᠷ ᠪᠠ ᠦᠢᠯᠡᠳᠦᠯᠭᠡ᠎ᠶ᠋ᠢᠨ ᠴᠢᠨᠠᠷ᠎ᠲᠠᠶ ᠪᠠᠢᠵᠤ᠂ ᠪᠡᠶ᠎ᠡ᠎ᠶ᠋ᠢᠨ ᠲᠠᠮᠢᠷ᠎ᠤᠨ ᠱᠢᠰᠲᠸᠮ᠎ᠤᠨ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠪᠣᠯᠤᠨ ᠨᠡᠢᠭᠡᠮ᠎ᠦᠨ ᠡᠯ᠎ᠡ ᠡᠲᠡᠭᠡᠳ᠎ᠦᠨ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠭᠦᠨᠵᠡᠭᠡᠢ ᠰᠤᠷᠤᠯᠴᠠᠨ ᠣᠢᠯᠠᠭᠠᠬᠤ᠂ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢᠨ ᠠᠵᠢᠯ᠎ᠢ ᠠᠬᠢᠭᠤᠯᠬᠤ ᠴᠢᠬᠤᠯᠠ ᠵᠢᠯᠣᠭᠣᠳᠭᠤ ᠤᠩᠱᠢᠬᠤ ᠪᠢᠴᠢᠭ ᠪᠣᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄ ᠪᠤᠤ ᠰᠤᠷᠤᠨ᠎ᠠ

ᠢᠷᠡᠯᠲᠡ᠄ ᠰᠢᠡᠬᠤᠸᠠ ᠬᠤᠷᠢᠶ᠎ᠠ
兼容浏览器的HTML页面