ᠲᠡᠷᠢᠭᠦᠨ ᠨᠢᠭᠤᠷ>ᠨᠠᠭᠠᠳᠤᠮ ᠴᠡᠩᠬᠡᠭᠦᠨ>ᠪᠡᠶ᠎ᠡ᠎ᠶ᠋ᠢᠨ ᠲᠠᠮᠢᠷ

2026-08-03 10:41:46

ᠵᠣᠬᠢᠶᠠᠭ᠍ᠴᠢ᠄ ᠬᠤᠩ ᠰᠢᠶᠠ ᠣᠩᠱᠢᠭ᠍ᠰᠠᠨ ᠣᠳᠠᠭ᠎ᠠ᠄ 3

7 ᠰᠠᠷ᠎ᠠ᠎ᠶᠢᠨ 25 — 26 ᠎ᠤ᠋ ᠡᠳᠦᠷ ᠪᠣᠯᠲᠠᠯ᠎ᠠ 2026 ᠤᠨ᠎ᠤ 《ᠪᠡᠶ᠎ᠡ᠎ᠶᠢᠨ ᠲᠠᠮᠢᠷ᠎ᠤᠨ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠳᠤᠮᠳᠠᠳᠤ ᠤᠯᠤᠰ᠎ᠤᠨ ᠠᠶᠠᠯᠠᠯ》 ᠪᠠᠶᠠᠨᠨᠠᠭᠤᠷ ᠬᠣᠲᠠ᠎ᠳᠤ ᠠᠮᠵᠢᠯᠲᠠ᠎ᠲᠠᠶ ᠶᠠᠪᠤᠭᠳᠠᠪᠠ᠃

ᠠᠵᠢᠯᠯᠠᠭ᠎ᠠ ᠨᠢ 《ᠬᠥᠳᠡᠯᠭᠡᠭᠡᠨ᠎ᠢᠶᠡᠷ ᠡᠷᠡᠭᠦᠯ ᠮᠡᠨᠳᠦ᠎ᠶᠢ ᠠᠬᠢᠭᠤᠯᠵᠤ·ᠰᠢᠨᠵᠢᠯᠡᠬᠦ᠌ ᠤᠬᠠᠭᠠᠨ᠎ᠢᠶᠠᠷ ᠲᠠᠯ᠎ᠠ ᠨᠤᠲᠤᠭ ᠲᠸ᠋ ᠠᠰᠢᠭ ᠬᠦᠷᠳᠡᠭᠡᠬᠦ》 ᠭᠤᠤᠯ ᠰᠡᠳᠦᠪ᠎ᠦᠨ ᠲᠣᠭᠣᠷᠢᠨ᠎ᠳᠤ 《ᠬᠣᠲᠠ᠎ᠶᠢᠨ ᠠᠭᠤᠳᠠᠮ ᠲᠠᠯᠠᠪᠠᠶ ᠳ᠋ᠤ ᠤᠬᠠᠭᠤᠯᠤᠨ ᠲᠦᠭᠡᠮᠡᠯᠵᠢᠬᠦᠯᠬᠦ᠂ ᠨᠡᠶ᠋ᠢᠭᠡᠮ ᠲᠣᠭᠣᠷᠢᠭ᠎ᠤᠨ ᠠᠷᠠᠳ᠎ᠲᠤ᠌ ᠠᠰᠢᠭ ᠬᠦᠷᠲᠡᠭᠡᠬᠦ᠌᠂ ᠠᠯᠪᠠᠨ ᠵᠢᠷᠤᠮ᠎ᠤᠨ ᠡᠮᠴᠢᠯᠡᠭᠡ᠎ᠵᠢ ᠭᠦᠨᠵᠡᠭᠡᠶ᠋ᠢᠷᠡᠭᠦᠯᠬᠦ》 ᠭᠤᠷᠪᠠ᠎ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ᠎ᠦ ᠵᠠᠭᠪᠤᠷ᠎ᠢ ᠬᠡᠷᠡᠭᠵᠢᠬᠦᠯᠵᠦ᠂ ᠪᠡᠶ᠎ᠡ ᠮᠠᠬᠠᠪᠣᠳ᠎ᠤᠨ ᠬᠢᠨᠠᠨ ᠬᠡᠮᠵᠢᠯᠲᠡ᠎ᠶᠢᠨ ᠲᠡᠷᠭᠡ 《ᠡᠷᠡᠭᠦᠯ ᠮᠡᠨᠳᠦ᠎ᠶᠢᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ》 ᠢ᠋ ᠳᠦᠭᠦᠷᠡᠩ ᠠᠴᠢᠶᠠᠯᠠᠵᠤ ᠠᠭᠤᠳᠠᠮ ᠲᠠᠯᠠᠪᠠᠶ᠂ ᠨᠡᠶ᠋ᠢᠭᠡᠮ ᠲᠣᠭᠣᠷᠢᠭ᠂ ᠮᠠᠯᠵᠢᠬᠤ ᠣᠷᠣᠨ᠎ᠳᠤ ᠬᠦᠨᠵᠡᠭᠡᠢᠷᠡᠵᠦ᠂ ᠲᠤᠬᠠᠶ᠎ᠶᠢᠨ ᠭᠠᠵᠠᠷ᠎ᠤᠨ ᠣᠯᠠᠨ ᠲᠦᠮᠡᠨ᠎ᠳᠦ ᠪᠡᠶ᠎ᠡ ᠮᠠᠬᠠᠪᠣᠳ᠎ᠤᠨ ᠬᠢᠨᠠᠨ ᠬᠡᠮᠵᠢᠯᠲᠡ᠎ᠶᠢᠨ ᠲᠤᠰᠬᠠᠶ ᠦᠢᠯᠡᠴᠢᠯᠡᠭᠡ ᠬᠠᠩᠭᠠᠪᠠ᠃ ᠳᠤᠮᠳᠠᠳᠤ ᠤᠯᠤᠰ᠎ᠤᠨ ᠠᠨᠠᠭᠠᠬᠤ ᠤᠬᠠᠭᠠᠨ᠎ᠤ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠵᠢᠷᠦᠬᠡ ᠴᠢᠰᠤᠨ ᠰᠤᠳᠠᠯ᠎ᠤᠨ ᠳᠣᠲᠣᠷ ᠰᠠᠯᠠᠭᠠᠨ᠎ᠤ ᠡᠮᠴᠢ ᠵᠢᠴᠢ ᠥᠪᠥᠷ ᠮᠣᠩᠭᠣᠯ᠎ᠤᠨ ᠪᠡᠶ᠎ᠡ᠎ᠶᠢᠨ ᠲᠠᠮᠢᠷ᠎ᠤᠨ ᠡᠮᠨᠡᠯᠭᠡ᠎ᠶᠢᠨ ᠬᠣᠷᠢᠶᠠᠨ᠎ᠤ ᠡᠷᠡᠭᠦᠯᠵᠢᠯ᠎ᠦᠨ ᠰᠠᠯᠠᠭᠠᠨ᠎ᠤ ᠲᠤᠰᠬᠠᠶ ᠮᠡᠷᠭᠡᠵᠢᠯᠲᠡᠨ᠎ᠢ ᠤᠷᠢᠵᠤ᠂ ᠵᠢᠷᠦᠬᠡ ᠴᠢᠰᠤᠨ ᠰᠤᠳᠠᠯ᠎ᠤᠨ ᠡᠪᠡᠳᠴᠢᠨ ᠡᠮᠭᠡᠭ᠎ᠢ ᠤᠷᠢᠳᠴᠢᠯᠠᠨ ᠰᠡᠷᠭᠡᠶ᠋ᠢᠯᠡᠬᠦ᠌ ᠪᠠ ᠡᠳᠦᠷ ᠲᠤᠲᠤᠮ᠎ᠤᠨ ᠡᠷᠡᠭᠦᠯ ᠮᠡᠨᠳᠦ᠎ᠶᠢ ᠬᠠᠮᠠᠭᠠᠯᠠᠬᠤ᠂ ᠬᠥᠳᠡᠯᠭᠡᠭᠡᠨ᠎ᠦ ᠭᠡᠮᠲᠦᠯ᠎ᠢ ᠡᠷᠡᠭᠦᠯᠵᠢᠭᠦᠯᠬᠦ᠌ ᠵᠢᠯᠣᠭᠣᠳᠣᠯᠭ᠎ᠠ ᠬᠠᠩᠭᠠᠵᠠᠶ᠃

ᠲᠤᠰᠬᠠᠶ ᠮᠡᠷᠭᠡᠵᠢᠯ᠎ᠦᠨ ᠰᠢᠯᠭᠠᠨ ᠪᠠᠶ᠋ᠢᠴᠠᠭᠠᠯᠲᠠ ᠪᠠ ᠠᠯᠪᠠᠨ ᠵᠢᠷᠤᠮ᠎ᠤᠨ ᠡᠮᠴᠢᠯᠡᠭᠡ᠎ᠡᠴᠡ ᠭᠠᠳᠠᠨ᠎ᠠ᠂ ᠠᠵᠢᠯᠯᠠᠭ᠎ᠠ᠎ᠶᠢᠨ ᠲᠤᠬᠠᠶ᠎ᠶᠢᠨ ᠲᠠᠯᠠᠪᠠᠶ᠎ᠳᠤ ᠪᠠᠰᠠ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠤᠬᠠᠭᠤᠯᠭ᠎ᠠ᠂ ᠪᠡᠶ᠎ᠡ᠎ᠶᠢᠨ ᠲᠠᠮᠢᠷ᠎ᠤᠨ ᠲᠥᠷᠥᠯ ᠵᠦᠢᠯ᠎ᠢ ᠪᠡᠶᠡᠴᠢᠯᠡᠨ ᠣᠶ᠋ᠢᠯᠠᠭᠠᠬᠤ ᠵᠢᠴᠢ ᠪᠡᠶ᠎ᠡ᠎ᠶᠢᠨ ᠲᠠᠮᠢᠷ᠎ᠤᠨ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠬᠠᠷᠢᠯᠴᠠᠨ ᠦᠢᠯᠡᠳᠦᠯᠴᠡᠬᠦ᠌ ᠲᠣᠭᠯᠠᠭᠠᠮ ᠵᠡᠷᠭᠡ᠎ᠶᠢ ᠲᠣᠬᠢᠷᠠᠭᠤᠯᠤᠨ᠂ ᠦᠰᠦᠭ ᠵᠢᠷᠤᠭ᠎ᠢ ᠬᠠᠪᠰᠤᠷᠭᠠᠭᠰᠠᠨ ᠲᠦᠬᠦᠮ ᠤᠢᠯᠠᠭᠠᠮᠵᠢᠳᠠᠢ ᠬᠡᠯᠪᠡᠷᠢ ᠪᠡᠷ ᠣᠯᠠᠨ ᠲᠦᠮᠡᠨ᠎ᠳᠦ ᠰᠢᠨᠵᠢᠯᠡᠬᠦ᠌ ᠤᠬᠠᠭᠠᠨᠴᠢ᠎ᠪᠠᠷ ᠪᠡᠶ᠎ᠡ ᠴᠢᠭᠢᠷᠠᠭᠵᠢᠭᠤᠯᠬᠤ ᠮᠡᠳᠡᠯᠭᠡ᠎ᠶᠢ ᠲᠦᠭᠡᠮᠡᠯᠵᠢᠭᠦᠯᠪᠡ᠃

ᠲᠣᠰ ᠤᠳᠠᠭ᠎ᠠ᠎ᠶᠢᠨ ᠠᠵᠢᠯᠯᠠᠭ᠎ᠠ ᠪᠣᠯ ᠤᠯᠤᠰ᠎ᠤᠨ ᠲᠠᠰ᠎ᠤᠨ ᠪᠡᠶ᠎ᠡ᠎ᠶᠢᠨ ᠲᠠᠮᠢᠷ᠎ᠤᠨ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠡᠬᠢ ᠪᠠᠶᠠᠯᠢᠭ᠎ᠢ ᠥᠪᠥᠷ ᠮᠣᠩᠭᠣᠯ᠎ᠳᠤ ᠠᠩᠬ᠎ᠠ ᠤᠳᠠᠭ᠎ᠠ ᠨᠠᠶ᠋ᠢᠳᠠᠪᠤᠷᠢᠵᠢᠭᠤᠯᠵᠤ ᠪᠠᠢᠭ᠎ᠠ ᠶᠠᠪᠤᠳᠠᠯ ᠪᠤᠯᠤᠨ᠎ᠠ᠃ ᠥᠪᠥᠷ ᠮᠣᠩᠭᠣᠯ᠎ᠤᠨ ᠪᠡᠶ᠎ᠡ᠎ᠶᠢᠨ ᠲᠠᠮᠢᠷ᠎ᠤᠨ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠪᠠ ᠪᠥᠬᠥ᠌ ᠠᠷᠠᠳ᠎ᠤᠨ ᠪᠡᠶ᠎ᠡ ᠴᠢᠭᠢᠷᠠᠭᠵᠢᠭᠤᠯᠬᠤ᠎ᠶᠢ ᠰᠢᠨᠵᠢᠯᠡᠬᠦ᠌ ᠤᠬᠠᠭᠠᠨᠴᠢ᠎ᠪᠠᠷ ᠵᠢᠯᠣᠭᠣᠳᠬᠤ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠍᠂ ᠴᠢᠨᠠᠷ ᠰᠠᠶ᠋ᠢᠲᠠᠶ ᠦᠢᠯᠡᠴᠢᠯᠡᠭᠡ᠎ᠶᠢ ᠣᠯᠠᠨ ᠲᠦᠮᠡᠨ᠎ᠦ ᠳᠡᠷᠭᠡᠳᠡ ᠬᠦᠷᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面