2026-09-08 11:56:47
ᠤᠢᠷ᠎ᠠ ᠳ᠋ᠤ 2026 ᠣᠨ ᠤ᠋ ᠳᠤᠮᠳᠠᠳᠤ ᠤᠯᠤᠰ ᠤ᠋ᠨ ᠵᠠᠰᠠᠮᠠᠯ ᠵᠠᠮ ᠤ᠋ᠨ ᠳᠤᠭᠤᠢ ᠲᠡᠷᠭᠡᠨ ᠤ᠋ ᠬᠣᠯᠪᠣᠭᠠᠲᠤ ᠤᠷᠤᠯᠳᠤᠭᠠᠨ ᠤ᠋ ᠰᠢᠢᠳᠪᠦᠷᠢᠲᠦ ᠤᠷᠤᠯᠳᠤᠭᠠᠨ (ᠣᠷᠳᠣᠰ ) ᠵᠢᠴᠢ ᠳᠤᠮᠳᠠᠳᠤ ᠤᠯᠤᠰ ᠤ᠋ᠨ ᠳᠤᠭᠤᠢ ᠲᠡᠷᠭᠡᠨ ᠤ᠋ ᠪᠡᠶ᠎ᠡ ᠵᠢᠨ ᠲᠠᠮᠢᠷ ᠤ᠋ᠨ ᠤᠷᠤᠯᠳᠤᠭᠠᠨ ᠪᠠ ᠳᠤᠭᠤᠢ ᠲᠡᠷᠭᠡ ᠪᠡᠷ ᠬᠤᠳᠠ ᠳᠤᠭᠤᠷᠢᠨ ᠤᠷᠤᠯᠳᠤᠬᠤ ᠰᠢᠭᠰᠢᠯᠳᠡ ᠶ᠋ᠢᠨ ᠤᠷᠤᠯᠳᠤᠭᠠᠨ ᠤᠷᠳᠤᠰ ᠬᠤᠳᠠ ᠳ᠋ᠤ ᠶᠠᠪᠤᠭᠳᠠᠵᠤ᠂ ᠪᠥᠬᠥ ᠤᠯᠤᠰ ᠤ᠋ᠨ ᠡᠯ᠎ᠡ ᠭᠠᠵᠠᠷ ᠡᠴᠡ ᠬᠦᠷᠦᠯᠴᠡᠨ ᠢᠷᠡᠭᠰᠡᠨ 16 ᠲᠤᠰᠬᠠᠢ ᠮᠡᠷᠭᠡᠵᠢᠯ ᠤ᠋ᠨ ᠳᠡᠷᠭᠡᠨ ᠤ᠋ ᠠᠩᠭᠢ ᠶ᠋ᠢᠨ 130 ᠭᠠᠷᠤᠢ ᠳᠠᠮᠢᠷᠴᠢᠨ ᠤᠷᠤᠯᠴᠠᠵᠠᠢ᠃
ᠲᠤᠰ ᠤᠳᠠᠭᠠᠨ ᠤ᠋ ᠤᠷᠤᠯᠳᠤᠭᠠᠨ ᠤ᠋ ᠡᠬᠢᠯᠡᠯᠲᠡ ᠵᠢᠨ ᠴᠡᠭ ᠢ᠋ ᠡᠵᠡᠨ ᠬᠣᠷᠣᠭ᠎ᠠ ᠬᠣᠰᠢᠭᠤᠨ ᠤ᠋ ᠪᠦᠬᠦ ᠠᠷᠠᠳ ᠤ᠋ᠨ ᠪᠡᠶ᠎ᠡ ᠴᠢᠭᠢᠷᠠᠭᠵᠢᠭᠤᠯᠬᠤ ᠪᠡᠶ᠎ᠡ ᠵᠢᠨ ᠲᠠᠮᠢᠷ ᠤ᠋ᠨ ᠬᠥᠳᠡᠯᠭᠡᠭᠡᠨ ᠤ᠋ ᠲᠥᠪ ᠲᠤ᠌ ᠲᠤᠬᠢᠷᠠᠭᠤᠯᠵᠤ᠂ ᠤᠷᠤᠯᠳᠤᠭᠠᠨ ᠤ᠋ ᠵᠠᠮ ᠨᠢ ᠪᠣᠯᠪᠠᠰᠤᠨ ᠵᠡᠭᠦᠨ ᠵᠡᠭᠡᠯᠢ᠂ ᠤᠯᠠᠭᠠᠨᠮᠦ᠋ᠷᠡᠨ ᠭᠣᠣᠯ ᠤ᠋ᠨ 3 ᠳ᠋ᠤᠭᠠᠷ ᠨᠣᠮᠧᠷᠲᠤ ᠬᠥᠭᠥᠷᠭᠡ᠂ 4 ᠳ᠋ᠤᠭᠡᠷ ᠨᠣᠮᠧᠷᠲᠤ ᠬᠥᠭᠥᠷᠭᠡ ᠵᠢ ᠰᠤᠨᠳᠠᠯᠠᠨ᠂ ᠠᠮᠢ ᠠᠬᠤᠢ ᠵᠢᠨ ᠦᠵᠡᠮᠵᠢ ᠵᠢᠨ ᠪᠦᠰᠡ ᠪᠡᠷ ᠥᠩᠭᠡᠷᠡᠵᠦ᠂ ᠬᠤᠳᠠ ᠵᠢᠨ ᠦᠩᠬᠡ ᠦᠵᠡᠮᠵᠢ ᠪᠤᠯᠤᠨ ᠤᠯᠠᠭᠠᠨᠮᠦ᠋ᠷᠡᠨ ᠭᠣᠣᠯ ᠤ᠋ᠨ ᠬᠥᠪᠡᠭᠡᠨ ᠤ᠋ ᠦᠵᠡᠮᠵᠢ ᠵᠢ ᠤᠷᠤᠯᠳᠤᠭᠠᠨ ᠤ᠋ ᠵᠠᠮ ᠳ᠋ᠤ ᠠᠭᠤᠰᠤᠯᠴᠠᠭᠤᠯᠵᠡᠢ᠃ ᠤᠷᠤᠯᠳᠤᠭᠠᠨ ᠤ᠋ ᠡᠷᠡᠭᠲᠡᠢ ᠵᠢᠨ ᠳᠤᠭᠤᠢᠯᠠᠩ ᠤ᠋ᠨ ᠶᠡᠷᠦᠩᠬᠡᠢ ᠤᠷᠤᠯᠳᠤᠭᠠᠨ ᠤ᠋ ᠵᠠᠢ ᠨᠢ 78.8 ᠺᠢᠯᠣᠮᠧᠲᠷ᠂ ᠡᠮᠡᠭᠲᠡᠢ ᠵᠢᠨ ᠳᠤᠭᠤᠢᠯᠠᠩ ᠤ᠋ᠨ ᠤᠷᠤᠯᠳᠤᠭᠠᠨ ᠤ᠋ ᠵᠠᠢ ᠨᠢ 60.2 ᠺᠢᠯᠣᠮᠧᠲᠷ ᠪᠤᠯᠤᠨ᠎ᠠ᠃ ᠡᠴᠦᠰ ᠲᠤ᠌᠂ ᠬᠤᠷᠴᠠ ᠰᠢᠷᠦᠬᠦᠨ ᠮᠥᠷᠥᠢᠴᠡᠭᠡᠨ ᠶ᠋ᠢᠡᠷ ᠳᠡᠮᠵᠢᠨ᠂ ᠶᠦᠨᠨᠠᠨ ᠤ᠋ ᠠᠩᠭᠢ ᠶ᠋ᠢᠨ ᠳᠠᠮᠢᠷᠴᠢᠨ ᠬᠤ᠌ ᠬᠠᠢ ᠵᠢᠶᠧ ᠡᠷᠡᠭᠲᠡᠢ ᠵᠢᠨ ᠨᠤᠭᠤᠯᠤᠭ᠎ᠠ ᠤᠷᠤᠯᠳᠤᠭᠠᠨ ᠤ᠋ ᠮᠠᠩᠯᠠᠢ ᠳ᠋ᠤ ᠳᠤᠳᠤᠷᠠᠵᠤ᠂ ᠬᠤᠨᠠᠨ ᠤ᠋ ᠠᠩᠭᠢ ᠵᠢᠨ ᠳᠠᠮᠢᠷᠴᠢᠨ ᠳ᠋ᠧᠦ ᠵᠢᠩ ᠡᠮᠡᠭᠲᠡᠢ ᠵᠢᠨ ᠳᠤᠭᠤᠢᠯᠠᠩ ᠳ᠋ᠤ ᠳᠡᠷᠢᠬᠦᠯᠡᠵᠡᠢ᠃
ᠳᠤᠰ ᠤᠳᠠᠭᠠᠨ ᠤ᠋ ᠤᠷᠤᠯᠳᠤᠭᠠᠨ ᠨᠢ ᠤᠯᠤᠰ ᠤ᠋ᠨ ᠳᠣᠲᠣᠭᠠᠳᠤ ᠵᠢᠨ ᠵᠠᠰᠠᠮᠠᠯ ᠵᠠᠮ ᠤ᠋ᠨ ᠳᠤᠭᠤᠢ ᠲᠡᠷᠭᠡᠨ ᠤ᠋ ᠣᠨ ᠤ᠋ ᠬᠠᠮᠤᠭ ᠤ᠋ᠨ ᠥᠨᠳᠥᠷ ᠲᠦᠪᠰᠢᠨ ᠤ᠋ ᠤᠷᠤᠯᠳᠤᠭᠠᠨ ᠪᠠᠢᠵᠤ᠂ ᠳᠤᠭᠤᠢ ᠲᠡᠷᠭᠡᠨ ᠤ᠋ ᠲᠠᠮᠢᠷᠴᠢᠳ ᠤ᠋ᠨ ᠤᠷᠤᠯᠳᠤᠭᠠᠨ ᠤ᠋ ᠲᠦᠪᠰᠢᠨ ᠢ᠋ ᠰᠢᠯᠭᠠᠨ ᠪᠠᠢᠴᠠᠭᠠᠬᠤ ᠪᠠᠷ ᠪᠠᠷᠠᠬᠤ ᠦᠭᠡᠢ ᠣᠷᠳᠣᠰ ᠤ᠋ᠨ ᠲᠠᠯ᠎ᠠ ᠨᠤᠲᠤᠭ ᠤ᠋ᠨ ᠬᠣᠲᠠ ᠵᠢᠨ ᠳᠦᠷᠢ ᠲᠥᠷᠬᠦ ᠵᠢ ᠭᠦᠢᠴᠡᠳ ᠢᠯᠡᠷᠡᠭᠦᠯᠦᠨ᠂ ᠤᠷᠤᠯᠳᠤᠭᠠᠨ ᠤ᠋ ᠪᠡᠶ᠎ᠡ ᠵᠢᠨ ᠲᠠᠮᠢᠷ ᠬᠢᠭᠡᠳ ᠪᠥᠬᠥ ᠠᠷᠠᠳ ᠤ᠋ᠨ ᠪᠡᠶ᠎ᠡ ᠴᠢᠭᠢᠷᠠᠭᠵᠢᠭᠤᠯᠤᠯᠲᠠ ᠵᠢᠨ ᠭᠦᠨᠵᠡᠭᠡᠢ ᠠᠭᠤᠰᠤᠯᠴᠠᠯ ᠢ᠋ ᠠᠬᠢᠭᠤᠯᠤᠭᠰᠠᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃