2026-10-23 12:36:40
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ ᠤ᠋ᠨ ᠶᠡᠷᠦᠩᠬᠡᠢ ᠡᠪᠯᠡᠯ᠎ᠡᠴᠡ ᠣᠢᠯᠠᠭᠠᠭᠰᠠᠨ ᠵᠢᠡᠷ᠂ ᠣᠲᠣᠬᠠᠨ ᠪᠣᠯᠲᠠᠯ᠎ᠠ ᠥᠪᠥᠷ ᠮᠣᠩᠭᠣᠯ 1167 ᠰᠤᠮᠤ ᠰᠢᠶᠠᠩ ᠪᠠᠯᠭᠠᠰᠤ (ᠵᠡᠭᠡᠯᠢ ᠭᠤᠳᠤᠮᠵᠢ) ᠳ᠋ᠤ ᠬᠣᠶᠠᠳᠤᠭᠠᠷ ᠳᠡᠰ᠎ᠤᠨ ᠪᠡᠶ᠎ᠡ ᠴᠢᠭᠢᠷᠠᠭᠵᠢᠭᠤᠯᠬᠤ ᠵᠢ ᠵᠢᠯᠤᠭᠣᠳᠬᠤ ᠥᠷᠲᠡᠭᠡ ᠪᠠᠢᠭᠤᠯᠵᠤ᠂ ᠪᠥᠬᠥ ᠣᠷᠣᠨ᠎ᠤ ᠰᠤᠮᠤ ᠰᠢᠶᠠᠩ ᠪᠠᠯᠭᠠᠰᠤ (ᠵᠡᠭᠡᠯᠢ ᠭᠤᠳᠤᠮᠵᠢ)᠎ᠶᠢ ᠨᠡᠢᠳᠡᠮ ᠬᠠᠮᠤᠷᠪᠡ᠃
ᠣᠢᠯᠠᠭᠠᠭᠰᠠᠨ᠎ᠢᠶᠠᠷ᠂ ᠥᠪᠥᠷ ᠮᠣᠩᠭᠣᠯ᠎ᠤᠨ ᠭᠠᠵᠠᠷ ᠨᠤᠲᠤᠭ ᠠᠭᠤᠳᠠᠮ᠂ ᠬᠣᠲᠠ ᠬᠥᠳᠡᠭᠡ᠎ᠶᠢᠨ ᠵᠥᠷᠢᠶ᠎ᠡ ᠶᠡᠬᠡ᠂ ᠬᠡᠰᠡᠭ ᠭᠠᠵᠠᠷ ᠣᠷᠣᠨ᠎ᠳᠤ ᠣᠷᠳᠣ᠌ ᠬᠤᠭᠤᠴᠠᠭᠠᠨ᠎ᠤ ᠲᠤᠷᠰᠢ ᠪᠡᠶ᠎ᠡ ᠴᠢᠭᠢᠷᠠᠭᠵᠢᠭᠤᠯᠬᠤ ᠡᠬᠢ ᠪᠠᠶᠠᠯᠢᠭ᠋ ᠳᠤᠲᠠᠮᠠᠭ᠂ ᠲᠤᠰᠬᠠᠢ ᠮᠡᠷᠭᠡᠵᠢᠯ᠎ᠦᠨ ᠵᠢᠯᠣᠭᠣᠳᠤᠯᠭ᠎ᠠ ᠳᠤᠲᠠᠭᠳᠠᠵᠤ ᠪᠠᠢᠭᠰᠠᠨ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠶᠢᠨ ᠲᠥᠯᠥᠭᠡ᠂ ᠥᠪᠥᠷ ᠮᠣᠩᠭᠣᠯ 2024 ᠣᠨ᠎ᠠᠴᠠ ᠡᠬᠢᠯᠡᠨ《ᠪᠡᠶ᠎ᠡ ᠴᠢᠭᠢᠷᠠᠭᠵᠢᠭᠤᠯᠬᠤ ᠵᠢ ᠵᠢᠯᠣᠭᠣᠳᠬᠤ ᠥᠷᠲᠡᠭᠡ》 ᠶ᠋ᠢᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠢ ᠡᠬᠢᠯᠡᠭᠦᠯᠦᠭᠰᠡᠨ ᠪᠠᠢᠨ᠎ᠠ᠃ 2025 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠶᠡᠷᠦᠩᠬᠡᠢ ᠡᠪᠯᠡᠯ᠎ᠡᠴᠡ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠡᠶ᠎ᠡ ᠴᠢᠭᠢᠷᠠᠭᠵᠢᠭᠤᠯᠬᠤ᠎ᠵᠢ ᠵᠢᠯᠤᠭᠣᠳᠬᠤ ᠥᠷᠲᠡᠭᠡ〉᠎ᠶ᠋ᠢᠨ ᠭᠤᠷᠪᠠᠨ ᠵᠢᠯ᠎ᠦᠨ ᠪᠦᠲᠦᠭᠡᠨ ᠪᠠᠢᠭᠤᠯᠤᠯᠲᠠ᠎ᠶᠢᠨ ᠲᠥᠰᠥᠯ》᠎ᠢ ᠳᠠᠷᠤᠮᠠᠯᠯᠠᠨ ᠲᠠᠷᠬᠠᠭᠠᠵᠤ᠂ 2024 ︱ 2026 ᠣᠨ᠎ᠤ ᠬᠣᠭᠣᠷᠣᠨᠳᠤ ᠪᠥᠬᠥ ᠣᠷᠣᠨ᠎ᠤ ᠵᠡᠭᠡᠯᠢ ᠭᠤᠳᠤᠮᠵᠢ᠂ ᠰᠢᠶᠠᠩ ᠪᠠᠯᠭᠠᠰᠤ᠂ ᠰᠤᠮᠤᠨ᠎ᠳᠤ ᠪᠡᠶ᠎ᠡ ᠴᠢᠭᠢᠷᠠᠭᠵᠢᠭᠤᠯᠬᠤ᠎ᠶᠢ ᠵᠢᠯᠤᠭᠣᠳᠬᠤ ᠥᠷᠲᠡᠭᠡ᠎ᠶᠢ ᠪᠦᠬᠦᠨ᠎ᠢ ᠪᠦᠷᠬᠦᠭᠦᠯᠬᠦ ᠪᠡᠷ ᠲᠦᠯᠦᠪᠯᠡᠪᠡ᠃ ᠣᠳᠣᠬᠠᠨ ᠳ᠋ᠤ᠂ ᠬᠣᠶᠠᠳᠤᠭᠠᠷ ᠳᠡᠰ᠎ᠤᠨ ᠥᠷᠲᠡᠭᠡ ᠴᠡᠭ᠎ᠢ ᠪᠥᠬᠥ ᠬᠦᠷᠢᠶ᠎ᠠ ᠴᠠᠷᠠᠭ᠎ᠠ᠎ᠪᠠᠷ ᠪᠦᠷᠬᠦᠭᠦᠯᠦᠭᠰᠡᠨ ᠰᠠᠭᠤᠷᠢᠨ ᠳᠡᠭᠡᠷ᠎ᠡ᠂ ᠥᠷᠲᠡᠭᠡ ᠴᠡᠭ᠎ᠦᠨ ᠲᠣᠣᠷ᠎ᠢ ᠤᠯᠠᠮ ᠨᠢᠭᠡ ᠠᠯᠬᠤᠮ ᠨᠢᠭ᠍ᠲᠠᠷᠠᠭᠤᠯᠬᠤ ᠶ᠋ᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠶᠡᠷᠦᠩᠬᠡᠢ ᠡᠪᠯᠡᠯ᠎ᠡᠴᠡ ᠬᠣᠰᠢᠭᠤ ᠰᠢᠶᠠᠨ(ᠬᠣᠲᠠ᠂ ᠲᠣᠭᠣᠷᠢᠭ᠋)᠎ᠤ᠋ ᠨᠢᠭᠡᠳᠦᠭᠡᠷ ᠳᠡᠰ᠎ᠤᠨ ᠵᠢᠯᠤᠭᠣᠳᠬᠤ ᠥᠷᠲᠡᠭᠡ᠎ᠶᠢᠨ ᠪᠦᠲᠦᠭᠡᠨ ᠪᠠᠢᠭᠤᠯᠤᠯᠲᠠ᠎ᠶᠢ ᠦᠷᠭᠦᠯᠵᠢᠯᠡᠨ ᠠᠬᠢᠭᠤᠯᠵᠤ ᠪᠤᠢ᠃
ᠲᠠᠨᠢᠯᠴᠠᠭᠤᠯᠤᠭᠰᠠᠨ᠎ᠢᠶᠠᠷ᠂ ᠪᠣᠳᠠᠲᠤ ᠴᠣᠭᠴᠠ᠎ᠶᠢᠨ ᠵᠢᠭ᠍ᠰᠠᠭᠠᠯ᠎ᠤᠨ ᠭᠠᠵᠠᠷ᠎ᠢ ᠪᠠᠶ᠋ᠢᠭᠤᠯᠬᠤ ᠠᠵᠢᠯ᠎ᠤᠨ ᠭᠣᠣᠯᠳᠠᠯᠭ᠎ᠠ ᠨᠢ ᠦᠢᠯᠡᠴᠢᠯᠡᠭᠡᠨ᠎ᠦ ᠦᠷ᠎ᠡ ᠪᠦᠲᠦᠮᠵᠢ᠎ᠶᠢ ᠬᠥᠭᠵᠢᠭᠡᠬᠦ᠎ᠳᠦ ᠪᠤᠢ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠶᠡᠷᠦᠩᠬᠡᠢ ᠡᠪᠯᠡᠯ ᠨᠢ ᠵᠠᠩᠭᠢᠯᠠᠭ᠎ᠠ᠎ᠶᠢᠨ ᠡᠭᠦᠷᠭᠡ ᠴᠢᠳᠠᠪᠤᠷᠢ᠎ᠪᠠᠨ ᠭᠦᠢᠴᠡᠳ ᠪᠠᠳᠠᠷᠠᠭᠤᠯᠵᠤ᠂ ᠪᠥᠬᠥ ᠣᠷᠣᠨ᠎ᠤ ᠴᠢᠨᠠᠷᠲᠠᠢ ᠪᠡᠶ᠎ᠡ᠎ᠶᠢᠨ ᠲᠠᠮᠢᠷ᠎ᠤᠨ ᠨᠡᠢᠭᠡᠮ᠎ᠦᠨ ᠵᠣᠬᠢᠶᠠᠨ ᠪᠠᠢᠭᠤᠯᠤᠯᠲᠠ᠎ᠶᠢᠨ ᠪᠡᠶ᠎ᠡ ᠴᠢᠭᠢᠷᠠᠭᠵᠢᠭᠤᠯᠬᠤ᠎ᠶᠢ ᠵᠢᠯᠣᠭᠣᠳᠬᠤ᠎ᠳᠤ ᠣᠷᠣᠯᠴᠠᠬᠤ᠎ᠶᠢ ᠬᠥᠲᠥᠯᠥᠨ ᠵᠢᠯᠤᠭᠣᠳᠬᠤ ᠪᠠ ᠤᠷᠮᠠᠰᠢᠭᠤᠯᠬᠤ᠎ᠶᠢ ᠴᠢᠨᠭᠭ᠎ᠠ ᠠᠳᠬᠤᠵᠤ᠂ ᠡᠯ᠎ᠡ ᠵᠦᠢᠯ᠎ᠦᠨ ᠠᠵᠢᠯᠯᠠᠭ᠎ᠠ᠎ᠶᠢᠨ ᠠᠴᠢᠶᠠᠯᠠᠪᠤᠷᠢ᠎ᠳᠤ ᠲᠦᠰᠢᠭᠯᠡᠨ ᠡᠪᠯᠡᠯ᠎ᠦᠨ ᠲᠤᠰᠬᠠᠢ ᠮᠡᠷᠭᠡᠵᠢᠯ᠎ᠦᠨ ᠡᠬᠢ ᠪᠠᠶᠠᠯᠢᠭ᠋᠎ᠢ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠪᠠᠭᠤᠯᠭᠠᠬᠤ᠎ᠶᠢ ᠠᠬᠢᠭᠤᠯᠵᠤ᠂ ᠳᠠᠰᠬᠠᠵᠢᠭᠤᠯᠤᠭ᠍ᠴᠢ᠂ ᠬᠠᠯᠠᠭᠳᠠᠭᠰᠠᠨ ᠲᠠᠮᠢᠷᠴᠢᠨ᠂ ᠪᠡᠶ᠎ᠡ ᠴᠢᠭᠢᠷᠠᠭᠵᠢᠭᠤᠯᠬᠤ ᠭᠣᠣᠯᠯᠠᠬᠤ ᠴᠢᠳᠠᠪᠤᠷᠢᠳᠠᠨ ᠵᠡᠷᠭᠡ᠎ᠶᠢ ᠥᠷᠲᠡᠭᠡ ᠴᠡᠭ᠎ᠤᠨ ᠦᠢᠯᠡᠴᠢᠯᠡᠭᠡᠨ᠎ᠦ ᠡᠩᠨᠡᠭᠡ᠎ᠳᠦ ᠣᠷᠣᠭᠤᠯᠵᠤ᠂ ᠦᠨᠳᠦᠰᠦᠨ ᠱᠠᠲᠤᠨ᠎ᠤ ᠲᠤᠰᠬᠠᠢ ᠮᠡᠷᠭᠡᠵᠢᠯ᠎ᠦᠨ ᠪᠡᠶ᠎ᠡ ᠴᠢᠭᠢᠷᠠᠭᠵᠢᠭᠤᠯᠬᠤ᠎ᠶᠢ ᠵᠢᠯᠤᠭᠣᠳᠬᠤ ᠬᠦᠴᠦᠨ ᠬᠦᠷᠦᠯᠴᠡᠬᠦ ᠦᠭᠡᠢ ᠳᠤᠲᠠᠭᠤᠳᠠᠯ᠎ᠢ ᠨᠥᠬᠥᠪᠦᠷᠢᠯᠡᠪᠡ᠃
ᠨᠠᠰᠤᠲᠠᠨ᠂ ᠬᠡᠤᠬᠡᠳ ᠵᠡᠷᠭᠡ ᠭᠣᠣᠯᠳᠠᠯᠭ᠎ᠠ᠎ᠲᠠᠢ ᠬᠥᠮᠥᠰᠪᠠ ᠪᠡᠶ᠎ᠡ᠎ᠶᠢᠨ ᠲᠠᠮᠢᠷ᠎ᠤᠨ ᠡᠬᠢ ᠪᠠᠶᠠᠯᠢᠭ᠋᠎ᠢᠶᠠᠷ ᠪᠠᠭᠤᠷᠠᠢ ᠣᠷᠣᠨ ᠪᠦᠰᠡ ᠵᠡᠷᠭᠡ ᠵᠢ ᠬᠠᠮᠲᠤ ᠳ᠋ᠤᠨᠢ ᠬᠠᠷᠠᠭᠠᠯᠵᠠᠵᠤ᠂ ᠡᠪᠯᠡᠯ᠎ᠦᠨ ᠲᠤᠰᠬᠠᠢ ᠮᠡᠷᠭᠡᠵᠢᠯ᠎ᠦᠨ ᠬᠦᠴᠦᠨ᠂ ᠥᠷᠲᠡᠭᠡ ᠴᠡᠭ᠎ᠦᠨ ᠵᠢᠭ᠍ᠰᠠᠭᠠᠯ᠎ᠤᠨ ᠭᠠᠵᠠᠷ᠂ ᠰᠠᠢᠨ ᠳᠤᠷ᠎ᠠ᠎ᠶᠢᠨ ᠦᠢᠯᠡᠴᠢᠯᠡᠭᠡᠨ᠎ᠦ ᠡᠩᠨᠡᠭᠡ᠎ᠶᠢᠨ ᠭᠦᠨᠵᠡᠭᠡᠢ ᠠᠭᠤᠰᠤᠯᠴᠠᠬᠤ᠎ᠶᠢ ᠠᠬᠢᠭᠤᠯᠵᠤ᠂ ᠰᠢᠨᠵᠢᠯᠡᠬᠦ ᠤᠬᠠᠭᠠᠨᠴᠢ᠎ᠪᠠᠷ ᠪᠡᠶ᠎ᠡ ᠴᠢᠭᠢᠷᠠᠭᠵᠢᠭᠤᠯᠬᠤ ᠦᠢᠯᠡᠴᠢᠯᠡᠭᠡ᠎ᠶᠢ ᠠᠳᠠᠯᠢ ᠪᠤᠰᠤ ᠪᠦᠯᠬᠦᠮ ᠨᠡᠢᠲᠡ ᠳ᠋ᠤ ᠣᠨᠣᠪᠴᠢᠲᠠᠶ ᠬᠦᠷᠦᠭᠦᠯᠬᠦ᠎ᠶᠢ ᠠᠬᠢᠭᠤᠯᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠶᠡᠷᠦᠩᠬᠡᠢ ᠡᠪᠯᠡᠯ᠎ᠡᠴᠡ 《ᠤᠮᠠᠷᠠᠲᠤ ᠬᠢᠵᠠᠭᠠᠷ᠎ᠤᠨ ᠪᠡᠶ᠎ᠡ᠎ᠶᠢᠨ ᠲᠠᠮᠢᠷ᠎ᠤᠨ ᠬᠥᠩᠭᠡᠨ ᠮᠣᠷᠢᠲᠤ ᠴᠡᠷᠢᠭ》᠎ᠤᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠬᠥᠳᠡᠯᠦᠩᠭᠦᠢ ᠳᠠᠪᠠᠭᠤᠯᠢᠭ᠋᠎ᠢ ᠭᠦᠢᠴᠡᠳ ᠪᠠᠳᠠᠷᠠᠭᠤᠯᠵᠤ᠂ ᠵᠢᠯᠤᠭᠤᠳᠤᠯᠭ᠎ᠠ ᠵᠢ ᠭᠡᠷ ᠲᠦ᠍ᠨᠢ ᠬᠦᠷᠭᠡᠬᠦ᠂ ᠨᠡᠭᠦᠳᠡᠯ ᠵᠢᠯᠣᠭᠣᠳᠤᠯᠭ᠎ᠠ ᠬᠢᠬᠦ ᠵᠡᠷᠭᠡ ᠵᠢ ᠥᠷᠨᠢᠭᠦᠯᠵᠦ᠂ ᠰᠢᠨᠵᠢᠯᠡᠬᠦ ᠤᠬᠠᠭᠠᠨᠴᠢ᠎ᠪᠠᠷ ᠪᠡᠶ᠎ᠡ ᠴᠢᠭᠢᠷᠠᠭᠵᠢᠭᠤᠯᠬᠤ ᠮᠡᠳᠡᠯᠭᠡ ᠪᠠ ᠪᠣᠳᠠᠲᠤ ᠲᠠᠮᠢᠷ᠎ᠤᠨ ᠵᠢᠭᠠᠨ ᠰᠤᠷᠭᠠᠯᠲᠠ᠎ᠶᠢ ᠣᠯᠠᠨ ᠲᠦᠮᠡᠨ᠎ᠦ ᠡᠭᠦᠳᠡᠨ ᠳ᠋ᠦ ᠬᠦᠷᠭᠡᠵᠦ᠂ ᠪᠣᠶ᠋ᠢᠳᠠ ᠪᠥᠭᠯᠡᠭᠦᠦ ᠭᠠᠵᠠᠷ ᠣᠷᠣᠨ᠎ᠤ ᠪᠡᠶ᠎ᠡ ᠴᠢᠭᠢᠷᠠᠭᠵᠢᠭᠤᠯᠬᠤ ᠵᠢᠯᠣᠭᠣᠳᠤᠯᠭ᠎ᠠ᠎ᠶᠢᠨ ᠬᠠᠩᠭᠠᠯᠭ᠎ᠠ᠎ᠶᠢᠨ ᠳᠤᠲᠠᠭᠤᠳᠠᠯ᠎ᠢ ᠨᠥᠬᠥᠪᠦᠷᠢᠯᠡᠪᠡ᠃ ᠪᠡᠶ᠎ᠡ᠎ᠶᠢᠨ ᠲᠠᠮᠢᠷ᠎ᠤᠨ ᠡᠪᠯᠡᠯ᠎ᠦᠨ ᠰᠤᠷᠭᠠᠭᠤᠯᠢ ᠶ᠋ᠢᠨ ᠬᠦᠷᠢᠶᠡᠨ᠎ᠳᠦ ᠣᠷᠣᠬᠤ ᠠᠵᠢᠯᠯᠠᠭ᠎ᠠ᠎ᠶᠢ ᠥᠷᠨᠢᠭᠦᠯᠵᠦ᠂ ᠵᠠᠯᠠᠭᠤᠴᠤᠳ ᠪᠠᠭᠠᠴᠤᠳ᠎ᠲᠤ ᠠᠩᠬᠠᠷᠤᠯ᠎ᠢᠶᠠᠨ ᠲᠥᠪᠯᠡᠷᠡᠭᠦᠯᠦᠨ᠂ ᠡᠪᠯᠡᠯ᠎ᠦᠨ ᠲᠥᠷᠥᠯ ᠵᠦᠢᠯ᠂ ᠪᠠᠭ᠍ᠰᠢ᠎ᠶᠢᠨ ᠳᠠᠪᠠᠭᠤᠯᠢᠭ᠋᠎ᠢ ᠪᠠᠳᠠᠷᠠᠭᠤᠯᠵᠤ᠂ ᠬᠦᠷᠳᠦᠲᠦ ᠲᠡᠰᠢᠯᠲᠡ᠂ ᠴᠠᠰᠤ ᠮᠥᠰᠥᠨ᠎ᠤ ᠲᠦᠷᠦᠯ ᠵᠦᠢᠯ᠂ ᠰᠢᠳᠠᠮ ᠪᠥᠮᠪᠥᠭᠡ ᠵᠡᠷᠭᠡ ᠲᠥᠷᠥᠯ ᠵᠦᠢᠯ᠎ᠦᠨ ᠨᠡᠶ᠋ᠢᠲᠡ᠎ᠶᠢᠨ ᠠᠰᠠᠷᠠᠮᠵᠢ᠎ᠶᠢᠨ ᠢᠯᠡ ᠬᠢᠴᠢᠶᠡᠯ᠎ᠢ ᠰᠤᠷᠭᠠᠭᠤᠯᠢ᠎ᠶᠢᠨ ᠬᠦᠷᠢᠶᠡᠨ᠎ᠳᠦ ᠬᠦᠷᠭᠡᠵᠦ᠂ ᠰᠤᠷᠭᠠᠭᠤᠯᠢ᠎ᠶᠢᠨ ᠬᠦᠷᠢᠶᠡᠨ᠎ᠦ ᠪᠡᠶ᠎ᠡ᠎ᠶᠢᠨ ᠲᠠᠮᠢᠷ᠎ᠤᠨ ᠡᠪᠯᠡᠯ᠎ᠦᠨ ᠪᠠᠢᠭᠤᠯᠤᠯᠲᠠ᠎ᠳᠤ ᠬᠦᠴᠦᠨ ᠣᠯᠭᠣᠵᠤ᠂ ᠪᠡᠶ᠎ᠡ᠎ᠶᠢᠨ ᠲᠠᠮᠢᠷ ᠪᠠ ᠰᠤᠷᠭᠠᠨ ᠬᠥᠮᠦᠵᠢᠯ᠎ᠦᠨ ᠠᠭᠤᠰᠤᠯᠴᠠᠯ᠎ᠢ ᠠᠬᠢᠭᠤᠯᠪᠠ᠃
ᠡᠭᠦᠨ᠎ᠦ ᠬᠠᠮᠲᠤ᠂ ᠥᠪᠥᠷ ᠮᠣᠩᠭᠣᠯ᠎ᠤᠨ ᠪᠡᠶ᠎ᠡ᠎ᠶᠢᠨ ᠲᠠᠮᠢᠷ᠎ᠤᠨ ᠶᠡᠷᠦᠩᠬᠡᠢ ᠡᠪᠯᠡᠯ ᠨᠢ 《ᠪᠡᠶ᠎ᠡ ᠴᠢᠭᠢᠷᠠᠭᠵᠢᠭᠤᠯᠬᠤ᠎ᠶᠢ ᠵᠢᠯᠤᠭᠣᠳᠬᠤ ᠬᠡᠲᠦ ᠳᠡᠯᠭᠡᠭᠦᠷ》 ᠤ᠋ᠨ ᠵᠢᠵᠢᠭ ᠫᠷᠣᠭ᠌ᠷᠠᠮ᠎ᠤᠨ ᠲᠣᠭᠠᠴᠢᠯᠠᠭᠰᠠᠨ ᠠᠴᠢᠶᠠᠯᠠᠪᠤᠷᠢ᠎ᠳᠤ ᠲᠦᠰᠢᠭᠯᠡᠨ᠂ ᠥᠷᠲᠡᠭᠡ ᠴᠡᠭ᠂ ᠥᠷᠲᠡᠭᠡᠨ ᠳᠠᠷᠤᠭ᠎ᠠ ᠪᠠ ᠪᠡᠶ᠎ᠡ ᠴᠢᠭᠢᠷᠠᠭᠵᠢᠭᠤᠯᠬᠤ ᠪᠦᠯᠬᠦᠮ ᠵᠡᠷᠭᠡ ᠮᠡᠳᠡᠭᠡ ᠵᠠᠩᠭᠢ᠎ᠶᠢᠨ ᠬᠥᠳᠡᠯᠦᠩᠭᠦᠢ ᠬᠠᠮᠢᠶᠠᠷᠤᠯᠲᠠ᠎ᠶᠢ ᠪᠡᠶᠡᠯᠡᠭᠦᠯᠵᠦ᠂ ᠣᠯᠠᠨ ᠲᠦᠮᠡᠨ᠎ᠦ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠪᠠ ᠡᠪᠯᠡᠯ᠂ ᠵᠢᠯᠣᠭᠣᠳᠤᠭ᠍ᠴᠢ᠎ᠶᠢᠨ ᠬᠠᠩᠭᠠᠯᠭ᠎ᠠ᠎ᠶᠢ ᠵᠣᠯᠭᠠᠭᠤᠯᠬᠤ ᠵᠠᠮ᠎ᠢ ᠨᠡᠪᠲᠡᠷᠡᠭᠦᠯᠪᠡ᠃《ᠭᠠᠷᠠᠭ᠎ᠤᠨ ᠰᠡᠭᠦᠯᠴᠢ᠎ᠶᠢᠨ ᠪᠡᠶ᠎ᠡ᠎ᠶᠢᠨ ᠲᠠᠮᠢᠷ᠎ᠤᠨ ᠬᠢᠴᠢᠶᠡᠯ》᠎ᠤ᠋ᠨ ᠰᠦᠯᠵᠢᠶᠡᠨ ᠳᠡᠭᠡᠷᠡᠬᠢ ᠰᠢᠨᠵᠢᠯᠡᠬᠦ ᠤᠬᠠᠭᠠᠨ᠎ᠤ ᠲᠦᠭᠡᠮᠡᠯᠵᠢᠭᠦᠯᠦᠯᠲᠡ᠎ᠶᠢᠨ ᠲᠠᠪᠴᠠᠩ᠎ᠲᠠᠢ ᠬᠠᠮᠵᠢᠯᠴᠠᠨ᠂ ᠭᠡᠷ᠎ᠲᠡᠬᠡᠨ ᠰᠠᠭᠤᠵᠤ ᠪᠡᠶ᠎ᠡ ᠴᠢᠭᠢᠷᠠᠭᠵᠢᠭᠤᠯᠬᠤ᠂ ᠡᠷᠡᠭᠦᠯ ᠮᠡᠨᠳᠦ ᠵᠢᠨ ᠰᠤᠪᠢᠯᠠᠯᠲᠠ ᠬᠠᠮᠠᠭᠠᠯᠠᠯᠲᠠ ᠵᠡᠷᠭᠡ ᠬᠢᠴᠢᠶᠡᠯ᠎ᠢ ᠬᠦᠷᠭᠡᠪᠡ᠃ ᠰᠦᠯᠵᠢᠶᠡᠨ ᠳᠡᠭᠡᠷ᠎ᠡ ᠪᠠ ᠪᠤᠳᠠᠳᠤ ᠴᠤᠭᠴᠠ ᠬᠠᠮᠵᠢᠯᠴᠠᠨ ᠬᠦᠴᠦᠯᠡᠵᠦ᠂ ᠡᠯ᠎ᠡ ᠨᠠᠰᠤᠨ᠎ᠤ ᠱᠠᠲᠤ᠎ᠶᠢ ᠨᠡᠢᠳᠡᠮ ᠪᠦᠷᠬᠦᠭᠦᠯᠬᠦ᠂ ᠬᠣᠲᠠ ᠬᠥᠳᠡᠭᠡ᠎ᠶᠢᠨ ᠦᠢᠯᠡᠴᠢᠯᠡᠭᠡ᠎ᠶᠢ ᠬᠠᠮᠲᠤ ᠳ᠋ᠤᠨᠢ ᠬᠠᠷᠠᠭᠠᠯᠵᠠᠬᠤ ᠶ᠋ᠢ ᠪᠡᠶᠡᠯᠡᠭᠦᠯᠦᠨ᠂《ᠭᠠᠷᠠᠭ ᠪᠣᠯᠭᠠᠨ ᠠᠵᠢᠯᠯᠠᠭ᠎ᠠ᠎ᠲᠠᠢ᠂ ᠰᠠᠷ᠎ᠠ ᠪᠣᠯᠭᠠᠨ ᠭᠣᠣᠯ ᠰᠡᠳᠦᠪ᠎ᠲᠠᠢ》ᠪᠠᠢᠩᠭᠤ᠎ᠶᠢᠨ ᠦᠢᠯᠡᠴᠢᠯᠡᠭᠡ ᠵᠢ ᠠᠯᠬᠤᠮ ᠠᠯᠬᠤᠮ᠎ᠢᠶᠠᠷ ᠪᠣᠶ ᠪᠣᠯᠭᠠᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠶᠡᠷᠦᠩᠬᠡᠢ ᠡᠪᠯᠡᠯ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠢᠯᠡᠬᠦ᠎ᠳᠡᠭᠡᠨ᠄《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠶᠡᠷᠦᠩᠬᠡᠢ ᠡᠪᠯᠡᠯ᠎ᠡᠴᠡ ᠪᠡᠶ᠎ᠡ ᠴᠢᠭᠢᠷᠠᠭᠵᠢᠭᠤᠯᠬᠤ ᠵᠢ ᠵᠢᠯᠤᠭᠣᠳᠬᠤ ᠥᠷᠲᠡᠭᠡ᠎ᠶᠢᠨ ᠪᠠᠢᠭᠤᠯᠤᠯᠲᠠ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠨᠢᠭᠡ ᠲᠠᠯ᠎ᠠ᠎ᠪᠠᠷ ᠪᠡᠶ᠎ᠡ ᠴᠢᠭᠢᠷᠠᠭᠵᠢᠭᠤᠯᠬᠤ ᠵᠢ ᠵᠢᠯᠤᠭᠣᠳᠬᠤ ᠥᠷᠲᠡᠭᠡ᠎ᠶᠢᠨ ᠲᠣᠣᠷ ᠢ᠋ ᠦᠷᠭᠦᠯᠵᠢᠯᠡᠨ ᠪᠡᠬᠢᠵᠢᠭᠦᠯᠵᠦ᠂ ᠲᠣᠭᠠᠴᠢᠯᠠᠭᠰᠠᠨ ᠬᠠᠮᠢᠶᠠᠷᠤᠯᠲᠠ᠎ᠶᠢ ᠭᠦᠨᠵᠡᠭᠡᠢᠷᠡᠭᠦᠯᠦᠨ᠂ ᠥᠷᠲᠡᠭᠡ ᠴᠡᠭ᠎ᠢ ᠵᠢᠷᠤᠮᠵᠢᠭᠤᠯᠤᠨ ᠠᠵᠢᠯᠯᠠᠭᠤᠯᠬᠤ᠎ᠶᠢ ᠠᠬᠢᠭᠤᠯᠤᠨ᠎ᠠ᠃ ᠨᠥᠭᠥᠭᠡ ᠲᠠᠯ᠎ᠠ᠎ᠪᠠᠷ ᠪᠡᠶ᠎ᠡ᠎ᠶᠢᠨ ᠲᠠᠮᠢᠷ᠎ᠤᠨ ᠨᠡᠢᠭᠡᠮ᠎ᠦᠨ ᠵᠣᠬᠢᠶᠠᠨ ᠪᠠᠢᠭᠤᠯᠤᠯᠲᠠ᠎ᠶᠢᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭᠵᠢᠭᠡᠵᠦ᠂ ᠨᠠᠩ ᠣᠯᠠᠨ ᠨᠡᠢᠭᠡᠮ ᠤ᠋ᠨ ᠬᠦᠴᠦᠨ᠎ᠦ ᠦᠨᠳᠦᠰᠦᠨ ᠱᠠᠲᠤᠨ᠎ᠳᠤ ᠦᠨᠳᠦᠰᠦᠯᠡᠬᠦ᠎ᠶᠢ ᠬᠥᠲᠥᠯᠥᠨ ᠵᠢᠯᠤᠭᠣᠳᠴᠤ᠂ ᠡᠯ᠎ᠡ ᠲᠥᠷᠥᠯ᠎ᠦᠨ ᠲᠥᠷᠥᠯ ᠲᠡᠮᠳᠡᠭ᠎ᠤ᠋ᠨ ᠠᠵᠢᠯᠯᠠᠭ᠎ᠠ ᠪᠠ ᠥᠷᠲᠡᠭᠡ ᠴᠡᠭ᠎ᠦᠨ ᠪᠠᠢᠩᠭᠤ᠎ᠶᠢᠨ ᠡᠵᠡᠩᠨᠡᠯᠲᠡ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠡᠬᠢ ᠪᠠᠶᠠᠯᠢᠭ᠋᠎ᠢ ᠳᠣᠷᠣᠭ᠍ᠰᠢ ᠪᠠᠭᠤᠯᠭᠠᠬᠤ᠂ ᠦᠢᠯᠡᠴᠢᠯᠡᠭᠡ᠎ᠶᠢ ᠪᠣᠳᠠᠲᠠᠢᠵᠢᠭᠤᠯᠬᠤ ᠪᠥᠬᠥ ᠬᠡᠯᠬᠢᠶ᠎ᠡ᠎ᠶᠢ ᠨᠡᠪᠲᠡᠷᠡᠭᠦᠯᠦᠨ᠎ᠡ᠃ ᠡᠭᠦᠨ᠎ᠦ ᠬᠠᠮᠲᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠪᠡᠶ᠎ᠡ ᠴᠢᠭᠢᠷᠠᠭᠵᠢᠭᠤᠯᠬᠤ ᠪᠣᠳᠠᠲᠠᠢ ᠬᠡᠷᠡᠭᠴᠡᠭᠡ᠎ᠳᠦ ᠦᠷᠭᠦᠯᠵᠢᠯᠡᠨ ᠠᠩᠬᠠᠷᠤᠯ᠎ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ᠎ᠤ ᠪᠡᠶ᠎ᠡ ᠴᠢᠭᠢᠷᠠᠭᠵᠢᠭᠤᠯᠬᠤ ᠵᠢᠯᠣᠭᠣᠳᠤᠯᠭ᠎ᠠ᠎ᠶᠢᠨ ᠳᠤᠲᠠᠭᠤᠳᠠᠯ᠎ᠢ ᠨᠥᠬᠥᠪᠦᠷᠢᠯᠡᠬᠦ᠎ᠳᠦ ᠬᠦᠴᠦᠨ ᠨᠡᠮᠡᠷᠢᠯᠡᠵᠦ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡ᠎ᠶᠢ ᠨᠠᠩ ᠲᠦᠭᠡᠮᠡᠯ ᠬᠠᠷᠠᠭᠠᠯᠵᠠᠯᠲᠤ᠂ ᠠᠳᠠᠯᠢ ᠲᠡᠭᠰᠢ᠂ ᠬᠦᠷᠴᠦ ᠳᠡᠶ᠋ᠢᠯᠬᠦ᠎ᠶᠢ ᠠᠬᠢᠭᠤᠯᠤᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠷᠡᠭᠦᠯ ᠡᠩᠬᠡ ᠥᠪᠥᠷ ᠮᠣᠩᠭᠣᠯ᠂ ᠪᠡᠶ᠎ᠡ᠎ᠶᠢᠨ ᠲᠠᠮᠢᠷ᠎ᠢᠶᠠᠷ ᠣᠷᠣᠨ᠎ᠢᠶᠠᠨ ᠬᠦᠴᠦᠷᠬᠡᠭᠵᠢᠭᠦᠯᠬᠦ ᠪᠦᠲᠦᠭᠡᠨ ᠪᠠᠢᠭᠤᠯᠤᠯᠲᠠ᠎ᠳᠤ ᠰᠢᠨ᠎ᠡ ᠬᠥᠳᠡᠯᠭᠡᠭᠦ ᠬᠦᠴᠦᠨ ᠨᠡᠮᠡᠷᠢᠯᠡᠨ᠎ᠡ ᠭᠡᠵᠦ ᠪᠠᠢᠯ᠎ᠠ᠃
ᠢᠷᠡᠯᠳᠡ᠄ ᠲᠠᠯ᠎ᠠ ᠨᠤᠲᠤᠭ᠎ᠤᠨ ᠡᠭᠦᠯᠡ ᠰᠢᠯᠵᠢᠶ᠎ᠠ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃