2026-10-26 11:28:20
— 《 ᠪᠡᠶ᠎ᠡ᠎ᠶ᠋ᠢᠨ ᠲᠠᠮᠢᠷ + ᠰᠤᠷᠭᠠᠨ ᠬᠦᠮᠦᠵᠢᠯ》 ᠰᠢᠷᠢᠰ ᠮᠡᠳᠡᠭᠡᠯᠡᠯ ⑨
ᠪᠡᠶ᠎ᠡ᠎ᠶ᠋ᠢᠨ ᠲᠠᠮᠢᠷ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠤᠨ ᠬᠥᠭᠵᠢᠭᠦᠯᠬᠦ᠌ ᠪᠠᠶ᠋ᠢᠷᠢᠯᠠᠭᠤᠯᠤᠯᠲᠠ᠎ᠶ᠋ᠢ ᠭᠦᠨᠵᠡᠭᠡᠢ ᠲᠤᠭᠤᠰᠢᠯᠠᠭᠤᠯᠵᠤ᠂ 《ᠡᠷᠡᠭᠦᠯ ᠮᠡᠨᠳᠦ᠎ᠶ᠋ᠢ ᠲᠡᠷᠢᠭᠦᠨ᠎ᠳᠤ ᠲᠠᠯᠪᠢᠬᠤ》ᠰᠤᠷᠭᠠᠨ ᠬᠥᠮᠦᠵᠢᠯ᠎ᠤᠨ ᠣᠶ᠋ᠢᠯᠠᠭᠠᠭᠳᠠᠬᠤᠨ᠎ᠢ ᠦᠢᠯᠡᠳᠦᠯᠭᠡᠵᠢᠬᠦᠯᠬᠦ᠎ᠶ᠋ᠢᠨ ᠲᠥᠯᠦᠭᠡ ᠤᠯᠠᠭᠠᠨᠴᠠᠪ ᠬᠤᠲᠠ ᠰᠤᠷᠭᠠᠭᠤᠯᠢ᠎ᠶ᠋ᠢᠨ ᠪᠡᠶ᠎ᠡ᠎ᠶ᠋ᠢᠨ ᠲᠠᠮᠢᠷ᠎ᠤᠨ ᠵᠢᠭᠠᠨ ᠰᠤᠷᠭᠠᠯᠲᠠ᠎ᠶ᠋ᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠡᠯ᠎ᠡ ᠱᠠᠲᠤᠨ᠎ᠤ ᠡᠯ᠎ᠡ ᠲᠥᠷᠦᠯ᠎ᠤᠨ ᠳᠤᠮᠳᠠᠳᠤ ᠪᠠᠭ᠎ᠠ ᠰᠤᠷᠭᠠᠭᠤᠯᠢ ᠵᠢᠨ ᠪᠠᠶ᠋ᠢᠳᠠᠯ ᠳ᠋ᠤ ᠰᠠᠭᠤᠷᠢᠯᠠᠨ᠂ ᠣᠨᠴᠠᠯᠢᠭ᠎ᠢ ᠲᠤᠪᠤᠢᠯᠭᠠᠨ᠂ ᠠᠴᠢᠶᠠᠯᠠᠪᠤᠷᠢ᠎ᠶ᠋ᠢᠨ ᠰᠢᠨ᠎ᠡ᠎ᠶ᠋ᠢ ᠡᠬᠦᠳᠴᠦ᠂ ᠵᠦᠷᠢᠶᠡᠴᠢᠯᠡᠭᠰᠡᠨ᠂ ᠣᠨᠴᠠᠯᠢᠭᠲᠤ᠌ ᠪᠡᠶ᠎ᠡ᠎ᠶ᠋ᠢᠨ ᠲᠠᠮᠢᠷ᠎ᠤᠨ ᠵᠢᠭᠠᠨ ᠰᠤᠷᠭᠠᠯᠲᠠ᠎ᠶ᠋ᠢ ᠲᠠᠰᠤᠷᠠᠯᠲᠠ ᠥᠬᠡᠢ ᠪᠠᠶᠠᠯᠢᠭᠵᠢᠭᠤᠯᠵᠤ᠂ ᠬᠥᠮᠦᠨᠢᠬᠥᠮᠦᠵᠢᠭᠦᠯᠬᠦ᠌ ᠰᠢᠰᠲᠧᠮ᠎ᠢ ᠲᠡᠭᠦᠯᠳᠡᠷᠵᠢᠭᠦᠯᠦᠨ᠂ ᠪᠡᠶ᠎ᠡ᠎ᠶ᠋ᠢᠨ ᠲᠠᠮᠢᠷ᠎ᠤᠨ ᠰᠤᠷᠭᠠᠨ ᠬᠥᠮᠦᠵᠢᠯ᠎ᠢ ᠳᠠᠩ ᠭᠠᠭᠴᠠ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠠᠴᠠ ᠪᠡᠶ᠎ᠡ ᠴᠢᠬᠢᠷᠠᠭᠵᠢᠭᠤᠯᠬᠤ᠂ ᠰᠡᠳᠬᠢᠯ᠎ᠢ ᠡᠷᠡᠬᠦᠯᠵᠢᠬᠦᠯᠬᠦ᠂ ᠮᠣᠷᠠᠯ᠎ᠢ ᠬᠥᠮᠦᠵᠢᠭᠦᠯᠬᠦ ᠣᠯᠠᠨ ᠲᠠᠯ᠎ᠠ᠎ᠵᠢᠨ ᠪᠤᠯᠭᠠᠨ ᠳᠡᠰ ᠳᠡᠪᠰᠢᠭᠦᠯᠪᠡ᠃
ᠣᠨᠴᠠᠯᠢᠭᠲᠤ᠌ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠢ ᠴᠢᠬᠤᠯᠠᠴᠢᠯᠠᠵᠤ ᠰᠤᠷᠭᠠᠭᠤᠯᠢ ᠵᠢᠨ ᠬᠦᠷᠢᠶᠡᠨ᠎ᠤ ᠠᠮᠢᠵᠢᠷᠠᠯ᠎ᠤᠨ ᠬᠦᠴᠦᠨ᠎ᠢ ᠬᠥᠭᠵᠢᠭᠡᠪᠡ
ᠬᠢᠴᠢᠶᠡᠯ᠎ᠤᠨ ᠲᠠᠩᠬᠢᠮ᠎ᠤᠨ ᠭᠤᠤᠯ ᠵᠢᠭᠰᠠᠭᠠᠯ᠎ᠤᠨ ᠭᠠᠵᠠᠷ ᠪᠣᠯ ᠪᠡᠶ᠎ᠡ᠎ᠶ᠋ᠢᠨ ᠲᠠᠮᠢᠷ ᠪᠠ ᠰᠤᠷᠭᠠᠨ ᠬᠥᠮᠦᠵᠢᠯ᠎ᠤᠨ ᠠᠭᠤᠰᠤᠯᠴᠠᠯ᠎ᠢ ᠭᠦᠨᠵᠡᠭᠡᠶ᠋ᠢᠷᠡᠭᠦᠯᠬᠦ᠂《ᠡᠷᠡᠭᠦᠯ ᠮᠡᠨᠳᠦ᠎ᠶ᠋ᠢ ᠲᠡᠷᠢᠭᠦᠨ᠎ᠳᠤ ᠲᠠᠯᠪᠢᠬᠤ》 ᠰᠤᠷᠭᠠᠨ ᠬᠥᠮᠦᠵᠢᠯ᠎ᠤᠨ ᠣᠶ᠋ᠢᠯᠠᠭᠠᠭᠳᠠᠬᠤᠨ᠎ᠢ ᠨᠠᠶ᠋ᠢᠳᠠᠪᠤᠷᠢᠵᠢᠭᠤᠯᠬᠤ ᠭᠤᠤᠯ ᠭᠠᠷᠳᠠᠴᠠ ᠪᠣᠯᠤᠨ᠎ᠠ᠃ ᠤᠯᠠᠭᠠᠨᠴᠠᠪ᠎ᠤᠨ ᠹᠧᠩᠵᠧᠨ ᠬᠤᠲᠠ ᠡᠯ᠎ᠡ ᠳᠤᠮᠳᠠᠳᠤ ᠪᠠᠭ᠎ᠠ ᠰᠤᠷᠭᠠᠭᠤᠯᠢ ᠵᠢᠨ ᠰᠤᠷᠤᠭᠴᠢᠳ᠎ᠤᠨ ᠪᠡᠶ᠎ᠡ ᠰᠡᠳᠬᠢᠯ᠎ᠤᠨ ᠣᠨᠴᠠᠯᠢᠭᠲᠤ᠌ ᠰᠠᠭᠤᠷᠢᠯᠠᠨ᠂ ᠲᠤᠬᠠᠢ᠎ᠶ᠋ᠢᠨ ᠭᠠᠵᠠᠷ ᠣᠷᠤᠨ᠎ᠤ ᠪᠠᠶ᠋ᠢᠳᠠᠯ᠎ᠳᠠᠭᠠᠨ ᠲᠣᠬᠢᠷᠠᠭᠤᠯᠵᠤ᠂ ᠵᠦᠷᠢᠶᠡᠴᠢᠯᠡᠭᠰᠡᠨ᠂ ᠥᠪᠡᠷᠮᠢᠴᠡᠴᠢᠯᠡᠭᠰᠡᠨ ᠪᠡᠶ᠎ᠡ᠎ᠶ᠋ᠢᠨ ᠲᠠᠮᠢᠷ᠎ᠤᠨ ᠬᠢᠴᠢᠶᠡᠯ᠎ᠢ ᠡᠬᠦᠳᠴᠦ᠂ ᠤᠯᠠᠮᠵᠢᠯᠠᠯᠲᠤ᠌ ᠪᠡᠶ᠎ᠡ᠎ᠶ᠋ᠢᠨ ᠲᠠᠮᠢᠷ᠎ᠤᠨ ᠬᠢᠴᠢᠶᠡᠯ᠎ᠤᠨ ᠲᠠᠩᠬᠢᠮ᠎ᠤᠨ ᠳᠠᠩ ᠴᠤᠯᠭᠤᠢ ᠵᠢᠭᠠᠨ ᠰᠤᠷᠭᠠᠯᠲᠠ᠎ᠶ᠋ᠢᠨ ᠵᠠᠭᠪᠤᠷ᠎ᠢ ᠲᠦᠢᠯᠪᠤᠷᠢᠲᠠᠢ ᠡᠪᠳᠡᠪᠡ᠃ ᠹᠧᠩᠵᠧᠨ᠎ᠤ ᠨᠢᠭᠡᠳᠦᠭᠡᠷ ᠳᠤᠮᠳᠠᠳᠤ ᠰᠤᠷᠭᠠᠭᠤᠯᠢ ᠣᠯᠠᠨ ᠵᠢᠯ᠎ᠤᠨ ᠪᠥᠮᠪᠦᠭᠡᠨ ᠲᠦᠷᠦᠯ᠎ᠤᠨ ᠰᠤᠷᠭᠠᠭᠤᠯᠢ ᠡᠷᠬᠢᠯᠡᠬᠦ᠌ ᠳᠠᠪᠠᠭᠤᠯᠢᠭ᠎ᠲᠠᠭᠠᠨ ᠲᠦᠰᠢᠭᠯᠡᠨ᠂ ᠬᠥᠯ ᠪᠥᠮᠪᠦᠭᠡ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ ᠵᠡᠷᠭᠡ ᠭᠤᠷᠪᠠᠨ ᠶᠡᠭᠡ ᠪᠥᠮᠪᠦᠭᠡᠨ ᠲᠦᠷᠦᠯ᠎ᠤᠨ ᠬᠥᠳᠡᠯᠭᠡᠭᠡᠨ᠎ᠢ ᠡᠳᠦᠷ ᠲᠤᠳᠤᠮ᠎ᠤᠨ ᠵᠢᠭᠠᠨ ᠰᠤᠷᠭᠠᠯᠲᠠ᠎ᠳᠤ ᠠᠭᠤᠰᠤᠯᠴᠠᠭᠤᠯᠵᠤ᠂ ᠲᠤᠰᠭᠠᠢ ᠵᠦᠢᠯ᠎ᠤᠨ ᠰᠣᠩᠭᠤᠨ ᠰᠤᠷᠬᠤ ᠬᠢᠴᠢᠶᠡᠯ ᠲᠣᠬᠢᠷᠠᠭᠤᠯᠵᠤ᠂ ᠪᠡᠶ᠎ᠡ᠎ᠶ᠋ᠢᠨ ᠴᠢᠳᠠᠪᠤᠷᠢ᠎ᠶ᠋ᠢᠨ ᠪᠣᠯᠪᠠᠰᠤᠷᠠᠯ᠂ ᠮᠡᠷᠭᠡᠵᠢᠯ ᠴᠢᠳᠠᠪᠤᠷᠢ᠎ᠶ᠋ᠢᠨ ᠵᠢᠭᠠᠨ ᠰᠤᠷᠭᠠᠯᠲᠠ ᠪᠣᠯᠤᠨ ᠪᠣᠳᠠᠲᠤ᠌ ᠤᠷᠤᠯᠳᠤᠭᠠᠨ᠎ᠢ ᠠᠭᠤᠰᠤᠯᠴᠠᠭᠤᠯᠵᠤ᠂ ᠰᠤᠷᠤᠭᠴᠢᠳ ᠲᠠᠮᠢᠷ᠎ᠤᠨ ᠬᠥᠳᠡᠯᠭᠡᠭᠡᠨ᠎ᠤ ᠳᠤᠮᠳᠠ ᠪᠡᠶ᠎ᠡ ᠮᠠᠬᠠᠪᠤᠳ᠎ᠢᠶᠠᠨ ᠴᠢᠭᠢᠷᠠᠭᠵᠢᠭᠤᠯᠬᠤ ᠪᠡᠷ ᠪᠠᠷᠠᠬᠤ ᠦᠭᠡᠢ ᠬᠠᠮᠲᠤᠷᠠᠯ᠎ᠤᠨ ᠬᠦᠴᠦᠨ᠎ᠵᠢᠡᠨ ᠨᠢᠭᠲᠠᠷᠠᠭᠤᠯᠬᠤ ᠵᠢ ᠠᠬᠢᠭᠤᠯᠵᠤ ᠪᠤᠢ᠃ ᠴᠠᠬᠢᠯᠭᠠᠨ ᠦᠢᠯᠡᠳᠪᠦᠷᠢ ᠵᠢᠨ ᠵᠠᠮ᠎ᠤᠨ ᠪᠠᠭ᠎ᠠ ᠰᠤᠷᠭᠠᠭᠤᠯᠢ ᠳᠣᠤᠷ᠎ᠠ ᠤᠨ᠎ᠤ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠰᠡᠬᠡᠭᠡᠷᠡᠭᠦᠯᠬᠦ᠌ ᠬᠡᠷᠡᠭᠴᠡᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠠᠭᠰᠤᠨ ᠪᠥᠮᠪᠦᠭᠡ᠂ ᠫᠢᠩᠫᠠᠩ ᠪᠥᠮᠪᠦᠭᠡ᠎ᠶ᠋ᠢᠨ ᠣᠨᠴᠠᠯᠢᠭᠲᠤ᠌ ᠬᠢᠴᠢᠶᠡᠯ᠎ᠢ ᠪᠠᠶ᠋ᠢᠩᠭᠤᠵᠢᠭᠤᠯᠤᠨ ᠡᠷᠬᠢᠯᠡᠵᠦ᠍᠂ ᠬᠢᠴᠢᠶᠡᠯ᠎ᠤᠨ ᠭᠠᠳᠠᠨᠠᠬᠢ ᠨᠡᠶ᠋ᠢᠭᠡᠮ᠎ᠤᠨ ᠪᠦᠯᠬᠦᠮ᠎ᠤᠨ ᠠᠵᠢᠯᠯᠠᠭ᠎ᠠ ᠪᠠ ᠰᠤᠷᠭᠠᠭᠤᠯᠢ᠎ᠶ᠋ᠢᠨ ᠬᠦᠷᠢᠶᠡᠨ᠎ᠤ ᠤᠷᠤᠯᠳᠤᠭᠠᠨ᠎ᠲᠠᠢ ᠬᠠᠮᠲᠤᠷᠠᠨ ᠰᠢᠰᠲᠧᠮᠵᠢᠭᠰᠡᠨ ᠵᠢᠭᠠᠨ ᠰᠤᠷᠭᠠᠯᠲᠠ᠎ᠶ᠋ᠢᠨ ᠰᠢᠰᠲᠧᠮ᠎ᠢ ᠪᠠᠶ᠋ᠢᠭᠤᠯᠵᠤ᠂ ᠳᠤᠷ᠎ᠠ ᠰᠣᠨᠢᠷᠬᠠᠯ᠎ᠤᠨ ᠬᠥᠳᠡᠯᠭᠡᠭᠡᠨ ᠵᠢᠡᠷ ᠬᠡᠦᠬᠡᠳ᠎ᠤᠨ ᠡᠷᠡᠭᠦᠯ ᠦᠰᠦᠨ ᠪᠤᠢᠵᠢᠯᠲᠠ ᠳ᠋ᠦ ᠬᠦᠴᠦᠨ ᠨᠡᠮᠡᠷᠢᠯᠡᠨ᠎ᠡ᠃ ᠰᠠᠨᠰᠠᠷ᠎ᠤᠨ ᠠᠶᠠᠯᠠᠯ᠎ᠤᠨ ᠪᠠᠭ᠎ᠠ ᠰᠤᠷᠭᠠᠭᠤᠯᠢ 《ᠪᠡᠶ᠎ᠡ᠎ᠶ᠋ᠢᠨ ᠲᠠᠮᠢᠷ + ᠰᠤᠩᠭᠤᠳᠠᠬ ᠰᠤᠳᠤᠯᠤᠯ》 ᠢ᠋ ᠠᠭᠤᠰᠤᠯᠴᠠᠭᠤᠯᠤᠨ ᠬᠥᠮᠦᠨ ᠢ ᠬᠥᠮᠦᠵᠢᠭᠦᠯᠬᠦ᠌ ᠰᠢᠨ᠎ᠡ ᠵᠠᠭᠪᠤᠷ᠎ᠢ ᠰᠦᠪᠡᠭᠴᠢᠯᠡᠵᠦ᠍᠂ ᠪᠣᠳᠠᠰ᠎ᠤᠨ ᠪᠤᠰᠤ ᠰᠣᠶᠤᠯ᠎ᠤᠨ ᠥᠪ — ᠪᠠ ᠳ᠋ᠤᠸᠠᠨ ᠵᠢᠨ ᠪᠤᠯᠪᠠᠰᠤᠷᠠᠯ᠎ᠢ ᠪᠡᠶ᠎ᠡ᠎ᠶ᠋ᠢᠨ ᠲᠠᠮᠢᠷ᠎ᠤᠨ ᠬᠢᠴᠢᠶᠡᠯ ᠪᠠ ᠶᠡᠭᠡ ᠬᠢᠴᠢᠶᠡᠯ᠎ᠤᠨ ᠵᠠᠪᠰᠠᠷᠯᠠᠭ᠎ᠠ ᠳ᠋ᠦ ᠣᠷᠤᠭᠤᠯᠤᠨ᠂ ᠤᠯᠠᠮᠵᠢᠯᠠᠯᠲᠤ᠌ ᠰᠣᠶᠤᠯ᠎ᠢ ᠦᠯᠢᠭᠡᠷᠴᠢᠯᠡᠨ ᠲᠠᠶ᠋ᠢᠯᠪᠤᠷᠢᠯᠠᠵᠤ᠂ ᠪᠡᠶ᠎ᠡ ᠴᠢᠭᠢᠷᠠᠭᠵᠢᠭᠤᠯᠬᠤ᠂ ᠰᠡᠳᠬᠢᠯ᠎ᠢ ᠲᠠᠢᠳᠬᠤᠷᠠᠭᠤᠯᠬᠤ᠂ ᠬᠥᠮᠦᠨ᠎ᠢ ᠬᠥᠮᠦᠵᠢᠭᠦᠯᠬᠦ᠌ ᠭᠤᠷᠮᠤᠰᠤᠨ ᠴᠢᠭᠯᠡᠯ᠎ᠢᠶᠠᠷ ᠴᠢᠳᠠᠪᠤᠷᠢ ᠣᠯᠭᠤᠨ᠎ᠠ᠃ ᠣᠯᠠᠨ ᠡᠰᠢᠲᠦ᠍ ᠣᠨᠴᠠᠯᠢᠭᠲᠤ᠌ ᠬᠢᠴᠢᠶᠡᠯ᠎ᠤᠨ ᠲᠠᠩᠬᠢᠮ ᠨᠢ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠦᠨᠡᠨᠬᠦ᠌ ᠡᠳᠦᠷ ᠲᠤᠲᠤᠮ᠎ᠤᠨ ᠠᠵᠢᠯᠯᠠᠭ᠎ᠠ᠎ᠳᠤ ᠣᠷᠤᠭᠤᠯᠵᠤ᠂ ᠹᠧᠩᠵᠧᠨ᠎ᠤ ᠡᠯ᠎ᠡ ᠰᠤᠷᠭᠠᠭᠤᠯᠢ ᠵᠢᠨ ᠶᠣᠰᠤ ᠰᠤᠷᠲᠠᠬᠤᠨ ᠵᠢᠡᠷ ᠬᠥᠮᠦᠨ᠎ᠢ ᠬᠥᠮᠦᠵᠢᠭᠦᠯᠬᠦ᠌ ᠰᠢᠨ᠎ᠡ ᠰᠣᠷᠭᠤᠭ ᠠᠴᠢᠶᠠᠯᠠᠪᠤᠷᠢ ᠪᠣᠯᠪᠠ᠃
ᠨᠠᠷᠢᠯᠢᠭ ᠣᠨᠤᠴᠠᠲᠠᠢ ᠠᠷᠭ᠎ᠠ ᠪᠣᠳᠤᠯᠭ᠎ᠠ ᠵᠢ ᠬᠡᠷᠡᠭᠵᠢᠭᠦᠯᠵᠦ᠍ ᠶᠤᠰᠤ ᠰᠤᠷᠳᠠᠬᠤᠨ ᠵᠢᠡᠷ ᠬᠥᠮᠦᠨ᠎ᠢ ᠬᠥᠮᠦᠵᠢᠭᠦᠯᠬᠦ᠌ ᠰᠠᠭᠤᠷᠢ᠎ᠶ᠋ᠢ ᠪᠠᠳᠤᠳᠬᠠᠪᠠ
ᠨᠢᠭᠡ ᠰᠤᠷᠭᠠᠭᠤᠯᠢ ᠨᠢᠭᠡ ᠣᠨᠴᠠᠯᠢᠭ ᠲᠠᠢ᠂ ᠨᠢᠭᠡ ᠰᠤᠷᠭᠠᠭᠤᠯᠢ ᠨᠢᠭᠡ ᠬᠢᠯᠠᠰ ᠴᠡᠭ ᠲᠠᠢ ᠪᠠᠢᠬᠤ ᠵᠢ ᠪᠠᠷᠢᠮᠳᠠᠯᠠᠵᠤ᠂ ᠹᠧᠩᠵᠧᠨ ᠬᠤᠲᠠ ᠰᠢᠶᠠᠨ᠎ᠤ ᠬᠡᠪᠴᠢᠶᠡᠨ᠎ᠤ ᠳᠤᠮᠳᠠᠳᠤ ᠪᠠᠭ᠎ᠠ ᠰᠤᠷᠭᠠᠭᠤᠯᠢ᠎ᠶ᠋ᠢᠨ ᠬᠥᠭᠵᠢᠯᠲᠡ᠎ᠳᠤ ᠵᠤᠬᠢᠴᠠᠬᠤ ᠪᠡᠶ᠎ᠡ᠎ᠶ᠋ᠢᠨ ᠲᠠᠮᠢᠷ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠰᠢᠨ᠎ᠡ ᠠᠷᠭ᠎ᠠ ᠵᠠᠮ᠎ᠢᠶᠠᠷ ᠵᠠᠮᠨᠠᠪᠠ᠃ ᠠᠳᠠᠯᠢᠪᠲᠤᠷ ᠵᠢᠭᠠᠨ ᠰᠤᠷᠭᠠᠯᠲᠠ᠎ᠶ᠋ᠢᠨ ᠵᠠᠭᠪᠤᠷ᠎ᠢ ᠲᠠᠶᠠᠭᠳᠠᠵᠤ᠂ ᠡᠯ᠎ᠡ ᠰᠤᠷᠭᠠᠭᠤᠯᠢ᠎ᠨᠤᠭᠤᠳ ᠰᠤᠷᠭᠠᠭᠤᠯᠢ ᠡᠷᠭᠢᠯᠡᠬᠦ ᠪᠠᠶ᠋ᠢᠷᠢ ᠲᠣᠭᠲᠠᠭᠠᠯᠲᠠ ᠪᠡᠨ ᠤᠨᠤᠪᠴᠢᠲᠠᠢ ᠡᠷᠢᠵᠦ᠂ ᠥᠨᠳᠦᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠳ᠋ᠤ ᠤᠷᠤᠯᠳᠤᠭᠠᠨ᠎ᠤ ᠪᠡᠶ᠎ᠡ᠎ᠶ᠋ᠢᠨ ᠲᠠᠮᠢᠷ ᠪᠣᠯᠤᠨ ᠵᠠᠩ ᠴᠢᠨᠠᠷ᠎ᠢ ᠲᠠᠪᠳᠠᠨ ᠪᠤᠯᠪᠠᠰᠤᠷᠠᠭᠤᠯᠬᠤ᠎ᠪᠠᠷ ᠭᠤᠤᠯᠳᠠᠯᠭ᠎ᠠ ᠪᠣᠯᠭᠠᠵᠤ᠂ ᠪᠠᠭ᠎ᠠ ᠰᠤᠷᠭᠠᠭᠤᠯᠢ᠎ᠳ᠋ᠤ ᠳᠤᠷ᠎ᠠ ᠰᠣᠨᠢᠷᠬᠠᠯᠲᠤ᠌ ᠪᠡᠶ᠎ᠡ ᠴᠢᠭᠢᠷᠠᠭᠵᠢᠭᠤᠯᠬᠤ ᠬᠦᠳᠡᠯᠭᠡᠭᠡᠨ ᠪᠠ ᠰᠠᠢᠨ ᠰᠠᠢᠬᠠᠨ ᠵᠠᠩ ᠳᠠᠳᠭᠠᠯ᠎ᠢ ᠪᠣᠢ ᠪᠣᠯᠭᠠᠬᠤ ᠪᠡᠷ ᠭᠤᠤᠯᠳᠠᠯᠭ᠎ᠠ ᠪᠤᠯᠭᠠᠵᠤ᠂ ᠣᠨᠴᠠᠯᠢᠭᠲᠤ᠌ ᠰᠤᠷᠭᠠᠭᠤᠯᠢ ᠳ᠋ᠤ ᠤᠯᠠᠮᠵᠢᠯᠠᠯᠲᠤ᠌ ᠰᠣᠶᠤᠯ ᠪᠣᠯᠤᠨ ᠪᠡᠶ᠎ᠡ᠎ᠶ᠋ᠢᠨ ᠲᠠᠮᠢᠷ᠎ᠢ ᠠᠭᠤᠰᠤᠯᠴᠠᠭᠤᠯᠬᠤ ᠪᠡᠷ ᠭᠤᠤᠯᠳᠠᠯᠭᠠᠪᠤᠯᠭᠠᠵᠤ᠂ ᠱᠠᠲᠤ᠌ ᠬᠤᠪᠢᠶᠠᠨ ᠲᠥᠷᠦᠯ ᠬᠤᠪᠢᠶᠠᠭᠰᠠᠨ᠂ ᠨᠠᠷᠢᠯᠢᠭ ᠣᠨᠤᠴᠠᠲᠠᠢ ᠥᠨᠳᠦᠷ ᠪᠦᠲᠦᠮᠵᠢᠲᠡᠢ ᠰᠤᠷᠭᠠᠭᠤᠯᠢ᠎ᠶ᠋ᠢᠨ ᠬᠦᠷᠢᠶᠡᠨ᠎ᠤ ᠪᠡᠶ᠎ᠡ᠎ᠶ᠋ᠢᠨ ᠲᠠᠮᠢᠷ᠎ᠤᠨ ᠬᠥᠮᠦᠨ᠎ᠢ ᠬᠥᠮᠦᠵᠢᠭᠦᠯᠬᠦ᠌ ᠰᠢᠰᠲᠧᠮ᠎ᠢ ᠪᠠᠶ᠋ᠢᠭᠤᠯᠪᠠ᠃ ᠡᠯ᠎ᠡ ᠰᠤᠷᠭᠠᠭᠤᠯᠢ 《ᠲᠠᠪᠤᠨ ᠬᠥᠮᠦᠵᠢᠯ》᠎ᠢ᠋ ᠵᠡᠷᠭᠡ ᠪᠡᠷ ᠬᠥᠭᠵᠢᠭᠦᠯᠬᠦ᠎ᠶ᠋ᠢ ᠪᠠᠷᠢᠮᠲᠠᠯᠠᠵᠤ᠂ 《ᠪᠡᠶ᠎ᠡ᠎ᠶ᠋ᠢᠨ ᠲᠠᠮᠢᠷ᠎ᠨᠢ ᠵᠥᠪᠬᠡᠨ ᠪᠣᠯᠪᠠᠰᠤᠷᠠᠯ᠎ᠢ ᠴᠢᠬᠤᠯᠠᠴᠢᠯᠠᠬᠤ》 ᠲᠠᠩ ᠭᠠᠭᠴᠠ ᠰᠡᠳᠬᠢᠬᠦᠢ᠎ᠵᠢ ᠲᠠᠶᠠᠬᠳᠠᠵᠤ᠌᠂ ᠴᠢᠷᠮᠠᠶ᠋ᠢᠨ ᠲᠡᠮᠡᠴᠡᠬᠦ᠌ ᠵᠣᠷᠢᠭ ᠰᠠᠨᠠᠭ᠎ᠠ᠂ ᠬᠠᠮᠲᠤ᠎ᠶ᠋ᠢᠨ ᠢᠷᠠᠭᠤ ᠠᠯᠳᠠᠷᠲᠦ ᠰᠡᠳᠬᠢᠯᠭᠡ᠂ ᠤᠯᠠᠮᠵᠢᠯᠠᠯᠲᠤ᠌ ᠰᠣᠶᠤᠯ᠎ᠢ ᠤᠯᠠᠮᠵᠢᠯᠠᠨ ᠵᠠᠯᠭᠠᠮᠵᠢᠯᠠᠬᠤ᠎ᠶ᠋ᠢ ᠪᠡᠶ᠎ᠡ᠎ᠶ᠋ᠢᠨ ᠲᠠᠮᠢᠷ᠎ᠤᠨ ᠵᠢᠭᠠᠨ ᠰᠤᠷᠭᠠᠯᠲᠠ᠎ᠶ᠋ᠢᠨ ᠪᠦᠬᠦ᠌ ᠶᠠᠪᠤᠴᠠ᠎ᠳᠤ ᠠᠭᠤᠰᠤᠯᠴᠠᠭᠤᠯᠵᠤ᠂ ᠰᠤᠷᠤᠭᠴᠢᠳ᠎ᠤᠨ ᠪᠡᠶ᠎ᠡ ᠮᠠᠬᠠᠪᠤᠳ᠎ᠤᠨ ᠬᠡᠪ ᠴᠢᠨᠠᠷ᠎ᠢ ᠴᠢᠩᠭᠠᠳᠭᠠᠬᠤ᠎ᠶ᠋ᠢᠨ ᠬᠠᠮᠲᠤ᠌᠂ ᠬᠠᠳᠠᠨ ᠪᠠᠳᠤ ᠵᠣᠷᠢᠭ ᠰᠠᠨᠠᠭ᠎ᠠ ᠵᠢ ᠲᠠᠪᠳᠠᠨ ᠪᠣᠯᠪᠠᠰᠤᠷᠠᠭᠤᠯᠵᠤ᠂ ᠰᠢᠯᠢᠳᠡᠭ ᠵᠠᠩ ᠴᠢᠨᠠᠷ᠎ᠢ ᠬᠦᠮᠦᠵᠢᠬᠦᠯᠦᠨ᠎ᠡ᠃ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠠᠴᠠ ᠬᠢᠴᠢᠶᠡᠯ᠎ᠤᠨ ᠳᠠᠷᠠᠭᠠᠬᠢ ᠦᠵᠡᠭᠦᠯᠭᠡ᠂ ᠰᠤᠷᠭᠠᠭᠤᠯᠢ᠎ᠶ᠋ᠢᠨ ᠬᠦᠷᠢᠶᠡᠨ᠎ᠤ ᠤᠷᠤᠯᠳᠤᠭᠠᠨ ᠬᠦᠷᠳᠡᠯ᠎ᠡ᠂ ᠹᠧᠩᠵᠧᠨ ᠬᠤᠲᠠ 《ᠬᠢᠴᠢᠶᠡᠯ᠎ᠤᠨ ᠲᠠᠩᠬᠢᠮ ᠳ᠋ᠦ ᠤᠷ᠎ᠠ ᠴᠢᠳᠠᠪᠤᠷᠢ ᠵᠢᠨ ᠵᠢᠭᠠᠨ ᠰᠤᠷᠭᠠᠯᠲᠠ ᠬᠢᠬᠦ᠂ ᠬᠢᠴᠢᠶᠡᠯ᠎ᠤᠨ ᠵᠠᠪᠰᠠᠷᠯᠠᠭ᠎ᠠ ᠳ᠋ᠤ ᠪᠡᠶ᠎ᠡ ᠮᠠᠬᠠᠪᠤᠳ᠎ᠢ ᠴᠢᠬᠢᠷᠠᠬᠵᠢᠭᠤᠯᠤᠨ ᠬᠦᠴᠦᠷᠬᠡᠭᠵᠢᠭᠦᠯᠬᠦ᠂ ᠬᠢᠴᠢᠶᠡᠯ᠎ᠤᠨ ᠭᠠᠳᠠᠨ᠎ᠠ ᠰᠤᠷᠭᠠᠭᠤᠯᠢ ᠵᠢᠨ ᠨᠡᠢᠭᠡᠮ᠎ᠤᠨ ᠪᠦᠯᠬᠦᠮ ᠳ᠋ᠤ ᠤᠷᠤᠵᠤ ᠳᠤᠷ᠎ᠠ ᠰᠣᠨᠢᠷᠬᠠᠯ᠎ᠢᠶᠠᠨ ᠥᠷᠭᠡᠳᠬᠡᠬᠦ᠂ ᠤᠷᠤᠯᠳᠤᠭᠠᠨ᠎ᠤ ᠲᠠᠯᠠᠪᠤᠷ ᠲᠸ᠋ ᠴᠤᠭ ᠵᠢᠪᠬᠤᠭ᠎ᠠ᠎ᠪᠠᠨ ᠢᠯᠡᠷᠡᠭᠦᠯᠬᠦ᠌》 ᠪᠦᠷᠢᠨ ᠪᠦᠲᠦᠨ ᠬᠥᠮᠦᠨ ᠢ ᠬᠥᠮᠦᠵᠢᠭᠦᠯᠬᠦ᠌ ᠬᠡᠯᠬᠢᠶ᠎ᠡ᠎ᠶ᠋ᠢ ᠠᠯᠬᠤᠮ ᠠᠯᠬᠤᠮ᠎ᠢᠶᠠᠷ ᠪᠣᠢ ᠪᠣᠯᠭᠠᠵᠤ᠂ ᠰᠤᠷᠭᠠᠭᠤᠯᠢ᠎ᠶ᠋ᠢᠨ ᠬᠦᠷᠢᠶᠡᠨ᠎ᠤ ᠪᠡᠶ᠎ᠡ ᠵᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠤᠭᠰᠠᠨ ᠴᠢᠨᠠᠷ ᠰᠠᠶ᠋ᠢᠲᠠᠢ ᠬᠥᠭᠵᠢᠯᠲᠡ ᠵᠢᠨ ᠰᠠᠭᠤᠷᠢ᠎ᠶ᠋ᠢ ᠪᠠᠲᠤ᠌ ᠴᠣᠭᠴᠠᠯᠠᠪᠠ᠃
ᠨᠢᠭᠡᠳᠦᠯᠲᠡᠢ ᠲᠥᠯᠦᠪᠯᠡᠨ ᠬᠢᠯᠢ ᠬᠢᠵᠠᠭᠠᠷ ᠤᠷᠤᠨ᠎ᠤ ᠰᠤᠷᠭᠠᠨ ᠬᠥᠮᠦᠵᠢᠯ᠎ᠳᠤ ᠬᠦᠴᠦᠨ ᠨᠡᠮᠡᠷᠢᠯᠡᠪᠡ
ᠹᠧᠩᠵᠧᠨ ᠬᠤᠲᠠ ᠵᠢᠨ 《ᠴᠡᠴᠡᠭ ᠪᠦᠬᠦᠨ᠎ᠢ ᠵᠡᠷᠭᠡ᠎ᠪᠠᠷ ᠳᠡᠯᠭᠡᠷᠡᠭᠦᠯᠬᠦ》 ᠰᠤᠷᠭᠠᠭᠤᠯᠢ᠎ᠶ᠋ᠢᠨ ᠬᠦᠷᠢᠶᠡᠨ᠎ᠤ ᠪᠡᠶ᠎ᠡ᠎ᠶ᠋ᠢᠨ ᠲᠠᠮᠢᠷ᠎ᠤᠨ ᠦᠢᠯᠡᠳᠦᠯᠭᠡ ᠪᠣᠯ ᠤᠯᠠᠭᠠᠨᠴᠠᠪ ᠬᠤᠲᠠ᠎ᠶ᠋ᠢᠨ ᠪᠡᠶ᠎ᠡ ᠵᠢᠨ ᠲᠠᠮᠢᠷ ᠪᠠ ᠰᠤᠷᠭᠠᠨ ᠬᠥᠮᠦᠵᠢᠯ᠎ᠤᠨ ᠠᠭᠤᠰᠤᠯᠴᠠᠯ᠎ᠢ ᠭᠦᠨᠵᠡᠭᠡᠶ᠋ᠢᠷᠡᠭᠦᠯᠬᠦ᠂《ᠲᠠᠪᠤᠨ ᠬᠦᠮᠦᠵᠢᠯ》᠎ᠢ᠋ ᠵᠡᠷᠭᠡ᠎ᠪᠠᠷ ᠠᠬᠢᠭᠤᠯᠤᠭᠰᠠᠨ ᠠᠮᠢᠳᠤᠯᠢᠭ ᠬᠤᠷᠢᠶᠠᠩᠭᠤᠢ ᠳᠦᠷᠰᠦ ᠮᠥᠨ᠃ ᠣᠶ᠋ᠢᠷ᠎ᠠ᠎ᠶ᠋ᠢᠨ ᠵᠢᠯ᠎ᠳᠤ᠂ ᠤᠯᠠᠭᠠᠨᠴᠠᠪ ᠬᠤᠲᠠ᠎ᠶ᠋ᠢᠨ᠎ᠬᠢᠨ ᠡᠷᠡᠭᠦᠯ ᠮᠡᠨᠳᠦ ᠵᠢ ᠲᠡᠷᠢᠭᠦᠨ ᠳ᠋ᠦ ᠲᠠᠯᠪᠢᠬᠤ ᠰᠤᠷᠭᠠᠨ ᠬᠥᠮᠦᠵᠢᠯ᠎ᠤᠨ ᠣᠶ᠋ᠢᠯᠠᠭᠠᠭᠳᠠᠬᠤᠨ᠎ᠢ ᠪᠠᠲᠤ᠌ ᠪᠠᠬᠢ ᠪᠣᠢ ᠪᠣᠯᠭᠠᠵᠤ᠂ ᠪᠥᠬᠦ᠌ ᠬᠤᠲᠠ᠎ᠶ᠋ᠢᠨ ᠬᠢᠴᠢᠶᠡᠯ ᠬᠥᠮᠦᠵᠢᠯ ᠪᠡᠶ᠎ᠡ᠎ᠶ᠋ᠢᠨ ᠲᠠᠮᠢᠷ᠎ᠤᠨ ᠡᠬᠢ ᠪᠠᠶᠠᠯᠢᠭ᠎ᠢ ᠨᠢᠭᠡᠳᠦᠯᠲᠡᠢ ᠲᠥᠯᠦᠪᠯᠡᠨ᠂ ᠰᠤᠷᠭᠠᠭᠤᠯᠢ᠎ᠶ᠋ᠢᠨ ᠬᠦᠷᠢᠶᠡᠨ᠎ᠤ ᠪᠡᠶ᠎ᠡ᠎ᠶ᠋ᠢᠨ ᠲᠠᠮᠢᠷ᠎ᠤᠨ ᠬᠢᠴᠢᠶᠡᠯ᠎ᠤᠨ ᠴᠠᠭ ᠬᠢᠭᠡᠳ ᠬᠥᠳᠡᠯᠭᠡᠭᠡᠨ᠎ᠤ ᠴᠠᠭ᠎ᠢ ᠴᠢᠩᠭ᠎ᠠ ᠪᠠᠲᠤᠯᠠᠵᠤ᠂ ᠪᠤᠰᠤᠳ ᠲᠦᠷᠦᠯ᠎ᠤᠨ ᠬᠢᠴᠢᠶᠡᠯ ᠪᠡᠶ᠎ᠡ᠎ᠶ᠋ᠢᠨ ᠲᠠᠮᠢᠷ᠎ᠤᠨ ᠬᠢᠴᠢᠶᠡᠯ᠎ᠢ ᠰᠢᠬᠠᠨ ᠡᠵᠡᠯᠡᠬᠦ᠌ ᠦᠵᠡᠭᠳᠡᠯ᠎ᠢ ᠡᠷᠡᠰ ᠬᠤᠷᠢᠭᠯᠠᠪᠠ᠃ ᠤᠯᠠᠭᠠᠨᠴᠠᠪ ᠬᠤᠳᠠ ᠪᠡᠶ᠎ᠡ᠎ᠶ᠋ᠢᠨ ᠲᠠᠮᠢᠷ᠎ᠤᠨ ᠵᠢᠭᠠᠨ ᠰᠤᠷᠭᠠᠯᠲᠠ᠎ᠶ᠋ᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠡᠯ᠎ᠡ ᠬᠤᠰᠢᠭᠤ ᠰᠢᠶᠠᠨ᠎ᠤ ᠰᠤᠷᠭᠠᠭᠤᠯᠢ ᠲᠣᠰ ᠭᠠᠵᠠᠷ ᠣᠷᠤᠨ᠎ᠤ ᠪᠠᠨ ᠡᠬᠢ ᠪᠠᠶᠠᠯᠢᠭ᠎ᠢ ᠭᠦᠨ ᠠᠭᠤᠳᠠᠯᠵᠤ᠂ ᠣᠨᠴᠠᠯᠢᠭᠲᠤ᠌ ᠪᠡᠶ᠎ᠡ᠎ᠶ᠋ᠢᠨ ᠲᠠᠮᠢᠷ᠎ᠤᠨ ᠲᠥᠷᠦᠯ ᠵᠦᠢᠯ᠎ᠢ ᠨᠡᠭᠡᠭᠡᠨ ᠬᠦᠭᠵᠢᠬᠦᠯᠬᠦ ᠵᠢ ᠵᠤᠷᠢᠬᠵᠢᠭᠤᠯᠵᠤ᠂ ᠰᠤᠷᠭᠠᠭᠤᠯᠢ᠂ ᠰᠢᠶᠠᠨ᠂ ᠬᠤᠲᠠ ᠭᠤᠷᠪᠠᠨ ᠱᠠᠲᠤᠨ᠎ᠤ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠲᠠᠪᠴᠠᠩ᠎ᠢ ᠪᠠᠶ᠋ᠢᠭᠤᠯᠵᠤ᠂ ᠤᠷᠤᠯᠳᠤᠭᠠᠨ᠎ᠢᠶᠠᠷ ᠪᠣᠯᠪᠠᠰᠤᠷᠠᠯ᠎ᠢ ᠠᠬᠢᠭᠤᠯᠵᠤ᠂ ᠤᠷᠤᠯᠳᠤᠭᠠᠨ᠎ᠢᠶᠠᠷ ᠰᠤᠷᠤᠯᠴᠠᠯᠭ᠎ᠠ᠎ᠶ᠋ᠢ ᠠᠬᠢᠭᠤᠯᠵᠤ᠂ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠤ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠪᠡ᠃ ᠡᠭᠦᠨ᠎ᠤ ᠬᠠᠮᠲᠤ᠌᠂ ᠪᠥᠬᠦ᠌ ᠬᠤᠲᠠ᠎ᠪᠠᠷ᠎ᠢᠶᠠᠨ ᠣᠯᠠᠨ ᠨᠡᠶ᠋ᠢᠲᠡ᠎ᠶ᠋ᠢᠨ ᠪᠡᠶ᠎ᠡ᠎ᠶ᠋ᠢᠨ ᠲᠠᠮᠢᠷ᠎ᠤᠨ ᠲᠠᠯᠠᠪᠤᠷ ᠣᠷᠳᠤᠨ᠎ᠤ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭᠴᠢᠳ᠎ᠲᠤ᠌ ᠨᠡᠭᠡᠭᠡᠯᠲᠡ ᠬᠢᠬᠦ᠎ᠶ᠋ᠢ ᠢᠳᠡᠪᠬᠢᠲᠡᠢ ᠠᠬᠢᠭᠤᠯᠵᠤ᠂ ᠬᠢᠴᠢᠶᠡᠯ᠎ᠤᠨ ᠭᠠᠳᠠᠨᠠᠬᠢ ᠪᠡᠶ᠎ᠡ᠎ᠶ᠋ᠢᠨ ᠲᠠᠮᠢᠷ᠎ᠤᠨ ᠦᠢᠯᠡᠴᠢᠯᠡᠭᠡᠨ᠎ᠤ ᠠᠭᠤᠯᠭ᠎ᠠ᠎ᠶ᠋ᠢ ᠪᠠᠶᠠᠯᠢᠭᠵᠢᠭᠤᠯᠤᠨ᠂ ᠰᠤᠷᠤᠭᠴᠢᠳ᠎ᠢ ᠬᠥᠲᠦᠯᠦᠨ ᠵᠢᠯᠤᠭᠤᠳᠴᠤ᠌ ᠣᠯᠠᠨ ᠵᠦᠢᠯ᠎ᠤᠨ ᠪᠡᠶ᠎ᠡ᠎ᠶ᠋ᠢᠨ ᠲᠠᠮᠢᠷ᠎ᠤᠨ ᠤᠷ᠎ᠠ ᠴᠢᠳᠠᠪᠤᠷᠢ᠎ᠶ᠋ᠢ ᠡᠵᠡᠮᠰᠢᠭᠦᠯᠵᠦ᠍ ᠪᠤᠢ᠃ ᠬᠡᠰᠡᠭ ᠰᠤᠷᠭᠠᠭᠤᠯᠢ᠎ᠵᠢᠨ ᠬᠢᠨ ᠦᠨᠳᠦᠰᠦᠲᠡᠨ᠎ᠤ ᠤᠯᠠᠮᠵᠢᠯᠠᠯᠲᠤ᠌ ᠪᠡᠶ᠎ᠡ᠎ᠶ᠋ᠢᠨ ᠲᠠᠮᠢᠷ᠂ ᠪᠣᠳᠠᠰ᠎ᠤᠨ ᠪᠤᠰᠤ ᠰᠣᠶᠤᠯ᠎ᠤᠨ ᠥᠪ᠎ᠤᠨ ᠪᠡᠶ᠎ᠡ ᠴᠢᠭᠢᠷᠠᠭᠵᠢᠭᠤᠯᠬᠤ ᠲᠥᠷᠦᠯ ᠵᠦᠢᠯ᠎ᠢ ᠰᠤᠷᠭᠠᠭᠤᠯᠢ᠎ᠶ᠋ᠢᠨ ᠬᠦᠷᠢᠶᠡᠨ᠎ᠤ ᠠᠮᠢᠳᠤᠷᠠᠯ᠎ᠳᠤ ᠠᠭᠤᠰᠤᠯᠴᠠᠭᠤᠯᠵᠤ᠂ ᠪᠡᠶ᠎ᠡ᠎ᠶ᠋ᠢᠨ ᠲᠠᠮᠢᠷ᠎ᠤᠨ ᠬᠥᠮᠦᠨ᠎ᠢ ᠬᠥᠮᠦᠵᠢᠭᠦᠯᠬᠦ᠌ ᠠᠭᠤᠯᠤᠭᠳᠠᠬᠤᠨ᠎ᠢ ᠪᠠᠶᠠᠯᠢᠭᠵᠢᠭᠤᠯᠪᠠ᠃ ᠲᠠᠩ ᠭᠠᠭᠴᠠ ᠲᠠᠯ᠎ᠠ᠎ᠠᠴᠠ ᠪᠦᠬᠦ᠌ ᠣᠷᠤᠨ ᠪᠦᠰᠡ᠎ᠵᠢ ᠠᠬᠢᠭᠤᠯᠬᠤ ᠬᠦᠷᠲᠡᠯ᠎ᠡ᠂ ᠣᠨᠴᠠᠯᠢᠭᠲᠤ᠌ ᠰᠢᠨ᠎ᠡ᠎ᠶ᠋ᠢ ᠡᠭᠦᠳᠬᠦ᠎ᠠᠴᠠ ᠰᠢᠰᠲᠧᠮᠵᠢᠬᠦᠯᠬᠦ ᠬᠦᠷᠳᠡᠯ᠎ᠡ᠂ ᠤᠯᠠᠭᠠᠨᠴᠠᠪ ᠬᠤᠲᠠ ᠵᠢᠨ ᠬᠢᠨ ᠪᠡᠶ᠎ᠡ ᠵᠢᠨ ᠲᠠᠮᠢᠷ ᠰᠤᠷᠭᠠᠨ ᠬᠥᠮᠦᠵᠢᠯ᠎ᠤᠨ ᠠᠭᠤᠰᠤᠯᠴᠠᠯ᠎ᠢ ᠬᠦᠨᠵᠡᠭᠡᠢ ᠠᠬᠢᠭᠤᠯᠵᠤ᠂ ᠪᠡᠶ᠎ᠡ᠎ᠶ᠋ᠢᠨ ᠲᠠᠮᠢᠷ᠎ᠢᠶᠠᠷ ᠰᠡᠳᠬᠢᠯ᠎ᠢ ᠤᠮᠳᠠᠯᠠᠵᠤ᠂ ᠬᠦᠴᠦᠨ ᠴᠢᠳᠠᠯ ᠣᠯᠭᠤᠵᠤ᠂ ᠰᠤᠷᠭᠠᠭᠤᠯᠢ ᠵᠢᠨ ᠬᠦᠷᠢᠶ᠎ᠡ ᠵᠢ ᠬᠦᠭᠵᠢᠭᠡᠨ᠂ ᠪᠦᠬᠦ᠌ ᠬᠤᠲᠠ᠎ᠶ᠋ᠢᠨ ᠵᠠᠯᠠᠭᠤᠴᠤᠳ ᠪᠠᠭᠠᠴᠤᠳ᠎ᠤᠨ ᠡᠷᠡᠭᠦᠯ ᠴᠢᠭᠢᠷᠠᠭ ᠦᠰᠦᠨ ᠪᠤᠶ᠋ᠢᠵᠢᠯᠲᠠ᠎ᠳᠤ ᠬᠦᠴᠦᠨ ᠨᠡᠮᠡᠷᠢᠯᠡᠨ᠎ᠡ᠃
ᠪᠡᠶ᠎ᠡ ᠵᠢᠨ ᠲᠠᠮᠢᠷ ᠵᠢᠡᠷ ᠪᠡᠶ᠎ᠡ ᠮᠠᠬᠠᠪᠤᠳ ᠵᠢᠡᠨ ᠪᠤᠯᠪᠠᠰᠤᠷᠠᠭᠤᠯᠵᠤ᠂ ᠪᠡᠶ᠎ᠡ᠎ᠶ᠋ᠢᠨ ᠲᠠᠮᠢᠷ᠎ᠢᠶᠠᠷ ᠬᠦᠮᠦᠨ᠎ᠢ ᠬᠦᠮᠦᠵᠢᠭᠦᠯᠵᠦ᠂ ᠪᠡᠶ᠎ᠡ ᠵᠢᠨ ᠲᠠᠮᠢᠷ ᠵᠢᠡᠷ ᠰᠦᠭ ᠰᠦᠨᠡᠰᠦ᠎ᠶ᠋ᠢ ᠱᠤᠭᠤᠨ᠎ᠠ᠃ ᠣᠳᠤᠬᠠᠨ᠎ᠳᠤ᠂ ᠤᠯᠠᠭᠠᠨᠴᠠᠪ ᠬᠤᠲᠠ ᠪᠡᠶ᠎ᠡ᠎ᠶ᠋ᠢᠨ ᠲᠠᠮᠢᠷ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠬᠢᠴᠢᠶᠡᠯ᠎ᠤᠨ ᠬᠠᠩᠭᠠᠯᠭ᠎ᠠ᠎ᠶ᠋ᠢ ᠲᠠᠰᠤᠷᠠᠯᠲᠠ ᠥᠬᠡᠢ ᠪᠠᠶᠠᠯᠢᠭᠵᠢᠭᠤᠯᠤᠨ᠂ ᠬᠥᠮᠦᠨ᠎ᠢ ᠬᠥᠮᠦᠵᠢᠭᠦᠯᠬᠦ᠌ ᠵᠠᠭᠪᠤᠷ᠎ᠤᠨ ᠰᠢᠨ᠎ᠡ᠎ᠶ᠋ᠢ ᠡᠭᠦᠳᠴᠦ᠍᠂ ᠤᠷᠤᠯᠳᠤᠭᠠᠨ᠎ᠤ ᠰᠢᠰᠲᠧᠮ᠎ᠢ ᠲᠡᠭᠦᠯᠳᠡᠷᠵᠢᠭᠦᠯᠵᠦ᠍᠂ ᠰᠤᠷᠭᠠᠭᠤᠯᠢ᠎ᠶ᠋ᠢᠨ ᠬᠦᠷᠢᠶᠡᠨ᠎ᠤ ᠪᠡᠶ᠎ᠡ᠎ᠶ᠋ᠢᠨ ᠲᠠᠮᠢᠷ᠎ᠢ ᠥᠪᠡᠷᠮᠢᠴᠡ ᠣᠨᠴᠠᠯᠢᠭ᠎ᠲᠠᠢ᠂ ᠬᠠᠯᠠᠭᠤᠨ ᠲᠤᠳᠤᠨᠤ᠂ ᠲᠤᠳᠤᠭᠠᠳᠤ ᠠᠭᠤᠯᠤᠭᠳᠠᠬᠤᠨ᠎ᠲᠠᠢ ᠪᠤᠯᠭᠠᠨ᠎ᠠ᠃ ᠪᠥᠬᠦ᠌ ᠬᠤᠲᠠ᠎ᠶ᠋ᠢᠨ ᠡᠯ᠎ᠡ ᠱᠠᠲᠤᠨ᠎ᠤ ᠡᠯ᠎ᠡ ᠰᠤᠷᠭᠠᠭᠤᠯᠢ ᠬᠥᠮᠦᠨ᠎ᠢ ᠬᠥᠮᠦᠵᠢᠭᠦᠯᠬᠦ᠌ ᠣᠭ ᠰᠠᠨᠠᠭ᠎ᠠ᠎ᠪᠠᠨ ᠦᠷᠭᠦᠯᠵᠢᠯᠡᠨ ᠪᠠᠲᠤ᠌ ᠰᠠᠬᠢᠵᠤ᠂ ᠪᠡᠶ᠎ᠡ᠎ᠶ᠋ᠢᠨ ᠲᠠᠮᠢᠷ᠎ᠤᠨ ᠥᠩ ᠰᠢᠮᠡᠯᠢᠭ ᠬᠥᠷᠦᠰᠦ᠎ᠶ᠋ᠢ ᠭᠦᠨᠵᠡᠭᠡᠢ ᠬᠠᠭᠠᠯᠪᠤᠷᠢᠯᠠᠵᠤ᠂ ᠪᠡᠶ᠎ᠡ᠎ᠶ᠋ᠢᠨ ᠲᠠᠮᠢᠷ᠎ᠤᠨ ᠬᠥᠮᠦᠵᠢᠯ ᠬᠢᠭᠡᠳ ᠶᠣᠰᠤ ᠰᠤᠷᠲᠠᠬᠤᠨ᠎ᠤ ᠬᠥᠮᠦᠵᠢᠯ᠂ ᠣᠶᠤᠨ᠎ᠤ ᠬᠥᠮᠦᠵᠢᠯ᠂ ᠭᠤᠸ᠎ᠠ ᠰᠠᠶ᠋ᠢᠬᠠᠨ᠎ᠤ ᠬᠥᠮᠦᠵᠢᠯ᠂ ᠬᠥᠳᠡᠯᠮᠦᠷᠢ᠎ᠶ᠋ᠢᠨ ᠬᠥᠮᠦᠵᠢᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠰᠤᠷᠭᠠᠨ ᠬᠥᠮᠦᠵᠢᠯ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠨ ᠨᠡᠮᠡᠷᠢᠯᠡᠨ᠎ᠡ᠃
(ᠭᠡᠷᠡᠯ ᠵᠢᠷᠤᠭ᠎ᠤᠳ᠎ᠢ ᠰᠦᠯᠵᠢᠶ᠎ᠡ᠎ᠡᠴᠡ ᠠᠪᠤᠪᠠ)
ᠰᠤᠷᠪᠤᠯᠵᠢᠯᠠᠭ᠍ᠰᠠᠨᠤ ᠳᠠᠷᠠᠭ᠎ᠠ᠄
ᠲᠣᠰ ᠤᠳᠠᠭᠠᠨ᠎ᠤ ᠰᠤᠷᠪᠤᠯᠵᠢᠯᠠᠭ᠎ᠠ ᠨᠢ ᠹᠧᠩᠵᠧᠨ᠎ᠤ ᠭᠤᠷᠪᠠᠨ ᠠᠳᠠᠯᠢ ᠪᠤᠰᠤ ᠱᠠᠳᠤᠨ᠎ᠤ ᠰᠤᠷᠭᠠᠭᠤᠯᠢ᠎ᠪᠠᠷ ᠭᠠᠷᠳᠠᠴᠠ ᠪᠣᠯᠭᠠᠵᠤ᠂ ᠤᠯᠠᠭᠠᠨᠴᠠᠪ ᠬᠤᠲᠠ᠎ᠶ᠋ᠢᠨ ᠰᠤᠷᠭᠠᠭᠤᠯᠢ᠎ᠶ᠋ᠢᠨ ᠬᠦᠷᠢᠶᠡᠨ᠎ᠤ ᠪᠡᠶ᠎ᠡ᠎ᠶ᠋ᠢᠨ ᠲᠠᠮᠢᠷ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠤᠭᠰᠠᠨ ᠰᠢᠨ᠎ᠡ ᠰᠣᠷᠭᠤᠭ ᠦᠢᠯᠡᠳᠦᠯᠭᠡ᠎ᠶ᠋ᠢ ᠣᠶ᠋ᠢᠷ᠎ᠠ ᠵᠠᠢ᠎ᠠᠴᠠ ᠣᠶ᠋ᠢᠯᠠᠭᠠᠪᠠ᠃ ᠲᠤᠬᠠᠢ᠎ᠶ᠋ᠢᠨ ᠭᠠᠵᠠᠷ᠎ᠤᠨ ᠰᠤᠷᠭᠠᠭᠤᠯᠢ᠎ᠨᠤᠭᠤᠳ ᠰᠤᠷᠭᠠᠭᠤᠯᠢ᠎ᠶ᠋ᠢᠨ ᠪᠠᠶ᠋ᠢᠳᠠᠯᠳ᠋ᠠᠭᠠᠨ ᠰᠠᠭᠤᠷᠢᠯᠠᠨ᠂ ᠠᠪᠢᠶᠠᠰ᠎ᠲᠤ᠎ᠨᠢ ᠲᠣᠬᠢᠷᠠᠭᠤᠯᠤᠨ ᠵᠢᠭᠠᠬᠤ ᠵᠢ ᠦᠨᠡᠨᠬᠦ ᠪᠡᠶᠡᠯᠡᠭᠦᠯᠪᠡ᠃ ᠥᠨᠳᠦᠷ ᠵᠡᠷᠭᠡ᠎ᠶ᠋ᠢᠨ ᠳᠤᠮᠳᠠᠳᠤ ᠰᠤᠷᠭᠠᠭᠤᠯᠢ ᠨᠤᠭᠤᠳ ᠪᠥᠮᠪᠦᠭᠡᠨ ᠲᠥᠷᠦᠯ᠎ᠤᠨ ᠥᠷᠢᠰᠦᠯᠳᠦᠭᠡᠨᠵᠢᠡᠷ ᠲᠠᠮᠵᠢᠭᠤᠯᠤᠨ ᠰᠤᠷᠤᠭᠴᠢᠳ᠎ᠤᠨ ᠦᠷᠢᠰᠦᠯᠳᠦᠨ ᠲᠡᠮᠡᠴᠡᠬᠦ᠌ ᠵᠣᠷᠢᠭ ᠰᠠᠨᠠᠭ᠎ᠠ ᠵᠢ ᠳᠠᠪᠲᠠᠨ ᠪᠣᠯᠪᠠᠰᠤᠷᠠᠭᠤᠯᠵᠤ᠂ ᠪᠠᠭ᠎ᠠ ᠰᠤᠷᠭᠠᠭᠤᠯᠢ᠎ᠨᠤᠭᠤᠳ ᠰᠣᠨᠢᠷᠬᠠᠯᠲᠤ᠌ ᠬᠥᠳᠡᠯᠭᠡᠭᠡᠨ ᠵᠢᠡᠷ ᠰᠤᠷᠤᠭᠴᠢᠳ᠎ᠤᠨ ᠬᠥᠳᠡᠯᠭᠡᠭᠡᠨ᠎ᠤ ᠳᠠᠳᠭᠠᠯ᠎ᠢ ᠬᠦᠮᠦᠵᠢᠬᠦᠯᠵᠦ᠂ ᠤᠯᠠᠮᠵᠢᠯᠠᠯᠲᠤ᠌ ᠰᠣᠶᠤᠯ᠎ᠤᠨ ᠠᠭᠤᠯᠤᠭᠳᠠᠬᠤᠨ᠎ᠢ ᠵᠤᠵᠠᠭᠠᠳᠭᠠᠵᠤ ᠂ ᠥᠪᠡᠷ ᠥᠪᠡᠷ᠎ᠤᠨ ᠣᠨᠴᠠᠯᠢᠭ᠎ᠲᠠᠢ ᠂ ᠥᠪᠡᠷ ᠥᠪᠡᠷ᠎ᠤᠨ ᠬᠢᠯᠠᠰ ᠴᠡᠭ᠎ᠲᠠᠢ ᠬᠥᠮᠦᠨ᠎ᠢ ᠬᠥᠮᠦᠵᠢᠭᠦᠯᠬᠦ᠌ ᠪᠠᠶ᠋ᠢᠷᠢᠰᠢᠯ᠎ᠢ ᠪᠣᠢ ᠪᠣᠯᠭᠠᠪᠠ᠃ ᠪᠡᠶ᠎ᠡ᠎ᠶ᠋ᠢᠨ ᠲᠠᠮᠢᠷ ᠪᠠ ᠰᠤᠷᠭᠠᠨ ᠬᠥᠮᠦᠵᠢᠯ᠎ᠤᠨ ᠠᠭᠤᠰᠤᠯᠴᠠᠯ᠎ᠨᠢ ᠶᠡᠷᠦ᠎ᠡᠴᠡ ᠥᠩᠭᠡᠨ ᠲᠠᠯ᠎ᠠ᠎ᠶ᠋ᠢᠨ ᠦᠵᠡᠭᠦᠯᠭᠡ ᠪᠢᠰᠢ᠂ ᠬᠠᠷᠢᠨ ᠬᠢᠴᠢᠶᠡᠯ᠎ᠤᠨ ᠲᠠᠩᠬᠢᠮ᠎ᠳᠤ ᠦᠨᠳᠦᠰᠦᠯᠡᠵᠦ᠍᠂ ᠡᠳᠦᠷ ᠲᠤᠲᠤᠮ᠎ᠤᠨ ᠣᠷᠳᠤ ᠬᠤᠭᠤᠴᠠᠭᠠᠨ᠎ᠤ ᠰᠤᠷᠭᠠᠨ ᠬᠥᠮᠦᠵᠢᠯ᠎ᠳᠤ ᠠᠭᠤᠰᠤᠯᠴᠠᠬᠤ ᠶᠠᠪᠤᠳᠠᠯ ᠪᠣᠯᠤᠨ᠎ᠠ᠃ ᠬᠡᠦᠬᠡᠳ᠎ᠤᠳ ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ ᠡᠴᠡ ᠬᠦᠷᠳᠡᠬᠦ ᠪᠠᠶᠠᠷ ᠪᠠᠶᠠᠰᠤᠯ᠂ ᠵᠣᠷᠢᠭ ᠰᠠᠨᠠᠭ᠎ᠠ᠂ ᠰᠣᠶᠤᠯ᠎ᠤᠨ ᠲᠠᠨᠢᠯᠲᠠ ᠪᠣᠯ ᠶᠠᠭ ᠪᠡᠶ᠎ᠡ᠎ᠶ᠋ᠢᠨ ᠲᠠᠮᠢᠷ᠎ᠤᠨ ᠬᠥᠮᠦᠨ᠎ᠢ ᠬᠥᠮᠦᠵᠢᠭᠦᠯᠬᠦᠭᠣᠤᠯᠯᠠᠬᠤ ᠥᠷᠲᠡᠭ ᠮᠥᠨ᠃ ᠹᠧᠩᠵᠧᠨ᠎ᠤ ᠰᠢᠶᠠᠨ ᠤ ᠬᠡᠪᠴᠢᠶᠡᠨ᠎ᠤ ᠰᠦᠪᠡᠭᠴᠢᠯᠡᠯᠳᠡ ᠡᠴᠡ ᠤᠯᠠᠭᠠᠨᠴᠠᠪ᠎ᠤᠨ ᠪᠥᠬᠦ᠌ ᠬᠤᠲᠠ ᠪᠥᠬᠦ᠌ ᠣᠷᠤᠨ ᠪᠦᠰᠡ ᠳ᠋ᠤ ᠲᠡᠯᠭᠡᠷᠡᠬᠦᠯᠦᠨ ᠲᠦᠭᠡᠮᠡᠯᠵᠢᠬᠦᠯᠬᠦ ᠦᠢᠯᠡᠳᠦᠯᠭᠡ ᠨᠢ ᠰᠤᠷᠭᠠᠭᠤᠯᠢ᠎ᠶ᠋ᠢᠨ ᠬᠦᠷᠢᠶᠡᠨ᠎ᠤ ᠪᠡᠶ᠎ᠡ᠎ᠶ᠋ᠢᠨ ᠲᠠᠮᠢᠷ᠎ᠨᠢ ᠳᠠᠩ ᠭᠠᠭᠴᠠ ᠪᠡᠶ᠎ᠡ ᠴᠢᠬᠢᠷᠠᠭᠵᠢᠭᠤᠯᠬᠤ ᠬᠢᠵᠠᠭᠠᠷᠯᠠᠯ᠎ᠠᠴᠠ ᠦᠰᠦᠷᠦᠨ ᠭᠠᠷᠴᠤ᠌᠂ ᠵᠠᠯᠠᠭᠤᠴᠤᠳ ᠪᠠᠭᠠᠴᠤᠳ᠎ᠤᠨ ᠪᠥᠬᠦ᠌ ᠲᠠᠯ᠎ᠠ᠎ᠪᠠᠷ ᠬᠥᠭᠵᠢᠬᠦ᠎ᠳᠤ ᠬᠦᠴᠦᠨ ᠨᠡᠮᠡᠷᠢᠯᠡᠬᠦ᠌ ᠴᠢᠬᠤᠯᠠ ᠭᠠᠷᠳᠠᠴᠠ ᠪᠣᠯᠵᠤ ᠪᠠᠢᠬᠤ ᠵᠢ ᠠᠮᠢᠳᠤᠯᠢᠭ ᠲᠠᠢᠯᠪᠤᠷᠢᠯᠠᠯᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃