ᠲᠡᠷᠢᠭᠦᠨ ᠨᠢᠭᠤᠷ>ᠨᠠᠭᠠᠳᠤᠮ ᠴᠡᠩᠬᠡᠭᠦᠨ>ᠪᠡᠶ᠎ᠡ᠎ᠶ᠋ᠢᠨ ᠲᠠᠮᠢᠷ

2026-08-03 10:51:39

ᠵᠣᠬᠢᠶᠠᠭ᠍ᠴᠢ᠄ ᠬᠤᠩ ᠰᠢᠶᠠ ᠣᠩᠱᠢᠭ᠍ᠰᠠᠨ ᠣᠳᠠᠭ᠎ᠠ᠄ 3

7 ᠰᠠᠷ᠎ᠠ᠎ᠶᠢᠨ 24 ᠎ᠤ᠋ ᠡᠳᠦᠷ ᠬᠢᠩᠭᠠᠨ ᠠᠶ᠋ᠢᠮᠠᠭ᠎ᠤᠨ ᠬᠣᠶᠠᠳᠤᠭᠠᠷ ᠬᠤᠭᠤᠴᠠᠭᠠᠨ᠎ᠤ ᠬᠤᠪᠢᠰᠬᠠᠯᠳᠤ ᠰᠤᠶᠤᠯ ᠪᠡᠶ᠎ᠡ᠎ᠶᠢᠨ ᠲᠠᠮᠢᠷ᠎ᠤᠨ ᠵᠢᠭᠤᠯᠴᠢᠯᠠᠯ ᠰᠡᠯᠡᠭᠦᠴᠡᠯ᠎ᠦᠨ ᠴᠤᠭᠯᠠᠭᠠᠨ ᠡᠬᠢᠯᠡᠪᠡ᠃ ᠲᠣᠰ ᠤᠳᠠᠭ᠎ᠠ᠎ᠶᠢᠨ ᠠᠵᠢᠯᠯᠠᠭ᠎ᠠ᠎ᠨᠢ ᠤᠷᠤᠯᠳᠤᠭᠠᠨ᠎ᠢ ᠦᠵᠡᠮᠵᠢ᠎ᠶᠢᠨ ᠣᠷᠣᠨ᠎ᠳᠤ ᠣᠷᠣᠭᠤᠯᠬᠤ ᠵᠠᠭᠪᠤᠷ᠎ᠢ ᠬᠡᠷᠡᠭᠵᠢᠭᠦᠯᠵᠦ᠍᠂ ᠪᠣᠳᠠᠰ᠎ᠤᠨ ᠪᠤᠰᠤ ᠰᠣᠶᠣᠯ᠎ᠤᠨ ᠥᠪ᠎ᠢ ᠳᠡᠯᠭᠡᠨ ᠦᠵᠡᠭᠦᠯᠵᠦ᠍ ᠪᠡᠶᠡᠴᠢᠯᠡᠨ ᠣᠶ᠋ᠢᠯᠠᠭᠠᠬᠤ ᠦᠵᠡᠭᠦᠯᠭᠡ᠎ᠶᠢᠨ ᠲᠤᠭᠤᠷᠢᠬ᠎ᠢ ᠵᠡᠷᠭᠡ᠎ᠪᠡᠷ ᠲᠣᠬᠢᠷᠠᠭᠤᠯᠵᠤ᠂ ᠪᠡᠶ᠎ᠡ᠎ᠶᠢᠨ ᠲᠠᠮᠢᠷ᠎ᠤᠨ ᠠᠵᠢᠯᠯᠠᠭ᠎ᠠ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ᠌ ᠴᠢᠨᠠᠷᠲᠠᠶ ᠲᠥᠷᠥᠯ ᠵᠦᠢᠯ᠂ ᠦᠵᠡᠮᠵᠢ᠎ᠶᠢᠨ ᠣᠷᠣᠨ᠎ᠵᠢᠡᠷ ᠲᠤᠭᠤᠷᠢᠨ ᠰᠡᠯᠡᠬᠦᠴᠡᠬᠦ᠂ ᠰᠣᠶᠣᠯ ᠵᠢᠭᠤᠯᠴᠢᠯᠠᠯ᠎ᠤᠨ ᠬᠡᠷᠡᠭᠯᠡᠭᠡ᠎ᠶᠢ ᠣᠷᠭᠠᠨᠢᠭ᠎ᠢᠶᠠᠷ ᠠᠭᠤᠰᠤᠯᠴᠠᠭᠤᠯᠵᠤ ᠬᠡᠷᠡᠭᠯᠡᠭᠡ᠎ᠶᠢ ᠪᠦᠲᠦᠮᠵᠢᠲᠡᠶ ᠳᠠᠶ᠋ᠢᠴᠢᠯᠠᠪᠠ᠃ ᠪᠥᠬᠥ᠌ ᠬᠣᠲᠠ᠎ᠶᠢᠨ ᠺᠠᠳ᠋ᠷ ᠠᠵᠢᠯᠲᠠᠨ᠂ ᠥᠷᠭᠡᠨ ᠣᠯᠠᠨ ᠲᠦᠮᠡᠨ ᠴᠢᠯᠦᠭᠡᠳᠡᠢ ᠨᠡᠷ᠎ᠡ ᠮᠡᠳᠡᠭᠦᠯᠵᠦ᠂ ᠪᠥᠬᠥ᠌ ᠶᠠᠪᠤᠴᠠ᠎ᠳᠤ ᠰᠦᠢᠳᠭᠡᠯ ᠬᠤᠷᠢᠶᠠᠬᠤ ᠥᠬᠡᠶ ᠪᠠᠶ᠋ᠢᠵᠤ᠂ ᠭᠦᠨ ᠨᠡᠪᠴᠢᠬᠦ᠌ ᠮᠠᠶᠢᠭ᠎ᠤᠨ ᠬᠤᠪᠢᠰᠬᠠᠯᠲᠤ᠌ ᠰᠤᠶᠤᠯ᠎ᠤᠨ ᠠᠶᠠᠯᠠᠯ ᠵᠢᠭᠤᠯᠴᠢᠯᠠᠯ ᠪᠥᠬᠥ᠌ ᠠᠷᠠᠳ᠎ᠤᠨ ᠪᠡᠶ᠎ᠡ ᠴᠢᠭᠢᠷᠠᠭᠵᠢᠭᠤᠯᠬᠤ ᠦᠪᠡᠳᠡᠭᠰᠢ ᠴᠤᠭᠯᠠᠭᠠᠨ᠎ᠢ ᠪᠣᠶ ᠪᠣᠯᠭᠠᠪᠠ᠃

ᠲᠤᠰ ᠤᠳᠠᠭ᠎ᠠ᠎ᠶᠢᠨ ᠪᠡᠶ᠎ᠡ ᠵᠢᠨ ᠲᠠᠮᠢᠷ᠎ᠤᠨ ᠠᠵᠢᠯᠯᠠᠭ᠎ᠠ ᠵᠢᠨ ᠪᠦᠬᠦ ᠶᠠᠪᠤᠴᠠ ᠳ᠋ᠤ ᠬᠤᠪᠢᠰᠬᠠᠯᠲᠦ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠪᠠ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠬᠥᠮᠦᠵᠢᠯ᠎ᠢ ᠣᠷᠭᠠᠨᠢᠭ᠎ᠢᠶᠠᠷ ᠠᠭᠤᠰᠤᠯᠴᠠᠭᠤᠯᠵᠤ᠂ ᠬᠤᠪᠢᠰᠬᠠᠯ᠎ᠤᠨ ᠲᠡᠦᠬᠡ ᠰᠤᠶᠤᠯ ᠪᠠ ᠭᠡᠷ᠎ᠦᠨ ᠭᠠᠳᠠᠨᠠᠬᠢ ᠰᠡᠯᠡᠭᠦᠴᠡᠯ ᠪᠡᠶ᠎ᠡ᠎ᠶᠢᠨ ᠲᠠᠮᠢᠷ᠎ᠤᠨ ᠠᠵᠢᠯᠯᠠᠭ᠎ᠠ᠎ᠵᠢ ᠪᠦᠳᠦᠭᠡᠯᠴᠢ ᠪᠡᠷ ᠤᠶᠠᠯᠳᠤᠭᠤᠯᠵᠤ᠂ ᠪᠡᠶ᠎ᠡ᠎ᠶᠢᠨ ᠲᠠᠮᠢᠷ᠎ᠤᠨ ᠬᠡᠯᠪᠡᠷᠢ᠎ᠪᠡᠷ ᠬᠤᠪᠢᠰᠬᠠᠯ᠎ᠤᠨ ᠦᠯᠢᠭᠡᠷ᠎ᠢ ᠰᠠᠶ᠋ᠢᠲᠤᠷ ᠶᠠᠷᠢᠵᠤ᠂ ᠪᠡᠶᠡᠴᠢᠯᠡᠨ ᠣᠶ᠋ᠢᠯᠠᠭᠠᠬᠤ ᠬᠡᠯᠪᠡᠷᠢ᠎ᠪᠡᠷ ᠬᠤᠪᠢᠰᠬᠠᠯ᠎ᠤᠨ ᠳᠤᠷᠠᠰᠤᠮᠵᠢ᠎ᠶᠢ ᠤᠯᠠᠮᠵᠢᠯᠠᠪᠠ᠃ ᠵᠢᠩᠭᠠᠩᠱᠠᠨ᠎ᠠᠴᠠ ᠠᠮᠤ ᠪᠤᠳᠠᠭ᠎ᠠ ᠳᠠᠮᠨᠠᠭᠰᠠᠨ᠂ ᠤᠷᠳᠤ ᠵᠠᠮ᠎ᠤᠨ ᠠᠶᠠᠨ ᠲᠠᠢ᠌ᠨ᠎ᠤ ᠭᠣᠣᠯ ᠭᠠᠲᠤᠯᠤᠭᠰᠠᠨ᠂ ᠥᠪᠥᠷ ᠮᠣᠩᠭᠣᠯ᠎ᠤᠨ ᠮᠣᠷᠢᠲᠤ᠌ ᠴᠡᠷᠢᠭ᠎ᠦᠨ ᠶᠠᠫᠣᠨ᠎ᠢ ᠡᠰᠡᠷᠭᠦᠴᠡᠭᠰᠡᠨ ᠲᠠᠢ᠌ᠯᠠᠯᠳᠤᠭᠠᠨ ᠵᠡᠷᠭᠡ ᠬᠤᠪᠢᠰᠬᠠᠯ᠎ᠤᠨ ᠦᠯᠢᠭᠡᠷ᠎ᠢ ᠤᠷᠤᠯᠳᠤᠭᠠᠨ᠎ᠤ ᠲᠦᠷᠦᠯ ᠵᠦᠢᠯ ᠪᠣᠯᠭᠠᠨ ᠬᠤᠪᠢᠷᠠᠭᠤᠯᠵᠤ᠂ ᠣᠯᠠᠨ ᠲᠦᠮᠡᠨ᠎ᠦ ᠦᠵᠡᠵᠦ᠍ ᠰᠣᠨᠢᠷᠬᠠᠬᠤ ᠳᠤᠷᠠᠲᠠᠶ ᠬᠡᠯᠪᠡᠷᠢ᠎ᠪᠡᠷ ᠬᠤᠪᠢᠰᠬᠠᠯᠲᠤ᠌ ᠲᠡᠦᠬᠡ᠎ᠶᠢᠨ ᠡᠬᠢ ᠪᠠᠶᠠᠯᠢᠭ᠎ᠢ ᠠᠮᠢᠯᠠᠭᠤᠯᠤᠭᠰᠠᠨ ᠪᠦᠭᠡᠳ ᠭᠦᠨ ᠨᠡᠪᠴᠢᠬᠦ᠌ ᠮᠠᠶᠢᠭ᠎ᠤᠨ ᠪᠡᠶᠡᠴᠢᠯᠡᠨ ᠣᠶ᠋ᠢᠯᠠᠭᠠᠬᠤ ᠬᠡᠯᠪᠡᠷᠢ᠎ᠪᠠᠷ ᠪᠥᠬᠥ᠌ ᠠᠷᠠᠳ᠎ᠢᠶᠠᠷ᠎ᠢᠶᠠᠨ ᠣᠷᠣᠯᠴᠠᠬᠤ᠂ ᠬᠥᠳᠡᠯᠭᠡᠭᠡᠨ᠎ᠢ ᠡᠷᠬᠢᠮᠯᠡᠬᠦ᠌᠂ ᠬᠤᠪᠢᠰᠬᠠᠯ᠎ᠤᠨ ᠵᠣᠷᠢᠭ ᠰᠠᠨᠠᠭ᠎ᠠ᠎ᠶᠢ ᠤᠯᠠᠮᠵᠢᠯᠠᠨ ᠵᠠᠯᠭᠠᠮᠵᠢᠯᠠᠬᠤ ᠭᠦᠨ ᠵᠤᠵᠠᠭᠠᠨ ᠨᠡᠶ᠋ᠢᠭᠡᠮ᠎ᠦᠨ ᠠᠭᠤᠷ ᠠᠮᠢᠰᠬᠤᠯ᠎ᠢ ᠪᠣᠶ ᠪᠣᠯᠭᠠᠵᠤ᠂ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ᠎ᠤᠨ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠳᠦ ᠬᠦᠴᠦᠷᠬᠡᠭ ᠶᠡᠬᠡ ᠠᠮᠢᠵᠢᠷᠠᠯ᠎ᠤᠨ ᠬᠦᠴᠦᠨ ᠨᠡᠮᠡᠷᠢᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面