ᠲᠡᠷᠢᠭᠦᠨ ᠨᠢᠭᠤᠷ>ᠨᠠᠭᠠᠳᠤᠮ ᠴᠡᠩᠬᠡᠭᠦᠨ>ᠪᠡᠶ᠎ᠡ᠎ᠶ᠋ᠢᠨ ᠲᠠᠮᠢᠷ

2026-09-23 10:16:08

ᠵᠣᠬᠢᠶᠠᠭ᠍ᠴᠢ᠄ ᠴᠸᠨ ᠨᠠᠷᠠᠨᠳᠤᠨᠭᠭᠠᠯᠠᠭ ᠣᠩᠱᠢᠭ᠍ᠰᠠᠨ ᠣᠳᠠᠭ᠎ᠠ᠄ 3

ᠲᠦᠷᠦᠬᠦᠬᠡᠨ᠂ 2026 ᠣᠨ᠎ᠤ ᠬᠥᠬᠡᠬᠣᠲᠠ᠎ᠶᠢᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠰᠢᠷᠢᠰ ᠠᠵᠢᠯᠯᠠᠭ᠎ᠠ᠎ᠶᠢᠨ ᠰᠢᠳᠠᠮ᠎ᠦᠨ ᠨᠢᠳᠤᠷᠭ᠎ᠠ᠎ᠶᠢᠨ ᠡᠷᠳᠡᠮ᠎ᠤᠨ ᠰᠣᠯᠢᠯᠴᠠᠭᠠᠨ᠎ᠤ ᠦᠵᠡᠭᠦᠯᠭᠡ᠎ᠶᠢᠨ ᠲᠣᠭᠯᠠᠯᠲᠠ ᠬᠥᠬᠡᠬᠣᠲᠠ᠎ᠶᠢᠨ ᠱᠤᠭᠤᠮᠠᠯ᠎ᠤᠨ ᠴᠡᠴᠡᠷᠯᠢᠭ᠎ᠦᠨ ᠠᠭᠤᠳᠠᠮ ᠲᠠᠯᠠᠪᠠᠶ᠎ᠳᠤ ᠶᠠᠪᠤᠭᠳᠠᠪᠠ᠃

ᠲᠣᠰ ᠤᠳᠠᠭᠠᠨ᠎ᠤ ᠠᠵᠢᠯᠯᠠᠭ᠎ᠠ᠎ᠶᠢ ᠬᠥᠬᠡᠬᠣᠲᠠ᠎ᠶᠢᠨ ᠬᠥᠯ ᠪᠥᠮᠪᠥᠭᠡ᠎ᠶᠢᠨ ᠬᠥᠳᠡᠯᠭᠡᠭᠡᠨ ᠪᠠ ᠨᠡᠢᠭᠡᠮ᠎ᠦᠨ ᠪᠡᠶ᠎ᠡ᠎ᠶᠢᠨ ᠲᠠᠮᠢᠷ᠎ᠤᠨ ᠬᠥᠭᠵᠢᠯᠲᠡ᠎ᠶᠢᠨ ᠲᠥᠪ᠎ᠡᠴᠡ ᠭᠣᠣᠯᠯᠠᠨ ᠡᠷᠭᠢᠯᠡᠵᠦ᠂ ᠨᠡᠶ᠋ᠢᠲᠡ 12 ᠠᠩᠭᠢ᠂ 200 ᠭᠠᠷᠤᠢ ᠰᠢᠳᠠᠮ᠎ᠦᠨ ᠨᠢᠳᠤᠷᠭ᠎ᠠ᠎ᠶᠢᠨ ᠡᠷᠳᠡᠮ᠎ᠤᠨ ᠪᠠᠬᠠᠲᠠᠳ ᠣᠷᠣᠯᠴᠠᠵᠠᠢ᠃

ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠢ᠎ᠳᠦ ᠡᠯ᠎ᠡ ᠡᠩᠨᠡᠭᠡ᠎ᠶᠢᠨ ᠬᠢᠨ ᠴᠤᠭ ᠵᠢᠪᠬᠤᠭ᠎ᠠ᠎ᠲᠠᠢ᠂ ᠳᠡᠰ ᠳᠠᠷᠠᠭ᠎ᠠ᠎ᠲᠠᠢ᠎ᠪᠠᠷ ᠲᠠᠢᠰᠠᠨ᠎ᠳᠤ ᠭᠠᠷᠴᠤ᠂ ᠤᠷ᠎ᠠ ᠮᠡᠷᠭᠡᠵᠢᠯ᠎ᠪᠠ ᠲᠤᠷᠰᠢᠯᠭ᠎ᠠ ᠪᠡᠨ ᠰᠣᠯᠢᠯᠴᠠᠵᠤ᠂ ᠤᠯᠠᠮᠵᠢᠯᠠᠯᠲᠤ ᠨᠢᠳᠤᠷᠭ᠎ᠠ᠎ᠶᠢᠨ ᠡᠷᠳᠡᠮ᠎ᠦᠨ ᠥᠪᠡᠷᠮᠢᠴᠡ ᠷᠢᠳᠢ ᠰᠢᠳᠢ ᠪᠣᠯᠣᠨ ᠬᠦᠬᠡᠬᠤᠲᠠ᠎ᠶᠢᠨ ᠤᠯᠠᠨ ᠲᠦᠮᠡᠨ᠎ᠦ ᠪᠡᠶ᠎ᠡ ᠴᠢᠭᠢᠷᠠᠭᠵᠢᠭᠤᠯᠬᠤ ᠰᠠᠢᠨ ᠰᠠᠢᠬᠠᠨ ᠳᠦᠷᠬᠦ ᠪᠠᠢᠳᠠᠯ᠎ᠢ ᠭᠦᠢᠴᠡᠳ ᠢᠯᠡᠷᠡᠭᠦᠯᠪᠡ᠃ ᠲᠣᠰ ᠤᠳᠠᠭᠠᠨ᠎ᠤ ᠠᠵᠢᠯᠯᠠᠭ᠎ᠠ ᠨᠢ ᠭᠠᠷᠠᠭ᠎ᠤᠨ ᠰᠡᠭᠦᠯᠴᠢ᠎ᠶᠢᠨ ᠰᠣᠶᠣᠯ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠠᠴᠢᠶᠠᠯᠠᠪᠤᠷᠢ᠎ᠳᠤ ᠲᠦᠰᠢᠭᠯᠡᠨ᠂ ᠬᠣᠲᠠ᠎ᠶᠢᠨ ᠠᠷᠠᠳ᠎ᠤᠨ ᠠᠵᠢᠯ᠎ᠤᠨ ᠴᠢᠯᠦᠭᠡᠨ᠎ᠦ ᠰᠣᠶᠣᠯ ᠴᠡᠩᠭᠡᠯ᠎ᠦᠨ ᠠᠮᠢᠳᠤᠷᠠᠯ᠎ᠢ ᠤᠯᠠᠮ ᠨᠢᠭᠡ ᠠᠯᠬᠤᠮ ᠪᠠᠶᠠᠯᠢᠭ᠍ᠵᠢᠭᠤᠯᠵᠤ᠂ ᠣᠯᠠᠨ ᠲᠦᠮᠡᠨ᠎ᠦ ᠪᠡᠶ᠎ᠡ᠎ᠶᠢᠨ ᠲᠠᠮᠢᠷ ᠪᠡᠶ᠎ᠡ ᠴᠢᠭᠢᠷᠠᠭᠵᠢᠭᠤᠯᠬᠤ᠎ᠳᠤ ᠣᠷᠣᠯᠴᠠᠬᠤ ᠬᠠᠯᠠᠭᠤᠨ ᠤᠷᠮ᠎ᠠ᠎ᠶᠢ ᠬᠥᠭᠵᠢᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面