2026-01-12 11:39:06
2025 ᠤᠨ᠎ᠤ 12 ᠰᠠᠷ᠎ᠠ᠎ᠶ᠋ᠢᠨ 31᠎ᠤ᠋ ᠡᠳᠦᠷ᠂ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨ᠎ᠡ ᠤᠨᠶ᠋ᠢᠡᠨ ᠤᠭᠲᠤᠬᠤ ᠪᠡᠶ᠎ᠡ ᠴᠢᠭᠢᠷᠠᠭ᠍ᠵᠢᠭᠤᠯᠬᠤ ᠠᠵᠢᠯᠯᠠᠭ᠎ᠠ ᠬᠦᠬᠡᠬᠤᠲᠠ᠎ᠳᠦ ᠶᠠᠪᠤᠭᠳᠠᠪᠠ᠃ ᠦᠪᠦᠷ ᠮᠤᠨᠭᠭᠤᠯ᠎ᠤᠨ ᠡᠯ᠎ᠡ ᠪᠠᠢᠭᠤᠯᠭ᠎ᠠ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠶ᠋ᠢᠨ ᠠᠵᠢᠯᠳᠠᠨ ᠠᠵᠢᠯᠴᠢᠨ ᠵᠢᠴᠢ ᠤᠯᠠᠨ ᠲᠦᠮᠡᠨ 1500 ᠭᠠᠷᠤᠢ ᠬᠥᠮᠦᠨ ᠣᠷᠣᠯᠴᠠᠪᠠ᠃
ᠠᠵᠢᠯᠯᠠᠭᠠᠲᠡᠭᠡᠷᠡ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠪᠡᠶ᠎ᠡ᠎ᠶ᠋ᠢᠨ ᠲᠠᠮᠢᠷ᠎ᠤᠨ ᠦᠶ᠋ᠯᠡᠴᠢᠯᠡᠭᠡᠨ᠎ᠦ ᠲᠥᠪ᠎ᠦᠨ ᠵᠠᠯᠠᠭᠤᠴᠤᠳ᠎ᠤᠨ ᠠᠵᠢᠯ᠎ᠤᠨ ᠵᠥᠪᠯᠡᠯ᠎ᠡᠴᠡ ᠵᠠᠯᠠᠭᠤᠴᠤᠳ᠎ᠤᠨ ᠣᠨᠣᠯ ᠰᠤᠷᠤᠯᠴᠠᠬᠤ ᠳᠤᠭᠤᠢᠯᠠᠩ᠎ᠤᠨ ᠪᠥᠬᠥ᠌ ᠪᠦᠷᠢᠯᠳᠦᠬᠦᠨ᠎ᠢ ᠵᠣᠬᠢᠶᠠᠨ ᠪᠠᠢᠭᠤᠯᠵᠤ ᠵᠠᠮ ᠳᠠᠭᠠᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠦᠵᠡᠭᠦᠯᠭᠡ᠎ᠶ᠋ᠢᠨ ᠰᠠᠮᠪᠠᠷ᠎ᠠ᠎ᠶ᠋ᠢ ᠪᠠᠢᠷᠢᠯᠠᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠮᠡᠳᠡᠯᠭᠡ᠎ᠶ᠋ᠢᠨ ᠮᠥᠷᠥᠢᠴᠡᠭᠡᠨ ᠥᠷᠨᠢᠭᠦᠯᠦᠨ᠂ ᠪᠡᠶ᠎ᠡ ᠴᠢᠭᠢᠷᠠᠭ᠍ᠵᠢᠭᠤᠯᠬᠤ ᠪᠠ ᠦᠵᠡᠯ ᠰᠠᠨᠠᠭ᠎ᠠ᠎ᠶ᠋ᠢ ᠬᠥᠲᠥᠯᠥᠨ ᠳᠠᠭᠠᠭᠤᠯᠬᠤ᠎ᠶ᠋ᠢ ᠭᠦᠨᠵᠡᠭᠡᠶ ᠠᠭᠤᠰᠤᠯᠴᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠱᠠᠩᠨᠠᠯᠲᠤ ᠰᠤᠭᠤᠯᠤᠭ᠎ᠠ᠎ᠶ᠋ᠢᠨ ᠪᠣᠷᠣᠯᠠᠭᠤᠯᠭ᠎ᠠ᠎ᠶ᠋ᠢᠨ ᠬᠠᠮᠢᠶᠠᠷᠤᠯᠲᠠ᠎ᠶ᠋ᠢᠨ ᠲᠥᠪ ᠲᠤᠬᠠᠶ᠎ᠶ᠋ᠢᠨ ᠲᠠᠯᠠᠪᠠᠶ᠎ᠳᠤ ᠨᠡᠢᠲᠡ᠎ᠶ᠋ᠢᠨ ᠠᠰᠠᠷᠠᠮᠵᠢ᠎ᠶ᠋ᠢᠨ ᠤᠬᠠᠭᠤᠯᠭ᠎ᠠ ᠥᠷᠨᠢᠭᠦᠯᠵᠦ᠍᠂ 《ᠨᠡᠢᠲᠡ᠎ᠶ᠋ᠢᠨ ᠠᠰᠠᠷᠠᠮᠵᠢ᠎ᠶ᠋ᠢᠨ ᠪᠡᠶ᠎ᠡ᠎ᠶ᠋ᠢᠨ ᠲᠠᠮᠢᠷ᠎ᠤᠨ ᠱᠠᠩᠨᠠᠯᠲᠤ ᠰᠤᠭᠤᠯᠤᠭ᠎ᠠ ᠤᠯᠠᠨ ᠨᠡᠢᠲᠡ᠎ᠳᠦ ᠠᠰᠢᠭ ᠬᠦᠷᠲᠡᠭᠡᠬᠦ》 ᠤᠢᠯᠠᠭᠠᠭᠳᠠᠬᠤᠨ᠎ᠢ ᠤᠯᠠᠮ ᠨᠢᠭᠡ ᠠᠯᠬᠤᠮ ᠳᠠᠮᠵᠢᠭᠤᠯᠵᠤ᠂ ᠠᠵᠢᠯᠯᠠᠭ᠎ᠠ᠎ᠶ᠋ᠢᠨ ᠠᠭᠤᠯᠤᠭ᠍ᠳᠠᠬᠤᠨ᠎ᠢ ᠪᠠᠶᠠᠯᠢᠭ᠍ᠵᠢᠭᠤᠯᠤᠨ᠂ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠨᠡᠢᠭᠡᠮ᠎ᠦᠨ ᠬᠠᠷᠢᠭᠤᠴᠠᠯᠭ᠎ᠠ ᠪᠠ ᠨᠡᠢᠲᠡ᠎ᠶ᠋ᠢᠨ ᠠᠰᠠᠷᠠᠮᠵᠢ᠎ᠶ᠋ᠢᠨ ᠳᠦᠷᠢ ᠲᠥᠷᠬᠦ᠌᠎ᠶ᠋ᠢ ᠢᠯᠡᠷᠡᠭᠦᠯᠪᠡ᠃
ᠲᠣᠰ ᠤᠳᠠᠭᠠᠨ᠎ᠤ ᠠᠵᠢᠯᠯᠠᠭ᠎ᠠ ᠪᠣᠯ 《ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ + ᠨᠠᠮ᠎ᠤᠨ ᠪᠠᠢᠭᠤᠯᠤᠯᠲᠠ + ᠰᠣᠶᠣᠯ》᠎ᠢ᠋ ᠠᠭᠤᠰᠤᠯᠴᠠᠭᠤᠯᠤᠭ᠍ᠰᠠᠨ ᠨᠢᠭᠡ ᠤᠳᠠᠭᠠᠨ᠎ᠤ ᠠᠮᠢᠳᠤᠯᠢᠭ ᠦᠶ᠋ᠯᠡᠳᠦᠯᠭᠡ ᠪᠣᠯᠤᠨ᠎ᠠ᠃ ᠱᠢᠨ᠎ᠡ ᠤᠨ᠎ᠳᠦ ᠪᠡᠶ᠎ᠡ᠎ᠶ᠋ᠢᠨ ᠲᠠᠮᠢᠷ ᠪᠠ ᠣᠶᠤᠨ ᠰᠠᠨᠠᠭᠠᠨ᠎ᠤ ᠬᠥᠲᠥᠯᠥᠨ ᠳᠠᠭᠠᠭᠤᠯᠬᠤ᠎ᠶ᠋ᠢ ᠣᠷᠭᠠᠨᠢᠭ᠎ᠢᠶᠠᠷ ᠤᠶᠠᠯᠳᠤᠭᠤᠯᠵᠤ᠂ ᠥᠷᠭᠡᠨ ᠣᠯᠠᠨ ᠲᠦᠮᠡᠨ᠎ᠦ ᠬᠥᠳᠡᠯᠭᠡᠭᠡᠨ᠎ᠳᠦ ᠣᠷᠣᠯᠴᠠᠬᠤ᠂ ᠡᠷᠡᠭᠦᠯ ᠮᠡᠨᠳᠦ᠍᠎ᠶ᠋ᠢ ᠬᠥᠭᠡᠭᠡᠴᠡᠯᠳᠦᠬᠦ᠌ ᠬᠠᠯᠠᠭᠤᠨ ᠰᠡᠳᠭᠢᠯᠭᠡ᠎ᠶ᠋ᠢ ᠪᠦᠲᠦᠮᠵᠢᠲᠡᠶ ᠬᠥᠭ᠌ᠵᠢᠭᠡᠵᠦ᠍᠂ ᠱᠢᠨ᠎ᠡ ᠨᠢᠭᠡ ᠤᠨ᠎ᠳᠦ ᠴᠣᠭ ᠪᠠᠳᠠᠷᠠᠩᠭᠤᠶ ᠥᠭᠡᠳᠡᠯᠡᠨ ᠳᠠᠪᠱᠢᠬᠤ ᠠᠮᠢᠵᠢᠷᠠᠯ᠎ᠤᠨ ᠬᠦᠴᠦᠨ ᠨᠡᠮᠡᠷᠢᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃