ᠲᠡᠷᠢᠭᠦᠨ ᠨᠢᠭᠤᠷ>ᠨᠠᠭᠠᠳᠤᠮ ᠴᠡᠩᠬᠡᠭᠦᠨ>ᠪᠡᠶ᠎ᠡ᠎ᠶ᠋ᠢᠨ ᠲᠠᠮᠢᠷ

2026-11-02 17:31:53

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ  ᠠ᠋ᠴᠠ ᠣᠢᠯᠠᠭᠠᠭᠰᠠᠨ ᠵᠢᠡᠷ᠂《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠲᠠᠪᠤᠳᠤᠭᠠᠷ ᠲᠠᠪᠤᠨ ᠵᠢᠯ〉᠎ᠤᠨ ᠪᠡᠶ᠎ᠡ᠎ᠶᠢᠨ ᠲᠠᠮᠢᠷ᠎ᠤᠨ ᠬᠥᠭᠵᠢᠯᠲᠡ᠎ᠶᠢᠨ ᠲᠥᠯᠦᠪᠵᠢᠭᠦᠯᠭᠡ》 (ᠳᠣᠷᠣᠭ᠍ᠰᠢ 《ᠲᠥᠯᠦᠪᠵᠢᠭᠦᠯᠭᠡ》 ᠭᠡᠵᠦ ᠲᠣᠪᠴᠢᠯᠠᠨ᠎ᠠ) ᠵᠢ 10 ᠰᠠᠷ᠎ᠠ᠎ᠶᠢᠨ 30᠎ᠤ ᠡᠳᠦᠷ ᠳᠠᠷᠤᠮᠠᠯᠯᠠᠨ ᠲᠠᠷᠬᠠᠭᠠᠪᠠ᠃

《ᠲᠥᠯᠦᠪᠵᠢᠭᠦᠯᠭᠡ》ᠳ᠋ᠤ᠂ 2030 ᠣᠨ ᠪᠣᠯᠬᠤ᠎ᠳᠤ ᠪᠡᠶ᠎ᠡ᠎ᠶᠢᠨ ᠲᠠᠮᠢᠷ᠎ᠤᠨ ᠬᠦᠴᠦᠷᠬᠡᠭ ᠣᠷᠣᠨ᠎ᠤ ᠪᠠᠢᠭᠤᠯᠤᠯᠲᠠ᠎ᠶᠢ ᠦᠨᠡᠨ ᠪᠣᠳᠠᠲᠠᠢ ᠰᠢᠪᠲᠤᠯᠤᠯᠲᠠ᠎ᠲᠠᠢ ᠪᠣᠯᠭᠠᠨ᠎ᠠ᠃ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ᠎ᠶᠢᠨ ᠦᠨᠳᠦᠰᠦᠨ ᠦᠢᠯᠡᠴᠢᠯᠡᠭᠡ᠎ᠶᠢ ᠠᠳᠠᠯᠢ ᠲᠡᠭᠰᠢ ᠪᠣᠯᠭᠠᠬᠤ ᠬᠢᠷᠢ ᠲᠦᠪᠰᠢᠨ ᠪᠠ ᠦᠢᠯᠡᠴᠢᠯᠡᠭᠡᠨ᠎ᠦ ᠬᠠᠩᠭᠠᠯᠭ᠎ᠠ᠎ᠶᠢᠨ ᠶᠠᠰᠤ ᠴᠢᠨᠠᠷ᠎ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠤᠷᠤᠯᠳᠤᠭᠠᠨ᠎ᠤ ᠪᠡᠶ᠎ᠡ᠎ᠶᠢᠨ ᠲᠠᠮᠢᠷ᠎ᠤᠨ ᠶᠡᠷᠦᠩᠬᠡᠢᠯᠡᠭᠰᠡᠨ ᠪᠣᠳᠠᠲᠤ ᠬᠦᠴᠦᠨ ᠪᠠ ᠵᠠᠯᠠᠭᠤᠴᠤᠳ ᠪᠠᠭᠠᠴᠤᠳ᠎ᠤᠨ ᠪᠡᠶ᠎ᠡ ᠰᠡᠳᠬᠢᠯ᠎ᠦᠨ ᠡᠷᠡᠭᠦᠯ ᠮᠡᠨᠳᠦ  ᠶ᠋ᠢᠨ ᠬᠢᠷᠢ ᠲᠦᠪᠰᠢᠨ ᠢ᠋ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠡᠯᠡᠳᠬᠡᠯ ᠴᠢᠳᠠᠪᠤᠷᠢᠲᠠᠨ᠎ᠤ ᠰᠠᠭᠤᠷᠢ ᠵᠢ ᠤᠯᠠᠮ ᠴᠢᠨᠭᠭᠠᠳᠬᠠᠵᠤ᠂ ᠪᠡᠶ᠎ᠡ᠎ᠶᠢᠨ ᠲᠠᠮᠢᠷ᠎ᠤᠨ ᠠᠵᠤ ᠦᠢᠯᠡᠰ᠎ᠢ ᠤᠯᠠᠮ ᠨᠢᠭᠡ ᠠᠯᠬᠤᠮ ᠴᠢᠨᠭᠭᠠᠳᠬᠠᠨ᠎ᠠ᠃ ᠪᠡᠶ᠎ᠡ᠎ᠶᠢᠨ ᠲᠠᠮᠢᠷ᠎ᠤᠨ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠴᠢᠳᠠᠪᠤᠷᠢᠲᠠᠨ᠂ ᠬᠠᠤᠯᠢ᠎ᠪᠠᠷ ᠵᠠᠰᠠᠬᠤ ᠵᠢᠴᠢ ᠲᠣᠭᠠᠴᠢᠯᠠᠯᠲᠠ᠎ᠶᠢᠨ ᠪᠠᠲᠤᠯᠠᠭ᠎ᠠ᠎ᠶᠢ ᠨᠡᠩ ᠬᠦᠴᠦᠲᠡᠢ ᠪᠣᠯᠭᠠᠨ᠎ᠠ ᠭᠡᠵᠡᠢ᠃ ᠬᠥᠭᠵᠢᠯᠲᠡ᠎ᠶᠢᠨ ᠬᠠᠷᠠᠯᠲᠠ᠎ᠲᠠᠢ ᠤᠶᠠᠯᠳᠤᠭᠤᠯᠤᠨ᠂ 9 ᠲᠠᠯ᠎ᠠ᠎ᠶᠢᠨ 32 ᠵᠦᠢᠯ᠎ᠦᠨ ᠭᠣᠣᠯᠳᠠᠯᠭ᠎ᠠ᠎ᠲᠠᠢ ᠡᠭᠦᠷᠭᠡ᠎ᠶᠢ ᠪᠠᠢᠷᠢᠯᠠᠭᠤᠯᠬᠤ᠎ᠶᠢᠨ ᠬᠠᠮᠲᠤ 5 ᠵᠦᠢᠯ ᠦ᠋ᠨ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠪᠡᠶ᠎ᠡ᠎ᠶᠢᠨ ᠲᠠᠮᠢᠷ᠎ᠤᠨ ᠬᠥᠭᠵᠢᠯᠲᠡ᠎ᠶᠢᠨ ᠭᠣᠣᠯ ᠭᠦᠢᠴᠡᠳᠬᠡᠯ ᠲᠣᠭ᠎ᠠ᠎ᠶᠢ ᠲᠣᠭᠲᠠᠭᠠᠪᠠ᠃ ᠨᠢᠭᠡ᠎ᠳᠦ᠂ ᠨᠠᠩ ᠥᠨᠳᠥᠷ ᠬᠢᠷᠢ ᠲᠦᠪᠰᠢᠨ ᠪᠦᠬᠦᠢ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠰᠢᠰᠲᠧᠮ᠎ᠢ ᠪᠠᠢᠭᠤᠯᠵᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠴᠢᠳᠠᠪᠤᠷᠢ᠎ᠶᠢ ᠳᠡᠭᠡᠭᠰᠢᠯᠡᠭᠦᠯᠦᠨ᠎ᠡ᠃ ᠬᠣᠶᠠᠷ᠎ᠲᠤ᠂ ᠤᠷᠤᠯᠳᠤᠭᠠᠨ᠎ᠤ ᠪᠡᠶ᠎ᠡ᠎ᠶᠢᠨ ᠲᠠᠮᠢᠷ᠎ᠤᠨ ᠶᠡᠷᠦᠩᠬᠡᠢᠯᠡᠭᠰᠡᠨ ᠪᠣᠳᠠᠲᠤ ᠬᠦᠴᠦᠨ᠎ᠢ ᠴᠢᠩᠭᠠᠳᠬᠠᠵᠤ᠂ ᠤᠯᠤᠰ ᠣᠷᠣᠨ᠎ᠳᠠᠭᠠᠨ ᠥᠩᠭᠡ ᠬᠡᠷᠡᠯ ᠨᠡᠮᠡᠷᠢᠯᠡᠬᠦ᠂ ᠥᠪᠡᠷᠲᠡᠭᠡᠨ ᠵᠠᠰᠠᠬᠤ ᠣᠷᠣᠨ᠎ᠳᠤ ᠥᠩᠭᠡ ᠬᠡᠷᠡᠯ ᠨᠡᠮᠡᠷᠢᠯᠡᠬᠦ ᠴᠢᠳᠠᠪᠤᠷᠢ᠎ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠭᠤᠷᠪᠠ᠎ᠳᠤ᠂ ᠪᠡᠶ᠎ᠡ᠎ᠶᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠢ ᠭᠦᠨᠵᠡᠭᠡᠢᠷᠡᠭᠦᠯᠵᠦ᠂ ᠵᠠᠯᠠᠭᠤᠴᠤᠳ ᠪᠠᠭᠠᠴᠤᠳ᠎ᠤᠨ ᠪᠡᠶ᠎ᠡ ᠮᠠᠬᠠᠪᠤᠳ ᠤ᠋ᠨ ᠡᠷᠡᠭᠦᠯ ᠴᠢᠭᠢᠷᠠᠭ ᠪᠠ ᠪᠡᠯᠡᠳᠬᠡᠯ ᠴᠢᠳᠠᠪᠤᠷᠢᠲᠠᠨ᠎ᠢ ᠬᠥᠮᠥᠵᠢᠭᠦᠯᠬᠦ᠎ᠶᠢ ᠨᠢᠭᠡ ᠴᠣᠭᠴᠠᠵᠢᠭᠤᠯᠬᠤ ᠵᠢ ᠠᠬᠢᠭᠤᠯᠤᠨ᠎ᠠ᠃ ᠳᠥᠷᠪᠡ᠎ᠳᠦ᠂ 《ᠭᠤᠷᠪᠠᠨ ᠲᠣᠮᠣ᠌ ᠪᠥᠮᠪᠥᠭᠡ》ᠶ᠋ᠢᠨ ᠲᠥᠷᠥᠯ ᠵᠦᠢᠯ᠎ᠦᠨ ᠬᠥᠭᠵᠢᠯᠲᠡ᠎ᠶᠢ ᠠᠬᠢᠭᠤᠯᠵᠤ᠂ ᠤᠷᠤᠯᠳᠤᠭᠠᠨ᠎ᠤ ᠬᠢᠷᠢ ᠲᠦᠪᠰᠢᠨ ᠪᠠ ᠶᠡᠷᠦᠩᠬᠡᠢᠯᠡᠭᠰᠡᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠦᠨ᠎ᠡ᠃ ᠲᠠᠪᠤ᠎ᠳᠤ᠂ ᠠᠵᠤ ᠦᠢᠯᠡᠰ᠎ᠦᠨ ᠬᠥᠭᠵᠢᠯᠲᠡ᠎ᠶᠢᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠪᠡᠶ᠎ᠡ᠎ᠶᠢᠨ ᠲᠠᠮᠢᠷ᠎ᠤᠨ ᠠᠵᠤ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠦᠨ᠎ᠠ᠃ ᠵᠢᠷᠭᠤᠭ᠎ᠠ᠎ᠳᠤ᠂ ᠣᠨᠴᠠᠯᠢᠭ᠍ᠲᠤ ᠪᠡᠶ᠎ᠡ᠎ᠶᠢᠨ ᠲᠠᠮᠢᠷ᠎ᠤᠨ ᠰᠣᠶᠣᠯ ᠤ᠋ᠨ ᠠᠭᠤᠯᠬᠤᠨ᠎ᠢ ᠵᠤᠵᠠᠭᠠᠳᠬᠠᠵᠤ᠂ ᠪᠡᠶ᠎ᠡ᠎ᠶᠢᠨ ᠲᠠᠮᠢᠷ᠎ᠵᠢᠡᠷ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠵᠢ ᠠᠬᠢᠭᠤᠯᠤᠨ᠎ᠠ᠃ ᠲᠤᠯᠤᠭ᠎ᠠ᠎ᠳᠤ᠂ ᠪᠡᠶ᠎ᠡ᠎ᠶᠢᠨ ᠲᠠᠮᠢᠷ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶᠢ ᠥᠷᠭᠡᠳᠬᠡᠵᠦ᠂ ᠣᠷᠣᠨ ᠪᠦᠰᠡ᠎ᠶᠢᠨ ᠪᠡᠶ᠎ᠡ᠎ᠶᠢᠨ ᠲᠠᠮᠢᠷ᠎ᠤᠨ ᠬᠠᠮᠳᠤᠷᠠᠨ ᠬᠦᠳᠡᠯᠦᠯᠴᠡᠬᠦ ᠵᠢ ᠬᠦᠨᠵᠡᠭᠡᠢᠷᠡᠬᠦᠯᠦᠨ᠎ᠠ᠃ ᠨᠠᠢ᠍ᠮᠠ᠎ᠳᠤ᠂ ᠪᠡᠶ᠎ᠡ᠎ᠶᠢᠨ ᠲᠠᠮᠢᠷ ᠤ᠋ᠨ ᠬᠥᠭᠵᠢᠯᠲᠡ᠎ᠶᠢᠨ ᠲᠤᠯᠭᠠᠭᠤᠷᠢᠯᠠᠬᠤ ᠴᠢᠳᠠᠪᠤᠷᠢ᠎ᠶᠢ ᠴᠢᠩᠭᠠᠳᠬᠠᠵᠤ᠂ ᠪᠡᠶ᠎ᠡ᠎ᠶᠢᠨ ᠲᠠᠮᠢᠷ᠎ᠤᠨ ᠬᠦᠴᠦᠷᠬᠡᠭ ᠣᠷᠣᠨ᠎ᠤ ᠪᠠᠢᠭᠤᠯᠤᠯᠲᠠ᠎ᠶᠢᠨ ᠰᠠᠭᠤᠷᠢ᠎ᠶᠢ ᠪᠡᠬᠢᠵᠢᠭᠦᠯᠦᠨ᠎ᠡ᠃ ᠶᠢᠰᠦ᠎ᠳᠦ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠬᠠᠤᠯᠢ ᠪᠡᠷ ᠵᠠᠰᠠᠬᠤ ᠵᠢᠷᠤᠮᠵᠢᠯ᠎ᠤᠨ ᠲᠦᠪᠰᠢᠨ᠎ᠢ ᠳᠡᠭᠡᠭᠰᠢᠯᠡᠭᠦᠯᠦᠨ᠎ᠡ᠃

《ᠲᠥᠯᠦᠪᠵᠢᠭᠦᠯᠭᠡ》᠎ᠳᠤ᠂ ᠪᠡᠶ᠎ᠡ᠎ᠶᠢᠨ ᠲᠠᠮᠢᠷ᠎ᠤᠨ ᠬᠦᠴᠦᠷᠬᠡᠭ ᠤᠷᠤᠨ᠎ᠤ ᠪᠠᠢᠭᠤᠯᠤᠯᠲᠠ᠎ᠶᠢᠨ ᠬᠠᠷᠠᠯᠲᠠ᠎ᠶᠢ ᠲᠣᠭᠲᠠᠭᠠᠵᠤ᠂ ᠠᠷᠠᠳ ᠣᠯᠠᠨ᠎ᠤ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠪᠡᠶ᠎ᠡ᠎ᠶᠢᠨ ᠲᠠᠮᠢᠷ᠎ᠤᠨ ᠬᠡᠷᠡᠭᠴᠡᠭᠡ᠎ᠶᠢ ᠬᠠᠩᠭᠠᠬᠤ᠎ᠪᠠᠷ ᠡᠭᠦᠰᠬᠡᠯ ᠲᠡᠭᠦᠰᠬᠡᠯ ᠪᠣᠯᠭᠠᠵᠤ᠂ ᠪᠡᠶ᠎ᠡ᠎ᠶᠢᠨ ᠲᠠᠮᠢᠷ᠎ᠤᠨ ᠬᠦᠷᠢᠶᠡᠨ᠎ᠦ ᠥᠭᠡᠷᠡᠴᠢᠯᠡᠯᠲᠡ ᠶ᠋ᠢ ᠭᠦᠨᠵᠡᠭᠡᠢᠷᠡᠭᠦᠯᠬᠦ᠎ᠪᠡᠷ ᠭᠠᠷᠳᠠᠴᠠ ᠪᠣᠯᠭᠠᠵᠤ᠂ ᠪᠡᠶ᠎ᠡ᠎ᠶᠢᠨ ᠲᠠᠮᠢᠷ᠎ᠤᠨ ᠡᠯ᠎ᠡ ᠵᠦᠢᠯ᠎ᠦᠨ ᠠᠵᠢᠯ᠎ᠤᠨ ᠬᠠᠮᠵᠢᠯᠴᠠᠨ ᠬᠥᠭᠵᠢᠬᠦ᠎ᠶᠢ ᠰᠢᠰᠲᠧᠮ᠎ᠲᠠᠢ ᠠᠬᠢᠭᠤᠯᠵᠤ᠂ ᠪᠡᠶ᠎ᠡ᠎ᠶᠢᠨ ᠲᠠᠮᠢᠷ᠎ᠤᠨ ᠵᠠᠰᠠᠯᠲᠠ᠎ᠶᠢᠨ ᠰᠢᠰᠲᠧᠮ ᠪᠠ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢᠨ ᠬᠢᠷᠢ ᠬᠡᠮᠵᠢᠶ᠎ᠡ᠎ᠶᠢ ᠬᠦᠴᠦᠯᠡᠨ ᠳᠡᠭᠡᠭᠰᠢᠯᠡᠭᠦᠯᠵᠦ᠂ ᠠᠷᠠᠳ ᠣᠯᠠᠨ᠎ᠤ ᠬᠠᠨᠤᠮᠵᠢ᠎ᠶᠢᠨ ᠬᠡᠮᠵᠢᠶ᠎ᠡ᠎ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠡᠶ᠎ᠡ᠎ᠶᠢᠨ ᠲᠠᠮᠢᠷ᠎ᠤᠨ ᠦᠢᠯᠡᠰ᠎ᠦᠨ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠦᠵᠡᠭᠦᠯᠬᠦ ᠬᠤᠪᠢ ᠨᠡᠮᠡᠷᠢ᠎ᠶᠢᠨ ᠬᠡᠮᠵᠢᠶ᠎ᠡ᠎ᠶᠢ ᠨᠡᠮᠡᠭᠳᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠠᠬᠢᠴᠠ᠎ᠳᠤ ᠥᠪᠥᠷ ᠮᠣᠩᠭᠣᠯ᠎ᠤᠨ ᠪᠡᠶ᠎ᠡ᠎ᠶᠢᠨ ᠲᠠᠮᠢᠷ᠎ᠤᠨ ᠬᠦᠴᠦᠷᠬᠡᠭ ᠣᠷᠣᠨ᠎ᠤ ᠪᠠᠢᠭᠤᠯᠤᠯᠲᠠ᠎ᠶᠢᠨ ᠰᠢᠨ᠎ᠡ ᠬᠠᠭᠤᠳᠠᠰᠤ ᠵᠢ ᠪᠢᠴᠢᠭᠯᠡᠨ᠎ᠠ ᠭᠡᠵᠡᠢ᠃

ᠢᠷᠡᠯᠳᠡ᠄ ᠤᠮᠠᠷᠠᠲᠤ ᠵᠢᠨ ᠰᠦᠯᠵᠢᠶ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面